ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠠᠵᠢᠯ ᠣᠯᠵᠤ ᠠᠳᠠᠯ ᠦᠢᠯᠡᠰ ᠪᠣᠰᠬᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠨᠢᠭᠡ︶
ᠨᠡᠶᠢᠲᠡᠯᠡᠭᠰᠡᠨ ᠴᠠᠭ᠄
2020/5/11
     ᠨᠢᠭᠡ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠬᠡᠷᠬᠢᠨ ᠵᠠᠭᠠᠭᠯᠠᠨ ᠲᠣᠭᠲᠠᠭᠠᠭᠰᠠᠨ ᠪᠣᠢ︖      ᠬᠠᠷᠢᠭᠤᠯᠲᠠ᠄ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠭᠡᠳᠡᠭ ᠪᠣᠯ ᠮᠠᠯᠵᠢᠬᠤ ᠲᠠᠷᠢᠶᠠᠯᠠᠬᠤ ᠣᠷᠣᠨ ᠤ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠳᠠᠬᠢ ︵ᠡᠷᠡᠭᠲᠡᠢ ᠪᠦᠬᠦᠯᠢ 16 ᠨᠠᠰᠤᠨ ᠠᠴᠠ ᠪᠦᠬᠦᠯᠢ 60 ᠨᠠᠰᠤ ᠬᠦᠷᠲᠡᠯ᠎ᠡ᠂ ᠡᠮᠡᠭᠲᠡᠢ ᠪᠦᠬᠦᠯᠢ 16 ᠨᠠᠰᠤᠨ ᠠᠴᠠ ᠪᠦᠬᠦᠯᠢ 50 ᠨᠠᠰᠤ ᠬᠦᠷᠲᠡᠯ᠎ᠡ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠮᠡᠭᠲᠡᠢ ᠬᠥᠳᠡᠯᠮᠦᠷᠢ ᠬᠦᠴᠦᠨ ᠤ ᠨᠠᠰᠤ ᠶᠢ ᠪᠦᠬᠦᠯᠢ 55 ᠨᠠᠰᠤ ᠬᠦᠷᠲᠡᠯ᠎ᠡ ᠤᠷᠲᠤᠳᠬᠠᠨ᠎ᠠ᠂ ᠳᠣᠷᠣᠭᠰᠢ ᠡᠭᠦᠨ ᠲᠠᠢ ᠠᠳᠠᠯᠢ︶ ᠬᠥᠳᠡᠯᠮᠦᠷᠢᠯᠡᠬᠦ ᠴᠢᠳᠠᠪᠤᠷᠢ ᠪᠦᠬᠦᠢ ᠬᠥᠮᠥᠨ ᠠᠮᠠ ︵ᠡᠯ᠎ᠡ ᠲᠥᠷᠥᠯ ᠤᠨ ᠶᠡᠭᠡ ᠳᠡᠭᠡᠳᠦ ᠰᠤᠷᠭᠠᠭᠤᠯᠢ ᠳᠤ ᠰᠠᠭᠤᠵᠤ ᠪᠢᠴᠢᠭ ᠦᠵᠡᠵᠦ ᠪᠠᠶᠢᠭ᠎ᠠ ᠰᠤᠷᠤᠭᠴᠢᠳ ᠢ ᠪᠠᠭᠲᠠᠭᠠᠬᠤ ᠦᠭᠡᠢ︶ ᠶᠢ ᠵᠢᠭᠠᠵᠤ ᠪᠠᠶᠢᠨ᠎ᠠ᠃     ᠬᠤᠶᠠᠷ᠂ ᠮᠠᠯᠵᠢᠬᠤ ᠲᠠᠷᠢᠶᠠᠯᠠᠬᠤ ᠣᠷᠣᠨ ᠤ ᠨᠡᠭᠦᠨ ᠰᠢᠯᠵᠢᠵᠦ ᠠᠵᠢᠯ ᠣᠯᠣᠭᠰᠠᠨ ᠬᠥᠳᠡᠯᠮᠦᠷᠢᠯᠡᠭᠴᠢᠳ ᠢ ᠬᠡᠷᠬᠢᠨ ᠵᠠᠭᠠᠭᠯᠠᠨ ᠲᠣᠭᠲᠠᠭᠠᠭᠰᠠᠨ ᠪᠣᠢ︖      ᠬᠠᠷᠢᠭᠤᠯᠲᠠ᠄ ᠮᠠᠯᠵᠢᠬᠤ ᠲᠠᠷᠢᠶᠠᠯᠠᠬᠤ ᠣᠷᠣᠨ ᠤ ᠨᠡᠭᠦᠨ ᠰᠢᠯᠵᠢᠵᠦ ᠠᠵᠢᠯ ᠣᠯᠣᠭᠰᠠᠨ ᠬᠥᠳᠡᠯᠮᠦᠷᠢᠯᠡᠭᠴᠢᠳ ᠢ ᠪᠠᠰᠠ ᠮᠠᠯᠵᠢᠬᠤ ᠲᠠᠷᠢᠶᠠᠯᠠᠬᠤ ᠣᠷᠣᠨ ᠤ ᠬᠦᠴᠦ ᠶᠠᠪᠤᠭᠴᠢᠳ ᠭᠡᠳᠡᠭ᠃ ᠡᠨᠡ ᠨᠢ ᠮᠠᠯᠵᠢᠬᠤ ᠲᠠᠷᠢᠶᠠᠯᠠᠬᠤ ᠣᠷᠣᠨ ᠤ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠳᠠᠬᠢ ᠬᠥᠳᠡᠯᠮᠦᠷᠢᠯᠡᠬᠦ ᠴᠢᠳᠠᠪᠤᠷᠢ ᠲᠠᠢ ᠪᠠ ᠨᠡᠭᠦᠨ ᠰᠢᠯᠵᠢᠵᠦ ᠠᠵᠢᠯ ᠣᠯᠬᠤ ᠬᠦᠰᠡᠯ ᠡᠷᠡᠮᠡᠯᠵᠡᠯ ᠲᠠᠢ ᠮᠥᠷᠲᠡᠭᠡᠨ ᠬᠤᠶᠠᠳᠤᠭᠠᠷ ᠠᠵᠤ ᠦᠢᠯᠡᠰ᠂ ᠭᠤᠷᠪᠠᠳᠤᠭᠠᠷ ᠠᠵᠤ ᠦᠢᠯᠡᠰ ᠲᠤ ᠰᠢᠯᠵᠢᠵᠦ ᠠᠵᠢᠯ ᠣᠯᠣᠭᠰᠠᠨ ᠪᠤᠶᠤ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠡᠵᠡᠩᠨᠡᠯᠲᠡ ᠶᠢᠨ ᠪᠣᠳᠠᠲᠤ ᠴᠣᠭᠴᠠ ᠳᠤ ᠬᠥᠯᠥᠰᠦᠯᠡᠭᠳᠡᠨ ᠨᠢᠭᠡᠳᠦᠭᠡᠷ ᠠᠵᠤ ᠦᠢᠯᠡᠰ ᠡᠷᠬᠢᠯᠡᠵᠦ᠂ ᠲᠤᠰ ᠣᠨ ᠤ ᠠᠵᠢᠯ ᠣᠯᠣᠭᠰᠠᠨ ᠴᠠᠭ ᠨᠢ 3 ᠰᠠᠷ᠎ᠠ ᠵᠢᠴᠢ ᠳᠡᠭᠡᠭᠰᠢ ᠬᠦᠷᠦᠭᠰᠡᠨ ᠬᠥᠳᠡᠯᠮᠦᠷᠢᠯᠡᠭᠴᠢᠳ ᠢ ᠵᠢᠭᠠᠵᠤ ᠪᠠᠶᠢᠨ᠎ᠠ᠃      ᠭᠤᠷᠪᠠ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠴᠢᠳ ᠢ ᠬᠡᠷᠬᠢᠨ ᠵᠠᠭᠠᠭᠯᠠᠨ ᠲᠣᠭᠲᠠᠭᠠᠭᠰᠠᠨ ᠪᠣᠢ︖      ᠬᠠᠷᠢᠭᠤᠯᠲᠠ᠄ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠴᠢᠳ ᠭᠡᠳᠡᠭ ᠪᠣᠯ ᠭᠠᠳᠠᠭᠰᠢ ᠭᠠᠷᠴᠤ ᠬᠦᠴᠦᠨ ᠤ ᠠᠵᠢᠯ ᠬᠢᠵᠦ ᠪᠠᠶᠢᠭᠠᠳ ᠪᠡᠶᠡᠴᠢ ᠰᠢᠯᠲᠠᠭᠠᠨ ᠠᠴᠠ ᠪᠣᠯᠵᠤ ᠠᠵᠢᠯ ᠢᠶᠠᠨ ᠵᠣᠭᠰᠣᠭᠠᠭᠰᠠᠨ ᠮᠥᠷᠲᠡᠭᠡᠨ ᠡᠷᠦᠬᠡ ᠠᠮᠠ ᠶᠢᠨ ᠬᠠᠷᠢᠶ᠎ᠠ ᠨᠢ ᠪᠠᠶᠢᠭ᠎ᠠ ᠭᠠᠵᠠᠷ ᠲᠤ ᠪᠠᠨ ᠪᠤᠴᠠᠭᠰᠠᠨ ᠪᠤᠶᠤ ᠮᠤᠵᠢ ᠬᠤᠲᠠ ᠲᠣᠭᠤᠷᠢᠭ ᠠᠯᠤᠰᠯᠠᠨ ᠥᠪᠡᠷᠲᠡᠭᠡᠨ ᠵᠠᠰᠠᠬᠤ ᠣᠷᠣᠨ ᠤ ᠬᠢᠯᠢ ᠳᠤ ᠪᠤᠴᠠᠵᠤ ᠢᠷᠡᠭᠰᠡᠨ᠂ ᠠᠶᠢᠮᠠᠭ ᠬᠤᠲᠠ ᠠᠯᠤᠰᠯᠠᠨ ᠡᠷᠦᠬᠡ ᠠᠮᠠ ᠶᠢᠨ ᠬᠠᠷᠢᠶ᠎ᠠ ᠨᠢ ᠪᠠᠶᠢᠭ᠎ᠠ ᠠᠶᠢᠮᠠᠭ ᠬᠤᠲᠠ ᠳᠤ ᠪᠠᠨ ᠪᠤᠴᠠᠭᠰᠠᠨ᠂ ᠬᠤᠰᠢᠭᠤ ᠰᠢᠶᠠᠨ ᠠᠯᠤᠰᠯᠠᠨ ᠡᠷᠦᠬᠡ ᠠᠮᠠ ᠶᠢᠨ ᠬᠠᠷᠢᠶ᠎ᠠ ᠨᠢ ᠪᠠᠶᠢᠭ᠎ᠠ ᠬᠤᠰᠢᠭᠤ ᠰᠢᠶᠠᠨ ᠳᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠴᠢᠳ ᠢ ᠵᠢᠭᠠᠬᠤ ᠪᠠᠶᠢᠨ᠎ᠠ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号