511 ᠳ᠋ᠦ᠋ᠭᠡᠷ ᠲᠣᠭᠠᠲᠤ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ | ᠡᠳᠦᠭᠡ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ | ᠭᠠᠶᠢᠯᠢ ᠶᠢᠨ ᠲᠦᠷ ᠬᠡᠷᠡᠭᠵᠢᠭᠦᠯᠬᠦ ᠳᠦᠷᠢᠮ︾ ᠢ ᠨᠡᠶᠢᠲᠡᠯᠡᠯ᠎ᠡ᠂ 2008 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ | ᠶᠡᠷᠦᠩᠬᠡᠶ ᠰᠠᠶᠢᠳ ᠸᠧᠨ ᠵᠢᠶᠠ ᠪᠤᠤ | 2007 ᠣᠨ ᠤ 12 ᠳ᠋ᠤᠭᠠᠷ ᠰᠠᠷ᠎ᠠ ᠶᠢᠨ 1 ᠤ ᠡᠳᠦᠷ | ᠨᠢᠭᠡᠳᠦᠭᠡᠷ ᠵᠦᠢᠯ ᠭᠠᠵᠠᠷ ᠰᠢᠷᠣᠶ ᠶᠢᠨ ᠡᠬᠢ ᠪᠠᠶᠠᠯᠢᠭ ᠢ ᠵᠦᠢ ᠵᠣᠬᠢᠰᠲᠠᠶ ᠠᠰᠢᠭᠯᠠᠵᠤ᠂ ᠭᠠᠵᠠᠷ ᠰᠢᠷᠣᠶ ᠶᠢᠨ | ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠢ ᠬᠠᠮᠠᠭᠠᠯᠠᠬᠤ ᠶᠢᠨ ᠲᠤᠰᠠᠳᠠ᠂ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠤᠰ ᠲᠦᠷᠢᠮ ᠳᠤ ᠬᠡᠯᠡᠵᠦ ᠪᠠᠶᠢᠭ᠎ᠠ ᠲᠠᠷᠢᠶᠠᠨ ᠭᠠᠵᠠᠷ ᠭᠡᠳᠡᠭ ᠨᠢ ᠲᠠᠷᠢᠮᠠᠯ ᠤᠨ ᠵᠦᠢᠯ | ᠲᠠᠷᠢᠬᠤ ᠳᠤ ᠬᠡᠷᠡᠭᠯᠡᠬᠦ ᠭᠠᠵᠠᠷ ᠰᠢᠷᠣᠶ ᠶᠢ ᠵᠢᠭᠠᠵᠤ ᠪᠤᠶ᠃ | ᠭᠤᠷᠪᠠᠳᠤᠭᠠᠷ ᠵᠦᠢᠯ ᠲᠠᠷᠢᠶᠠᠨ ᠭᠠᠵᠠᠷ ᠢ ᠡᠵᠡᠯᠡᠵᠦ ᠭᠡᠷ ᠪᠠᠶᠢᠰᠢᠩ ᠪᠠᠷᠢᠬᠤ ᠪᠤᠶᠤ ᠲᠠᠷᠢᠶᠠᠯᠠᠩ ᠤᠨ ᠪᠤᠰᠤ | ᠪᠦᠲᠦᠭᠡᠨ ᠪᠠᠶᠢᠭᠤᠯᠤᠯᠲᠠ ᠬᠢᠵᠦ ᠪᠠᠶᠢᠭ᠎ᠠ ᠨᠢᠭᠡᠴᠢ ᠪᠤᠶᠤ ᠬᠤᠪᠢ ᠬᠥᠮᠦᠨ ᠪᠣᠯ ᠲᠠᠷᠢᠶᠠᠨ ᠭᠠᠵᠠᠷ ᠢ ᠡᠵᠡᠯᠡᠨ ᠬᠡᠷᠡᠭᠯᠡᠬᠦ | ᠭᠠᠶᠢᠯᠢ ᠶᠢᠨ ᠭᠠᠶᠢᠯᠢ ᠲᠤᠰᠢᠶᠠᠭᠴᠢ ᠪᠣᠯᠤᠨ᠎ᠠ᠂ ᠲᠤᠰ ᠳᠦᠷᠢᠮ ᠤᠨ ᠲᠣᠭᠲᠠᠭᠠᠯ ᠶᠣᠰᠣᠭᠠᠷ ᠲᠠᠷᠢᠶᠠᠨ ᠭᠠᠵᠠᠷ ᠢ ᠡᠵᠡᠯᠡᠨ | ᠬᠡᠷᠡᠭᠯᠡᠬᠦ ᠭᠠᠶᠢᠯᠢ ᠲᠤᠰᠢᠶᠠᠬᠤ ᠬᠡᠷᠡᠭᠲᠡᠶ᠃ | ᠡᠮᠦᠨᠡᠬᠢ ᠵᠤᠷᠪᠤᠰ ᠲᠤ ᠬᠡᠯᠡᠵᠦ ᠪᠠᠶᠢᠭ᠎ᠠ ᠨᠢᠭᠡᠴᠢ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠬᠠᠮᠲᠤ ᠶᠢᠨ | ᠠᠵᠤ ᠠᠬᠤᠶᠢᠯᠠᠯ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢᠲᠤ ᠳᠦᠷᠢᠮ ᠤᠨ ᠠᠵᠤ ᠠᠬᠤᠶᠢᠯᠠᠯ᠂ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ᠂ ᠭᠠᠳᠠᠭᠠᠳᠤ ᠶᠢᠨ ᠠᠵᠤ ᠠᠬᠤᠶᠢᠯᠠᠯ | ᠵᠢᠴᠢ ᠪᠤᠰᠤᠳ ᠠᠵᠤ ᠠᠬᠤᠶᠢᠯᠠᠯ ᠪᠣᠯᠤᠨ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ᠂ ᠤᠯᠤᠰ ᠤᠨ | ᠪᠠᠶᠢᠭᠤᠯᠭ᠎ᠠ᠂ ᠴᠡᠷᠢᠭ ᠠᠩᠭᠢ ᠵᠢᠴᠢ ᠪᠤᠰᠤᠳ ᠨᠢᠭᠡᠴᠢ ᠶᠢ ᠪᠠᠭᠲᠠᠭᠠᠨ᠎ᠠ︔ ᠬᠡᠯᠡᠵᠦ ᠪᠠᠶᠢᠭ᠎ᠠ ᠬᠤᠪᠢ ᠬᠥᠮᠦᠨ ᠭᠡᠳᠡᠭ ᠲᠤ | ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠪᠤᠰᠤᠳ ᠬᠤᠪᠢ ᠬᠥᠮᠦᠨ ᠢ ᠪᠠᠭᠲᠠᠭᠠᠨ᠎ᠠ᠃ | ᠳᠥᠷᠪᠡᠳᠦᠭᠡᠷ ᠵᠦᠢᠯ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢ ᠭᠠᠶᠢᠯᠢ ᠲᠤᠰᠢᠶᠠᠭᠴᠢ ᠶᠢᠨ ᠪᠣᠳᠠᠲᠠᠶ | ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠠᠯᠠᠪᠠᠶ ᠪᠠᠷ ᠭᠠᠶᠢᠯᠢ ᠪᠣᠳᠣᠬᠤ ᠦᠨᠳᠦᠰᠦᠯᠡᠯ ᠪᠣᠯᠭᠠᠵᠤ᠂ ᠲᠣᠭᠲᠠᠭᠠᠭᠰᠠᠨ | ᠬᠡᠷᠡᠭᠯᠡᠭᠡᠨ ᠤ ᠭᠠᠶᠢᠯᠢ ᠶᠢᠨ ᠲᠤᠭ᠎ᠠ ᠪᠠᠷ ᠨᠢᠭᠡ ᠯᠡ ᠤᠳᠠᠭ᠎ᠠ ᠶᠢᠨ ᠴᠢᠨᠠᠷᠲᠠᠶ ᠲᠠᠲᠠᠪᠤᠷᠢᠯᠠᠬᠤ ᠬᠡᠷᠡᠭᠲᠡᠶ᠃ | ᠲᠠᠪᠤᠳᠤᠭᠠᠷ ᠵᠦᠢᠯ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠭᠠᠶᠢᠯᠢ ᠶᠢᠨ ᠲᠤᠭ᠎ᠠ ᠶᠢ ᠳᠣᠤᠷᠠᠬᠢ | ᠮᠡᠲᠦ ᠲᠣᠭᠲᠠᠭᠠᠨ᠎ᠠ᠄ | ︵ᠨᠢᠭᠡ︶ ᠬᠥᠮᠦᠨ ᠪᠦᠷᠢ ᠶᠢᠨ ᠳᠤᠮᠳᠠᠴᠢ ᠲᠠᠷᠢᠶᠠᠨ ᠭᠠᠵᠠᠷ 1 ᠮᠦ ᠠᠴᠠ ᠬᠡᠲᠦᠷᠡᠬᠦ ᠦᠭᠡᠶ ᠪᠠᠶᠢᠭ᠎ᠠ ᠭᠠᠵᠠᠷ ᠣᠷᠣᠨ | ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠢᠶᠠᠷ ᠨᠢᠭᠡᠴᠢ ᠪᠣᠯᠭᠠᠨ᠎ᠠ᠂ ᠳᠣᠷᠣᠭᠰᠢ ᠠᠳᠠᠯᠢ ᠳᠤ᠂ ᠲᠡᠭᠰᠢ | ᠳᠥᠷᠪᠡᠯᠵᠢᠨ ᠮᠧᠲᠷ ᠪᠦᠷᠢ 10 ᠲᠥᠭᠦᠷᠢᠭ ᠠᠴᠠ 50 ᠲᠥᠭᠦᠷᠢᠭ ᠪᠣᠯᠣᠨ᠎ᠠ᠃ | ︵ᠬᠤᠶᠠᠷ︶ ᠬᠥᠮᠦᠨ ᠪᠦᠷᠢ ᠶᠢᠨ ᠳᠤᠮᠳᠠᠴᠢ ᠲᠠᠷᠢᠶᠠᠨ ᠭᠠᠵᠠᠷ 1 ᠮᠦ ᠠᠴᠠ ᠬᠡᠲᠦᠷᠡᠭᠰᠡᠨ ᠪᠣᠯᠪᠠᠴᠤ 2 ᠮᠦ ᠠᠴᠠ | ᠬᠡᠲᠦᠷᠡᠬᠦ ᠦᠭᠡᠶ ᠪᠠᠶᠢᠭ᠎ᠠ ᠭᠠᠵᠠᠷ ᠣᠷᠣᠨ ᠳᠤ ᠲᠡᠭᠰᠢ ᠳᠥᠷᠪᠡᠯᠵᠢᠨ ᠮᠧᠲᠷ ᠪᠦᠷᠢ 8 ᠲᠥᠭᠦᠷᠢᠭ ᠠᠴᠠ 40 ᠲᠥᠭᠦᠷᠢᠭ | ᠪᠣᠯᠤᠨ᠎ᠠ᠃ | ︵ᠭᠤᠷᠪᠠ︶ ᠬᠥᠮᠦᠨ ᠪᠦᠷᠢ ᠶᠢᠨ ᠳᠤᠮᠳᠠᠴᠢ ᠲᠠᠷᠢᠶᠠᠨ ᠭᠠᠵᠠᠷ 2 ᠮᠦ ᠠᠴᠠ ᠬᠡᠲᠦᠷᠡᠭᠰᠡᠨ ᠪᠣᠯᠪᠠᠴᠤ 3 ᠮᠦ ᠠᠴᠠ | ᠬᠡᠲᠦᠷᠡᠬᠦ ᠦᠭᠡᠶ ᠪᠠᠶᠢᠭ᠎ᠠ ᠭᠠᠵᠠᠷ ᠣᠷᠣᠨ ᠳᠤ ᠲᠡᠭᠰᠢ ᠳᠥᠷᠪᠡᠯᠵᠢᠨ ᠮᠧᠲᠷ ᠪᠦᠷᠢ 6 ᠲᠥᠭᠦᠷᠢᠭ ᠠᠴᠠ 30 ᠲᠥᠭᠦᠷᠢᠭ | ᠪᠣᠯᠤᠨ᠎ᠠ᠃ | ︵ᠳᠥᠷᠪᠡ︶ ᠬᠥᠮᠦᠨ ᠪᠦᠷᠢ ᠶᠢᠨ ᠳᠤᠮᠳᠠᠴᠢ ᠲᠠᠷᠢᠶᠠᠨ ᠭᠠᠵᠠᠷ 3 ᠮᠦ ᠠᠴᠠ ᠬᠡᠲᠦᠷᠡᠭᠰᠡᠨ ᠭᠠᠵᠠᠷ ᠣᠷᠣᠨ ᠳᠤ᠂ | ᠲᠡᠭᠰᠢ ᠳᠥᠷᠪᠡᠯᠵᠢᠨ ᠮᠧᠲᠷ ᠪᠦᠷᠢ 5 ᠲᠥᠭᠦᠷᠢᠭ ᠠᠴᠠ 25 ᠲᠥᠭᠦᠷᠢᠭ ᠪᠣᠯᠤᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ᠬᠥᠮᠦᠨ ᠪᠦᠷᠢ ᠶᠢᠨ ᠳᠤᠮᠳᠠᠴᠢ ᠲᠠᠷᠢᠶᠠᠨ ᠭᠠᠵᠠᠷ ᠤᠨ ᠲᠠᠯᠠᠪᠠᠶ ᠪᠣᠯᠤᠨ ᠠᠵᠤ ᠠᠬᠤᠶ ᠶᠢᠨ | ᠬᠥᠭᠵᠢᠯᠲᠡ ᠶᠢᠨ ᠪᠠᠶᠢᠳᠠᠯ ᠢ ᠦᠨᠳᠦᠰᠦᠯᠡᠨ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠨᠤᠭᠤᠳ ᠤᠨ ᠳᠤᠮᠳᠠᠴᠢ ᠭᠠᠶᠢᠯᠢ ᠶᠢᠨ ᠲᠤᠭ᠎ᠠ ᠲᠣᠭᠲᠠᠭᠠᠨ᠎ᠠ᠃ | ᠡᠯ᠎ᠡ ᠭᠠᠵᠠᠷ ᠤᠳ ᠤᠨ ᠬᠡᠷᠡᠭᠯᠡᠭᠡᠨ ᠤ ᠭᠠᠶᠢᠯᠢ ᠶᠢᠨ ᠲᠤᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠰ ᠳᠦᠷᠢᠮ ᠤᠨ ᠨᠢᠭᠡᠳᠦᠭᠡᠷ ᠵᠤᠷᠪᠤᠰ ᠤᠨ | ᠲᠣᠭᠲᠠᠭᠠᠭᠰᠠᠨ ᠭᠠᠶᠢᠯᠢ ᠶᠢᠨ ᠲᠣᠭᠠᠨ ᠤ ᠬᠡᠮᠵᠢᠶ᠎ᠡ ᠶᠢᠨ ᠳᠣᠲᠣᠷ᠎ᠠ᠂ ᠲᠤᠰ ᠭᠠᠵᠠᠷ ᠣᠷᠣᠨ ᠤ ᠪᠠᠶᠢᠳᠠᠯ ᠢᠶᠠᠨ | ᠦᠨᠳᠦᠰᠦᠯᠡᠨ ᠬᠢᠨᠠᠨ ᠲᠣᠭᠲᠠᠭᠠᠨ᠎ᠠ᠃ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠨᠤᠭᠤᠳ ᠤᠨ ᠬᠢᠨᠠᠨ ᠲᠣᠭᠲᠠᠭᠠᠭᠰᠠᠨ ᠬᠡᠷᠡᠭᠯᠡᠭᠡᠨ ᠤ ᠭᠠᠶᠢᠯᠢ ᠶᠢᠨ ᠲᠤᠭ᠎ᠠ ᠶᠢᠨ ᠳᠤᠮᠳᠠᠴᠢ | ᠬᠢᠷᠢ ᠬᠡᠮᠵᠢᠶ᠎ᠡ ᠨᠢ ᠲᠤᠰ ᠳᠦᠷᠢᠮ ᠤᠨ ᠬᠤᠶᠠᠳᠤᠭᠠᠷ ᠵᠤᠷᠪᠤᠰ ᠤᠨ ᠲᠣᠭᠲᠠᠭᠠᠭᠰᠠᠨ ᠳᠤᠮᠳᠠᠴᠢ ᠭᠠᠶᠢᠯᠢ ᠶᠢᠨ ᠲᠤᠭ᠎ᠠ ᠠᠴᠠ | ᠳᠣᠤᠷ᠎ᠠ ᠪᠠᠶᠢᠵᠤ ᠪᠣᠯᠬᠤ ᠦᠭᠡᠶ᠃ | ᠵᠢᠷᠭᠤᠳᠤᠭᠠᠷ ᠵᠦᠢᠯ ᠠᠵᠤ ᠠᠬᠤᠶ ᠶᠢᠨ ᠣᠨᠴᠣᠭᠤᠶ ᠣᠷᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ | ᠣᠷᠣᠨ ᠪᠠ ᠠᠵᠤ ᠠᠬᠤᠶ ᠬᠥᠭᠵᠢᠭᠰᠡᠨ ᠪᠥᠭᠡᠳ ᠬᠥᠮᠦᠨ ᠪᠦᠷᠢ ᠶᠢᠨ ᠳᠤᠮᠳᠠᠴᠢ ᠶᠢᠨ ᠲᠠᠷᠢᠶᠠᠨ ᠭᠠᠵᠠᠷ ᠢᠶᠠᠷ ᠣᠨᠴᠠ | ᠴᠥᠭᠡᠨ ᠪᠠᠶᠢᠭ᠎ᠠ ᠭᠠᠵᠠᠷ ᠣᠷᠣᠨ ᠤ ᠬᠡᠷᠡᠭᠯᠡᠭᠡᠨ ᠤ ᠭᠠᠶᠢᠯᠢ ᠶᠢᠨ ᠲᠤᠭ᠎ᠠ ᠶᠢ ᠵᠣᠬᠢᠰᠲᠠᠶ ᠪᠠᠷ ᠳᠡᠭᠡᠭᠰᠢᠯᠡᠭᠦᠯᠵᠦ ᠪᠣᠯᠤᠨ᠎ᠠ᠂ | ᠭᠡᠪᠡᠴᠦ ᠳᠡᠭᠡᠭᠰᠢᠯᠡᠭᠦᠯᠬᠦ ᠬᠡᠰᠡᠭ ᠢ ᠨᠢ ᠬᠠᠮᠤᠭ ᠥᠨᠳᠥᠷ ᠲᠡᠭᠡᠨ ᠲᠤᠰ ᠳᠦᠷᠢᠮ ᠤᠨ ᠲᠠᠪᠤᠳᠤᠭᠠᠷ ᠵᠦᠢᠯ ᠤᠨ ᠭᠤᠷᠪᠠᠳᠤᠭᠠᠷ | ᠵᠤᠷᠪᠤᠰ ᠤᠨ ᠲᠣᠭᠲᠠᠭᠠᠭᠰᠠᠨ ᠲᠤᠬᠠᠶ ᠶᠢᠨ ᠭᠠᠵᠠᠷ ᠤᠨ ᠬᠡᠷᠡᠭᠯᠡᠭᠡᠨ ᠤ ᠭᠠᠶᠢᠯᠢ ᠶᠢᠨ ᠲᠣᠭᠠᠨ ᠤ 50% ᠠᠴᠠ | ᠬᠡᠲᠦᠷᠡᠭᠦᠯᠵᠦ ᠪᠣᠯᠬᠤ ᠦᠭᠡᠶ᠃ | ᠳᠣᠯᠣᠳᠤᠭᠠᠷ ᠵᠦᠢᠯ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠪᠣᠯ᠂ ᠬᠡᠷᠡᠭᠯᠡᠭᠡᠨ ᠤ | ᠭᠠᠶᠢᠯᠢ ᠶᠢᠨ ᠲᠤᠭ᠎ᠠ ᠶᠢ ᠲᠤᠰ ᠳᠦᠷᠢᠮ ᠤᠨ ᠲᠠᠪᠤᠳᠤᠭᠠᠷ ᠵᠦᠢᠯ ᠤᠨ ᠭᠤᠷᠪᠠᠳᠤᠭᠠᠷ ᠵᠤᠷᠪᠤᠰ ᠪᠣᠯᠤᠨ ᠵᠢᠷᠭᠤᠳᠤᠭᠠᠷ | ᠵᠦᠢᠯ ᠤᠨ ᠲᠣᠭᠲᠠᠭᠠᠭᠰᠠᠨ ᠲᠤᠬᠠᠶ ᠶᠢᠨ ᠭᠠᠵᠠᠷ ᠤᠨ ᠬᠡᠷᠡᠭᠯᠡᠭᠡᠨ ᠤ ᠭᠠᠶᠢᠯᠢ ᠶᠢᠨ ᠲᠣᠭᠠᠨ ᠤ ᠰᠠᠭᠤᠷᠢᠨ ᠳᠡᠭᠡᠷ᠎ᠡ | 50% ᠪᠠᠷ ᠳᠡᠭᠡᠭᠰᠢᠯᠡᠭᠦᠯᠬᠦ ᠬᠡᠷᠡᠭᠲᠡᠶ᠃ | ᠨᠠᠢᠮᠠᠳᠤᠭᠠᠷ ᠵᠦᠢᠯ ᠳᠣᠤᠷᠠᠬᠢ ᠪᠠᠶᠢᠳᠠᠯ ᠠᠴᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠠᠲᠠᠪᠤᠷᠢᠯᠠᠬᠤ | ᠦᠭᠡᠶ᠄ | ︵ᠨᠢᠭᠡ︶ ᠴᠡᠷᠢᠭ ᠤᠨ ᠶᠠᠪᠤᠳᠠᠯ ᠤᠨ ᠪᠡᠯᠡᠳᠬᠡᠮᠵᠢ ᠶᠢᠨ ᠲᠠᠷᠢᠶᠠᠨ ᠭᠠᠵᠠᠷ ᠡᠵᠡᠯᠡᠨ ᠬᠡᠷᠡᠭᠯᠡᠬᠦ | ︵ᠬᠤᠶᠠᠷ︶ ᠰᠤᠷᠭᠠᠭᠤᠯᠢ᠂ ᠬᠡᠦᠬᠡᠳ ᠤᠨ ᠴᠡᠴᠡᠷᠯᠢᠭ᠂ ᠨᠠᠰᠤᠵᠢᠯ ᠤᠨ ᠬᠦᠷᠢᠶᠡᠯᠡᠩ ᠪᠣᠯᠤᠨ ᠡᠮᠨᠡᠯᠭᠡ ᠶᠢᠨ | ᠬᠤᠷᠢᠶ᠎ᠠ ᠶᠢᠨ ᠡᠵᠡᠯᠡᠨ ᠬᠡᠷᠡᠭᠯᠡᠬᠦ ᠲᠠᠷᠢᠶᠠᠨ ᠭᠠᠵᠠᠷ᠃ | ᠶᠢᠰᠦᠳᠦᠭᠡᠷ ᠵᠦᠢᠯ ᠲᠡᠮᠦᠷ ᠵᠠᠮ ᠤᠨ ᠱᠤᠭᠤᠮ᠂ ᠵᠠᠰᠠᠮᠠᠯ ᠵᠠᠮ ᠤᠨ ᠱᠤᠭᠤᠮ᠂ ᠨᠢᠰᠬᠡᠯ ᠤᠨ ᠪᠠᠭᠤᠳᠠᠯ ᠤᠨ | ᠨᠢᠰᠬᠡᠯ ᠭᠦᠶᠦᠬᠦ ᠵᠠᠮ᠂ ᠨᠢᠰᠬᠡᠯ ᠤᠨ ᠵᠣᠭᠰᠣᠭᠠᠯ᠂ ᠭᠠᠷᠠᠮ᠂ ᠠᠶᠠᠯᠠᠯ ᠤᠨ ᠵᠠᠮ ᠤᠳ ᠡᠵᠡᠯᠡᠨ ᠬᠡᠷᠡᠭᠯᠡᠬᠦ ᠲᠠᠷᠢᠶᠠᠨ | ᠭᠠᠵᠠᠷ ᠤᠨ ᠲᠡᠭᠰᠢ ᠳᠥᠷᠪᠡᠯᠵᠢᠨ ᠮᠧᠲᠷ ᠪᠦᠷᠢ ᠠᠴᠠ 2 ᠲᠥᠭᠦᠷᠢᠭ ᠤᠨ ᠭᠠᠶᠢᠯᠢ ᠶᠢᠨ ᠲᠤᠭ᠎ᠠ ᠬᠠᠰᠤᠵᠤ ᠲᠠᠷᠢᠶᠠᠨ | ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠠᠲᠠᠪᠤᠷᠢᠯᠠᠨ᠎ᠠ᠃ | ᠪᠣᠳᠠᠲᠤ ᠬᠡᠷᠡᠭᠴᠡᠭᠡ ᠪᠠᠨ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ᠂ ᠭᠠᠶᠢᠯᠢ ᠶᠢᠨ | ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠲᠠᠢ ᠵᠥᠪᠳᠡᠯᠴᠡᠬᠦ ᠶᠢᠨ ᠬᠠᠮᠲᠤ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ | ᠵᠥᠪᠰᠢᠶᠡᠷᠡᠭᠦᠯᠦᠭᠰᠡᠨ ᠤ ᠳᠠᠷᠠᠭ᠎ᠠ᠂ ᠡᠮᠦᠨᠡᠬᠢ ᠵᠤᠷᠪᠤᠰ ᠲᠤ ᠲᠣᠭᠲᠠᠭᠠᠭᠰᠠᠨ ᠪᠠᠶᠢᠳᠠᠯ ᠲᠠᠢ ᠠᠴᠠ ᠲᠠᠷᠢᠶᠠᠨ ᠭᠠᠵᠠᠷ ᠢ | ᠡᠵᠡᠯᠡᠨ ᠬᠡᠷᠡᠭᠯᠡᠬᠦ ᠭᠠᠶᠢᠯᠢ ᠠᠴᠠ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠵᠤ ᠪᠣᠯᠤᠨ᠎ᠠ᠃ | ᠠᠷᠪᠠᠳᠤᠭᠠᠷ ᠵᠦᠢᠯ ᠬᠥᠳᠡᠭᠡ ᠲᠣᠰᠬᠤᠨ ᠤ ᠰᠠᠭᠤᠭᠠᠯᠢ ᠠᠷᠠᠳ ᠲᠠᠷᠢᠶᠠᠨ ᠭᠠᠵᠠᠷ ᠢ ᠡᠵᠡᠯᠡᠵᠦ ᠰᠢᠨ᠎ᠡ ᠣᠷᠣᠨ | ᠰᠠᠭᠤᠴᠠ ᠪᠠᠷᠢᠬᠤ ᠳᠤ᠂ ᠲᠤᠬᠠᠶ ᠶᠢᠨ ᠭᠠᠵᠠᠷ ᠤᠨ ᠬᠡᠷᠡᠭᠯᠡᠭᠡᠨ ᠤ ᠭᠠᠶᠢᠯᠢ ᠶᠢᠨ ᠲᠣᠭᠠᠨ ᠤ ᠬᠠᠭᠠᠰ ᠢᠶᠠᠷ ᠲᠠᠷᠢᠶᠠᠨ ᠭᠠᠵᠠᠷ ᠢ | ᠡᠵᠡᠯᠡᠨ ᠬᠡᠷᠡᠭᠯᠡᠬᠦ ᠭᠠᠶᠢᠯᠢ ᠲᠠᠲᠠᠪᠤᠷᠢᠯᠠᠨ᠎ᠠ᠃ | ᠬᠥᠳᠡᠭᠡ ᠲᠣᠰᠬᠤᠨ ᠤ ᠨᠥᠭᠴᠢᠭᠰᠡᠨ ᠪᠠᠭᠠᠲᠤᠷᠴᠤᠳ ᠤᠨ ᠭᠡᠷ ᠪᠦᠯᠢ᠂ ᠵᠡᠮᠳᠡᠭ ᠪᠣᠯᠤᠭᠰᠠᠨ ᠴᠡᠷᠢᠭ ᠤᠨ ᠬᠥᠮᠦᠨ᠂ | ᠭᠤᠤᠨᠢ ᠪᠡᠶ᠎ᠡ ᠥᠨᠥᠴᠢᠨ ᠪᠡᠯᠪᠡᠰᠦᠨ ᠵᠢᠴᠢ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠴᠥᠭᠡᠨ ᠲᠣᠭᠠᠲᠤ | ᠦᠨᠳᠦᠰᠦᠲᠡᠨ ᠴᠤᠭᠯᠠᠷᠠᠨ ᠰᠠᠭᠤᠭᠰᠠᠨ ᠣᠷᠣᠨ ᠪᠣᠯᠤᠨ ᠠᠯᠤᠰ ᠬᠢᠵᠠᠭᠠᠷ ᠪᠤᠶᠢᠳᠠ ᠪᠥᠭᠯᠡᠭᠦᠦ ᠶᠠᠳᠠᠭᠤ ᠬᠦᠴᠢᠷᠲᠡᠶ | ᠠᠭᠤᠯᠠᠷᠬᠠᠭ ᠣᠷᠣᠨ ᠤ ᠬᠥᠳᠡᠭᠡ ᠲᠣᠰᠬᠤᠨ ᠤ ᠠᠮᠢᠳᠤᠷᠠᠯ ᠨᠢ ᠬᠦᠴᠢᠷᠳᠡᠯᠲᠡᠶ ᠰᠠᠭᠤᠭᠠᠯᠢ ᠠᠷᠠᠳ᠂ ᠭᠠᠵᠠᠷ ᠬᠡᠷᠡᠭᠯᠡᠬᠦ | ᠲᠣᠭᠲᠠᠭᠰᠠᠨ ᠪᠠᠷᠢᠮᠵᠢᠶ᠎ᠠ ᠶᠢᠨ ᠳᠣᠲᠣᠷ᠎ᠠ ᠰᠢᠨ᠎ᠡ ᠣᠷᠣᠨ ᠰᠠᠭᠤᠴᠠ ᠪᠠᠷᠢᠬᠤ ᠳᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ | ᠭᠠᠶᠢᠯᠢ ᠲᠤᠰᠢᠶᠠᠬᠤ ᠳᠤ ᠦᠨᠡᠨᠬᠦ ᠬᠦᠴᠢᠷᠳᠡᠯᠲᠡᠶ ᠪᠣᠯ᠂ ᠪᠠᠶᠢᠭ᠎ᠠ ᠭᠠᠵᠠᠷ ᠤᠨ ᠬᠢᠨ ᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠵᠤ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠠᠴᠠ ᠬᠡᠯᠲᠦᠷᠢᠭᠦᠯᠬᠦ ᠪᠤᠶᠤ | ᠬᠠᠰᠤᠵᠤ ᠲᠠᠲᠠᠪᠤᠷᠢᠯᠠᠵᠤ ᠪᠣᠯᠤᠨ᠎ᠠ᠃ | ᠠᠷᠪᠠᠨ ᠨᠢᠭᠡᠳᠦᠭᠡᠷ ᠵᠦᠢᠯ ᠲᠤᠰ ᠳᠦᠷᠢᠮ ᠤᠨ ᠨᠠᠢᠮᠠᠳᠤᠭᠠᠷ ᠵᠦᠢᠯ᠂ ᠶᠢᠰᠦᠳᠦᠭᠡᠷ ᠵᠦᠢᠯ ᠤᠨ ᠲᠣᠭᠲᠠᠭᠠᠯ | ᠶᠣᠰᠣᠭᠠᠷ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠠᠴᠠ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠭᠰᠠᠨ ᠤ | ᠳᠠᠷᠠᠭ᠎ᠠ᠂ ᠭᠠᠶᠢᠯᠢ ᠲᠤᠰᠢᠶᠠᠭᠴᠢ ᠨᠢ ᠤᠤᠯ ᠤᠨ ᠡᠵᠡᠯᠡᠭᠰᠡᠨ ᠭᠠᠵᠠᠷ ᠤᠨ ᠬᠡᠷᠡᠭᠴᠡᠭᠡ ᠪᠠᠨ ᠬᠤᠪᠢᠷᠠᠭᠤᠯᠵᠤ᠂ ᠲᠠᠷᠢᠶᠠᠨ | ᠭᠠᠵᠠᠷ ᠢ ᠡᠵᠡᠯᠡᠨ ᠬᠡᠷᠡᠭᠯᠡᠬᠦ ᠭᠠᠶᠢᠯᠢ ᠠᠴᠠ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠬᠤ ᠪᠠᠶᠢᠳᠠᠯ ᠳᠤ ᠲᠣᠭᠠᠴᠢᠭᠳᠠᠬᠤ | ᠦᠭᠡᠶ ᠪᠣᠯ᠂ ᠲᠤᠬᠠᠶ ᠶᠢᠨ ᠭᠠᠵᠠᠷ ᠤᠨ ᠬᠡᠷᠡᠭᠯᠡᠭᠡᠨ ᠤ ᠭᠠᠶᠢᠯᠢ ᠶᠢᠨ ᠲᠤᠭ᠎ᠠ ᠪᠠᠷ ᠲᠠᠷᠢᠶᠠᠨ ᠭᠠᠵᠠᠷ ᠢ ᠡᠵᠡᠯᠡᠨ ᠬᠡᠷᠡᠭᠯᠡᠬᠦ | ᠭᠠᠶᠢᠯᠢ ᠪᠠᠨ ᠨᠥᠬᠦᠪᠥᠷᠢᠯᠡᠨ ᠲᠤᠰᠢᠶᠠᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢ ᠣᠷᠣᠨ ᠨᠤᠲᠤᠭ ᠤᠨ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠬᠠᠷᠢᠭᠤᠴᠠᠨ ᠲᠠᠲᠠᠪᠤᠷᠢᠯᠠᠨ᠎ᠠ᠃ | ᠭᠠᠵᠠᠷ ᠰᠢᠷᠣᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠡᠴᠢ ᠪᠤᠶᠤ ᠬᠤᠪᠢ ᠬᠥᠮᠦᠨ ᠳᠤ ᠲᠠᠷᠢᠶᠠᠨ | ᠭᠠᠵᠠᠷ ᠢ ᠡᠵᠡᠯᠡᠨ ᠬᠡᠷᠡᠭᠯᠡᠬᠦ ᠭᠠᠷ ᠭᠦᠢᠴᠡᠳᠬᠡᠯ ᠭᠦᠢᠴᠡᠳᠬᠡᠯᠭᠡᠬᠦ ᠪᠠᠷ ᠮᠡᠳᠡᠭᠳᠡᠬᠦ ᠦᠶ᠎ᠡ ᠳᠤ᠂ ᠲᠠᠷᠢᠶᠠᠨ ᠭᠠᠵᠠᠷ ᠤᠨ | ᠪᠠᠶᠢᠭ᠎ᠠ ᠭᠠᠵᠠᠷ ᠤᠨ ᠠᠳᠠᠯᠢ ᠱᠠᠲᠤᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠬᠠᠮᠲᠤ ᠳᠤᠨᠢ | ᠮᠡᠳᠡᠭᠳᠡᠬᠦ ᠬᠡᠷᠡᠭᠲᠡᠶ᠃ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠵᠥᠪᠰᠢᠶᠡᠷᠡᠯ ᠢ ᠣᠯᠤᠭᠰᠠᠨ ᠨᠢᠭᠡᠴᠢ ᠪᠤᠶᠤ ᠬᠤᠪᠢ | ᠬᠥᠮᠦᠨ ᠨᠢ ᠭᠠᠵᠠᠷ ᠰᠢᠷᠣᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠮᠡᠳᠡᠭᠳᠡᠯ ᠢ ᠣᠯᠤᠭᠰᠠᠨ ᠡᠳᠦᠷ ᠠᠴᠠ ᠡᠬᠢᠯᠡᠨ | 30 ᠡᠳᠦᠷ ᠤᠨ ᠳᠣᠲᠣᠷ᠎ᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠤᠰᠢᠶᠠᠬᠤ ᠬᠡᠷᠡᠭᠲᠡᠶ᠃ ᠭᠠᠵᠠᠷ ᠰᠢᠷᠣᠶ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠭᠠᠶᠢᠯᠢ ᠲᠤᠰᠢᠶᠠᠭᠰᠠᠨ | ᠭᠡᠷᠡᠴᠢ ᠪᠠᠷᠢᠮᠲᠠ ᠪᠤᠶᠤ ᠭᠠᠶᠢᠯᠢ ᠠᠴᠠ ᠬᠡᠯᠲᠦᠷᠢᠭᠦᠯᠬᠦ ᠭᠡᠷᠡᠴᠢ ᠪᠠᠷᠢᠮᠲᠠ ᠪᠣᠯᠤᠨ ᠪᠤᠰᠤᠳ ᠬᠤᠯᠪᠣᠭᠳᠠᠯ ᠪᠦᠬᠦᠢ ᠪᠢᠴᠢᠭ | ᠮᠠᠲ᠋ᠧᠷᠢᠶᠠᠯ ᠢ ᠨᠢ ᠦᠵᠡᠵᠦ ᠪᠠᠶᠢᠭᠠᠳ ᠪᠦᠲᠦᠭᠡᠨ ᠪᠠᠶᠢᠭᠤᠯᠤᠯᠲᠠ ᠶᠢᠨ ᠬᠡᠷᠡᠭᠯᠡᠬᠦ ᠭᠠᠵᠠᠷ ᠤᠨ ᠵᠥᠪᠰᠢᠶᠡᠷᠡᠯ ᠤᠨ ᠦᠨᠡᠮᠯᠡᠯ | ᠣᠯᠭᠤᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠭᠠᠶᠢᠯᠢ ᠲᠤᠰᠢᠶᠠᠭᠴᠢ ᠲᠠᠷᠢᠶᠠᠨ ᠭᠠᠵᠠᠷ ᠢ ᠲᠦᠷ ᠴᠠᠭ ᠡᠵᠡᠯᠡᠨ ᠬᠡᠷᠡᠭᠯᠡᠬᠦ ᠳᠤ᠂ | ᠲᠤᠰ ᠳᠦᠷᠢᠮ ᠤᠨ ᠲᠣᠭᠲᠠᠭᠠᠯ ᠶᠣᠰᠣᠭᠠᠷ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠤᠰᠢᠶᠠᠬᠤ ᠬᠡᠷᠡᠭᠲᠡᠶ᠃ | ᠭᠠᠶᠢᠯᠢ ᠲᠤᠰᠢᠶᠠᠭᠴᠢ ᠨᠢ ᠲᠠᠷᠢᠶᠠᠨ ᠭᠠᠵᠠᠷ ᠢ ᠲᠦᠷ ᠴᠠᠭ ᠡᠵᠡᠯᠡᠨ ᠬᠡᠷᠡᠭᠯᠡᠬᠦ ᠶᠢ ᠵᠥᠪᠰᠢᠶᠡᠷᠡᠭᠰᠡᠨ ᠬᠤᠭᠤᠴᠠᠭ᠎ᠠ ᠳᠤ | ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠤᠤᠯ ᠪᠠᠶᠢᠳᠠᠯ ᠢ ᠨᠢ ᠰᠡᠷᠭᠦᠭᠡᠭᠰᠡᠨ ᠪᠣᠯ᠂ ᠨᠢᠭᠡᠨᠲᠡ ᠲᠤᠰᠢᠶᠠᠭᠰᠠᠨ ᠲᠠᠷᠢᠶᠠᠨ | ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢ ᠨᠢ ᠪᠦᠬᠦ ᠲᠤᠭ᠎ᠠ ᠪᠠᠷ ᠨᠢ ᠪᠤᠴᠠᠭᠠᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠰᠢᠭᠤᠶᠢᠲᠤ ᠭᠠᠵᠠᠷ᠂ ᠬᠠᠳᠤᠯᠠᠩ ᠪᠡᠯᠴᠢᠭᠡᠷ᠂ ᠲᠠᠷᠢᠶᠠᠨ ᠭᠠᠵᠠᠷ ᠤᠨ ᠤᠰᠤᠨ | ᠠᠰᠢᠭᠯᠠᠯᠲᠠ ᠶᠢᠨ ᠬᠡᠷᠡᠭᠯᠡᠬᠦ ᠭᠠᠵᠠᠷ᠂ ᠲᠡᠵᠢᠭᠡᠨ ᠦᠷᠡᠵᠢᠭᠦᠯᠬᠦ ᠤᠰᠤᠨ ᠤ ᠲᠠᠯᠠᠪᠠᠶ ᠵᠢᠴᠢ ᠵᠢᠭᠠᠰᠤᠨ ᠤ ᠠᠵᠤ ᠦᠢᠯᠡᠰ ᠤᠨ | ᠤᠰᠤᠨ ᠤ ᠴᠠᠷᠠᠭ᠎ᠠ ᠭᠤᠤᠯ ᠤᠨ ᠰᠠᠶᠢᠷᠭᠠᠯ ᠵᠡᠷᠭᠡ ᠪᠤᠰᠤᠳ ᠲᠠᠷᠢᠶᠠᠯᠠᠩ ᠤᠨ ᠬᠡᠷᠡᠭᠯᠡᠬᠦ ᠭᠠᠵᠠᠷ ᠢ ᠡᠵᠡᠯᠡᠵᠦ ᠭᠡᠷ ᠪᠠᠶᠢᠰᠢᠩ | ᠪᠠᠷᠢᠬᠤ ᠪᠤᠶᠤ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠬᠢᠪᠠᠯ᠂ ᠲᠤᠰ ᠳᠦᠷᠢᠮ ᠤᠨ ᠲᠣᠭᠲᠠᠭᠠᠯ ᠶᠣᠰᠣᠭᠠᠷ | ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠠᠲᠠᠪᠤᠷᠢᠯᠠᠬᠤ ᠬᠡᠷᠡᠭᠲᠡᠶ᠃ | ᠲᠠᠷᠢᠶᠠᠯᠠᠩ ᠤᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠦᠢᠯᠡᠳᠪᠦᠷᠢᠯᠡᠯ ᠤᠨ ᠪᠡᠯᠡᠳᠬᠡᠮᠵᠢ ᠶᠢ | ᠪᠠᠶᠢᠭᠤᠯᠬᠤ ᠳᠤ ᠡᠮᠦᠨᠡᠬᠢ ᠵᠤᠷᠪᠤᠰ ᠲᠤ ᠲᠣᠭᠲᠠᠭᠠᠭᠰᠠᠨ ᠲᠠᠷᠢᠶᠠᠯᠠᠩ ᠤᠨ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠭᠰᠡᠨ ᠪᠣᠯ᠂ | ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠠᠲᠠᠪᠤᠷᠢᠯᠠᠬᠤ ᠦᠭᠡᠶ᠃ | ᠠᠷᠪᠠᠨ ᠲᠠᠪᠤᠳᠤᠭᠠᠷ ᠵᠦᠢᠯ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠲᠠᠲᠠᠪᠤᠷᠢᠯᠠᠬᠤ | ᠬᠠᠮᠢᠶᠠᠷᠤᠯᠲᠠ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢ ᠶᠢᠨ ᠲᠠᠲᠠᠪᠤᠷᠢᠯᠠᠬᠤ | ᠬᠠᠮᠢᠶᠠᠷᠤᠯᠲᠠ ᠶᠢᠨ ᠠᠷᠭ᠎ᠠ︾ ᠪᠣᠯᠤᠨ ᠲᠤᠰ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | | ᠠᠷᠪᠠᠨ ᠵᠢᠷᠭᠤᠳᠤᠭᠠᠷ ᠵᠦᠢᠯ ᠲᠤᠰ ᠳᠦᠷᠢᠮ ᠢ 2008 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ 1987 ᠣᠨ ᠤ 4 ᠰᠠᠷ᠎ᠠ ᠶᠢᠨ 1 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ | ᠨᠡᠶᠢᠲᠡᠯᠡᠭᠰᠡᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ | ᠭᠠᠶᠢᠯᠢ ᠶᠢᠨ ᠲᠦᠷ ᠬᠡᠷᠡᠭᠵᠢᠭᠦᠯᠬᠦ ᠳᠦᠷᠢᠮ︾ ᠢ ᠵᠡᠷᠭᠡ ᠳᠤᠨᠢ ᠬᠦᠴᠦᠨ ᠦᠭᠡᠶ ᠪᠣᠯᠭᠠᠨ᠎ᠠ᠃ | | |