︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠶᠠᠳᠠᠭᠤ | ᠬᠦᠴᠢᠷᠳᠡᠯᠲᠡᠶ ᠡᠩᠨᠡᠭᠡ ᠠᠴᠠ ᠭᠠᠷᠭᠠᠬᠤ ᠲᠣᠭᠲᠠᠴᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ | ᠶᠠᠪᠤᠭᠤᠯᠬᠤ ᠮᠡᠳᠡᠭᠳᠡᠯ︾ ︵ᠲᠢᠩᠬᠢᠮ ᠲᠠᠷᠬᠠᠭᠠᠭᠰᠠᠨ ﹇2018﹈ 11 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠬᠤᠰᠢᠭᠤ ᠰᠢᠶᠠᠨ ᠤ ᠱᠠᠲᠤᠨ ᠳᠤ ᠭᠤᠶᠤᠴᠢᠯᠠᠬᠤ᠂ ᠠᠶᠢᠮᠠᠭ ᠬᠤᠲᠠ ᠶᠢᠨ ᠳᠡᠰ ᠠᠩᠬ᠎ᠠ ᠬᠢᠨᠠᠬᠤ᠂ | ᠥᠪᠡᠷᠲᠡᠭᠡᠨ ᠵᠠᠰᠠᠬᠤ ᠣᠷᠣᠨ ᠲᠤᠰᠬᠠᠢ ᠬᠢᠨᠠᠨ ᠪᠠᠶᠢᠴᠠᠭᠠᠵᠤ ᠦᠨᠡᠯᠡᠨ ᠵᠢᠱᠢᠬᠦ᠂ ᠥᠪᠡᠷᠲᠡᠭᠡᠨ ᠵᠠᠰᠠᠬᠤ ᠣᠷᠣᠨ ᠤ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠰᠤᠳᠤᠯᠤᠨ ᠪᠠᠲᠤᠯᠠᠬᠤ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠤ ᠢᠯᠡ ᠨᠡᠶᠢᠲᠡᠯᠡᠬᠦ ᠪᠠ ᠵᠠᠷᠯᠠᠨ ᠨᠡᠶᠢᠲᠡᠯᠡᠵᠦ | ᠰᠠᠨᠠᠯ ᠬᠤᠷᠢᠶᠠᠨ ᠬᠢᠨᠠᠨ ᠪᠠᠶᠢᠴᠠᠭᠠᠵᠤ ᠰᠢᠢᠳᠪᠦᠷᠢᠯᠡᠬᠦ ᠵᠡᠷᠭᠡ ᠳᠡᠰ ᠳᠠᠷᠠᠭᠠᠯᠠᠯ ᠢᠶᠠᠷ ᠳᠠᠮᠵᠢᠨ᠂ ᠬᠥᠯᠥᠨ ᠪᠤᠶᠢᠷ | ᠬᠤᠲᠠ ᠶᠢᠨ ᠣᠷᠴᠣᠨ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠮᠣᠷᠢᠨᠳᠠᠪᠠᠭ᠎ᠠ ᠳᠠᠭᠤᠷ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠢᠩᠭᠠᠨ ᠠᠶᠢᠮᠠᠭ ᠤᠨ ᠲᠦᠴᠢᠦᠸᠠᠨ ᠰᠢᠶᠠᠨ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ | ᠬᠦᠷᠢᠶ᠎ᠡ ᠬᠤᠰᠢᠭᠤ᠂ ᠨᠠᠢᠮᠠᠨ ᠬᠤᠰᠢᠭᠤ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤ᠂ ᠪᠠᠭᠠᠷᠢᠨ ᠵᠡᠭᠦᠨ | ᠬᠤᠰᠢᠭᠤ᠂ ᠣᠩᠨᠢᠭᠤᠳ ᠬᠤᠰᠢᠭᠤ᠂ ᠠᠤᠬᠠᠨ ᠬᠤᠰᠢᠭᠤ᠂ ᠰᠢᠯᠢ ᠶᠢᠨ ᠭᠤᠤᠯ ᠠᠶᠢᠮᠠᠭ ᠤᠨ ᠲᠠᠶᠢᠹᠤᠰᠧ ᠬᠤᠰᠢᠭᠤ᠂ | ᠰᠢᠯᠤᠭᠤᠨ ᠬᠥᠪᠡᠭᠡᠲᠦ ᠴᠠᠭᠠᠨ ᠬᠤᠰᠢᠭᠤ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠳᠥᠷᠪᠡᠳ ᠬᠤᠰᠢᠭᠤ᠂ ᠵᠦᠸᠧᠽᠢ ᠰᠢᠶᠠᠨ᠂ ᠰᠢᠩᠾᠧ ᠰᠢᠶᠠᠨ᠂ | ᠱᠠᠩᠳᠤ ᠰᠢᠶᠠᠨ᠂ ᠬᠤᠸᠠᠳᠧ ᠰᠢᠶᠠᠨ ᠵᠡᠷᠭᠡ ᠤᠯᠤᠰ ᠤᠨ ᠲᠠᠰ ᠤᠨ 20 ᠶᠠᠳᠠᠭᠤ ᠬᠦᠴᠢᠷᠳᠡᠯᠲᠡᠶ ᠬᠤᠰᠢᠭᠤ ᠰᠢᠶᠠᠨ | ᠨᠢᠭᠡᠨᠲᠡ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠡᠩᠨᠡᠭᠡ ᠠᠴᠠ ᠭᠠᠷᠭᠠᠬᠤ ᠬᠠᠮᠢᠶ᠎ᠠ ᠪᠦᠬᠦᠢ ᠭᠦᠢᠴᠡᠳᠬᠡᠯ | ᠲᠤᠭ᠎ᠠ ᠳᠤ ᠬᠦᠷᠴᠦ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠡᠩᠨᠡᠭᠡ ᠠᠴᠠ ᠭᠠᠷᠭᠠᠬᠤ ᠨᠥᠬᠦᠴᠡᠯ ᠳᠤ | ᠨᠡᠶᠢᠴᠡᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠰᠤᠳᠤᠯᠬᠤ ᠪᠠᠷ | ᠳᠠᠮᠵᠢᠭᠠᠳ᠂ ᠳᠡᠭᠡᠷ᠎ᠡ ᠳᠤᠷᠠᠳᠤᠭᠰᠠᠨ ᠬᠤᠰᠢᠭᠤ ᠰᠢᠶᠠᠨ ᠢ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ | ᠡᠩᠨᠡᠭᠡ ᠠᠴᠠ ᠭᠠᠷᠭᠠᠬᠤ ᠶᠢ ᠵᠥᠪᠰᠢᠶᠡᠷᠡᠪᠡ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | 2020 ᠣᠨ ᠤ 3 ᠳ᠋ᠤᠭᠠᠷ ᠰᠠᠷ᠎ᠠ ᠶᠢᠨ 4 ᠤ ᠡᠳᠦᠷ |