ᠭᠠᠭ᠋ᠠᠢ ᠶᠢᠨ ᠨᠢᠲᠤᠯᠭᠠᠨ ᠤ ᠬᠢᠵᠢᠭ ᠪᠠᠶᠢᠴᠠᠭᠠᠯᠲᠠ ᠶᠢᠨ ᠵᠢᠷᠤᠮ
ᠨᠡᠶᠢᠲᠡᠯᠡᠭᠰᠡᠨ ᠴᠠᠭ᠄
2020/5/11
     ᠭᠠᠭ᠋ᠠᠢ ᠶᠢᠨ ᠨᠢᠲᠤᠯᠭᠠᠨ ᠤ ᠬᠢᠵᠢᠭ ᠪᠠᠶᠢᠴᠠᠭᠠᠯᠲᠠ ᠶᠢᠨ ᠵᠢᠷᠤᠮ              农医发 ﹇2010﹈ 27号      1. ᠬᠡᠷᠡᠭᠯᠡᠬᠦ ᠬᠦᠷᠢᠶ᠎ᠡ ᠬᠡᠪᠴᠢᠶ᠎ᠡ᠂ ᠡᠨᠡ ᠵᠢᠷᠤᠮ ᠳᠤ ᠭᠠᠭ᠋ᠠᠢ ᠶᠢᠨ ᠨᠢᠲᠤᠯᠭᠠᠨ ᠤ ᠲᠠᠯᠠᠪᠤᠷ ︵ᠦᠢᠯᠡᠳᠪᠦᠷᠢ᠂ ᠴᠢᠭ︶ ᠲᠤ ᠣᠷᠣᠭᠤᠯᠬᠤ ᠶᠢ ᠬᠢᠨᠠᠵᠤ ᠰᠢᠯᠭᠠᠬᠤ᠂ ᠨᠢᠲᠤᠯᠭᠠᠨ ᠤ ᠡᠮᠦᠨᠡᠬᠢ ᠦᠵᠡᠯᠭᠡ᠂ ᠬᠠᠮᠲᠤ ᠳᠤ ᠨᠢ ᠬᠢᠵᠢᠭ ᠪᠠᠶᠢᠴᠠᠭᠠᠯᠲᠠ᠂ ᠬᠢᠵᠢᠭ ᠪᠠᠶᠢᠴᠠᠭᠠᠯᠲᠠ ᠶᠢᠨ ᠦᠷ᠎ᠡ ᠳ᠋ᠦᠩ ᠤᠨ ᠰᠢᠢᠳᠪᠦᠷᠢᠯᠡᠯᠲᠡ ᠪᠣᠯᠣᠨ ᠬᠢᠵᠢᠭ ᠪᠠᠶᠢᠴᠠᠭᠠᠯᠲᠠ ᠶᠢᠨ ᠲᠡᠮᠳᠡᠭᠯᠡᠯ ᠵᠡᠷᠭᠡ ᠦᠢᠯᠡ ᠠᠵᠢᠯᠯᠠᠭᠠᠨ ᠤ ᠵᠢᠷᠤᠮ ᠢ ᠲᠣᠭᠲᠠᠭᠠᠪᠠ᠃ ᠡᠨᠡ ᠵᠢᠷᠤᠮ ᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠵᠠᠭᠠᠷ ᠲᠤ ᠪᠠᠶᠢᠬᠤ ᠭᠠᠭ᠋ᠠᠢ ᠶᠢᠨ ᠨᠢᠲᠤᠯᠭᠠᠨ ᠤ ᠬᠢᠵᠢᠭ ᠪᠠᠶᠢᠴᠠᠭᠠᠯᠲᠠ ᠳᠤ ᠬᠡᠷᠡᠭᠯᠡᠨ᠎ᠡ᠃      2. ᠬᠢᠵᠢᠭ ᠪᠠᠶᠢᠴᠠᠭᠠᠯᠲᠠ ᠶᠢᠨ ᠣᠸ᠋ᠶᠧᠺᠲ ᠬᠥᠯ ᠠᠮᠠᠨ ᠤ ᠡᠪᠡᠳᠴᠢᠨ᠂ ᠭᠠᠭ᠋ᠠᠢ ᠶᠢᠨ ᠲᠣᠮᠣᠭᠤ᠂ ᠳᠡᠭᠡᠳᠦ ᠠᠩᠭᠢᠯᠠᠯ ᠤᠨ ᠭᠠᠭ᠋ᠠᠢ ᠶᠢᠨ ᠴᠡᠩᠬᠡᠷ ᠴᠢᠬᠢᠨ ᠤ ᠡᠪᠡᠳᠴᠢᠨ᠂ ᠬᠠᠷᠠᠤ᠂ ᠭᠠᠭ᠋ᠠᠢ ᠶᠢᠨ ᠶᠤᠯᠮ᠎ᠠ᠂ ᠭᠠᠭ᠋ᠠᠢ ᠶᠢᠨ ᠠᠭᠤᠰᠬᠢᠨ ᠤ ᠲᠠᠬᠤᠯ᠂ ᠭᠠᠭ᠋ᠠᠢ ᠶᠢᠨ ᠳᠠᠭᠠᠯᠳᠤᠭᠰᠠᠨ ᠲᠣᠮᠣᠭᠤ᠂ ᠭᠠᠭ᠋ᠠᠢ ᠶᠢᠨ Ⅱ ᠵᠡᠷᠭᠡᠯᠡᠯ ᠤᠨ ᠳᠦᠦᠭᠡᠦᠷ ᠪᠠᠺᠲ᠋ᠧᠷᠢ ᠶᠢᠨ ᠡᠪᠡᠳᠴᠢᠨ᠂ ᠭᠠᠭ᠋ᠠᠢ ᠶᠢᠨ ᠮᠢᠺᠦᠫᠠᠯᠠᠰᠮ ᠡᠮᠭᠡᠭ᠂ ᠭᠠᠭ᠋ᠠᠢ ᠶᠢᠨ ᠴᠢᠰᠤ ᠰᠣᠷᠣᠭᠴᠢ ᠰᠠᠪᠬᠠᠨᠴᠢᠷ ᠪᠠᠺᠲ᠋ᠧᠷᠢ ᠶᠢᠨ ᠡᠪᠡᠳᠴᠢᠨ᠂ ᠬᠢᠯᠭᠠᠰᠤᠨ ᠬᠤᠷᠣᠬᠠᠢ ᠶᠢᠨ ᠡᠪᠡᠳᠴᠢᠨ᠂ ᠭᠠᠭ᠋ᠠᠢ ᠶᠢᠨ ᠤᠭᠤᠲᠠᠨᠴᠠᠷ ᠠᠪᠠᠭᠠᠯᠳᠠᠢ ᠶᠢᠨ ᠡᠪᠡᠳᠴᠢᠨ᠂ ᠲᠥᠭᠡᠯᠡᠭᠦᠷ ᠬᠤᠷᠣᠬᠠᠢ ᠶᠢᠨ ᠡᠪᠡᠳᠴᠢᠨ᠃      3. ᠬᠢᠵᠢᠭ ᠪᠠᠶᠢᠴᠠᠭᠠᠯᠲᠠ ᠶᠢᠨ ᠬᠢᠷᠢ ᠳᠤ ᠬᠦᠷᠬᠦ ᠪᠠᠷᠢᠮᠵᠢᠶ᠎ᠠ      3.1 ᠲᠠᠯᠠᠪᠤᠷ ︵ᠦᠢᠯᠡᠳᠪᠦᠷᠢ᠂ ᠴᠢᠭ︶ ᠲᠤ ᠣᠷᠣᠭᠤᠯᠬᠤ ᠦᠶ᠎ᠡ ᠳᠤ ᠬᠦᠴᠦᠨ ᠪᠦᠬᠦᠢ ︽ᠠᠮᠢᠲᠠᠨ ᠤ ᠬᠢᠵᠢᠭ ᠲᠠᠬᠤᠯ ᠤᠨ ᠪᠠᠶᠢᠴᠠᠭᠠᠯᠲᠠ ᠳᠤ ᠬᠢᠷᠢ ᠳᠤ ᠨᠡᠶᠢᠴᠡᠭᠰᠡᠨ ᠦᠨᠡᠮᠯᠡᠬᠦ︾ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠃ ᠮᠠᠯ ᠰᠢᠪᠠᠭᠤᠨ ᠤ ᠱᠣᠰᠢᠭ᠎ᠠ ᠨᠢ ᠤᠯᠤᠰ ᠤᠨ ᠳᠦᠷᠢᠮ ᠲᠣᠭᠲᠠᠭᠠᠯ ᠤᠨ ᠳᠠᠭᠠᠤ ᠪᠠᠶᠢᠬᠤ ᠬᠡᠷᠡᠭᠲᠡᠢ᠃      3.2 ᠵᠢᠷᠤᠮᠵᠢᠯ ᠦᠭᠡᠢ ᠬᠠᠯᠳᠠᠪᠤᠷᠢᠲᠤ ᠡᠪᠡᠳᠴᠢᠨ ᠪᠣᠯᠣᠨ ᠰᠢᠮᠡᠭᠴᠢ ᠬᠤᠷᠣᠬᠠᠢ ᠶᠢᠨ ᠡᠪᠡᠳᠴᠢᠨ᠃      3.3 ᠬᠢᠵᠢᠭ ᠲᠠᠬᠤᠯ ᠢ ᠯᠠᠪᠤᠷᠠᠲ᠋ᠣᠷᠢ ᠳᠤ ᠬᠢᠭᠰᠡᠨ ᠰᠢᠨᠵᠢᠯᠡᠭᠡᠨ ᠤ ᠳ᠋ᠦᠩ ᠢ ᠬᠦᠯᠢᠶᠡᠨ ᠵᠥᠪᠰᠢᠶᠡᠷᠡᠨ᠎ᠡ᠃      3.4 ᠲᠤᠰ ᠵᠢᠷᠤᠮ ᠳᠤ ᠲᠣᠭᠲᠠᠭᠠᠭᠰᠠᠨ ᠬᠢᠵᠢᠭ ᠪᠠᠶᠢᠴᠠᠭᠠᠯᠲᠠ ᠶᠢᠨ ᠠᠯᠬᠤᠮ ᠳᠠᠷᠠᠭ᠎ᠠ ᠪᠠᠷ ᠭᠦᠢᠴᠡᠳᠬᠡᠪᠡᠯ ᠬᠢᠵᠢᠭ ᠪᠠᠶᠢᠴᠠᠭᠠᠯᠲᠠ ᠶᠢᠨ ᠦᠷ᠎ᠡ ᠳ᠋ᠦᠩ ᠨᠢ ᠲᠣᠭᠲᠠᠭᠠᠯ ᠳᠤ ᠨᠡᠶᠢᠴᠡᠨ᠎ᠡ᠃      4. ᠲᠠᠯᠠᠪᠤᠷ ︵ᠦᠢᠯᠡᠳᠪᠦᠷᠢ᠂ ᠴᠢᠭ︶ ᠲᠤ ᠣᠷᠣᠭᠤᠯᠬᠤ ᠰᠢᠯᠭᠠᠨ ᠪᠠᠶᠢᠴᠠᠭᠠᠯᠲᠠ ᠶᠢ ᠬᠢᠨᠠᠬᠤ      4.1 ᠲᠠᠯᠠᠪᠤᠷ ︵ᠦᠢᠯᠡᠳᠪᠦᠷᠢ᠂ ᠴᠢᠭ︶ ᠲᠤ ᠨᠡᠪᠲᠡᠷᠡᠭᠦᠯᠬᠦ ᠠᠮᠢᠲᠠᠨ ᠤ ᠭᠡᠷᠡᠴᠢ ᠲᠡᠮᠳᠡᠭ ᠂ ᠡᠳ᠋ ᠵᠦᠢᠯ᠂ ᠭᠠᠭ᠋ᠠᠢ ᠶᠢᠨ ︽ᠠᠮᠢᠲᠠᠨ ᠤ ᠬᠢᠵᠢᠭ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ ᠪᠣᠯᠣᠨ ᠵᠡᠭᠦᠭᠰᠡᠨ ᠱᠣᠰᠢᠭ᠎ᠠ ᠲᠡᠮᠳᠡᠭ ᠢ ᠰᠢᠯᠭᠠᠨ᠎ᠠ᠃      4.2 ᠭᠠᠭ᠋ᠠᠢ ᠶᠢᠨ ᠵᠠᠮ ᠲᠡᠭᠡᠭᠡᠪᠦᠷᠢᠯᠡᠯᠲᠡ ᠶᠢᠨ ᠳᠤᠮᠳᠠᠬᠢ ᠪᠠᠶᠢᠳᠠᠯ ᠢ ᠠᠰᠠᠭᠤᠵᠤ ᠯᠠᠪᠯᠠᠨ᠎ᠠ᠃      4.3 ᠺᠯᠢᠨᠢᠺ ᠤᠨ ᠦᠵᠡᠯᠭᠡ ᠪᠠᠷ ᠭᠠᠭ᠋ᠠᠢ ᠶᠢᠨ ᠰᠦᠷᠦᠭ ᠤᠨ ᠴᠤᠭ ᠵᠣᠯᠪᠣᠭ᠎ᠠ᠂ ᠭᠠᠳᠠᠷ ᠪᠠᠶᠢᠳᠠᠯ᠂ ᠠᠮᠢᠰᠬᠤᠯ ᠪᠣᠯᠣᠨ ᠢᠯᠭᠠᠳᠠᠰᠤ ᠵᠡᠷᠭᠡ ᠪᠠᠶᠢᠳᠠᠯ ᠢ ᠰᠢᠯᠭᠠᠨ᠎ᠠ᠃      4.4 ᠦᠷ᠎ᠡ ᠳ᠋ᠦᠩ ᠢ ᠰᠢᠢᠳᠬᠦ      4.4.1 ᠬᠦᠴᠦᠨ ᠲᠡᠭᠦᠯᠳᠡᠷ ᠪᠦᠬᠦᠢ ︽ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾᠂ ᠭᠡᠷᠡᠴᠢ ᠪᠠᠷᠢᠮᠲᠠ ᠡᠳ᠋ ᠵᠦᠢᠯ ᠨᠢ ᠬᠤᠭᠤᠷᠣᠨᠳᠤ ᠪᠠᠨ ᠠᠪᠴᠠᠯᠳᠤᠭᠰᠠᠨ᠂ ᠮᠠᠯ ᠰᠢᠪᠠᠭᠤᠨ ᠤ ᠱᠣᠰᠢᠭ᠎ᠠ ᠨᠢ ᠱᠠᠭᠠᠷᠳᠠᠯᠭ᠎ᠠ ᠳᠤ ᠨᠡᠶᠢᠴᠡᠭᠰᠡᠨ᠂ ᠺᠯᠢᠨᠢᠺ ᠤᠨ ᠦᠵᠡᠯᠭᠡ ᠪᠠᠷ ᠡᠷᠡᠭᠦᠯ ᠮᠡᠨᠳᠦ ᠭᠠᠷᠤᠭᠰᠠᠨ ᠪᠠᠶᠢᠪᠠᠯ᠂ ᠲᠠᠯᠠᠪᠤᠷ ᠲᠤ ᠣᠷᠣᠭᠤᠯᠬᠤ ᠶᠢ ᠵᠥᠪᠰᠢᠶᠡᠷᠡᠵᠦ᠂ ᠲᠡᠭᠦᠨᠴᠢᠯᠡᠨ ︽ᠠᠮᠢᠲᠠᠨ ᠤ ᠬᠢᠵᠢᠭ ᠤᠨ ᠪᠠᠶᠢᠴᠠᠭᠠᠯᠲᠠ ᠬᠢᠷᠢ ᠳᠤ ᠨᠡᠶᠢᠴᠡᠭᠰᠡᠨ ᠦᠨᠡᠮᠯᠡᠬᠦ︾ ᠶᠢ ᠬᠤᠷᠢᠶᠠᠮᠵᠢᠯᠠᠨ ᠠᠪᠤᠨ᠎ᠠ᠃ ᠲᠠᠯᠠᠪᠤᠷ ︵ᠦᠢᠯᠡᠳᠪᠦᠷᠢ᠂ ᠴᠢᠭ︶ ᠨᠢ ᠭᠠᠭ᠋ᠠᠢ ᠶᠢ ᠤᠤᠯ ᠭᠠᠷᠤᠯᠲᠠ ᠶᠢᠨ ᠵᠦᠭ ᠠᠴᠠ ᠨᠢᠲᠤᠯᠭᠠᠨ ᠤ ᠬᠠᠰᠢᠶᠠᠨ ᠳᠤ ᠣᠷᠣᠭᠤᠯᠬᠤ ᠳᠠᠭᠠᠨ ᠠᠳᠠᠯᠢ ᠪᠤᠰᠤ ᠡᠵᠡᠳ ᠤᠨ᠂ ᠠᠳᠠᠯᠢ ᠪᠤᠰᠤ ᠵᠥᠪᠰᠢᠶᠡᠷᠡᠯ ᠢᠶᠠᠷ ᠪᠠᠲᠤᠯᠠᠭᠳᠠᠭᠰᠠᠨ ᠭᠠᠭ᠋ᠠᠢ ᠶᠢᠨ ᠰᠦᠷᠦᠭ ᠢ ᠬᠤᠭᠤᠷᠣᠨᠳᠤ ᠨᠢ ᠬᠤᠯᠢᠵᠤ ᠬᠤᠳᠬᠤᠵᠤ ᠪᠣᠯᠬᠤ ᠦᠭᠡᠢ᠃      4.4.2 ᠬᠢᠷᠢ ᠳᠤ ᠬᠦᠷᠬᠦ ᠦᠭᠡᠢ᠂ ᠨᠥᠬᠦᠴᠡᠯ ᠳᠤ ᠲᠣᠬᠢᠷᠠᠭᠰᠠᠨ ᠦᠭᠡᠢ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠤᠨ ᠳᠠᠭᠠᠤ ᠰᠢᠢᠳᠪᠦᠷᠢᠯᠡᠨ᠎ᠡ᠃      4.5 ᠪᠠᠷᠠᠭ᠎ᠠ ᠡᠵᠡᠮᠰᠢᠭᠴᠢ ᠪᠠᠷᠠᠭ᠎ᠠ ᠪᠠᠨ ᠪᠠᠭᠤᠯᠭᠠᠭᠰᠠᠨ ᠬᠤᠶᠢᠨ᠎ᠠ ᠲᠡᠭᠡᠭᠡᠪᠦᠷᠢ ᠶᠢᠨ ᠪᠠᠭᠠᠵᠢ ᠬᠡᠷᠡᠭᠰᠡᠯ ᠪᠣᠯᠣᠨ ᠬᠤᠯᠪᠣᠭᠳᠠᠬᠤ ᠡᠳ᠋ ᠵᠦᠢᠯ ᠢ ᠠᠷᠢᠭᠤᠳᠬᠠᠯ ᠬᠢᠬᠦ ᠳᠤ ᠬᠢᠨᠠᠯᠲᠠ ᠲᠠᠯᠪᠢᠨ᠎ᠠ᠃      5. ᠬᠢᠵᠢᠭ ᠪᠠᠶᠢᠴᠠᠭᠠᠯᠲᠠ ᠶᠢᠨ ᠡᠷᠭᠦᠳᠡᠯ      5.1 ᠡᠷᠭᠦᠳᠡᠯ ᠢ ᠬᠦᠯᠢᠶᠡᠵᠦ ᠠᠪᠤᠭᠰᠠᠨ ᠦᠶ᠎ᠡ ᠳᠤ ᠲᠠᠯᠠᠪᠤᠷ ︵ᠦᠢᠯᠡᠳᠪᠦᠷᠢ᠂ ᠴᠢᠭ︶ ᠤᠨ ᠬᠢᠨ ᠨᠢᠲᠤᠯᠭᠠᠨ ᠠᠴᠠ ᠵᠢᠷᠭᠤᠭᠠᠨ ᠴᠠᠭ ᠤᠨ ᠡᠮᠦᠨ᠎ᠡ ᠬᠢᠵᠢᠭ ᠪᠠᠶᠢᠴᠠᠭᠠᠯᠭᠠᠬᠤ ᠪᠠᠷ ᠮᠡᠳᠡᠭᠦᠯᠭᠡ ᠭᠠᠷᠭᠠᠵᠤ᠂ ᠬᠢᠵᠢᠭ ᠲᠠᠬᠤᠯ ᠠᠴᠠ ᠤᠷᠢᠳᠴᠢᠯᠠᠨ ᠰᠡᠷᠭᠡᠶᠢᠯᠡᠬᠦ ᠮᠠᠶ᠋ᠢᠭᠲᠤ ᠶᠢ ᠪᠥᠭᠯᠡᠨ᠎ᠡ᠃ ᠠᠯᠪᠠᠨ ᠶᠣᠰᠣᠨ ᠤ ᠮᠠᠯ ᠤᠨ ᠡᠮᠴᠢ ᠬᠢᠵᠢᠭ ᠪᠠᠶᠢᠴᠠᠭᠠᠯᠭᠠᠬᠤ ᠡᠷᠭᠦᠳᠡᠯ ᠢ ᠣᠯᠣᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠪᠠᠶᠢᠳᠠᠯ ᠢ ᠦᠨᠳᠦᠰᠦᠯᠡᠵᠦ ᠬᠦᠯᠢᠶᠡᠨ ᠠᠪᠬᠤ ᠡᠰᠡᠬᠦ ᠶᠢ ᠲᠣᠭᠲᠠᠭᠠᠨ᠎ᠠ᠃ ᠬᠦᠯᠢᠶᠡᠨ ᠠᠪᠤᠭᠰᠠᠨ ᠪᠣᠯ ᠴᠠᠭ ᠲᠤᠬᠠᠢ ᠳᠤ ᠨᠢ ᠨᠢᠲᠤᠯᠭᠠᠨ ᠠᠴᠠ ᠡᠮᠦᠨᠡᠬᠢ ᠪᠠᠶᠢᠴᠠᠭᠠᠯᠲᠠ ᠬᠢᠨ᠎ᠡ︔ ᠬᠦᠯᠢᠶᠡᠵᠦ ᠠᠪᠤᠭᠰᠠᠨ ᠦᠭᠡᠢ ᠪᠣᠯ ᠤᠴᠢᠷ ᠰᠢᠯᠲᠠᠭᠠᠨ ᠢ ᠨᠢ ᠲᠣᠳᠣᠷᠬᠠᠶᠢᠯᠠᠬᠤ ᠬᠡᠷᠡᠭᠲᠡᠢ᠃      5.2 ᠡᠷᠭᠦᠳᠡᠯ ᠤᠨ ᠬᠡᠯᠪᠡᠷᠢ ᠭᠠᠵᠠᠷ ᠲᠤ ᠨᠢ ᠡᠷᠭᠦᠳᠡᠯ ᠢᠶᠠᠨ ᠲᠤᠰᠢᠶᠠᠨ᠎ᠠ᠃      6. ᠨᠢᠲᠤᠯᠭᠠᠨ ᠤ ᠡᠮᠦᠨᠡᠬᠢ ᠪᠠᠶᠢᠴᠠᠭᠠᠯᠲᠠ      6.1 ᠨᠢᠲᠤᠯᠭᠠᠨ ᠠᠴᠠ ᠡᠮᠦᠨᠡᠬᠢ ᠬᠤᠶᠠᠷ ᠴᠠᠭ ᠤᠨ ᠳᠣᠲᠣᠷ᠎ᠠ ᠠᠯᠪᠠᠨ ᠶᠣᠰᠣᠨ ᠤ ᠮᠠᠯ ᠤᠨ ᠡᠮᠴᠢ ︽ᠭᠠᠭ᠋ᠠᠢ ᠶᠢᠨ ᠤᠤᠯ ᠭᠠᠷᠤᠯᠲᠠ ᠶᠢᠨ ᠭᠠᠵᠠᠷ ᠤᠨ ᠬᠢᠵᠢᠭ ᠪᠠᠶᠢᠴᠠᠭᠠᠯᠲᠠ ᠶᠢᠨ ᠵᠢᠷᠤᠮ︾ ᠳᠣᠲᠣᠷᠠᠬᠢ ︽ᠺᠯᠢᠨᠢᠺ ᠤᠨ ᠦᠵᠡᠯᠭᠡ︾ ᠶᠢᠨ ᠳᠠᠭᠠᠤ︾ ᠬᠡᠰᠡᠭᠴᠢᠯᠡᠭᠰᠡᠨ ᠰᠢᠯᠭᠠᠯᠲᠠ ᠬᠢᠨ᠎ᠡ᠃      6.2 ᠦᠷ᠎ᠡ ᠳ᠋ᠦᠩ ᠢ ᠰᠢᠢᠳᠬᠦ      6.2.1 ᠬᠢᠷᠢ ᠳᠤ ᠬᠦᠷᠦᠭᠰᠡᠨ ᠢ ᠨᠢᠲᠤᠯᠭᠠᠨ ᠳᠤ ᠪᠡᠯᠡᠳᠬᠡᠨ᠎ᠡ᠃      6.2.2 ᠬᠢᠷᠢ ᠳᠤ ᠬᠦᠷᠦᠭᠰᠡᠨ ᠦᠭᠡᠢ ᠶᠢ ᠳᠠᠷᠠᠭᠠᠬᠢ ᠲᠣᠭᠲᠠᠭᠠᠯ ᠢᠶᠠᠷ ᠰᠢᠢᠳᠪᠦᠷᠢᠯᠡᠨ᠎ᠡ᠃      6.2.2.1 ᠬᠥᠯ ᠠᠮᠠᠨ ᠤ ᠡᠪᠡᠳᠴᠢᠨ᠂ ᠭᠠᠭ᠋ᠠᠢ ᠶᠢᠨ ᠲᠣᠮᠣᠭᠤ᠂ ᠳᠡᠭᠡᠳᠦ ᠠᠩᠭᠢᠯᠠᠯ ᠤᠨ ᠭᠠᠭ᠋ᠠᠢ ᠶᠢᠨ ᠴᠡᠩᠬᠡᠷ ᠴᠢᠬᠢᠨ ᠤ ᠡᠪᠡᠳᠴᠢᠨ᠂ ᠬᠠᠷᠠᠤ ᠵᠡᠷᠭᠡ ᠡᠪᠡᠳᠴᠢᠨ ᠤ ᠪᠠᠶᠢᠳᠠᠯ ᠢᠯᠡᠷᠡᠭᠰᠡᠨ ᠪᠠᠶᠢᠪᠠᠯ ᠰᠢᠯᠵᠢᠭᠦᠯᠬᠦ ᠶᠢ ᠬᠢᠵᠠᠭᠠᠷᠯᠠᠵᠤ ᠲᠡᠭᠦᠨᠴᠢᠯᠡᠨ ︽ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠬᠦ ᠬᠠᠤᠯᠢ︾᠂ ︽ᠬᠦᠨᠳᠦ ᠨᠣᠴᠢᠲᠠᠢ ᠬᠢᠵᠢᠭ ᠤᠨ ᠪᠠᠶᠢᠳᠠᠯ ᠢ ᠪᠠᠴᠢᠮ ᠠᠷᠭᠠᠴᠠᠭᠠᠬᠤ ᠳᠦᠷᠢᠮ︾᠂ ︽ᠠᠮᠢᠲᠠᠨ ᠤ ᠬᠢᠵᠢᠭ ᠤᠨ ᠪᠠᠶᠢᠳᠠᠯ ᠤᠨ ᠮᠡᠳᠡᠭᠦᠯᠦᠯᠲᠡ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ︾ ᠪᠣᠯᠣᠨ ︽ᠡᠪᠡᠳᠴᠢᠨ ᠤ ᠬᠠᠯᠳᠠᠪᠤᠷᠢ ᠠᠪᠤᠭᠰᠠᠨ ᠠᠮᠢᠲᠠᠨ ᠪᠤᠶᠤ ᠡᠪᠡᠳᠴᠢᠨ ᠳᠤ ᠬᠤᠣᠷᠳᠠᠭᠰᠠᠨ ᠠᠮᠢᠲᠠᠨ ᠤ ᠭᠠᠷᠤᠯ ᠲᠠᠢ ᠪᠦᠲᠦᠭᠡᠭᠳᠡᠬᠦᠨ ᠤ ᠪᠢᠣᠯᠣᠭᠢ ᠶᠢᠨ ᠠᠶᠤᠯ ᠦᠭᠡᠢ ᠰᠢᠢᠳᠪᠦᠷᠢᠯᠡᠬᠦ ᠵᠢᠷᠤᠮ︾ ︵GB16548︶ ᠵᠡᠷᠭᠡ ᠬᠤᠯᠪᠣᠭᠳᠠᠯ ᠪᠦᠬᠦᠢ ᠲᠣᠭᠲᠠᠭᠠᠯ ᠤᠨ ᠳᠠᠭᠠᠤ ᠰᠢᠢᠳᠪᠦᠷᠢᠯᠡᠨ᠎ᠡ᠃      6.2.2.2 ᠭᠠᠭ᠋ᠠᠢ ᠶᠢᠨ ᠶᠤᠯᠮ᠎ᠠ᠂ ᠭᠠᠭ᠋ᠠᠢ ᠶᠢᠨ ᠠᠭᠤᠰᠬᠢᠨ ᠤ ᠲᠠᠬᠤᠯ᠂ ᠭᠠᠭ᠋ᠠᠢ ᠶᠢᠨ Ⅱ ᠵᠡᠷᠭᠡᠯᠡᠯ ᠤᠨ ᠳᠦᠦᠭᠡᠦᠷ ᠪᠠᠺᠲ᠋ᠧᠷᠢ ᠶᠢᠨ ᠡᠪᠡᠳᠴᠢᠨ᠂ ᠭᠠᠭ᠋ᠠᠢ ᠶᠢᠨ ᠮᠢᠺᠦᠫᠠᠯᠠᠰᠮ ᠡᠮᠭᠡᠭ᠂ ᠭᠠᠭ᠋ᠠᠢ ᠶᠢᠨ ᠴᠢᠰᠤ ᠰᠣᠷᠣᠭᠴᠢ ᠰᠠᠪᠬᠠᠨᠴᠢᠷ ᠪᠠᠺᠲ᠋ᠧᠷᠢ ᠶᠢᠨ ᠡᠪᠡᠳᠴᠢᠨ᠂ ᠭᠠᠭ᠋ᠠᠢ ᠶᠢᠨ ᠳᠠᠭᠠᠯᠳᠤᠭᠰᠠᠨ ᠲᠣᠮᠣᠭᠤ ᠵᠡᠷᠭᠡ ᠡᠪᠡᠳᠴᠢᠨ ᠠᠵᠢᠭᠯᠠᠭᠳᠠᠭᠰᠠᠨ ᠪᠠᠶᠢᠪᠠᠯ ᠡᠪᠡᠳᠴᠢᠨ ᠳᠤ ᠨᠡᠷᠪᠡᠭᠳᠡᠭᠰᠡᠨ ᠭᠠᠭ᠋ᠠᠢ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠤᠨ ᠳᠠᠭᠠᠤ ᠰᠢᠢᠳᠪᠦᠷᠢᠯᠡᠨ᠎ᠡ᠃ ᠲᠡᠭᠦᠨᠴᠢᠯᠡᠨ ᠭᠠᠭ᠋ᠠᠢ ᠶᠢ ᠲᠤᠰᠠᠭᠠᠷᠯᠠᠨ ᠠᠵᠢᠭᠯᠠᠵᠤ᠂ ᠰᠡᠵᠢᠭ ᠦᠭᠡᠢ ᠭᠡᠳᠡᠭ ᠢ ᠨᠤᠲᠠᠯᠠᠭᠰᠠᠨ ᠬᠤᠶᠢᠨ᠎ᠠ ᠨᠢᠲᠤᠯᠭᠠᠨ ᠳᠤ ᠥᠭᠬᠦ ᠳᠤ ᠵᠥᠪᠰᠢᠶᠡᠷᠡᠨ᠎ᠡ︔ ᠲᠤᠰᠠᠭᠠᠷᠯᠠᠭᠰᠠᠨ ᠬᠤᠭᠤᠴᠠᠭᠠᠨ ᠳᠤ ᠬᠡᠪ ᠤᠨ ᠪᠤᠰᠤ ᠪᠠᠶᠢᠳᠠᠯ ᠢᠯᠡᠷᠡᠪᠡᠯ ︽ᠡᠪᠡᠳᠴᠢᠨ ᠤ ᠬᠠᠯᠳᠠᠪᠤᠷᠢ ᠠᠪᠤᠭᠰᠠᠨ ᠠᠮᠢᠲᠠᠨ ᠪᠤᠶᠤ ᠡᠪᠡᠳᠴᠢᠨ ᠳᠤ ᠬᠤᠣᠷᠳᠠᠭᠰᠠᠨ ᠠᠮᠢᠲᠠᠨ ᠤ ᠭᠠᠷᠤᠯ ᠲᠠᠢ ᠪᠦᠲᠦᠭᠡᠭᠳᠡᠬᠦᠨ ᠤ ᠪᠢᠣᠯᠣᠭᠢ ᠶᠢᠨ ᠠᠶᠤᠯ ᠦᠭᠡᠢ ᠰᠢᠢᠳᠪᠦᠷᠢᠯᠡᠬᠦ ᠵᠢᠷᠤᠮ︾ ︵GB16548︶ ᠵᠡᠷᠭᠡ ᠬᠤᠯᠪᠣᠭᠳᠠᠯ ᠪᠦᠬᠦᠢ ᠲᠣᠭᠲᠠᠭᠠᠯ ᠤᠨ ᠳᠠᠭᠠᠤ ᠰᠢᠢᠳᠪᠦᠷᠢᠯᠡᠨ᠎ᠡ᠃      6.2.2.3 ᠲᠤᠰ ᠵᠢᠷᠤᠮ ᠳᠤ ᠵᠢᠭᠠᠭᠰᠠᠨ ᠡᠪᠡᠳᠴᠢᠨ ᠳᠤ ᠨᠡᠷᠪᠡᠭᠳᠡᠭᠰᠡᠨ ᠰᠡᠵᠢᠭ ᠲᠠᠢ ᠪᠤᠶᠤ ᠺᠯᠢᠨᠢᠺ ᠤᠨ ᠦᠵᠡᠯᠭᠡ ᠪᠠᠷ ᠪᠤᠰᠤᠳ ᠬᠡᠪ ᠤᠨ ᠪᠤᠰᠤ ᠪᠠᠶᠢᠳᠠᠯ ᠢᠯᠡᠷᠡᠭᠰᠡᠨ ᠪᠠᠶᠢᠪᠠᠯ᠂ ᠬᠤᠯᠪᠣᠭᠳᠠᠬᠤ ᠬᠢᠵᠢᠭ ᠰᠡᠷᠭᠡᠶᠢᠯᠡᠬᠦ ᠲᠧᠭᠨᠢᠭ ᠤᠨ ᠦᠵᠡᠭᠦᠯᠦᠯᠲᠡ ᠶᠢᠨ ᠳᠠᠭᠠᠤ ᠯᠠᠪᠤᠷᠠᠲ᠋ᠣᠷᠢ ᠶᠢᠨ ᠰᠢᠨᠵᠢᠯᠡᠭᠡ ᠪᠠᠷ ᠰᠢᠯᠭᠠᠨ ᠲᠣᠭᠲᠠᠭᠠᠵᠤ ᠬᠠᠮᠲᠤ ᠳᠤ ᠨᠢ ᠮᠡᠳᠡᠭᠦᠯᠭᠡ ᠶᠢᠨ ᠪᠢᠴᠢᠭ ᠭᠠᠷᠭᠠᠵᠤ ᠥᠭᠬᠦ ᠬᠡᠷᠡᠭᠲᠡᠢ᠃ ᠯᠠᠪᠤᠷᠠᠲ᠋ᠣᠷᠢ ᠶᠢᠨ ᠰᠢᠨᠵᠢᠯᠡᠭᠡ ᠶᠢ ᠡᠷᠬᠡᠪᠰᠢ ᠣᠷᠣᠨ ᠤ ᠳᠡᠰ ᠤᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠠᠴᠠ ᠲᠣᠭᠲᠠᠭᠠᠭᠰᠠᠨ ᠬᠢᠷᠢ ᠲᠦᠪᠰᠢᠨ ᠪᠦᠬᠦᠢ ᠯᠠᠪᠤᠷᠠᠲ᠋ᠣᠷᠢ ᠪᠠᠷ ᠭᠦᠢᠴᠡᠳᠬᠡᠨ᠎ᠡ᠃      6.2.2.4 ᠲᠤᠰ ᠵᠢᠷᠤᠮ ᠳᠤ ᠵᠢᠭᠠᠭᠰᠠᠨ ᠠᠴᠠ ᠪᠤᠰᠤᠳ ᠡᠪᠡᠳᠴᠢᠨ ᠳᠠᠷᠬᠠᠯᠠᠯ ᠠᠵᠢᠭᠯᠠᠭᠳᠠᠭᠰᠠᠨ ᠪᠠᠶᠢᠪᠠᠯ ᠲᠤᠰᠠᠭᠠᠷᠯᠠᠨ ᠠᠵᠢᠭᠯᠠᠵᠤ᠂ ᠰᠡᠵᠢᠭ ᠦᠭᠡᠢ ᠭᠡᠳᠡᠭ ᠢ ᠨᠤᠲᠠᠯᠠᠭᠰᠠᠨ ᠬᠤᠶᠢᠨ᠎ᠠ ᠨᠢᠲᠤᠯᠭᠠᠨ ᠳᠤ ᠥᠭᠬᠦ ᠶᠢ ᠵᠥᠪᠰᠢᠶᠡᠷᠡᠨ᠎ᠡ︔ ᠲᠤᠰᠠᠭᠠᠷᠯᠠᠭᠰᠠᠨ ᠬᠤᠭᠤᠴᠠᠭᠠᠨ ᠳᠤ ᠬᠡᠪ ᠤᠨ ᠪᠤᠰᠤ ᠪᠠᠶᠢᠳᠠᠯ ᠢᠯᠡᠷᠡᠪᠡᠯ᠂ ︽ᠡᠪᠡᠳᠴᠢᠨ ᠤ ᠬᠠᠯᠳᠠᠪᠤᠷᠢ ᠠᠪᠤᠭᠰᠠᠨ ᠠᠮᠢᠲᠠᠨ ᠪᠤᠶᠤ ᠡᠪᠡᠳᠴᠢᠨ ᠳᠤ ᠬᠤᠣᠷᠳᠠᠭᠰᠠᠨ ᠠᠮᠢᠲᠠᠨ ᠤ ᠭᠠᠷᠤᠯ ᠲᠠᠢ ᠪᠦᠲᠦᠭᠡᠭᠳᠡᠬᠦᠨ ᠤ ᠪᠢᠣᠯᠣᠭᠢ ᠶᠢᠨ ᠠᠶᠤᠯ ᠦᠭᠡᠢ ᠰᠢᠢᠳᠪᠦᠷᠢᠯᠡᠬᠦ ᠵᠢᠷᠤᠮ︾ ︵GB16548︶ ᠵᠡᠷᠭᠡ ᠬᠤᠯᠪᠣᠭᠳᠠᠯ ᠪᠦᠬᠦᠢ ᠲᠣᠭᠲᠠᠭᠠᠯ ᠤᠨ ᠳᠠᠭᠠᠤ ᠰᠢᠢᠳᠪᠦᠷᠢᠯᠡᠨ᠎ᠡ᠃      6.2.2.5 ᠮᠢᠬᠠᠨ ᠤ ᠠᠶᠤᠯ ᠦᠭᠡᠢ ᠪᠠᠶᠢᠳᠠᠯ ᠳᠤ ᠬᠤᠣᠷ ᠨᠥᠯᠥᠭᠡ ᠦᠵᠡᠭᠦᠯᠬᠦ ᠦᠭᠡᠢ ᠶᠢᠨ ᠲᠤᠯᠠᠳᠠ ᠦᠬᠦᠭᠰᠡᠨ ᠭᠠᠭ᠋ᠠᠢ ᠲᠠᠢ ᠣᠶᠢᠷᠠᠲᠤᠭᠰᠠᠨ ᠭᠠᠭ᠋ᠠᠢ ᠶᠢ ᠪᠠᠶᠢᠳᠠᠯ ᠢ ᠦᠵᠡᠵᠦ ᠪᠠᠴᠢᠮ ᠨᠢᠲᠤᠯᠭᠠᠨ ᠳᠤ ᠣᠷᠣᠭᠤᠯᠤᠨ᠎ᠠ᠃      6.3 ᠲᠠᠯᠠᠪᠤᠷ ︵ᠦᠢᠯᠡᠳᠪᠦᠷᠢ᠂ ᠴᠢᠭ︶ ᠤᠨ ᠠᠯᠠᠰᠢᠨ ᠳᠤ ᠭᠠᠷᠭᠠᠭᠰᠠᠨ ᠡᠪᠡᠳᠴᠢᠨ ᠲᠠᠢ ᠭᠠᠭ᠋ᠠᠢ ᠶᠢᠨ ᠨᠢᠲᠤᠯᠬᠤ ᠪᠠᠷ ᠪᠡᠯᠡᠳᠬᠡᠭᠰᠡᠨ ᠬᠠᠰᠢᠶᠠᠯᠠᠭ᠎ᠠ᠂ ᠪᠠᠴᠢᠮ ᠨᠢᠲᠤᠯᠬᠤ ᠬᠠᠰᠢᠶᠠᠯᠠᠭ᠎ᠠ᠂ ᠲᠤᠰᠠᠭᠠᠷᠯᠠᠬᠤ ᠬᠠᠰᠢᠶᠠᠯᠠᠭ᠎ᠠ ᠵᠡᠷᠭᠡ ᠳᠤ ᠬᠢᠬᠦ ᠠᠷᠢᠭᠤᠳᠬᠠᠯ ᠳᠤ ᠬᠠᠷᠠᠭ᠎ᠠ ᠬᠢᠨᠠᠯᠲᠠ ᠲᠠᠯᠪᠢᠨ᠎ᠠ᠃      7. ᠬᠢᠵᠢᠭ ᠪᠠᠶᠢᠴᠠᠭᠠᠯᠲᠠ ᠪᠣᠯᠣᠨ ᠨᠢᠲᠤᠯᠭᠠᠨ ᠤ ᠦᠢᠯᠡᠳᠦᠯ ᠨᠢ ᠬᠠᠷᠢᠯᠴᠠᠨ ᠵᠣᠬᠢᠴᠠᠯᠳᠤᠭᠰᠠᠨ ᠪᠠᠶᠢᠬᠤ ᠬᠡᠷᠡᠭᠲᠡᠢ᠃ ᠨᠢᠭᠡ ᠭᠠᠭ᠋ᠠᠢ ᠶᠢᠨ ᠲᠣᠯᠣᠭᠠᠢ᠂ ᠰᠢᠭᠢᠷ᠎ᠡ᠂ ᠳᠣᠲᠣᠷ᠎ᠠ ᠴᠤᠯᠤ᠂ ᠭᠤᠯᠤᠤᠵᠠ ᠵᠡᠷᠭᠡ ᠶᠢ ᠨᠢᠭᠡᠳᠦᠯ ᠲᠠᠢ ᠳ᠋ᠤᠭᠠᠷᠯᠠᠵᠤ ᠬᠢᠵᠢᠭ ᠪᠠᠶᠢᠴᠠᠭᠠᠯᠲᠠ ᠬᠢᠬᠦ ᠬᠡᠷᠡᠭᠲᠡᠢ᠃      7.1 ᠲᠣᠯᠣᠭᠠᠢ ᠰᠢᠭᠢᠷ᠎ᠡ ᠪᠣᠯᠣᠨ ᠪᠡᠶ᠎ᠡ ᠶᠢᠨ ᠥᠩᠭᠡᠨ ᠲᠠᠯ᠎ᠠ ᠶᠢᠨ ᠪᠠᠶᠢᠴᠠᠭᠠᠯᠲᠠ      7.1.1 ᠪᠡᠶ᠎ᠡ ᠴᠣᠭᠴᠠᠰ ᠤᠨ ᠥᠩᠭᠡᠨ ᠲᠠᠯ᠎ᠠ ᠶᠢᠨ ᠪᠦᠷᠢᠨ ᠪᠦᠲᠦᠨ ᠪᠠᠶᠢᠳᠠᠯ᠂ ᠥᠩᠭᠡ᠂ ᠲᠤᠰ ᠵᠢᠷᠤᠮ ᠳᠤ ᠲᠣᠭᠲᠠᠭᠠᠭᠰᠠᠨ ᠡᠪᠡᠳᠴᠢᠨ ᠲᠠᠬᠤᠯ ᠠᠴᠠ ᠰᠢᠯᠲᠠᠭᠠᠯᠠᠭᠰᠠᠨ ᠠᠷᠠᠰᠤᠨ ᠤ ᠡᠪᠡᠳᠴᠢᠨ᠂ ᠦᠶ᠎ᠡ ᠭᠡᠰᠢᠭᠦᠦ ᠶᠢᠨ ᠪᠦᠳᠦᠭᠦᠷᠡᠯ ᠪᠠᠶᠢᠬᠤ ᠡᠰᠡᠬᠦ ᠶᠢ ᠰᠢᠯᠭᠠᠨ᠎ᠠ᠃      7.1.2 ᠬᠤᠩᠰᠢᠶᠠᠷ᠂ ᠰᠢᠳᠦ ᠪᠤᠶᠢᠯᠠ ᠪᠣᠯᠣᠨ ᠰᠢᠭᠢᠷ᠎ᠡ ᠳᠤ ᠤᠰᠤᠨ ᠬᠠᠪᠤᠨ᠂ ᠰᠢᠷᠬᠠᠯᠠᠭ᠎ᠠ᠂ ᠲᠣᠯᠪᠤ ᠪᠠᠶᠢᠬᠤ ᠡᠰᠡᠬᠦ ᠶᠢ ᠠᠵᠢᠭᠯᠠᠨ᠎ᠠ᠃      7.1.3 ᠴᠢᠰᠤ ᠲᠠᠯᠪᠢᠭᠰᠠᠨ ᠤ ᠳᠠᠷᠠᠭ᠎ᠠ ᠦᠰᠦ ᠶᠢ ᠨᠢ ᠬᠤᠰᠤᠬᠤ ᠠᠴᠠ ᠡᠮᠦᠨ᠎ᠡ᠂ ᠴᠢᠰᠤᠨ ᠤ ᠰᠦᠪᠡ ᠶᠢᠨ ᠳᠠᠭᠠᠤ ᠭᠤᠯᠳᠤ ᠴᠢᠭᠯᠡᠯ ᠢᠶᠠᠷ ᠳᠣᠣᠷᠠᠳᠤ ᠬᠡᠰᠡᠭ ᠵᠦᠭ ᠡᠷᠡᠦ ᠶᠢᠨ ᠤᠭ ᠬᠦᠷᠲᠡᠯ᠎ᠡ ᠵᠦᠰᠦᠵᠦ ᠳᠣᠣᠷᠠᠳᠤ ᠡᠷᠡᠭᠦᠦ ᠶᠢᠨ ᠬᠤᠶᠠᠷ ᠬᠠᠵᠠᠭᠤ ᠶᠢᠨ ᠯᠢᠮᠹᠠ ᠶᠢᠨ ᠪᠤᠯᠴᠢᠷᠬᠠᠢ ᠶᠢ ᠬᠠᠭᠠᠯᠵᠤ᠂ ᠬᠠᠪᠤᠳᠠᠷ ᠪᠠᠶᠢᠬᠤ ᠡᠰᠡᠬᠦ ᠶᠢ ᠠᠵᠢᠭᠯᠠᠵᠤ᠂ ᠨᠧᠺᠷᠣᠽ ︵ᠬᠦᠷᠡᠩ᠂ ᠬᠠᠷ᠎ᠠ᠂ ᠪᠣᠷᠣ᠂ ᠰᠢᠷ᠎ᠠ︶᠂ ᠬᠡᠷᠴᠢᠯᠡᠭᠡᠰᠦ ᠳᠤ ᠤᠯᠠᠭᠠᠨ ᠥᠩᠭᠡ ᠲᠣᠳᠣᠷᠠᠭᠰᠠᠨ ᠡᠰᠡᠬᠦ᠂ ᠡᠷᠭᠢᠨ ᠲᠣᠭᠤᠷᠢᠨ ᠳᠤ ᠨᠢ ᠤᠰᠤᠨ ᠬᠠᠪᠤᠨ᠂ ᠴᠠᠪᠠᠤᠭᠤᠷᠠᠭᠰᠠᠨ ᠪᠠᠶᠢᠳᠠᠯ ᠪᠠᠶᠢᠬᠤ ᠡᠰᠡᠬᠦ ᠶᠢ ᠰᠢᠯᠭᠠᠨ᠎ᠠ᠃      7.1.4 ᠲᠦᠭᠦᠰᠢᠨ ᠤ ᠪᠤᠯᠴᠢᠷᠬᠠᠢ ᠶᠢ ᠭᠦᠢᠴᠡᠳ ᠳᠡᠯᠭᠡᠨ ᠬᠠᠭᠠᠯᠵᠤ ᠭᠠᠭ᠋ᠠᠢ ᠶᠢᠨ ᠤᠭᠤᠲᠠᠨᠴᠠᠷ ᠬᠤᠷᠣᠬᠠᠢ ᠶᠢᠨ ᠠᠪᠠᠭᠠᠯᠳᠠᠢ ᠪᠠᠶᠢᠬᠤ ᠡᠰᠡᠬᠦ ᠶᠢ ᠰᠢᠯᠭᠠᠨ᠎ᠠ᠃      7.2 ᠳᠣᠲᠣᠷ᠎ᠠ ᠡᠷᠬᠡᠲᠡᠨ ᠤ ᠪᠠᠶᠢᠴᠠᠭᠠᠯᠲᠠ ᠳᠤ ᠳᠣᠲᠣᠷ᠎ᠠ ᠡᠷᠬᠡᠲᠡᠨ ᠢ ᠠᠪᠬᠤ ᠠᠴᠠ ᠡᠮᠦᠨ᠎ᠡ ᠬᠡᠬᠦᠳᠡᠭ᠂ ᠬᠡᠪᠡᠯᠢ ᠶᠢᠨ ᠬᠥᠨᠳᠡᠢ ᠳᠤ ᠬᠤᠷᠠᠭᠰᠠᠨ ᠤᠰᠤ᠂ ᠨᠠᠭᠠᠯᠳᠤᠭᠰᠠᠨ ᠬᠡᠰᠡᠭ᠂ ᠰᠢᠷᠬᠡᠭᠯᠢᠭ ᠮᠡᠲᠦ ᠶᠢᠨ ᠨᠡᠪᠴᠢᠯᠲᠡ ᠪᠣᠳᠠᠰ ᠪᠠᠶᠢᠬᠤ ᠡᠰᠡᠬᠦ ᠶᠢ ᠠᠵᠢᠭᠯᠠᠨ᠎ᠠ᠃ ᠳᠡᠯᠢᠭᠦᠦ᠂ ᠴᠢᠴᠠᠷᠬᠠᠢ ᠶᠢᠨ ᠯᠢᠮᠹᠠ ᠶᠢᠨ ᠪᠤᠯᠴᠢᠷᠬᠠᠢ ᠶᠢ ᠬᠠᠭᠠᠯᠵᠤ ᠭᠡᠳᠡᠰᠦᠨ ᠤ ᠬᠠᠷᠠᠤ ᠪᠠᠶᠢᠬᠤ ᠡᠰᠡᠬᠦ ᠶᠢ ᠰᠢᠯᠭᠠᠨ᠎ᠠ᠃ ᠳᠣᠲᠣᠷ᠎ᠠ ᠡᠷᠬᠡᠲᠡᠨ ᠢ ᠭᠠᠷᠭᠠᠵᠤ ᠠᠪᠤᠭᠰᠠᠨ ᠬᠤᠶᠢᠨ᠎ᠠ ᠵᠢᠷᠦᠬᠡ᠂ ᠠᠭᠤᠰᠬᠢ᠂ ᠡᠯᠢᠭᠡ᠂ ᠳᠡᠯᠢᠭᠦᠦ᠂ ᠬᠤᠳᠣᠭᠤᠳᠤ᠂ ᠰᠠᠯᠪᠤᠷᠢ ᠮᠥᠭᠡᠷᠡᠭᠰᠡᠨ ᠬᠤᠭᠤᠯᠠᠢ᠂ ᠡᠯᠢᠭᠡᠨ ᠤ ᠠᠮᠠᠰᠠᠷ ᠤᠨ ᠯᠢᠮᠹᠠ ᠶᠢᠨ ᠪᠤᠯᠴᠢᠷᠬᠠᠢ ᠶᠢ ᠰᠢᠯᠭᠠᠨ᠎ᠠ᠃      7.2.1 ᠵᠢᠷᠦᠬᠡᠨ ᠤ ᠰᠢᠯᠭᠠᠯᠲᠠ ᠳᠤ᠂ ᠦᠩᠬᠦᠯᠴᠡᠭ ᠢ ᠬᠠᠭᠠᠯᠵᠤ ᠵᠢᠷᠦᠬᠡᠨ ᠤ ᠬᠡᠯᠪᠡᠷᠢ ᠥᠭᠡᠷᠡᠴᠢᠯᠡᠭᠳᠡᠭᠰᠡᠨ ᠡᠰᠡᠬᠦ᠂ ᠦᠩᠬᠦᠯᠴᠡᠭ ᠳᠣᠲᠣᠷ᠎ᠠ ᠬᠤᠷᠠᠮᠠᠯ ᠤᠰᠤ᠂ ᠱᠦᠭᠦᠷᠡᠯᠲᠡ᠂ ᠴᠢᠰᠤᠨ ᠤ ᠴᠢᠨᠦᠷᠡᠯ᠂ ᠴᠢᠰᠤ ᠠᠯᠳᠠᠭᠳᠠᠯ᠂ ᠡᠪᠳᠡᠷᠡᠵᠦ ᠮᠠᠭᠤᠳᠠᠭᠰᠠᠨ ᠵᠦᠢᠯ ᠪᠠᠶᠢᠬᠤ ᠡᠰᠡᠬᠦ ᠶᠢ ᠠᠵᠢᠭᠯᠠᠨ᠎ᠠ᠃ ᠵᠡᠭᠦᠨ ᠲᠠᠯ᠎ᠠ ᠶᠢᠨ ᠭᠤᠯᠳᠤ ᠨᠤᠭᠤᠯᠤᠷᠭ᠎ᠠ ᠲᠠᠢ ᠵᠡᠷᠭᠡᠴᠡᠭᠡ ᠵᠢᠷᠦᠬᠡᠨ ᠤ ᠬᠤᠶᠢᠲᠤ ᠬᠡᠰᠡᠭ ᠤᠨ ᠪᠦᠷᠬᠦᠪᠴᠢ ᠶᠢ ᠭᠤᠯᠳᠤ ᠬᠠᠭᠠᠯᠵᠤ ᠵᠢᠷᠦᠬᠡᠨ ᠤ ᠳᠣᠲᠣᠷ᠎ᠠ ᠪᠦᠷᠬᠦᠪᠴᠢ᠂ ᠵᠢᠷᠦᠬᠡᠨ ᠤ ᠪᠤᠯᠴᠢᠩ᠂ ᠴᠢᠰᠤᠨ ᠤ ᠡᠭᠡᠳᠡᠯ᠂ ᠬᠤᠶᠠᠷ ᠱᠣᠷᠣᠯᠵᠢᠨ ᠳᠡᠯᠪᠡᠭᠡ ᠪᠣᠯᠣᠨ ᠵᠢᠷᠦᠬᠡᠨ ᠤ ᠡᠷᠢᠶᠡᠨᠳᠡᠯ᠂ ᠪᠢᠣᠯᠣᠭᠢ ᠶᠢᠨ ᠢᠯᠡᠭᠦᠴᠡ ᠵᠦᠢᠯ᠂ ᠰᠢᠮᠡᠭᠴᠢ ᠬᠤᠷᠣᠬᠠᠢ ᠪᠠᠶᠢᠬᠤ ᠡᠰᠡᠬᠦ ᠶᠢ ᠰᠢᠯᠭᠠᠨ᠎ᠠ᠃      7.2.2 ᠠᠭᠤᠰᠬᠢᠨ ᠤ ᠪᠠᠶᠢᠴᠠᠭᠠᠯᠲᠠ ᠳᠤ ᠠᠭᠤᠰᠬᠢᠨ ᠤ ᠬᠡᠯᠪᠡᠷᠢ᠂ ᠶᠡᠭᠡ ᠪᠠᠭ᠎ᠠ᠂ ᠥᠩᠭᠡ ᠲᠤᠶᠠᠭ᠎ᠠ᠂ ᠬᠠᠷᠢᠮᠠᠬᠠᠢ ᠴᠢᠨᠠᠷ᠂ ᠠᠭᠤᠰᠬᠢᠨ ᠤ ᠪᠦᠬᠦᠯᠢ ᠴᠣᠭᠴᠠᠰ ᠲᠤ ᠡᠪᠳᠡᠷᠡᠵᠦ ᠭᠡᠮᠲᠦᠭᠰᠡᠨ ᠵᠦᠢᠯ᠂ ᠠᠪᠴᠢᠯᠲᠠ᠂ ᠬᠠᠪᠤᠳᠴᠤ ᠬᠥᠭᠡᠭᠡᠭᠰᠡᠨ ᠵᠦᠢᠯ᠂ ᠤᠰᠤᠨ ᠬᠠᠪᠤᠨ᠂ ᠴᠢᠰᠤᠨ ᠤ ᠴᠢᠨᠦᠷᠡᠯ᠂ ᠢᠳᠡᠭᠡᠯᠡᠵᠦ ᠬᠤᠪᠢᠯᠠᠭᠰᠠᠨ ᠵᠦᠢᠯ᠂ ᠪᠣᠳᠠᠲᠠᠢ ᠬᠤᠪᠢᠷᠠᠯ᠂ ᠬᠠᠲᠠᠭᠤᠷᠠᠯ᠂ ᠰᠢᠷᠬᠡᠭᠯᠢᠭ ᠮᠡᠲᠦ ᠶᠢᠨ ᠨᠡᠪᠴᠢᠯᠲᠡ ᠪᠣᠳᠠᠰ ᠪᠠᠶᠢᠬᠤ ᠡᠰᠡᠬᠦ ᠶᠢ ᠰᠢᠯᠭᠠᠨ᠎ᠠ᠃ ᠨᠢᠭᠡ ᠲᠠᠯ᠎ᠠ ᠶᠢᠨ ᠰᠠᠯᠪᠤᠷᠢ ᠮᠥᠭᠡᠷᠰᠦᠨ ᠬᠤᠭᠤᠯᠠᠢ ᠶᠢ ᠬᠠᠭᠠᠯᠵᠤ ᠯᠢᠮᠹᠠ ᠶᠢᠨ ᠪᠤᠯᠴᠢᠷᠬᠠᠢ᠂ ᠴᠢᠰᠤ ᠠᠯᠳᠠᠭᠳᠠᠯ᠂ ᠴᠢᠰᠤᠨ ᠤ ᠴᠢᠨᠦᠷᠡᠯ᠂ ᠬᠠᠪᠤᠳᠠᠷ ᠬᠥᠭᠡᠩᠭᠢ᠂ ᠭᠡᠮᠲᠦᠭᠰᠡᠨ ᠵᠦᠢᠯ ᠪᠠᠶᠢᠬᠤ ᠡᠰᠡᠬᠦ ᠶᠢ ᠰᠢᠯᠭᠠᠨ᠎ᠠ᠃ ᠱᠠᠭᠠᠷᠳᠠᠯᠭ᠎ᠠ ᠲᠠᠢ ᠪᠣᠯ ᠮᠥᠭᠡᠷᠰᠦᠨ ᠬᠤᠭᠤᠯᠠᠢ᠂ ᠰᠠᠯᠪᠤᠷᠢ ᠮᠥᠭᠡᠷᠰᠦᠨ ᠬᠤᠭᠤᠯᠠᠢ ᠶᠢ ᠬᠠᠭᠠᠯᠵᠤ ᠰᠢᠯᠭᠠᠨ᠎ᠠ᠃      7.2.3 ᠡᠯᠢᠭᠡᠨ ᠤ ᠪᠠᠶᠢᠴᠠᠭᠠᠯᠲᠠ ᠳᠤ ᠡᠯᠢᠭᠡᠨ ᠤ ᠬᠡᠯᠪᠡᠷᠢ᠂ ᠶᠡᠭᠡ ᠪᠠᠭ᠎ᠠ᠂ ᠥᠩᠭᠡ ᠲᠤᠶᠠᠭ᠎ᠠ᠂ ᠬᠠᠷᠢᠮᠠᠬᠠᠢ ᠴᠢᠨᠠᠷ ᠪᠠᠶᠢᠬᠤ ᠡᠰᠡᠬᠦ ᠶᠢ ᠠᠵᠢᠭᠯᠠᠵᠤ᠂ ᠴᠢᠰᠤᠨ ᠤ ᠴᠢᠨᠦᠷᠡᠯ᠂ ᠬᠠᠪᠤᠳᠠᠷ ᠬᠠᠪᠤᠨ᠂ ᠬᠤᠪᠢᠷᠠᠯ᠂ ᠰᠢᠷᠠᠯᠠᠭᠰᠠᠨ ᠵᠦᠢᠯ᠂ ᠭᠡᠮᠲᠦᠯ᠂ ᠬᠠᠲᠠᠭᠤᠷᠠᠯ᠂ ᠬᠠᠪᠤᠩᠨᠠᠭᠰᠠᠨ ᠵᠦᠢᠯ᠂ ᠪᠣᠯᠴᠤᠤ᠂ ᠰᠢᠷᠬᠡᠭᠯᠢᠭ ᠮᠡᠲᠦ ᠶᠢᠨ ᠨᠡᠪᠴᠢᠯᠲᠡ ᠪᠣᠳᠠᠰ᠂ ᠰᠢᠮᠡᠭᠴᠢ ᠬᠤᠷᠣᠬᠠᠢ ᠵᠡᠷᠭᠡ ᠡᠪᠡᠳᠴᠢᠨ ᠤ ᠬᠤᠪᠢᠷᠠᠯ ᠪᠠᠶᠢᠬᠤ ᠡᠰᠡᠬᠦ ᠶᠢ ᠰᠢᠯᠭᠠᠨ᠎ᠠ᠃ ᠡᠯᠢᠭᠡᠨ ᠤ ᠠᠮᠠᠰᠠᠷ ᠤᠨ ᠯᠢᠮᠹᠠ ᠶᠢᠨ ᠪᠤᠯᠴᠢᠷᠬᠠᠢ ᠶᠢ ᠬᠠᠭᠠᠯᠵᠤ᠂ ᠴᠢᠰᠤ ᠠᠯᠳᠠᠭᠳᠠᠯ᠂ ᠴᠢᠰᠤᠨ ᠤ ᠴᠢᠨᠦᠷᠡᠯ᠂ ᠬᠠᠪᠤᠩᠨᠠᠭᠰᠠᠨ ᠵᠦᠢᠯ᠂ ᠭᠡᠮᠲᠦᠯ ᠪᠠᠶᠢᠬᠤ ᠡᠰᠡᠬᠦ ᠶᠢ ᠰᠢᠯᠭᠠᠨ᠎ᠠ᠃ ᠱᠠᠭᠠᠷᠳᠠᠯᠭ᠎ᠠ ᠲᠠᠢ ᠦᠶ᠎ᠡ ᠳᠤ ᠰᠥᠰᠥᠨ ᠤ ᠭᠤᠤᠷᠰᠤ ᠶᠢ ᠬᠠᠭᠠᠯᠵᠤ ᠰᠢᠯᠭᠠᠨ᠎ᠠ᠃      7.2.4 ᠳᠡᠯᠢᠭᠦᠦ ᠶᠢᠨ ᠪᠠᠶᠢᠴᠠᠭᠠᠯᠲᠠ ᠳᠤ ᠬᠡᠯᠪᠡᠷᠢ᠂ ᠶᠡᠭᠡ ᠪᠠᠭ᠎ᠠ᠂ ᠥᠩᠭᠡ ᠲᠤᠶᠠᠭ᠎ᠠ᠂ ᠬᠠᠷᠢᠮᠠᠬᠠᠢ ᠴᠢᠨᠠᠷ᠂ ᠬᠥᠭᠡᠭᠡᠵᠦ ᠬᠠᠪᠤᠳᠤᠭᠰᠠᠨ ᠵᠦᠢᠯ᠂ ᠴᠢᠰᠤᠨ ᠤ ᠴᠢᠨᠦᠷᠡᠯ᠂ ᠨᠧᠺᠷᠣᠽ᠂ ᠵᠠᠬ᠎ᠠ ᠳᠠᠭᠠᠤ ᠴᠢᠰᠤ ᠠᠯᠳᠠᠭᠳᠠᠯ ᠤᠨ ᠴᠢᠨᠠᠷ ᠲᠠᠢ ᠦᠬᠦᠵᠢᠯᠲᠡ᠂ ᠮᠧᠪᠷᠠᠨ ᠤ ᠡᠭᠦᠰᠦᠯᠲᠡ ᠵᠢᠴᠢ ᠨᠠᠭᠠᠯᠳᠤᠩᠬᠠᠢ ᠬᠡᠰᠡᠭ ᠪᠠᠶᠢᠬᠤ ᠡᠰᠡᠬᠦ ᠶᠢ ᠰᠢᠯᠭᠠᠨ᠎ᠠ᠃ ᠱᠠᠭᠠᠷᠳᠠᠯᠭ᠎ᠠ ᠲᠠᠢ ᠦᠶ᠎ᠡ ᠳᠤ ᠳᠡᠯᠢᠭᠦᠦ ᠶᠢᠨ ᠪᠣᠳᠠᠲᠠᠢ ᠴᠣᠭᠴᠠᠰ ᠢ ᠬᠠᠭᠠᠯᠵᠤ ᠰᠢᠯᠭᠠᠨ᠎ᠠ᠃      7.2.5 ᠬᠤᠳᠣᠭᠤᠳᠤ ᠭᠡᠳᠡᠰᠦᠨ ᠤ ᠪᠠᠶᠢᠴᠠᠭᠠᠯᠲᠠ ᠳᠤ ᠭᠡᠳᠡᠰᠦᠨ ᠤ ᠰᠧᠷᠣᠽ᠂ ᠶᠡᠭᠡ ᠪᠠᠭ᠎ᠠ᠂ ᠥᠩᠭᠡ ᠲᠤᠶᠠᠭ᠎ᠠ᠂ ᠴᠢᠨᠠᠷ ᠴᠢᠨᠰᠠᠭ᠎ᠠ ᠶᠢ ᠠᠵᠢᠭᠯᠠᠵᠤ᠂ ᠴᠢᠰᠤᠨ ᠤ ᠴᠢᠨᠦᠷᠡᠯ᠂ ᠴᠢᠰᠤ ᠠᠯᠳᠠᠭᠳᠠᠯ᠂ ᠦᠬᠦᠵᠢᠯᠲᠡ᠂ ᠴᠠᠪᠠᠤᠯᠢᠭ ᠨᠡᠪᠴᠢᠯᠲᠡ ᠪᠣᠯᠣᠨ ᠨᠠᠭᠠᠯᠳᠤᠩᠬᠠᠢ ᠬᠡᠰᠡᠭ ᠪᠠᠶᠢᠬᠤ ᠡᠰᠡᠬᠦ ᠶᠢ ᠰᠢᠯᠭᠠᠨ᠎ᠠ᠃ ᠴᠢᠴᠠᠷᠬᠠᠢ ᠶᠢᠨ ᠯᠢᠮᠹᠠ ᠶᠢᠨ ᠪᠤᠯᠴᠢᠷᠬᠠᠢ ᠳᠤ ᠤᠷᠲᠤ ᠪᠠᠷ ᠢᠶᠠᠨ 20 ᠰᠠᠨᠲ᠋ᠢᠮᠧᠳ᠋ᠷ ᠠᠴᠠ ᠳᠣᠷᠣᠭᠰᠢ ᠦᠭᠡᠢ ᠨᠤᠮᠤᠯᠵᠢᠨ ᠬᠡᠯᠪᠡᠷᠢ ᠶᠢ ᠣᠭᠲᠣᠯᠣᠭᠠᠰᠤ ᠭᠠᠷᠭᠠᠵᠤ᠂ ᠴᠢᠰᠤᠨ ᠤ ᠴᠢᠨᠦᠷᠡᠯ᠂ ᠴᠢᠰᠤ ᠠᠯᠳᠠᠭᠳᠠᠯ᠂ ᠦᠬᠦᠵᠢᠯᠲᠡ᠂ ᠰᠢᠷᠬᠠᠯᠠᠭ᠎ᠠ ᠵᠡᠷᠭᠡ ᠡᠪᠡᠳᠴᠢᠨ ᠤ ᠬᠤᠪᠢᠷᠠᠯ ᠪᠠᠶᠢᠬᠤ ᠡᠰᠡᠬᠦ ᠶᠢ ᠰᠢᠯᠭᠠᠨ᠎ᠠ᠃ ᠱᠠᠭᠠᠷᠳᠠᠯᠭ᠎ᠠ ᠲᠠᠢ ᠦᠶ᠎ᠡ ᠳᠤ ᠬᠤᠳᠣᠭᠤᠳᠤ ᠭᠡᠳᠡᠰᠦ ᠳᠤ ᠲᠤᠶᠠᠴᠢᠯᠲᠠ ᠬᠢᠵᠦ ᠰᠠᠯᠢᠰᠤᠨ ᠪᠦᠷᠬᠦᠪᠴᠢ ᠴᠢᠰᠤᠨ ᠤ ᠴᠢᠨᠦᠷᠡᠯ᠂ ᠴᠢᠰᠤ ᠠᠯᠳᠠᠭᠳᠠᠯ᠂ ᠤᠰᠤᠨ ᠬᠠᠪᠤᠨ᠂ ᠦᠬᠦᠵᠢᠯᠲᠡ᠂ ᠰᠢᠷᠬᠠᠯᠠᠭ᠎ᠠ ᠪᠠᠶᠢᠬᠤ ᠡᠰᠡᠬᠦ ᠶᠢ ᠰᠢᠯᠭᠠᠨ᠎ᠠ᠃      7.3 ᠭᠤᠯᠤᠤᠵᠠ ᠶᠢᠨ ᠰᠢᠯᠭᠠᠯᠲᠠ      7.3.1᠂ ᠥᠭᠡᠬᠦ᠂ ᠪᠤᠯᠴᠢᠩ᠂ ᠯᠢᠮᠹᠠ ᠶᠢᠨ ᠪᠤᠯᠴᠢᠷᠬᠠᠢ ᠪᠣᠯᠣᠨ ᠬᠡᠬᠦᠳᠡᠭ᠂ ᠬᠡᠪᠡᠯᠢ ᠶᠢᠨ ᠬᠥᠨᠳᠡᠢ ᠶᠢᠨ ᠰᠧᠷᠣᠽ ᠳᠤ ᠴᠢᠰᠤᠨ ᠤ ᠴᠢᠨᠦᠷᠡᠯ᠂ ᠴᠢᠰᠤ ᠠᠯᠳᠠᠭᠳᠠᠯ᠂ ᠴᠥᠪᠥᠷᠢᠭᠦᠦ᠂ ᠬᠠᠪᠤᠳᠠᠷ ᠬᠠᠪᠤᠨ ᠪᠣᠯᠣᠨ ᠪᠤᠰᠤᠳ ᠬᠡᠪ ᠤᠨ ᠪᠤᠰᠤ ᠵᠦᠢᠯ ᠪᠠᠶᠢᠬᠤ ᠡᠰᠡᠬᠦ ᠶᠢ ᠰᠢᠯᠭᠠᠨ᠎ᠠ᠃      7.3.1 ᠪᠦᠬᠦᠯᠢ ᠴᠣᠭᠴᠠ ᠶᠢᠨ ᠪᠠᠶᠢᠴᠠᠭᠠᠯᠲᠠ ᠳᠤ ᠠᠷᠠᠰᠤ᠂ ᠠᠷᠠᠰᠤᠨ ᠤ ᠳᠣᠣᠷᠠᠬᠢ ᠬᠡᠰᠡᠭ᠂ ᠥᠭᠡᠬᠦ᠂ ᠪᠤᠯᠴᠢᠩ᠂ ᠯᠢᠮᠹᠠ ᠶᠢᠨ ᠪᠤᠯᠴᠢᠷᠬᠠᠢ᠂ ᠠᠷᠤᠭ ᠶᠠᠰᠤ ᠪᠣᠯᠣᠨ ᠬᠡᠬᠦᠳᠡᠭ᠂ ᠬᠡᠪᠡᠯᠢ ᠶᠢᠨ ᠬᠥᠨᠳᠡᠢ ᠶᠢᠨ ᠰᠧᠷᠣᠽ ᠳᠤ ᠴᠢᠰᠤᠨ ᠤ ᠴᠢᠨᠦᠷᠡᠯ᠂ ᠴᠢᠰᠤ ᠠᠯᠳᠠᠭᠳᠠᠯ᠂ ᠴᠥᠪᠥᠷᠢᠭᠦᠦ᠂ ᠰᠢᠷᠠᠯᠠᠭᠰᠠᠨ ᠵᠦᠢᠯ᠂ ᠬᠠᠪᠤᠳᠠᠷ ᠪᠣᠯᠣᠨ ᠪᠤᠰᠤᠳ ᠬᠡᠪ ᠤᠨ ᠪᠤᠰᠤ ᠵᠦᠢᠯ ᠪᠠᠶᠢᠬᠤ ᠡᠰᠡᠬᠦ ᠶᠢ ᠰᠢᠯᠭᠠᠨ᠎ᠠ᠃      7.3.2 ᠯᠢᠮᠹᠠ ᠶᠢᠨ ᠪᠤᠯᠴᠢᠷᠬᠠᠢ ᠶᠢᠨ ᠪᠠᠶᠢᠴᠠᠭᠠᠯᠲᠠ ᠳᠤ ᠬᠡᠪᠡᠯᠢ ᠶᠢᠨ ᠳᠣᠣᠷᠠᠳᠤ ᠬᠡᠰᠡᠭ ᠤᠨ ᠠᠷᠠᠰᠤᠨ ᠤ ᠳᠣᠣᠷᠠᠬᠢ ᠬᠤᠶᠢᠲᠤ ᠮᠥᠴᠢ ᠶᠢᠨ ᠳᠣᠲᠣᠷ᠎ᠠ ᠲᠠᠯ᠎ᠠ ᠶᠢᠨ ᠴᠢᠮᠦᠭᠡᠨ ᠶᠠᠰᠤᠨ ᠤ ᠳᠣᠣᠷᠠᠳᠤ ᠬᠡᠰᠡᠭ ᠲᠠᠬᠢ ᠢᠯᠠ ᠲᠠᠯ᠎ᠠ ᠶᠢᠨ ᠯᠢᠮᠹᠠ ᠶᠢᠨ ᠪᠤᠯᠴᠢᠷᠬᠠᠢ ᠶᠢ ᠬᠠᠭᠠᠯᠵᠤ᠂ ᠴᠢᠰᠤᠨ ᠤ ᠴᠢᠨᠦᠷᠡᠯ᠂ ᠤᠰᠤᠨ ᠬᠠᠪᠤᠨ᠂ ᠴᠢᠰᠤ ᠠᠯᠳᠠᠭᠳᠠᠯ᠂ ᠦᠬᠦᠵᠢᠯᠲᠡ᠂ ᠮᠥᠭᠡᠷᠰᠦᠵᠢᠯᠲᠡ ᠵᠡᠷᠭᠡ ᠡᠪᠡᠳᠴᠢᠨ ᠬᠠᠯᠳᠠᠪᠤᠷᠢ ᠪᠠᠶᠢᠬᠤ ᠡᠰᠡᠬᠦ ᠶᠢ ᠰᠢᠯᠭᠠᠨ᠎ᠠ᠃ ᠱᠠᠭᠠᠷᠳᠠᠯᠭ᠎ᠠ ᠲᠠᠢ ᠦᠶ᠎ᠡ ᠳᠤ ᠴᠢᠮᠦᠭᠡᠨ ᠶᠠᠰᠤᠨ ᠤ ᠳᠣᠣᠷᠠᠳᠤ ᠬᠡᠰᠡᠭ ᠤᠨ ᠭᠦᠨ ᠳᠠᠬᠢ ᠯᠢᠮᠹᠠ ᠶᠢᠨ ᠪᠤᠯᠴᠢᠷᠬᠠᠢ᠂ ᠲᠠᠰᠢᠶᠠᠨ ᠶᠠᠰᠤᠨ ᠤ ᠳᠣᠣᠷᠠᠳᠤ ᠬᠡᠰᠡᠭ ᠤᠨ ᠯᠢᠮᠹᠠ ᠶᠢᠨ ᠪᠤᠯᠴᠢᠷᠬᠠᠢ ᠪᠣᠯᠣᠨ ᠲᠠᠰᠢᠶᠠᠨ ᠤ ᠳᠣᠲᠣᠷ᠎ᠠ ᠪᠠᠶᠢᠬᠤ ᠯᠢᠮᠹᠠ ᠶᠢᠨ ᠪᠤᠯᠴᠢᠷᠬᠠᠢ ᠶᠢ ᠬᠠᠭᠠᠯᠵᠤ ᠰᠢᠯᠭᠠᠨ᠎ᠠ᠃      7.3.3 ᠰᠡᠭᠡᠷ ᠨᠢᠷᠤᠭᠤᠨ ᠤ ᠦᠶ᠎ᠡ ᠶᠢᠨ ᠵᠠᠯᠭᠠᠮᠠᠯ ᠬᠡᠰᠡᠭ ᠤᠨ ᠬᠤᠶᠠᠷ ᠲᠠᠯ᠎ᠠ ᠶᠢᠨ ᠪᠤᠯᠴᠢᠩ ᠢ ᠳᠠᠭᠠᠭᠤᠯᠤᠨ 10 ᠰᠠᠨᠲ᠋ᠢᠮᠧᠳ᠋ᠷ ᠣᠷᠴᠢᠮ ᠬᠠᠭᠠᠯᠵᠤ ᠭᠠᠭ᠋ᠠᠢ ᠶᠢᠨ ᠤᠭᠤᠲᠠᠨᠴᠠᠷ ᠬᠤᠷᠣᠬᠠᠢ ᠶᠢᠨ ᠠᠪᠠᠭᠠᠯᠳᠠᠢ ᠪᠠᠶᠢᠬᠤ ᠡᠰᠡᠬᠦ ᠶᠢ ᠰᠢᠯᠭᠠᠨ᠎ᠠ᠃      7.3.4 ᠳᠣᠲᠣᠷ᠎ᠠ ᠪᠥᠭᠡᠷ᠎ᠡ ᠶᠢᠨ ᠬᠤᠶᠠᠷ ᠲᠠᠯ᠎ᠠ ᠶᠢᠨ ᠪᠦᠷᠬᠦᠪᠴᠢ ᠶᠢ ᠱᠠᠭᠠᠯᠵᠤ ᠪᠥᠭᠡᠷ᠎ᠡ ᠶᠢᠨ ᠬᠡᠯᠪᠡᠷᠢ᠂ ᠶᠡᠭᠡ ᠪᠠᠭ᠎ᠠ᠂ ᠥᠩᠭᠡ ᠲᠤᠶᠠᠭ᠎ᠠ᠂ ᠴᠢᠨᠠᠷ ᠢ ᠠᠵᠢᠭᠯᠠᠵᠤ᠂ ᠴᠢᠰᠤ ᠬᠠᠩᠭᠠᠮᠵᠢ᠂ ᠴᠢᠰᠤ ᠠᠯᠳᠠᠭᠳᠠᠯ᠂ ᠴᠢᠰᠤᠨ ᠤ ᠴᠢᠨᠦᠷᠡᠯ᠂ ᠬᠠᠪᠤᠳᠠᠷ ᠬᠠᠪᠤᠨ ᠪᠠᠶᠢᠬᠤ ᠡᠰᠡᠬᠦ ᠶᠢ ᠰᠢᠯᠭᠠᠨ᠎ᠠ᠃ ᠱᠠᠭᠠᠷᠳᠠᠯᠭ᠎ᠠ ᠲᠠᠢ ᠦᠶ᠎ᠡ ᠳᠤ ᠭᠤᠯᠳᠤ ᠪᠠᠷ ᠬᠠᠭᠠᠯᠤᠨ ᠣᠭᠲᠣᠯᠣᠭᠠᠰᠤ ᠶᠢᠨ ᠬᠡᠰᠡᠭ ᠲᠤ ᠥᠩᠭᠡ ᠶᠢᠨ ᠬᠤᠪᠢᠷᠠᠯ᠂ ᠴᠢᠰᠤ ᠠᠯᠳᠠᠭᠳᠠᠯ ᠪᠣᠯᠣᠨ ᠭᠦᠳᠦ᠋ᠢᠵᠦ ᠭᠠᠷᠤᠭᠰᠠᠨ ᠵᠦᠢᠯ ᠪᠠᠶᠢᠬᠤ ᠡᠰᠡᠬᠦ ᠶᠢ ᠰᠢᠯᠭᠠᠨ᠎ᠠ᠃      7.4 ᠡᠷᠭᠢᠭᠦᠯᠭᠡᠨ ᠬᠤᠷᠣᠬᠠᠢ ᠶᠢᠨ ᠪᠠᠶᠢᠴᠠᠭᠠᠯᠲᠠ ᠳᠤ ᠥᠷᠥᠴᠡᠨ ᠤ ᠬᠤᠶᠠᠷ ᠬᠠᠵᠠᠭᠤ ᠶᠢᠨ ᠥᠨᠴᠥᠭ ᠠᠴᠠ 30 ᠭᠷᠡᠮ ᠣᠷᠴᠢᠮ ᠠᠪᠴᠤ ᠭᠤᠯᠤᠤᠵᠠ ᠲᠠᠢ ᠨᠢᠭᠡᠳᠦᠯ ᠲᠠᠢ ᠳ᠋ᠤᠭᠠᠷᠯᠠᠨ ᠪᠤᠯᠴᠢᠩ ᠤᠨ ᠭᠢᠯᠲᠠᠩ ᠬᠠᠯᠢᠰᠤ ᠶᠢ ᠱᠠᠭᠠᠯᠵᠤ᠂ ᠬᠠᠷᠠᠵᠤ ᠠᠵᠢᠭᠯᠠᠬᠤ ᠠᠴᠠ ᠭᠠᠳᠠᠨ᠎ᠠ ᠲᠣᠮᠣᠷᠠᠭᠤᠯᠤᠭᠴᠢ ᠰᠢᠯ ᠢᠶᠠᠷ ᠰᠢᠯᠭᠠᠨ᠎ᠠ᠃      7.5 ᠠᠯᠪᠠᠨ ᠶᠣᠰᠣᠨ ᠤ ᠮᠠᠯ ᠤᠨ ᠡᠮᠴᠢ ᠠᠴᠠ ᠳᠡᠭᠡᠷ᠎ᠡ ᠳᠤᠷᠠᠳᠤᠭᠰᠠᠨ ᠬᠢᠵᠢᠭ ᠪᠠᠶᠢᠴᠠᠭᠠᠯᠲᠠ ᠶᠢᠨ ᠪᠠᠶᠢᠳᠠᠯ ᠢ ᠳᠠᠬᠢᠨ ᠰᠢᠯᠭᠠᠵᠤ ᠪᠦᠬᠦᠯᠢ ᠴᠣᠭᠴᠠ ᠠᠴᠠ ᠦᠷ᠎ᠡ ᠳ᠋ᠦᠩ ᠢ ᠮᠠᠭᠠᠳᠯᠠᠬᠤ ᠬᠡᠷᠡᠭᠲᠡᠢ᠃      7.6 ᠦᠷ᠎ᠡ ᠳ᠋ᠦᠩ ᠢ ᠰᠢᠢᠳᠬᠦ      7.6.1 ᠬᠢᠷᠢ ᠳᠤ ᠬᠦᠷᠦᠭᠰᠡᠨ ᠢ ᠠᠯᠪᠠᠨ ᠶᠣᠰᠣᠨ ᠤ ᠮᠠᠯ ᠤᠨ ᠡᠮᠴᠢ ᠠᠴᠠ ︽ᠠᠮᠢᠲᠠᠨ ᠤ ᠬᠢᠵᠢᠭ ᠲᠠᠬᠤᠯ ᠤᠨ ᠪᠠᠶᠢᠴᠠᠭᠠᠯᠲᠠ ᠬᠢᠷᠢ ᠳᠤ ᠨᠡᠶᠢᠴᠡᠭᠰᠡᠨ ᠦᠨᠡᠮᠯᠡᠬᠦ︾ ᠣᠯᠭᠤᠵᠤ᠂ ᠲᠠᠮᠠᠭ᠎ᠠ ᠳᠠᠷᠤᠨ ᠪᠠᠲᠤᠯᠠᠵᠤ᠂ ᠰᠠᠪᠠᠯᠠᠭᠰᠠᠨ ᠮᠢᠬᠠᠨ ᠪᠦᠲᠦᠭᠡᠭᠳᠡᠬᠦᠨ ᠳᠤ ᠬᠢᠵᠢᠭ ᠪᠠᠶᠢᠴᠠᠭᠠᠯᠲᠠ ᠶᠢᠨ ᠲᠡᠮᠳᠡᠭ ᠢ ᠬᠡᠷᠡᠭᠯᠡᠨ᠎ᠡ᠃      7.6.2 ᠬᠢᠷᠢ ᠳᠤ ᠬᠦᠷᠦᠭᠡ ᠦᠭᠡᠢ ᠶᠢ ᠠᠯᠪᠠᠨ ᠶᠣᠰᠣᠨ ᠤ ᠮᠠᠯ ᠤᠨ ᠡᠮᠴᠢ ᠠᠴᠠ ︽ᠠᠮᠢᠲᠠᠨ ᠤ ᠬᠢᠵᠢᠭ ᠲᠠᠬᠤᠯ ᠤᠨ ᠪᠠᠶᠢᠴᠠᠭᠠᠯᠲᠠ ᠶᠢᠨ ᠮᠡᠳᠡᠭᠳᠡᠯ︾ ᠪᠠᠭᠤᠯᠭᠠᠵᠤ ᠳᠠᠷᠠᠭᠠᠬᠢ ᠪᠠᠶᠢᠳᠠᠯ ᠢᠶᠠᠷ ᠰᠢᠢᠳᠪᠦᠷᠢᠯᠡᠨ᠎ᠡ᠃      .1᠂ 6.2.2.2 ᠪᠣᠯᠣᠨ ᠬᠤᠯᠪᠣᠭᠳᠠᠯ ᠪᠦᠬᠦᠢ ᠲᠣᠭᠲᠠᠭᠠᠯ ᠤᠨ ᠳᠠᠭᠠᠤ ᠰᠢᠢᠳᠪᠦᠷᠢᠯᠡᠨ᠎ᠡ᠃      7.6.2.2 ᠲᠤᠰ ᠵᠢᠷᠤᠮ ᠳᠤ ᠵᠢᠭᠠᠭᠰᠠᠨ ᠠᠴᠠ ᠪᠤᠰᠤᠳ ᠡᠪᠡᠳᠴᠢᠨ ᠳᠠᠷᠬᠠᠯᠠᠯ ᠠᠵᠢᠭᠯᠠᠭᠳᠠᠭᠰᠠᠨ ᠪᠠᠶᠢᠪᠠᠯ ᠬᠠᠷᠠᠭ᠎ᠠ ᠬᠢᠨᠠᠯᠲᠠ ᠲᠠᠯᠪᠢᠵᠤ ᠪᠦᠬᠦᠢ ᠲᠠᠯᠠᠪᠤᠷ ︵ᠦᠢᠯᠡᠳᠪᠦᠷᠢ᠂ ᠴᠢᠭ︶ ᠤᠨ ᠬᠢᠨ ᠭᠠᠭ᠋ᠠᠢ ᠶᠢᠨ ᠶᠡᠭᠡ ᠪᠡᠶ᠎ᠡ ︵ᠭᠤᠤᠯᠤᠵᠠ︶ ᠪᠣᠯᠣᠨ ᠳᠠᠭᠠᠯᠳᠤᠬᠤ ᠪᠦᠲᠦᠭᠡᠭᠳᠡᠬᠦᠨ ᠢ ︽ᠡᠪᠡᠳᠴᠢᠨ ᠤ ᠬᠠᠯᠳᠠᠪᠤᠷᠢ ᠠᠪᠤᠭᠰᠠᠨ ᠠᠮᠢᠲᠠᠨ ᠪᠤᠶᠤ ᠡᠪᠡᠳᠴᠢᠨ ᠳᠤ ᠬᠤᠣᠷᠳᠠᠭᠰᠠᠨ ᠠᠮᠢᠲᠠᠨ ᠤ ᠭᠠᠷᠤᠯ ᠲᠠᠢ ᠪᠦᠲᠦᠭᠡᠭᠳᠡᠬᠦᠨ ᠤ ᠪᠢᠣᠯᠣᠭᠢ ᠶᠢᠨ ᠠᠶᠤᠯ ᠦᠭᠡᠢ ᠰᠢᠢᠳᠪᠦᠷᠢᠯᠡᠬᠦ ᠵᠢᠷᠤᠮ︾ ᠤᠨ ᠳᠠᠭᠠᠤ ᠰᠢᠢᠳᠪᠦᠷᠢᠯᠡᠵᠦ᠂ ᠪᠣᠬᠢᠷᠳᠠᠭᠰᠠᠨ ᠲᠠᠯᠠᠪᠤᠷ᠂ ᠪᠠᠭᠠᠵᠢ ᠬᠡᠷᠡᠭᠰᠡᠯ ᠢ ᠲᠣᠭᠲᠠᠭᠠᠯ ᠤᠨ ᠳᠠᠭᠠᠤ ᠠᠷᠢᠭᠤᠳᠬᠠᠵᠤ᠂ ᠲᠡᠭᠦᠨᠴᠢᠯᠡᠨ ︽ᠠᠮᠢᠳᠤ ᠪᠣᠳᠠᠰ ᠤᠨ ᠠᠶᠤᠯ ᠦᠭᠡᠢ ᠰᠢᠢᠳᠪᠦᠷᠢᠯᠡᠯᠲᠡ ᠶᠢᠨ ᠲᠡᠮᠳᠡᠭᠯᠡᠯ︾ ᠢ ᠰᠠᠶᠢᠨ ᠬᠢᠭᠰᠡᠨ ᠪᠠᠶᠢᠬᠤ ᠬᠡᠷᠡᠭᠲᠡᠢ᠃      7.6.3 ᠬᠠᠷᠠᠭ᠎ᠠ ᠬᠢᠨᠠᠯᠲᠠ ᠲᠠᠯᠪᠢᠵᠤ ᠪᠦᠬᠦᠢ ᠲᠠᠯᠠᠪᠤᠷ ︵ᠦᠢᠯᠡᠳᠪᠦᠷᠢ᠂ ᠴᠢᠭ︶ ᠤᠨ ᠬᠢᠨ ᠡᠪᠡᠳᠴᠢᠨ ᠳᠠᠷᠬᠠᠯᠠᠯ ᠳᠤ ᠠᠪᠲᠠᠭᠰᠠᠨ ᠠᠮᠢᠲᠠᠨ ᠪᠤᠶᠤ ᠬᠠᠶᠠᠭᠳᠠᠯ ᠵᠦᠢᠯ ᠢ ᠬᠤᠣᠷᠳᠠᠯ ᠦᠭᠡᠢ ᠰᠢᠢᠳᠪᠦᠷᠢᠯᠡᠬᠦ ᠠᠵᠢᠯ ᠢ ᠰᠠᠶᠢᠨ ᠬᠢᠬᠦ ᠬᠡᠷᠡᠭᠲᠡᠢ᠃      7.7 ᠠᠯᠪᠠᠨ ᠶᠣᠰᠣᠨ ᠤ ᠮᠠᠯ ᠤᠨ ᠡᠮᠴᠢ ᠨᠠᠷ ᠨᠢᠭᠡᠨ ᠵᠡᠷᠭᠡ ᠬᠢᠵᠢᠭ ᠪᠠᠶᠢᠴᠠᠭᠠᠯᠲᠠ ᠶᠢᠨ ᠶᠠᠪᠤᠴᠠ ᠳᠤᠮᠳᠠ ᠡᠷᠡᠭᠦᠯ ᠬᠠᠮᠠᠭᠠᠯᠠᠯ ᠠᠶᠤᠯ ᠦᠭᠡᠢ ᠪᠠᠶᠢᠳᠠᠯ ᠢ ᠰᠠᠶᠢᠨ ᠬᠢᠬᠦ ᠬᠡᠷᠡᠭᠲᠡᠢ᠃      8. ᠬᠢᠵᠢᠭ ᠪᠠᠶᠢᠴᠠᠭᠠᠯᠲᠠ ᠶᠢᠨ ᠲᠡᠮᠳᠡᠭᠯᠡᠯ      8.1 ᠠᠯᠪᠠᠨ ᠶᠣᠰᠣᠨ ᠤ ᠮᠠᠯ ᠤᠨ ᠡᠮᠴᠢ ᠨᠠᠷ ᠨᠢᠲᠤᠯᠭᠠᠨ ᠤ ᠲᠠᠯᠠᠪᠤᠷ ︵ᠦᠢᠯᠡᠳᠪᠦᠷᠢ᠂ ᠴᠢᠭ︶ ᠤᠨ ᠠᠯᠠᠰᠢᠨ ᠳᠤ ᠭᠠᠷᠭᠠᠭᠰᠠᠨ᠂ ᠪᠠᠴᠢᠮ ᠨᠢᠲᠤᠯᠬᠤ᠂ ᠠᠮᠢᠳᠤ ᠪᠣᠳᠠᠰ ᠤᠨ ᠠᠶᠤᠯ ᠦᠭᠡᠢ ᠰᠢᠢᠳᠪᠦᠷᠢᠯᠡᠯᠲᠡ ᠶᠢᠨ ᠬᠤᠯᠪᠣᠭᠳᠠᠯ ᠪᠦᠬᠦᠢ ᠲᠡᠮᠳᠡᠭᠯᠡᠯ ᠳᠤ ᠬᠠᠷᠠᠭ᠎ᠠ ᠬᠢᠨᠠᠯᠲᠠ ᠲᠠᠯᠪᠢᠵᠤ ᠬᠥᠲᠥᠯᠥᠨ ᠤᠳᠤᠷᠢᠳᠤᠨ᠎ᠠ᠃      8.2 ᠠᠯᠪᠠᠨ ᠶᠣᠰᠣᠨ ᠤ ᠮᠠᠯ ᠤᠨ ᠡᠮᠴᠢ ᠨᠠᠷ ᠲᠠᠯᠠᠪᠤᠷ ᠲᠤ ᠨᠡᠪᠲᠡᠷᠡᠭᠦᠯᠬᠦ ᠰᠢᠯᠭᠠᠨ ᠪᠠᠶᠢᠴᠠᠭᠠᠯᠲᠠ ᠶᠢ ᠬᠢᠨᠠᠬᠤ᠂ ᠬᠢᠵᠢᠭ ᠪᠠᠶᠢᠴᠠᠭᠠᠯᠲᠠ ᠶᠢᠨ ᠡᠷᠭᠦᠳᠡᠯ᠂ ᠨᠢᠲᠤᠯᠭᠠᠨ ᠤ ᠡᠮᠦᠨᠡᠬᠢ ᠪᠠᠶᠢᠴᠠᠭᠠᠯᠲᠠ᠂ ᠬᠢᠵᠢᠭ ᠪᠠᠶᠢᠴᠠᠭᠠᠯᠲᠠ ᠵᠡᠷᠭᠡ ᠲᠠᠯ᠎ᠠ ᠤᠳ ᠤᠨ ᠲᠡᠮᠳᠡᠭᠯᠡᠯ ᠢ ᠬᠠᠮᠲᠤ ᠳᠤ ᠨᠢ ᠰᠠᠶᠢᠲᠤᠷ ᠬᠢᠬᠦ ᠬᠡᠷᠡᠭᠲᠡᠢ᠃      8.3 ᠬᠢᠵᠢᠭ ᠪᠠᠶᠢᠴᠠᠭᠠᠯᠲᠠ ᠶᠢᠨ ᠲᠡᠮᠳᠡᠭᠯᠡᠯ ᠢ 12 ᠰᠠᠷ᠎ᠠ ᠠᠴᠠ ᠳᠣᠷᠣᠭᠰᠢ ᠦᠭᠡᠢ ᠬᠠᠳᠠᠭᠠᠯᠠᠬᠤ ᠬᠡᠷᠡᠭᠲᠡᠢ᠃    
 
ᠢᠷᠡᠯᠲᠡ᠄ ᠦᠪᠦᠷ ᠮᠣᠩᠭᠤᠯ ᠤᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号