ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ | ᠮᠠᠯᠵᠢᠬᠤ ᠤᠷᠤᠨ ᠤ ᠲᠢᠩᠬᠢᠮ ᠤᠨ ᠠᠵᠤ ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠢ ᠳᠥᠯᠭᠢᠨ | ᠠᠬᠢᠭᠤᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠴᠠᠬᠠᠷ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠦᠯᠡᠳᠡᠭᠰᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠣᠭᠲᠠᠭᠰᠠᠨ ᠬᠤᠭᠤᠴᠠᠭᠠᠨ ᠳᠤ | ᠶᠠᠳᠠᠭᠤ ᠠᠴᠠ ᠠᠩᠭᠢᠵᠢᠷᠠᠭᠤᠯᠬᠤ ᠶᠢ ᠦᠨᠡᠨ ᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ | ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠴᠢᠨᠠᠷᠯᠢᠭ ᠣᠯᠵᠤ᠂ ᠴᠠᠬᠠᠷ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠣᠨᠴᠠᠯᠢᠭᠲᠤ ᠳᠠᠪᠠᠭᠤᠯᠢᠭ ᠠᠵᠤ ᠦᠢᠯᠡᠰ ᠢ ᠬᠥᠭᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠲᠥᠪ ᠨᠢ 2019 ᠣᠨ ᠤ ᠬᠠᠪᠰᠤᠷᠤᠨ ᠲᠡᠳᠬᠦᠬᠦ ᠠᠵᠢᠯ ᠤᠨ ᠰᠠᠭᠤᠷᠢᠨ ᠳᠡᠭᠡᠷ᠎ᠡ | 2020 ᠣᠨ ᠤ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠴᠠᠬᠠᠷ ᠪᠠᠷᠠᠭᠤᠨ ᠭᠠᠷᠤᠨ | ᠡᠮᠦᠨᠡᠲᠦ ᠬᠤᠰᠢᠭᠤ ᠲᠠᠢ ᠶᠠᠳᠠᠭᠤ ᠶᠢ ᠬᠠᠪᠰᠤᠷᠤᠨ ᠲᠡᠳᠬᠦᠬᠦ ᠠᠵᠢᠯ ᠢᠶᠠᠨ ᠵᠣᠯᠭᠠᠯᠳᠤᠭᠤᠯᠪᠠ᠃ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠲᠥᠪ ᠤᠨ ᠡᠷᠬᠢᠯᠡᠭᠴᠢ ᠯᠢ ᠶᠠᠨ ᠨᠡᠷ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠣᠯᠤᠨ ᠰᠢᠨᠵᠢᠯᠡᠭᠡ | ᠮᠡᠷᠭᠡᠵᠢᠯ ᠤᠨ ᠲᠣᠪᠴᠢᠶᠠᠨ ᠤ ᠳᠠᠷᠤᠭ᠎ᠠ ᠵᠢᠶᠠ ᠶᠢᠨ᠂ ᠲᠣᠪᠴᠢᠶᠠᠨ ᠳᠡᠳ᠋ ᠳᠠᠷᠤᠭ᠎ᠠ ᠮᠠ ᠯᠦᠩ ᠤᠨ ᠪᠠᠷᠠᠯᠠᠭᠠ ᠪᠠᠷ᠂ | ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠰᠢᠨᠵᠢᠯᠡᠭᠡ | ᠮᠡᠷᠭᠡᠵᠢᠯ ᠤᠨ ᠳᠠᠭᠠᠭᠠᠴᠢᠯᠠᠨ ᠬᠤᠯᠪᠣᠭᠠᠯᠠᠬᠤ ᠪᠠ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠨᠠᠷᠠᠲᠤ | ᠲᠡᠮᠳᠡᠭ ᠤᠨ ᠪᠥᠲᠥᠭᠡᠨ ᠪᠠᠶᠢᠭᠤᠯᠤᠯᠲᠠ ᠳᠤ ᠪᠠᠶᠢᠴᠠᠭᠠᠨ ᠰᠤᠳᠤᠯᠤᠯᠲᠠ ᠬᠢᠪᠠ᠃ ᠲᠠᠷᠠᠭᠠᠴᠢ ᠶᠢᠨ ᠠᠯᠬᠤᠮ ᠳᠤ᠂ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠲᠥᠪ ᠨᠢ ᠬᠤᠰᠢᠭᠤ ᠲᠣᠰᠬᠤᠨ ᠤ ᠳᠡᠰ ᠤᠨ ᠠᠵᠤ ᠦᠢᠯᠡᠰ ᠤᠨ ᠵᠢᠭᠠᠨ ᠵᠢᠯᠣᠭᠤᠳᠣᠭᠴᠢ ᠶᠢᠨ | ᠪᠣᠯᠪᠠᠰᠤᠷᠠᠭᠤᠯᠤᠯ ᠳᠤ ᠪᠠᠭᠰᠢ ᠪᠠ ᠪᠠᠯᠠ ᠮᠥᠩᠭᠦ ᠶᠢᠨ ᠳᠡᠮᠵᠢᠯᠭᠡ ᠬᠠᠩᠭᠠᠬᠤ ᠶᠢᠨ ᠬᠠᠮᠲᠤ᠂ ᠬᠤᠰᠢᠭᠤᠨ ᠤ | ᠨᠥᠬᠦᠴᠡᠯ ᠳᠤ ᠨᠡᠶᠢᠴᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ | ᠡᠵᠡᠩᠨᠡᠯᠲᠡ ᠶᠢᠨ ᠠᠵᠤ ᠠᠬᠤᠶᠢᠯᠠᠯ ︵ᠬᠤᠷᠰᠢᠶᠠᠵᠢᠯ︶ ᠳᠤ ᠦᠨ᠎ᠡ ᠲᠦᠯᠦᠪᠦᠷᠢ ᠥᠬᠡᠶ ᠪᠠᠷ ᠪᠣᠬᠢᠷᠲᠤᠯ ᠥᠬᠡᠶ | ᠢᠳᠡᠭᠡᠨ ᠤ ᠭᠡᠷᠡᠴᠢᠯᠡᠭᠡ ᠬᠠᠩᠭᠠᠨ᠎ᠠ᠃ ᠯᠢ ᠶᠠᠨ ᠡᠷᠬᠢᠯᠡᠭᠴᠢ ᠨᠡᠷ ᠪᠠᠰᠠ ᠫᠢᠩ ᠳ᠋ᠢ ᠴᠢᠤᠸᠠᠨ ᠪᠠᠯᠭᠠᠰᠤᠨ ᠤ ᠰᠢᠨ | ᠺᠠᠩ ᠶᠤᠸᠠᠨ ᠣᠲᠣ ᠦᠶ᠎ᠡ ᠶᠢᠨ ᠲᠠᠷᠢᠶᠠᠯᠠᠩ ᠤᠨ ᠬᠤᠷᠰᠢᠶᠠᠵᠢᠯ᠂ ᠪᠠᠶᠠᠨ ᠪᠠᠯᠭᠠᠰᠤᠨ ᠤ ᠡᠤ ᠽᠧ ᠺᠣᠮᠫᠠᠨᠢ᠂ ᠸᠧ ᠫᠦ᠋ | ᠱᠧᠩ ᠺᠣᠮᠫᠠᠨᠢ᠂ ᠺᠠᠶ ᠳ᠋ᠠ ᠺᠤᠮᠫᠠᠨᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠪᠦᠭᠡᠳ ᠭᠦᠵᠡᠯᠵᠡᠭᠡᠨ᠎ᠡ᠂ | ᠵᠢᠵᠢᠭ ᠲᠥᠪᠡᠳ ᠬᠠᠰᠢ᠂ ᠰᠢᠷᠣᠶ ᠥᠬᠡᠶ ᠤᠷᠭᠤᠭᠤᠯᠤᠭᠰᠠᠨ ᠭᠤᠭᠤᠳ᠂ ᠲᠥᠮᠥᠰᠥ ᠳᠠᠷᠢᠬᠤ᠂ ᠪᠤᠯᠪᠠᠰᠤᠷᠠᠭᠤᠯᠬᠤ᠂ | ᠪᠦᠲᠦᠭᠡᠭᠳᠡᠬᠦᠨ ᠢ ᠳᠠᠷᠢᠬᠤ ᠪᠠᠶᠢᠳᠠᠯ ᠪᠣᠯᠤᠨ ᠨᠠᠷᠠᠲᠤ ᠲᠡᠮᠳᠡᠭ ᠤᠨ ᠪᠥᠲᠥᠭᠡᠨ ᠪᠠᠶᠢᠭᠤᠯᠤᠯᠲᠠ ᠶᠢᠨ ᠰᠠᠨᠠᠮᠵᠢ | ᠵᠡᠷᠭᠡ ᠶᠢ ᠨᠠᠷᠢᠨ ᠣᠶᠢᠯᠠᠭᠠᠵᠤ᠂ ᠲᠠᠷᠠᠭᠠᠴᠢ ᠶᠢᠨ ᠠᠯᠬᠤᠮ ᠤᠨ ᠬᠠᠪᠰᠤᠷᠤᠨ ᠲᠡᠳᠬᠦᠬᠦ ᠠᠵᠢᠯ ᠳᠤ ᠰᠠᠶᠢᠲᠤᠷ ᠰᠠᠭᠤᠷᠢ | ᠲᠠᠯᠪᠢᠭᠰᠠᠨ ᠪᠠᠶᠢᠨ᠎ᠠ᠃ |