ᠲᠠᠷᠢᠶᠠᠨ ᠲᠦᠷᠦᠭᠦᠦ ᠲᠡᠭᠦᠬᠦ
ᠨᠡᠶᠢᠲᠡᠯᠡᠭᠰᠡᠨ ᠴᠠᠭ᠄
2020/12/2
     ᠨᠠᠮᠤᠷ ᠤᠨ ᠤᠯᠠᠷᠢᠯ ᠳᠤ ᠲᠠᠷᠢᠶ᠎ᠠ ᠪᠠᠨ ᠬᠠᠳᠣᠵᠣ ᠪᠠᠷᠠᠭᠰᠠᠨ ᠤ ᠳᠠᠷᠠᠭ᠎ᠠ᠂ ᠭᠡᠭᠡᠭᠳᠡᠵᠦ ᠤᠷᠬᠢᠭᠳᠠᠭᠰᠠᠨ ᠲᠠᠷᠢᠶᠠᠨ ᠲᠦᠷᠦᠭᠦᠦ ᠶᠢ ᠲᠡᠭᠦᠵᠦ ᠴᠤᠭᠯᠠᠭᠤᠯᠳᠠᠭ᠃ ᠲᠠᠷᠢᠶᠠᠨ ᠲᠦᠷᠦᠭᠦᠦ ᠲᠡᠭᠦᠬᠦ ᠳᠤ ᠭᠤᠣᠯᠳᠠᠭᠤ ᠬᠡᠤᠬᠡᠳ ᠪᠠᠭᠠᠴᠤᠳ ᠪᠣᠯᠣᠨ ᠨᠠᠰᠤᠲᠠᠶᠢᠴᠤᠳ ᠤᠷᠤᠯᠴᠠᠳᠠᠭ᠃ ᠲᠠᠷᠢᠶᠠᠨ ᠲᠦᠷᠦᠭᠦᠦ ᠲᠡᠭᠦᠬᠦ ᠨᠢ ᠬᠠᠳᠣᠵᠣ ᠬᠤᠷᠢᠶᠠᠭᠰᠠᠨ ᠤ ᠳᠠᠷᠠᠭᠠᠬᠢ ᠭᠡᠭᠡᠳᠡᠵᠦ ᠤᠷᠬᠢᠭᠳᠠᠭᠰᠠᠨ ᠢ ᠨᠢ ᠲᠡᠭᠦᠵᠦ ᠴᠤᠭᠯᠠᠭᠤᠯᠵᠤ ᠪᠠᠶᠢᠭ᠎ᠠ ᠪᠣᠯᠬᠤᠷ᠂ ᠦᠪᠡᠷ ᠤᠨ ᠪᠣᠶᠣ ᠪᠣᠰᠣᠳ ᠤᠨ ᠬᠠᠳᠤᠵᠤ ᠪᠠᠷᠠᠭᠰᠠᠨ ᠲᠠᠷᠢᠶᠠᠨ ᠳᠤ ᠬᠡᠨ ᠬᠦᠮᠦᠨ ᠴᠤ ᠲᠠᠷᠢᠶᠠᠨ ᠲᠦᠷᠦᠭᠦᠦ ᠲᠡᠭᠦᠵᠦ ᠪᠣᠯᠳᠠᠭ᠃ ᠡᠨᠡ  ᠨᠢ ᠨᠢᠭᠡ ᠶᠤᠰᠤᠨ ᠳᠤ ᠪᠠᠨ ᠭᠡᠭᠡᠭᠳᠡᠭᠰᠡᠨ ᠢ ᠨᠢ ᠲᠡᠭᠦᠵᠦ᠂ ᠬᠠᠶᠠᠭᠳᠠᠭᠰᠠᠨ ᠢ ᠴᠤᠭᠯᠠᠭᠤᠯᠬᠤ ᠠᠵᠢᠯᠴᠢ ᠠᠷᠪᠢᠴᠢ ᠰᠤᠷᠳᠠᠯ ᠤᠨ ᠪᠤᠳᠠᠲᠤ ᠢᠯᠡᠷᠡᠯ ᠪᠣᠯᠬᠤ ᠶᠣᠮ᠃      ︵ᠢᠷᠡᠯᠲᠡ᠄ ᠦᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠶᠢᠨ ᠬᠡᠪᠯᠡᠭᠰᠡᠨ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号