ᠡᠨᠡ ᠵᠢᠯ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ ᠬᠤᠯᠪᠤᠭᠠᠯᠠᠬᠤ ᠳᠤᠭᠤᠶᠢᠯᠠᠩ ᠨᠢ ᠶᠠᠳᠠᠭᠤ ᠠᠴᠠ ᠠᠩᠭᠢᠵᠢᠷᠠᠭᠠᠳᠤᠶ ᠡᠷᠦᠬᠡ᠂ ᠶᠠᠳᠠᠭᠤ ᠠᠴᠠ ᠠᠩᠭᠢᠵᠢᠷᠠᠬᠤ ᠳᠤ ᠲᠤᠭᠲᠠᠭᠤᠨ ᠪᠤᠰᠤ ᠡᠷᠦᠬᠡ᠂ ᠶᠠᠳᠠᠭᠤ ᠠᠴᠠ ᠠᠩᠭᠢᠵᠢᠷᠠᠬᠤ ᠶᠢᠨ ᠵᠠᠬ᠎ᠠ ᠶᠢᠨ ᠡᠷᠦᠬᠡ ᠶᠢ ᠭᠤᠤᠯᠳᠠᠯᠭ᠎ᠠ ᠲᠠᠢ ᠠᠩᠬᠠᠷᠤᠨ᠎ᠠ
ᠨᠡᠶᠢᠲᠡᠯᠡᠭᠰᠡᠨ ᠴᠠᠭ᠄
2020/3/27
     3 ᠰᠠᠷ᠎ᠠ ᠶᠢᠨ 20 ᠤ ᠡᠳᠦᠷ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠨᠢ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ ᠬᠤᠯᠪᠤᠭᠠᠯᠠᠬᠤ ᠳᠤᠭᠤᠶᠢᠯᠠᠩ ᠤᠨ ᠠᠵᠢᠯ ᠢ  ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ ᠬᠤᠯᠪᠤᠭᠠᠯᠠᠬᠤ 20 ᠳᠤᠭᠤᠶᠢᠯᠠᠩ ᠤᠨ ᠬᠠᠷᠢᠭᠤᠴᠠᠯᠭᠠᠲᠠᠨ ᠵᠢᠴᠢ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠯᠪᠠᠨ ᠬᠡᠷ ᠤᠨ ᠬᠠᠮᠢᠶ᠎ᠠ ᠪᠥᠬᠦᠶ ᠬᠥᠮᠦᠰ ᠬᠤᠷᠠᠯ ᠳᠤ ᠣᠷᠣᠯᠴᠠᠵᠤ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢᠦ ᠶᠦᠩ ᡁᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠯᠢᠦ ᠶᠦᠩ ᡁᠢ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠢᠶᠠᠷ ᠶᠠᠳᠠᠭᠤ ᠶᠢ ᠲᠡᠳᠬᠦᠬᠦ ᠶᠢ ᠳᠠᠭᠠᠭᠠᠴᠢᠯᠠᠨ ᠬᠤᠯᠪᠣᠭᠠᠯᠠᠬᠤ ᠠᠵᠢᠯ ᠪᠣᠯ ᠮᠠᠨ ᠤ ᠲᠢᠩᠬᠢᠮ ᠤᠨ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠵᠠᠰᠠᠯᠲᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠤᠨᠢᠨ ᠳᠡᠭᠡᠷ᠎ᠡ ᠶᠠᠳᠠᠭᠤ ᠶᠢ ᠲᠡᠳᠬᠦᠬᠦ ᠶᠢ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ᠂ ᠨᠡᠩ ᠴᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠤᠨ ᠴᠢᠬᠤᠯᠠ ᠠᠭᠤᠯᠭ᠎ᠠ ᠪᠣᠯᠤᠨ᠎ᠠ᠃ ᠶᠡᠷᠦ ᠠᠴᠠ ᠪᠠᠨ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠢᠮᠠᠭᠲᠠ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠪᠠᠷᠤᠭ ᠰᠠᠷ᠎ᠠ ᠪᠦᠷᠢ ᠴᠥᠮ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠲᠤᠰᠬᠠᠶ ᠰᠡᠳᠦᠪ ᠢᠶᠠᠷ ᠰᠤᠳᠤᠯᠵᠤ᠂ ᠬᠠᠮᠢᠶ᠎ᠠ ᠪᠥᠬᠦᠶ ᠤᠳᠤᠷᠢᠳᠤᠯᠭ᠎ᠠ ᠪᠣᠯᠤᠨ ᠰᠠᠯᠠᠭ᠎ᠠ ᠮᠥᠴᠢᠷ ᠤᠨ ᠬᠢᠨ ᠵᠠᠪᠠᠯ ᠭᠤᠤᠯ ᠣᠶᠤᠨ ᠴᠢᠳᠠᠯ ᠢᠶᠠᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠳᠡᠭᠡᠷ᠎ᠡ ᠲᠠᠯᠪᠢᠵᠤ᠂ ᠭᠤᠤᠯ ᠣᠶᠤᠨ ᠴᠢᠳᠠᠯ ᠢᠶᠠᠨ ᠶᠠᠳᠠᠭᠤ ᠬᠦᠴᠢᠷᠳᠡᠯᠲᠡᠶ ᠰᠢᠶᠠᠨ ᠤ ᠶᠠᠳᠠᠭᠤ ᠠᠴᠠ ᠠᠩᠭᠢᠵᠢᠷᠠᠭᠰᠠᠨ ᠤ ᠳᠠᠷᠠᠭᠠᠬᠢ ᠦᠷ᠎ᠡ ᠪᠦᠲᠦᠭᠡᠯ ᠢ ᠪᠠᠬᠢᠵᠢᠭᠦᠯᠬᠦ ᠳᠡᠭᠡᠷ᠎ᠡ ᠲᠠᠯᠪᠢᠬᠤ ᠬᠡᠷᠡᠭᠲᠡᠶ ᠭᠡᠵᠦ ᠱᠠᠭᠠᠷᠳᠠᠪᠠ᠃ 2020 ᠤᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢ ᠪᠡᠶᠡᠯᠡᠭᠦᠯᠬᠦ ᠵᠢᠯ᠂ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠤᠯᠬᠤ ᠰᠠᠭᠦᠯ ᠬᠤᠷᠢᠶᠠᠬᠤ ᠵᠢᠯ᠂ ᠨᠡᠩ ᠴᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠤᠨ ᠲᠦᠢᠯ ᠤᠨ ᠴᠢᠬᠤᠯᠠ ᠨᠢᠭᠡ ᠵᠢᠯ ᠮᠥᠨ᠂ ᠡᠨᠡ ᠬᠦ ᠠᠵᠢᠯ ᠢ ᠰᠠᠶᠢᠲᠤᠷ ᠠᠳᠬᠤᠬᠤ ᠶᠢᠨ ᠬᠠᠷᠢᠭᠤᠴᠠᠯᠭ᠎ᠠ ᠨᠢ ᠬᠦᠨᠳᠦ ᠶᠡᠭᠡ᠂ ᠠᠴᠢ ᠬᠤᠯᠪᠣᠭᠳᠠᠯ ᠨᠢ ᠴᠢᠬᠤᠯᠠ ᠶᠡᠭᠡ ᠶᠤᠮ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠠᠴᠠ ᠪᠣᠯᠵᠣ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠴᠤ ᠰᠢᠨ᠎ᠡ ᠥᠷᠢᠰᠥᠯᠳᠦᠭᠡᠨ ᠳᠤ ᠤᠴᠠᠷᠠᠬᠤ ᠪᠣᠯᠤᠨ᠎ᠠ᠂ ᠴᠠᠭ ᠪᠠᠴᠢᠮ᠂ ᠡᠭᠦᠷᠭᠡ ᠬᠦᠨᠳᠦ ᠪᠠᠶᠢᠵᠤ᠂ ᠡᠯ᠎ᠡ ᠳᠠᠭᠠᠭᠠᠴᠢᠯᠠᠨ ᠬᠤᠯᠪᠤᠭᠠᠯᠠᠬᠤ ᠳᠤᠭᠤᠶᠢᠯᠠᠩ ᠡᠷᠬᠡᠪᠰᠢ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠨᠠᠷᠢᠨ ᠨᠢᠮᠪᠠᠶ ᠲᠦᠰᠦᠪᠯᠡᠨ ᠰᠡᠳᠦᠵᠦ᠂ ᠠᠵᠢᠯᠲᠠᠨ ᠢ ᠬᠠᠰᠤᠬᠤ ᠥᠬᠡᠶ᠂ ᠱᠠᠭᠠᠷᠳᠠᠯᠭ᠎ᠠ ᠶᠢ ᠪᠠᠭᠤᠷᠠᠭᠤᠯᠬᠤ ᠥᠬᠡᠶ ᠪᠠᠶᠢᠬᠤ ᠵᠠᠷᠴᠢᠮ ᠶᠣᠰᠣᠭᠠᠷ᠂ ᠨᠠᠷᠢᠨ ᠬᠢᠨᠠᠮᠠᠭᠠᠶ ᠰᠤᠳᠤᠯᠵᠤ᠂ ᠬᠠᠷᠢᠯᠴᠠᠨ ᠯᠠᠪᠯᠠᠯᠲᠠ ᠪᠣᠯᠭᠠᠵᠤ᠂ ᠳᠠᠪᠠᠭᠤᠯᠢᠭ ᠢ ᠨᠢ ᠰᠢᠩᠭᠡᠭᠡᠨ᠂ ᠳᠤᠲᠠᠭᠳᠠᠯ ᠢ ᠨᠢ ᠨᠥᠬᠦᠪᠥᠷᠢᠯᠡᠵᠦ᠂ ᠡᠨᠡ ᠵᠢᠯ ᠤᠨ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ ᠬᠤᠯᠪᠣᠭᠠᠯᠠᠬᠤ ᠤᠨ ᠰᠠᠶᠢᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠯᠢᠦ ᠶᠦᠩ ᡁᠢ᠂ ᠨᠢᠭᠡ ᠵᠢᠯ ᠤᠨ ᠲᠤᠷᠰᠢ᠂ ᠡᠯ᠎ᠡ ᠳᠠᠭᠠᠭᠠᠴᠢᠯᠠᠨ ᠬᠤᠯᠪᠣᠭᠠᠯᠠᠬᠤ  ᠨᠢᠭᠡᠴᠢ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠤᠨ᠂ ᠬᠠᠪᠰᠤᠷᠤᠨ ᠲᠡᠳᠬᠦᠬᠦ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠦ᠂ ᠠᠵᠤ  ᠦᠢᠯᠡᠰ ᠢᠶᠠᠷ ᠶᠠᠳᠠᠭᠤ ᠶᠢ ᠲᠡᠳᠬᠦᠬᠦ ᠶᠢ ᠲᠦᠯᠬᠢᠨ ᠠᠬᠢᠭᠤᠯᠬᠤ᠂ ᠶᠠᠳᠠᠭᠤ ᠬᠦᠴᠢᠷᠳᠡᠯᠲᠡᠶ ᠰᠢᠶᠠᠨ ᠤ ᠮᠠᠯᠠᠭᠠᠢ ᠪᠠᠨ ᠠᠪᠴᠤ ᠬᠠᠶᠠᠨ ᠶᠠᠳᠠᠭᠤ ᠠᠴᠠ ᠠᠩᠭᠢᠵᠢᠷᠠᠬᠤ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ᠂ ᠶᠠᠳᠠᠭᠤ ᠬᠦᠴᠢᠷᠳᠡᠯᠲᠡᠶ ᠡᠷᠦᠬᠡ ᠶᠢ ᠶᠠᠳᠠᠭᠤ ᠠᠴᠠ ᠠᠩᠭᠢᠵᠢᠷᠠᠭᠤᠯᠬᠤ ᠳᠤ ᠢᠳᠡᠪᠬᠢ ᠬᠤᠪᠢ ᠨᠡᠮᠡᠷᠢ ᠦᠵᠡᠭᠦᠯᠪᠡ᠃ ᠡᠨᠡ ᠵᠢᠯ ᠤᠨ ᠠᠵᠢᠯ ᠤᠨ ᠳᠤᠮᠳᠠ᠂ ᠡᠯ᠎ᠡ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ ᠬᠤᠯᠪᠤᠭᠠᠯᠠᠬᠤ ᠳᠤᠭᠤᠶᠢᠯᠠᠩ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠤ  ᠦᠢᠯᠡᠰ ᠢᠶᠠᠷ ᠶᠠᠳᠠᠭᠤ ᠶᠢ ᠲᠡᠳᠬᠦᠬᠦ ᠶᠢ ᠰᠠᠶᠢᠲᠤᠷ ᠠᠳᠬᠤᠬᠤ ᠶᠢᠨ ᠴᠢᠬᠤᠯᠠ ᠴᠢᠨᠠᠷ ᠪᠠ ᠲᠤᠯᠭᠠᠮ ᠴᠢᠨᠠᠷ ᠢ ᠦᠨᠡᠨ ᠬᠦ ᠣᠶᠢᠯᠠᠭᠠᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠳᠤ ᠳᠤᠷᠠᠳᠤᠭᠰᠠᠨ ᠲᠣᠳᠣᠷᠬᠠᠶ ᠱᠠᠭᠠᠷᠳᠠᠯᠭ᠎ᠠ ᠶᠣᠰᠣᠭᠠᠷ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠢᠭᠡ ᠯᠡ ᠠᠮᠢᠰᠬᠤᠭ᠎ᠠ ᠪᠠᠷ ᠬᠦᠴᠦᠯᠡᠨ ᠪᠠᠶᠢᠯᠳᠤᠵᠤ᠂ ᠥᠴᠦᠬᠡᠨ ᠴᠦ ᠰᠤᠯᠠᠷᠠᠭᠤᠯᠤᠯ ᠦᠭᠡᠢ ᠪᠠᠷ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠤ ᠪᠥᠬᠦ ᠲᠠᠯ᠎ᠠ ᠶᠢᠨ ᠢᠯᠠᠯᠲᠠ ᠶᠢ  ᠲᠡᠮᠡᠴᠡᠨ ᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠠᠵᠢᠯ ᠤᠨ ᠳᠤᠮᠳᠠ᠂ ᠡᠯ᠎ᠡ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠳᠠᠭᠠᠭᠠᠴᠢᠯᠠᠨ ᠬᠤᠯᠪᠤᠭᠠᠯᠠᠬᠤ ᠳᠤᠭᠤᠶᠢᠯᠠᠩ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠳᠤᠲᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠶᠠᠳᠠᠭᠤ ᠶᠢ ᠲᠡᠳᠬᠦᠬᠦ ᠠᠵᠤ ᠦᠢᠯᠡᠰ ᠢ ᠰᠦᠪᠡᠭᠴᠢᠯᠡᠨ ᠵᠢᠯᠤᠭᠤᠳᠬᠤ ᠪᠠᠷ ᠬᠦᠷᠦᠯᠴᠡᠬᠦ ᠥᠬᠡᠶ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠲᠡᠭᠦᠯᠳᠡᠷ ᠪᠤᠰᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠶ᠃ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠠᠷᠢᠭᠤ ᠲᠤᠰᠬᠠᠭᠰᠠᠨ ᠠᠰᠠᠭᠤᠳᠠᠯ ᠵᠢᠴᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠳᠠᠭᠤ ᠠᠴᠠ ᠠᠩᠭᠢᠵᠢᠷᠠᠭᠠᠳᠤᠢ ᠡᠷᠦᠬᠡ᠂ ᠶᠠᠳᠠᠭᠤ ᠠᠴᠠ ᠠᠩᠭᠢᠵᠢᠷᠠᠬᠤ ᠳᠤ ᠲᠣᠭᠲᠠᠭᠤᠨ ᠪᠤᠰᠤ ᠡᠷᠦᠬᠡ᠂ ᠶᠠᠳᠠᠭᠤ ᠠᠴᠠ ᠠᠩᠭᠢᠵᠢᠷᠠᠬᠤ ᠵᠠᠬ᠎ᠠ ᠶᠢᠨ ᠡᠷᠦᠬᠡ ᠵᠡᠷᠭᠡ ᠭᠤᠷᠪᠠᠨ ᠲᠦᠷᠦᠯ ᠤᠨ ᠬᠦᠮᠦᠰ ᠢ ᠴᠢᠩᠭ᠎ᠠ ᠠᠩᠬᠠᠷᠴᠤ᠂ ᠳᠠᠭᠠᠭᠠᠴᠢᠯᠠᠨ ᠬᠤᠯᠪᠣᠭᠠᠯᠠᠬᠤ ᠬᠤᠰᠢᠭᠤ ᠰᠢᠶᠠᠨ ᠤ ᠪᠣᠳᠠᠲᠠᠢ ᠬᠡᠷᠡᠭᠴᠡᠭᠡ ᠶᠢ ᠦᠨᠳᠦᠰᠦᠯᠡᠨ ᠳᠠᠭᠠᠭᠠᠴᠢᠯᠠᠨ ᠬᠤᠯᠪᠣᠭᠠᠯᠠᠬᠤ ᠠᠵᠢᠯ ᠢ ᠵᠣᠬᠢᠴᠠᠭᠤᠯᠤᠨ ᠲᠦᠯᠬᠢᠨ ᠠᠬᠢᠭᠤᠯᠵᠤ᠂ ᠬᠤᠰᠢᠭᠤ ᠰᠢᠶᠠᠨ ᠢ ᠱᠠᠯᠠᠪᠳᠠᠭᠤᠯᠤᠨ ᠬᠠᠪᠰᠤᠷᠴᠤ ᠪᠠᠶᠢᠭᠠᠳ ᠠᠵᠤ ᠦᠢᠯᠡᠰ ᠤᠨ ᠵᠢᠭᠠᠨ ᠵᠢᠯᠤᠭᠤᠳᠤᠭᠴᠢ ᠶᠢᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠪᠠ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠤᠨ ᠳ᠋ᠦᠩᠨᠡᠯᠲᠡ ᠶᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ ᠬᠤᠯᠪᠤᠭᠠᠯᠠᠬᠤ 20 ᠳᠤᠭᠤᠶᠢᠯᠠᠩ ᠤᠨ 20 ᠭᠤᠤᠯ ᠬᠠᠷᠢᠭᠤᠴᠠᠯᠭᠠᠲᠠᠨ ᠨᠢᠳᠤᠨᠤᠨ ᠤ ᠠᠵᠢᠯ ᠤᠨ ᠳ᠋ᠦᠩᠨᠡᠯᠲᠡ ᠵᠢᠴᠢ ᠡᠨᠡ ᠵᠢᠯ ᠤᠨ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠲᠥᠯᠥᠪᠯᠡᠭᠡ ᠶᠢᠨ ᠲᠤᠬᠠᠶ ᠬᠠᠷᠢᠭᠤ ᠮᠡᠳᠡᠭᠦᠯᠦᠯᠲᠡ ᠬᠢᠵᠦ᠂ ᠬᠦᠭᠵᠢᠭᠦᠯᠦᠯᠲᠡ ᠪᠠ ᠲᠥᠯᠥᠪᠵᠢᠭᠦᠯᠭᠡ ᠶᠢᠨ ᠭᠠᠵᠠᠷ ᠤᠨ ᠬᠠᠷᠢᠭᠤᠴᠠᠯᠭᠠᠲᠠᠨ ᠲᠠᠷᠠᠭᠠᠴᠢ ᠶᠢᠨ ᠠᠯᠬᠤᠮ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠳᠤ ᠨᠥᠬᠦᠪᠥᠷᠢ ᠲᠤᠬᠢᠷᠠᠭᠤᠯᠤᠯᠲᠠ ᠬᠢᠪᠠ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号