ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠠᠵᠢᠯ ᠣᠯᠵᠤ ᠠᠳᠠᠯ ᠦᠢᠯᠡᠰ ᠪᠣᠰᠬᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠳᠥᠷᠪᠡ︶
ᠨᠡᠶᠢᠲᠡᠯᠡᠭᠰᠡᠨ ᠴᠠᠭ᠄
2020/5/13
     ᠠᠷᠪᠠ᠂ ᠬᠥᠳᠡᠯᠮᠦᠷᠢ ᠶᠢᠨ ᠭᠡᠷ᠎ᠡ ᠳᠤ ᠶᠠᠮᠠᠷ ᠶᠠᠮᠠᠷ ᠠᠭᠤᠯᠭ᠎ᠠ ᠶᠢ ᠪᠠᠭᠲᠠᠭᠠᠬᠤ ᠬᠡᠷᠡᠭᠲᠡᠢ ᠪᠣᠢ︖      ᠬᠠᠷᠢᠭᠤᠯᠲᠠ᠄ ︽ᠬᠥᠳᠡᠯᠮᠦᠷᠢ ᠶᠢᠨ ᠭᠡᠷ᠎ᠡ︾ ᠳᠤ ᠲᠣᠭᠲᠠᠭᠠᠭᠰᠠᠨ ᠢ ᠦᠨᠳᠦᠰᠦᠯᠡᠪᠡᠯ᠂ ᠬᠥᠳᠡᠯᠮᠦᠷᠢ ᠶᠢᠨ ᠭᠡᠷ᠎ᠡ ᠶᠢ ᠡᠷᠬᠡᠪᠰᠢ ᠪᠢᠴᠢᠭ ᠤᠨ ᠬᠡᠯᠪᠡᠷᠢ ᠪᠠᠷ ᠲᠣᠭᠲᠠᠬᠤ ᠶᠢᠨ ᠬᠠᠮᠲᠤ᠂ ᠳᠣᠣᠷᠠᠬᠢ ᠬᠡᠳᠦᠨ ᠵᠤᠷᠪᠤᠰ ᠵᠦᠢᠯ ᠢ ᠪᠦᠷᠢᠯᠳᠦᠭᠦᠯᠬᠦ ᠬᠡᠷᠡᠭᠲᠡᠢ᠄      ︵1︶ ᠠᠵᠢᠯᠲᠠᠨ ᠬᠡᠷᠡᠭᠯᠡᠬᠦ ᠨᠢᠭᠡᠴᠢ ᠶᠢᠨ ᠨᠡᠷᠡᠶᠢᠳᠦᠯ᠂ ᠣᠷᠣᠨ ᠰᠠᠭᠤᠴᠠ ᠪᠠ ᠬᠠᠤᠯᠢ ᠪᠠᠷ ᠲᠣᠭᠲᠠᠭᠠᠭᠰᠠᠨ ᠲᠥᠯᠥᠭᠡᠨ ᠤ ᠬᠥᠮᠥᠨ ᠪᠤᠶᠤ ᠭᠤᠣᠯ ᠬᠠᠷᠢᠭᠤᠴᠠᠯᠭᠠᠲᠠᠨ︔      ︵2︶ ᠬᠥᠳᠡᠯᠮᠦᠷᠢᠯᠡᠭᠴᠢ ᠶᠢᠨ ᠨᠡᠷ᠎ᠡ᠂ ᠬᠠᠶ᠋ᠢᠭ ᠪᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠤᠶᠤ ᠪᠤᠰᠤᠳ ᠬᠦᠴᠦᠨ ᠪᠦᠬᠦᠢ ᠪᠡᠶ᠎ᠡ ᠶᠢᠨ ᠭᠡᠷᠡᠴᠢᠯᠡᠭᠡ ᠶᠢᠨ ᠨᠣᠮᠧᠷ︔      ︵3︶ ᠬᠥᠳᠡᠯᠮᠦᠷᠢ ᠶᠢᠨ ᠭᠡᠷ᠎ᠡ ᠶᠢᠨ ᠬᠤᠭᠤᠴᠠᠭᠠᠨ ᠤ ᠬᠢᠵᠠᠭᠠᠷ︔      ︵4︶ ᠠᠵᠢᠯ ᠤᠨ ᠠᠭᠤᠯᠭ᠎ᠠ ᠪᠠ ᠠᠵᠢᠯᠯᠠᠬᠤ ᠭᠠᠵᠠᠷ︔      ︵5︶ ᠠᠵᠢᠯᠯᠠᠬᠤ ᠴᠠᠭ ᠪᠠ ᠠᠮᠠᠷᠠᠯᠲᠠ︔      ︵6︶ ᠬᠥᠳᠡᠯᠮᠦᠷᠢ ᠶᠢᠨ ᠬᠥᠯᠥᠰᠦ ᠣᠯᠭᠤᠮᠵᠢ︔      ︵7︶ ᠨᠡᠶᠢᠭᠡᠮ ᠤᠨ ᠳᠠᠭᠠᠳᠬᠠᠯ︔      ︵8︶ ᠬᠥᠳᠡᠯᠮᠦᠷᠢ ᠶᠢᠨ ᠬᠠᠮᠠᠭᠠᠯᠠᠯᠲᠠ᠂ ᠬᠥᠳᠡᠯᠮᠦᠷᠢ ᠶᠢᠨ ᠨᠥᠬᠦᠴᠡᠯ ᠪᠠ ᠲᠤᠬᠠᠶᠢᠯᠠᠭᠰᠠᠨ ᠠᠵᠢᠯ ᠤᠨ ᠬᠤᠣᠷ ᠬᠥᠨᠥᠭᠡᠯ ᠤᠨ ᠰᠡᠷᠭᠡᠶᠢᠯᠡᠯᠲᠡ︔      ︵9︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠬᠥᠳᠡᠯᠮᠦᠷᠢ ᠶᠢᠨ ᠭᠡᠷ᠎ᠡ ᠳᠤ ᠣᠷᠣᠭᠤᠯᠬᠤ ᠴᠢᠬᠤᠯᠠᠲᠠᠢ ᠪᠤᠰᠤᠳ ᠵᠦᠢᠯᠡᠰ︔ ᠬᠥᠳᠡᠯᠮᠦᠷᠢ ᠶᠢᠨ ᠭᠡᠷ᠎ᠡ ᠳᠤ ᠳᠡᠭᠡᠷ᠎ᠡ ᠶᠠᠷᠢᠭᠰᠠᠨ ᠡᠷᠬᠡᠪᠰᠢ ᠪᠦᠷᠢᠯᠳᠦᠭᠦᠯᠬᠦ ᠵᠤᠷᠪᠤᠰ ᠵᠦᠢᠯ ᠠᠴᠠ ᠭᠠᠳᠠᠨ᠎ᠠ᠂ ᠠᠵᠢᠯᠲᠠᠨ ᠬᠡᠷᠡᠭᠯᠡᠬᠦ ᠨᠢᠭᠡᠴᠢ ᠠᠴᠠ ᠬᠥᠳᠡᠯᠮᠦᠷᠢᠯᠡᠭᠴᠢᠳ ᠲᠠᠢ ᠲᠤᠷᠰᠢᠨ ᠬᠡᠷᠡᠭᠯᠡᠬᠦ ᠬᠤᠭᠤᠴᠠᠭ᠎ᠠ᠂ ᠪᠣᠯᠪᠠᠰᠤᠷᠠᠭᠤᠯᠤᠯ᠂ ᠪᠠᠲᠤᠯᠠᠨ ᠰᠠᠬᠢᠬᠤ ᠨᠢᠭᠤᠴᠠ᠂ ᠨᠥᠬᠦᠪᠦᠷᠢ ᠳᠠᠭᠠᠳᠬᠠᠯ ᠪᠠ ᠠᠰᠠᠷᠠᠮᠵᠢ ᠬᠠᠷᠠᠭᠠᠯᠵᠠᠯ ᠵᠡᠷᠭᠡ ᠪᠤᠰᠤᠳ ᠵᠦᠢᠯᠡᠰ ᠢ ᠪᠣᠯᠵᠣᠨ ᠲᠣᠭᠲᠠᠵᠤ ᠪᠣᠯᠣᠨ᠎ᠠ᠃      ᠠᠷᠪᠠᠨ ᠨᠢᠭᠡ᠂ ᠬᠥᠳᠡᠯᠮᠦᠷᠢ ᠶᠢᠨ ᠭᠡᠷ᠎ᠡ ᠳᠠᠬᠢ ᠲᠤᠷᠰᠢᠨ ᠬᠡᠷᠡᠭᠯᠡᠬᠦ ᠬᠤᠭᠤᠴᠠᠭ᠎ᠠ ᠶᠢ ᠬᠡᠷᠬᠢᠨ ᠪᠣᠯᠵᠣᠨ ᠲᠣᠭᠲᠠᠬᠤ ᠪᠣᠢ︖      ᠬᠠᠷᠢᠭᠤᠯᠲᠠ᠄ ︽ᠬᠥᠳᠡᠯᠮᠦᠷᠢ ᠶᠢᠨ ᠭᠡᠷ᠎ᠡ︾ ᠳᠤ ᠲᠣᠭᠲᠠᠭᠠᠭᠰᠠᠨ ᠢ ᠦᠨᠳᠦᠰᠦᠯᠡᠪᠡᠯ᠂ ᠬᠥᠳᠡᠯᠮᠦᠷᠢ ᠶᠢᠨ ᠭᠡᠷ᠎ᠡ ᠶᠢᠨ ᠬᠤᠭᠤᠴᠠᠭᠠᠨ ᠤ ᠬᠢᠵᠠᠭᠠᠷ ᠨᠢ ᠭᠤᠷᠪᠠᠨ ᠰᠠᠷ᠎ᠠ ᠠᠴᠠ ᠳᠡᠭᠡᠭᠰᠢ ᠨᠢᠭᠡ ᠵᠢᠯ ᠬᠦᠷᠬᠦ ᠦᠭᠡᠢ ᠪᠣᠯ᠂ ᠲᠤᠷᠰᠢᠨ ᠬᠡᠷᠡᠭᠯᠡᠬᠦ ᠬᠤᠭᠤᠴᠠᠭ᠎ᠠ ᠨᠢ ᠨᠢᠭᠡ ᠰᠠᠷ᠎ᠠ ᠠᠴᠠ ᠬᠡᠲᠦᠷᠡᠵᠦ ᠪᠣᠯᠬᠤ ᠦᠭᠡᠢ︔ ᠬᠥᠳᠡᠯᠮᠦᠷᠢ ᠶᠢᠨ ᠭᠡᠷ᠎ᠡ ᠶᠢᠨ ᠬᠤᠭᠤᠴᠠᠭᠠᠨ ᠤ ᠬᠢᠵᠠᠭᠠᠷ ᠨᠢ ᠨᠢᠭᠡ ᠵᠢᠯ ᠠᠴᠠ ᠳᠡᠭᠡᠭᠰᠢ ᠭᠤᠷᠪᠠᠨ ᠵᠢᠯ ᠬᠦᠷᠬᠦ ᠦᠭᠡᠢ ᠪᠣᠯ᠂ ᠲᠤᠷᠰᠢᠨ ᠬᠡᠷᠡᠭᠯᠡᠬᠦ ᠬᠤᠭᠤᠴᠠᠭ᠎ᠠ ᠨᠢ ᠬᠤᠶᠠᠷ ᠰᠠᠷ᠎ᠠ ᠠᠴᠠ ᠬᠡᠲᠦᠷᠡᠵᠦ ᠪᠣᠯᠬᠤ ᠦᠭᠡᠢ︔ ᠭᠤᠷᠪᠠᠨ ᠵᠢᠯ ᠠᠴᠠ ᠳᠡᠭᠡᠭᠰᠢ ᠲᠣᠭᠲᠠᠮᠠᠯ ᠬᠤᠭᠤᠴᠠᠭ᠎ᠠ ᠪᠠ ᠲᠣᠭᠲᠠᠮᠠᠯ ᠪᠤᠰᠤ ᠬᠤᠭᠤᠴᠠᠭᠠᠨ ᠤ ᠬᠢᠵᠠᠭᠠᠷ ᠲᠠᠢ ᠬᠥᠳᠡᠯᠮᠦᠷᠢ ᠶᠢᠨ ᠭᠡᠷ᠎ᠡ ᠳᠤ᠂ ᠲᠤᠷᠰᠢᠨ ᠬᠡᠷᠡᠭᠯᠡᠬᠦ ᠬᠤᠭᠤᠴᠠᠭ᠎ᠠ ᠨᠢ ᠵᠢᠷᠭᠤᠭᠠᠨ ᠰᠠᠷ᠎ᠠ ᠠᠴᠠ ᠬᠡᠲᠦᠷᠡᠵᠦ ᠪᠣᠯᠬᠤ ᠦᠭᠡᠢ᠃ ᠵᠣᠬᠢᠬᠤ ᠠᠵᠢᠯ ᠤᠨ ᠡᠭᠦᠷᠭᠡ ᠶᠢ ᠪᠡᠶᠡᠯᠡᠭᠦᠯᠬᠦ ᠪᠠᠷ ᠬᠤᠭᠤᠴᠠᠭᠠᠨ ᠤ ᠬᠢᠵᠠᠭᠠᠷ ᠪᠣᠯᠭᠠᠭᠰᠠᠨ ᠬᠥᠳᠡᠯᠮᠦᠷᠢ ᠶᠢᠨ ᠭᠡᠷ᠎ᠡ ᠪᠤᠶᠤ ᠬᠥᠳᠡᠯᠮᠦᠷᠢ ᠶᠢᠨ ᠭᠡᠷ᠎ᠡ ᠶᠢᠨ ᠬᠤᠭᠤᠴᠠᠭᠠᠨ ᠤ ᠬᠢᠵᠠᠭᠠᠷ ᠨᠢ ᠭᠤᠷᠪᠠᠨ ᠰᠠᠷ᠎ᠠ ᠬᠦᠷᠬᠦ ᠦᠭᠡᠢ ᠪᠣᠯ᠂ ᠲᠤᠷᠰᠢᠨ ᠬᠡᠷᠡᠭᠯᠡᠬᠦ ᠬᠤᠭᠤᠴᠠᠭ᠎ᠠ ᠶᠢ ᠪᠣᠯᠵᠣᠨ ᠲᠣᠭᠲᠠᠵᠤ ᠪᠣᠯᠬᠤ ᠦᠭᠡᠢ᠃ ᠠᠳᠠᠯᠢ ᠨᠢᠭᠡᠨ ᠠᠵᠢᠯᠲᠠᠨ ᠬᠡᠷᠡᠭᠯᠡᠬᠦ ᠨᠢᠭᠡᠴᠢ ᠠᠴᠠ ᠬᠥᠳᠡᠯᠮᠦᠷᠢᠯᠡᠭᠴᠢᠳ ᠲᠠᠢ ᠵᠥᠪᠬᠡᠨ ᠨᠢᠭᠡ ᠯᠡ ᠤᠳᠠᠭᠠᠨ ᠤ ᠲᠤᠷᠰᠢᠨ ᠬᠡᠷᠡᠭᠯᠡᠬᠦ ᠬᠤᠭᠤᠴᠠᠭ᠎ᠠ ᠶᠢ ᠪᠣᠯᠵᠣᠨ ᠲᠣᠭᠲᠠᠵᠤ ᠪᠣᠯᠣᠨ᠎ᠠ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠬᠥᠳᠡᠯᠮᠦᠷᠢ ᠶᠢᠨ ᠭᠡᠷ᠎ᠡ ᠶᠢᠨ ᠬᠤᠭᠤᠴᠠᠭᠠᠨ ᠤ ᠬᠢᠵᠠᠭᠠᠷ ᠲᠤ ᠪᠠᠭᠲᠠᠨ᠎ᠠ᠃ ᠬᠥᠳᠡᠯᠮᠦᠷᠢ ᠶᠢᠨ ᠭᠡᠷ᠎ᠡ ᠳᠤ ᠵᠥᠪᠬᠡᠨ ᠲᠤᠷᠰᠢᠨ ᠬᠡᠷᠡᠭᠯᠡᠬᠦ ᠬᠤᠭᠤᠴᠠᠭ᠎ᠠ ᠶᠢ ᠪᠣᠯᠵᠣᠨ ᠲᠣᠭᠲᠠᠭᠰᠠᠨ ᠪᠣᠯ᠂ ᠲᠤᠷᠰᠢᠨ ᠬᠡᠷᠡᠭᠯᠡᠬᠦ ᠬᠤᠭᠤᠴᠠᠭ᠎ᠠ ᠨᠢ ᠬᠦᠴᠦᠨ ᠦᠭᠡᠢ ᠪᠠᠶᠢᠵᠤ᠂ ᠡᠨᠡ ᠬᠦ ᠬᠤᠭᠤᠴᠠᠭ᠎ᠠ ᠨᠢ ᠳᠠᠷᠤᠢ ᠬᠥᠳᠡᠯᠮᠦᠷᠢ ᠶᠢᠨ ᠭᠡᠷ᠎ᠡ ᠶᠢᠨ ᠬᠤᠭᠤᠴᠠᠭᠠᠨ ᠤ ᠬᠢᠵᠠᠭᠠᠷ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号