ᠲᠠᠷᠢᠶᠠᠯᠠᠩ ᠬᠥᠳᠡᠭᠡ ᠲᠤᠰᠬᠤᠨ ᠤ ᠶᠠᠮᠤᠨ ᠤ ︽ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠶᠢ ᠪᠥᠬᠦ ᠲᠠᠯ᠎ᠠ ᠪᠠᠷ ᠴᠠᠭᠠᠵᠠᠯᠠᠬᠤ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠳᠡᠬᠦ ᠮᠠᠭᠤᠬᠠᠢ ᠳᠠᠳᠬᠠᠯ ᠢ ᠠᠷᠢᠯᠭᠠᠬᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠲᠤᠬᠠᠶ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠢᠷᠭᠤᠭᠠᠨ ᠵᠦᠢᠯ ᠤᠨ ᠠᠷᠭ᠎ᠠ ᠨᠢ ᠶᠠᠭᠤ ᠪᠣᠢ︖
ᠨᠡᠶᠢᠲᠡᠯᠡᠭᠰᠡᠨ ᠴᠠᠭ᠄
2020/5/25
     ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠷᠠᠯᠳᠤᠭᠠᠨ ᠠᠴᠠ ᠬᠢᠨᠠᠨ ᠵᠦᠪᠯᠡᠭᠡᠳ ᠪᠠᠲᠤᠯᠠᠭᠰᠠᠨ ︽ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠶᠢ ᠪᠥᠬᠦ ᠲᠠᠯ᠎ᠠ ᠪᠠᠷ ᠴᠠᠭᠠᠵᠠᠯᠠᠬᠤ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠳᠡᠬᠦ ᠮᠠᠭᠤᠬᠠᠢ ᠳᠠᠳᠬᠠᠯ ᠢ ᠠᠷᠢᠯᠭᠠᠬᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠲᠤᠬᠠᠶ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ ᠲᠠᠷᠢᠶᠠᠯᠠᠩ ᠬᠥᠳᠡᠭᠡ ᠲᠤᠰᠬᠤᠨ ᠤ ᠶᠠᠮᠤᠨ ᠠᠴᠠ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠵᠤ᠂ ᠵᠢᠷᠭᠤᠭᠠᠨ ᠵᠦᠢᠯ ᠤᠨ ᠪᠣᠳᠠᠲᠠᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃      ᠨᠢᠭᠡ ᠳᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠵᠢᠴᠢ ᠤᠰᠤᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠡᠷᠡᠭᠵᠢᠭᠦᠯᠬᠦ ᠳᠦᠷᠢᠮ ᠳᠠᠬᠢ ᠤᠰᠤᠨ ᠤ ᠬᠡᠭᠡᠷ᠎ᠡ ᠶᠢᠨ ᠠᠮᠢᠲᠠᠨ ᠢ ᠠᠩᠨᠠᠬᠤ᠂ ᠠᠷᠠᠯᠵᠢᠶᠠᠯᠠᠬᠤ᠂ ᠲᠡᠭᠡᠭᠡᠪᠦᠷᠢᠯᠡᠬᠦ ᠪᠠ ᠢᠳᠡᠬᠦ ᠶᠢ ᠴᠠᠭᠠᠵᠠᠯᠠᠬᠤ ᠲᠤᠬᠠᠶ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠶᠢᠨ ᠰᠠᠭᠤᠷᠢᠨ ᠳᠡᠭᠡᠷ᠎ᠡ ᠬᠦᠨᠳᠦᠷᠡᠭᠦᠯᠦᠨ ᠰᠢᠢᠳᠭᠡᠨ᠎ᠡ᠃      ᠬᠤᠶᠠᠷ ᠲᠤ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ ᠢ ᠲᠦᠷᠭᠡᠪᠴᠢᠯᠡᠨ ᠲᠣᠭᠲᠠᠭᠠᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠤᠯᠢ︾ ᠶᠢᠨ ᠲᠣᠭᠲᠠᠭᠠᠯ ᠢ ᠦᠨᠳᠦᠰᠦᠯᠡᠵᠦ᠂ ᠨᠡᠯᠢᠶᠡᠳ ᠦᠷᠭᠦᠯᠵᠢ ᠬᠠᠷᠠᠭᠳᠠᠳᠠᠭ ᠭᠡᠷ ᠤᠨ ᠲᠡᠵᠢᠭᠡᠪᠦᠷᠢ ᠭᠡᠷ ᠤᠨ ᠵᠢᠭᠦᠷᠲᠡᠨ ︵ᠵᠢᠱᠢᠶᠡᠯᠡᠪᠡᠯ ᠭᠠᠭ᠋ᠠᠶ᠂ ᠦᠬᠡᠷ᠂ ᠬᠤᠨᠢ᠂ ᠲᠠᠬᠢᠶ᠎ᠠ᠂ ᠨᠤᠭᠤᠰᠤ᠂ ᠭᠠᠯᠠᠭᠤ︶ ᠵᠡᠷᠭᠡ ᠶᠢ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ ᠲᠤ ᠵᠢᠭᠰᠠᠭᠠᠨ ᠣᠷᠣᠭᠤᠯᠵᠤ᠂ ᠮᠠᠯ ᠠᠵᠤ ᠠᠬᠤᠢ ᠶᠢᠨ ᠬᠠᠤᠯᠢ ᠶᠢᠨ ᠲᠣᠭᠲᠠᠭᠠᠯ ᠶᠣᠰᠣᠭᠠᠷ ᠬᠠᠮᠢᠶᠠᠷᠤᠨ᠎ᠠ᠃      ᠭᠤᠷᠪᠠ ᠳᠤ ᠤᠰᠤᠨ ᠤ ᠬᠡᠭᠡᠷ᠎ᠡ ᠶᠢᠨ ᠠᠮᠢᠲᠠᠨ ᠤ ᠭᠠᠷᠴᠠᠭ ᠲᠤ ᠵᠠᠰᠠᠪᠤᠷᠢ ᠣᠷᠣᠭᠤᠯᠬᠤ ᠶᠢ ᠲᠦᠷᠭᠡᠪᠴᠢᠯᠡᠨ ᠲᠦᠯᠬᠢᠨ ᠠᠬᠢᠭᠤᠯᠤᠨ᠎ᠠ᠃ ᠤᠯᠤᠰ ᠤᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠯᠤᠭ᠎ᠠ ᠶᠢᠨ ᠨᠡᠪᠲᠡᠷᠡᠯᠴᠡᠭᠡ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ᠤᠰᠤᠨ ᠤ ᠬᠡᠭᠡᠷ᠎ᠡ ᠶᠢᠨ ᠠᠮᠢᠲᠠᠨ ᠪᠠ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠬᠠᠮᠢᠶ᠎ᠠ ᠪᠦᠬᠦᠢ ᠭᠠᠷᠴᠠᠭ ᠤᠨ ᠬᠡᠪᠴᠢᠶ᠎ᠡ ᠶᠢ ᠤᠯᠠᠮ ᠨᠢᠭᠡ ᠠᠯᠬᠤᠮ ᠲᠤᠳᠤᠷᠬᠠᠶᠢᠯᠠᠨ᠎ᠠ᠃ ︽ᠲᠣᠭᠲᠠᠭᠠᠯ︾ ᠤᠨ ᠲᠣᠭᠲᠠᠭᠠᠯ ᠶᠣᠰᠣᠭᠠᠷ᠂ ᠵᠢᠭᠠᠰᠤᠨ ᠤ ᠲᠥᠷᠥᠯ ᠵᠡᠷᠭᠡ ᠤᠰᠤᠨ ᠤ ᠬᠡᠭᠡᠷ᠎ᠡ ᠶᠢᠨ ᠠᠮᠢᠲᠠᠨ ᠢ ᠢᠳᠡᠬᠦ ᠶᠢ  ᠴᠠᠭᠠᠵᠠᠯᠠᠬᠤ ᠬᠡᠪᠴᠢᠶᠡᠨ ᠳᠤ ᠤᠷᠤᠭᠤᠯᠬᠤ ᠥᠬᠡᠶ᠂ ᠵᠢᠭᠠᠰᠤᠨ ᠠᠵᠤ ᠦᠢᠯᠡᠰ ᠤᠨ ᠬᠠᠤᠯᠢ ᠶᠢᠨ ᠲᠣᠭᠲᠠᠭᠠᠯ ᠶᠣᠰᠣᠭᠠᠷ ᠬᠠᠮᠢᠶᠠᠷᠤᠨ᠎ᠠ᠃      ᠲᠦᠷᠪᠡ ᠳᠤ ᠬᠡᠭᠡᠷ᠎ᠡ ᠶᠢᠨ ᠠᠮᠢᠲᠠᠨ ᠢ ᠢᠳᠡᠭᠡᠨ ᠤ ᠪᠤᠰᠤ ᠴᠢᠨᠠᠷᠲᠠᠢ ᠠᠰᠢᠭᠯᠠᠬᠤ ᠶᠢᠨ ᠬᠢᠨᠠᠨ ᠵᠦᠪᠰᠢᠶᠡᠷᠡᠯ ᠪᠠ ᠰᠢᠯᠭᠠᠨ ᠪᠠᠶᠢᠴᠠᠭᠠᠬᠤ᠂ ᠬᠢᠵᠢᠭ ᠪᠠᠶᠢᠴᠠᠭᠠᠬᠤ ᠵᠡᠷᠭᠡ ᠬᠠᠮᠢᠶᠠᠷᠤᠯᠲᠠ ᠶᠢ ᠴᠢᠩᠭᠠᠳᠬᠠᠨ᠎ᠠ᠃ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ᠂ ᠬᠢᠲᠠᠳ ᠡᠮ ᠡᠮᠨᠡᠯᠭᠡ ᠶᠢᠨ ᠬᠠᠤᠯᠢ᠂ ᠲᠤᠷᠰᠢᠯᠲᠠ ᠶᠢᠨ ᠠᠮᠢᠲᠠᠨ ᠤ ᠬᠠᠮᠢᠶᠠᠷᠤᠯᠲᠠ ᠶᠢᠨ ᠳᠦᠷᠢᠮ᠂ ᠬᠤᠲᠠ ᠶᠢᠨ ᠠᠮᠢᠲᠠᠨ ᠤ ᠬᠦᠷᠢᠶᠡᠯᠡᠩ ᠤᠨ ᠬᠠᠮᠢᠶᠠᠷᠤᠯᠲᠠ ᠶᠢᠨ ᠲᠣᠭᠲᠠᠭᠠᠯ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠰᠢᠨᠵᠢᠯᠡᠬᠦ ᠤᠬᠠᠭᠠᠨ ᠤ ᠰᠤᠳᠤᠯᠭᠠᠨ᠂ ᠡᠮ ᠳᠤ ᠬᠡᠷᠡᠭᠯᠡᠬᠦ᠂  ᠦᠵᠡᠭᠦᠯᠭᠡ ᠵᠡᠷᠭᠡ ᠣᠨᠴᠠᠭᠠᠢ ᠪᠠᠶᠢᠳᠠᠯ ᠠᠴᠠ ᠪᠣᠯᠵᠤ ᠬᠡᠭᠡᠷ᠎ᠡ ᠶᠢᠨ ᠠᠮᠢᠲᠠᠨ ᠢ ᠢᠳᠡᠭᠡᠨ ᠤ ᠪᠤᠰᠤ ᠴᠢᠨᠠᠷᠲᠠᠢ ᠠᠰᠢᠭᠯᠠᠬᠤ ᠶᠢᠨ ᠬᠢᠨᠠᠨ ᠵᠦᠪᠰᠢᠶᠡᠷᠡᠯ ᠪᠠ ᠬᠢᠵᠢᠭ ᠤᠨ ᠪᠠᠶᠢᠴᠠᠭᠠᠯᠲᠠ ᠶᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠦᠨ᠎ᠡ᠃      ᠲᠠᠪᠤ ᠳᠤ ᠬᠠᠤᠯᠢ ᠬᠡᠷᠡᠭᠵᠢᠭᠦᠯᠦᠯᠲᠡ ᠳᠠᠬᠢ ᠬᠢᠨᠠᠯᠲᠠ ᠶᠢ ᠴᠢᠩᠭᠠᠳᠬᠠᠨ᠎ᠠ᠃ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ  ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶᠢᠯᠠᠨ᠂ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠬᠢᠨᠠᠯᠲᠠ ᠲᠠᠯᠪᠢᠵᠤ ᠪᠠᠶᠢᠴᠠᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ︽ᠲᠣᠭᠲᠠᠭᠠᠯ︾ ᠪᠣᠯᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ︔ ᠬᠠᠤᠯᠢ ᠠᠴᠠ ᠵᠥᠷᠢᠴᠡᠵᠦ ᠡᠵᠡᠩᠨᠡᠭᠰᠡᠨ ᠲᠠᠯᠠᠪᠤᠷ ᠭᠠᠵᠠᠷ ᠪᠠ ᠬᠠᠤᠯᠢ ᠠᠴᠠ ᠵᠦᠷᠢᠴᠡᠭᠰᠡᠨ ᠡᠵᠡᠩᠨᠡᠭᠴᠢ ᠶᠢ ᠬᠠᠤᠯᠢ  ᠶᠤᠰᠤᠭᠠᠷ ᠬᠦᠴᠦᠨ ᠦᠭᠡᠢ ᠪᠣᠯᠭᠠᠬᠤ ᠪᠤᠶᠤ ᠪᠠᠶᠢᠴᠠᠭᠠᠨ ᠪᠢᠲᠡᠭᠦᠮᠵᠢᠯᠡᠵᠦ᠂ ᠡᠭᠦᠳᠡ ᠶᠢ ᠨᠢ ᠬᠠᠭᠠᠯᠭᠠᠨ᠎ᠠ᠃      ᠵᠢᠷᠭᠤᠭ᠎ᠠ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠦᠷᠨᠢᠭᠦᠯᠦᠨ᠎ᠡ᠃ ᠨᠡᠶᠢᠭᠡᠮ ᠤᠨ ᠡᠯ᠎ᠡ ᠡᠲᠡᠭᠡᠳ ᠢ ᠵᠣᠬᠢᠶᠠᠨ ᠪᠠᠶᠢᠭᠤᠯᠤᠨ ︽ᠲᠣᠭᠲᠠᠭᠠᠯ︾ ᠢ ᠨᠡᠶᠢᠲᠡᠯᠡᠭᠰᠡᠨ ᠴᠢᠬᠤᠯᠠ ᠠᠴᠢ ᠬᠤᠯᠪᠣᠭᠳᠠᠯ ᠪᠣᠯᠤᠨ ᠭᠤᠤᠯ ᠠᠭᠤᠯᠭ᠎ᠠ ᠶᠢ ᠵᠥᠪ ᠢᠶᠠᠷ ᠣᠶᠢᠯᠠᠭᠠᠵᠤ᠂ ᠥᠷᠭᠡᠨ ᠢᠶᠠᠷ ᠤᠬᠠᠭᠤᠯᠬᠤ ᠶᠢ ᠳᠠᠶᠢᠴᠢᠯᠠᠵᠤ᠂ ᠠᠮᠢ ᠠᠬᠤᠶ ᠶᠢᠨ ᠣᠷᠴᠢᠨ ᠲᠤᠭᠤᠷᠢᠨ ᠤ ᠬᠠᠮᠠᠭᠠᠯᠠᠯᠲᠠ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠰᠢᠨᠵᠢᠯᠡᠬᠦ ᠤᠬᠠᠭᠠᠨ ᠤ ᠮᠡᠳᠡᠯᠭᠡ ᠶᠢ ᠶᠡᠬᠡᠪᠡᠷ ᠲᠦᠭᠡᠮᠡᠯᠵᠢᠭᠦᠯᠵᠦ᠂ ︽ᠲᠣᠭᠲᠠᠭᠠᠯ︾ ᠪᠣᠯᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠳᠤᠭᠤᠰᠢᠯᠠᠭᠤᠯᠤᠨ ᠬᠡᠷᠡᠭᠵᠢᠭᠦᠯᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ ᠦᠭᠭᠦᠨ᠎ᠡ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号