| | | | | ᠰᠤᠷᠪᠤᠯᠵᠢᠯᠠᠭᠰᠠᠨ ᠵᠣᠴᠢᠨ᠄ ᠬᠤᠤ ᠶᠢᠩ | ᠰᠤᠷᠪᠤᠯᠵᠢᠯᠠᠭᠰᠠᠨ ᠴᠠᠭ᠄ 2020 — 04 — 17 | ᠠᠭᠤᠯᠭ᠎ᠠ ᠶᠢᠨ ᠲᠣᠪᠴᠢ ᠲᠠᠨᠢᠯᠴᠠᠭᠤᠯᠭ᠎ᠠ᠄ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ | ᠬᠤᠷᠢᠶᠠᠬᠤ ᠵᠢᠯ ᠪᠣᠯᠣᠨ᠎ᠠ᠂ ᠮᠦᠨ ᠴᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ | ᠰᠢᠢᠳᠪᠦᠷᠢᠲᠦ ᠢᠯᠠᠯᠲᠠ ᠶᠢ ᠤᠯᠬᠤ ᠵᠢᠯ ᠪᠣᠯᠤᠨ᠎ᠠ᠃ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ | ᠣᠷᠣᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠨᠢ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ | ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ | ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠬᠦᠷᠢᠶᠡᠨ ᠳᠠᠬᠢ ᠲᠣᠪᠤᠶᠢᠮ᠎ᠠ ᠳᠤᠲᠠᠭᠤᠳᠠᠯ ᠢ ᠨᠥᠬᠦᠪᠥᠷᠢᠯᠡᠬᠦ᠂ ᠮᠠᠯ | ᠠᠵᠤ ᠠᠬᠤᠶ ᠪᠠ ᠲᠠᠷᠢᠶᠠᠯᠠᠩ ᠤᠨ ᠴᠢᠨᠠᠷᠯᠢᠭ ᠬᠥᠭᠵᠢᠯᠲᠡ ᠶᠢ ᠲᠦᠯᠬᠢᠨ ᠠᠬᠢᠭᠤᠯᠬᠤ᠂ ᠠᠵᠤ ᠠᠬᠤᠶ ᠶᠢᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ | ᠪᠠᠶᠢᠬᠤ ᠶᠢ ᠪᠠᠲᠤᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ 2 ᠰᠠᠷ᠎ᠠ ᠶᠢᠨ 21 ᠤ ᠡᠳᠦᠷ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠠᠴᠠ ︽︿ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ﹀ ᠤ | ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ ᠬᠤᠭᠤᠴᠠᠭ᠎ᠠ ᠶᠤᠰᠤᠭᠠᠷ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢ ᠦᠨᠡᠨ ᠬᠦ ᠪᠠᠲᠤᠯᠠᠬᠤ ᠲᠤᠬᠠᠶ ᠬᠡᠷᠡᠭᠵᠢᠭᠦᠯᠬᠦ ᠰᠠᠨᠠᠯ︾᠂ ᠳᠠᠷᠤᠢ | 2020 ᠣᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠢ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠢ ᠳᠠᠷᠤᠮᠠᠯᠯᠠᠨ ᠲᠠᠷᠬᠠᠭᠠᠪᠠ᠃ | ᠥᠰᠥᠭ ᠪᠢᠴᠢᠭ ᠤᠨ ᠪᠣᠳᠠᠲᠤ ᠲᠡᠮᠳᠡᠭᠯᠡᠯ | ᠬᠥᠲᠥᠯᠥᠭᠴᠢ᠄ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠣᠰ ᠬᠤᠭᠤᠴᠠᠭᠠᠨ ᠤ | ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ | ᠪᠠᠶᠢᠨ᠎ᠠ᠃ ᠥᠨᠥᠳᠦᠷ᠂ ᠪᠢᠳᠡ ᠠᠵᠠ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠷᠢᠶᠠᠯᠠᠩ | ᠮᠠᠯᠵᠢᠬᠤ ᠤᠷᠤᠨ ᠤ ᠠᠵᠢᠯ ᠤᠨ ᠠᠯᠪᠠᠨ ᠬᠡᠷ ᠤᠨ ᠳᠡᠳ᠋ ᠡᠷᠬᠢᠯᠡᠭᠴᠢ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ | ᠲᠤᠰᠬᠤᠨ ᠮᠠᠯᠵᠢᠬᠤ ᠤᠷᠤᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ | ᠳᠡᠳ᠋ ᠳᠠᠷᠤᠭ᠎ᠠ ᠬᠤᠤ ᠶᠢᠩ ᠢ ᠤᠷᠢᠵᠤ᠂ ᠰᠦᠯᠵᠢᠶᠡᠨ ᠤ ᠰᠤᠷᠪᠤᠯᠵᠢᠯᠠᠭ᠎ᠠ ᠶᠢᠨ ᠬᠡᠯᠪᠡᠷᠢ ᠪᠠᠷ ᠳᠠᠮᠵᠢᠭᠤᠯᠤᠨ᠂ ᠡᠨᠡ | ᠵᠢᠯ ᠤᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ | ᠲᠣᠭᠤᠷᠢᠨ ᠳᠤ ᠣᠯᠠᠨ ᠲᠠᠢ ᠬᠠᠮᠲᠤ ᠪᠠᠷ ᠰᠠᠨᠠᠯ ᠢᠶᠠᠨ ᠰᠤᠯᠢᠯᠴᠠᠬᠤ ᠪᠠᠷ ᠪᠠᠶᠢᠨ᠎ᠠ᠃ ᠬᠤᠤ ᠲᠢᠩᠬᠢᠮ ᠤᠨ ᠳᠠᠷᠤᠭ᠎ᠠ | ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ᠬᠤᠤ ᠲᠢᠩᠬᠢᠮ ᠤᠨ ᠳᠠᠷᠤᠭ᠎ᠠ ᠡ᠂ ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ | ︽︿ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ﹀ ᠤ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠰᠠᠶᠢᠲᠤᠷ | ᠠᠳᠬᠤᠵᠤ ᠬᠤᠭᠤᠴᠠᠭ᠎ᠠ ᠶᠣᠰᠣᠭᠠᠷ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢ ᠦᠨᠡᠨ ᠬᠦ | ᠪᠠᠲᠤᠯᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ᠢ ᠨᠡᠶᠢᠲᠡᠯᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠴᠤ 2020 ᠣᠨ ᠤ | ᠨᠠᠮ ᠤᠨ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠲᠡᠷᠡ ᠳᠠᠷᠤᠶ ᠳᠤ ᠨᠢ ᠨᠡᠶᠢᠲᠡᠯᠡᠭᠰᠡᠨ ᠪᠠᠶᠢᠨ᠎ᠠ᠂ | ᠲᠠᠨ ᠤ ᠦᠵᠡᠬᠦ ᠪᠠᠷ᠂ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠭᠡᠷ ᠲᠣᠭᠠᠲᠤ | ᠪᠢᠴᠢᠭ ᠮᠠᠲ᠋ᠧᠷᠢᠶᠠᠯ ᠨᠢ ᠥᠩᠭᠡᠷᠡᠭᠰᠡᠨ ᠵᠢᠯ ᠤᠳ ᠤᠨ ᠬᠢ ᠲᠠᠢ ᠶᠠᠮᠠᠷ ᠶᠠᠮᠠᠷ ᠠᠳᠠᠯᠢ ᠪᠤᠰᠤ ᠭᠠᠵᠠᠷ ᠪᠠᠶᠢᠬᠤ ᠪᠣᠶ︖ | ᠲᠡᠭᠦᠨ ᠤ ᠴᠢᠬᠤᠯᠠ ᠴᠢᠨᠠᠷ ᠨᠢ ᠪᠠᠰᠠ ᠠᠯᠢ ᠠᠯᠢ ᠲᠠᠯ᠎ᠠ ᠪᠠᠷ ᠢᠯᠡᠷᠡᠵᠦ ᠪᠠᠶᠢᠬᠤ ᠪᠣᠶ︖ | ᠬᠤᠤ ᠶᠢᠩ᠄ ᠬᠥᠲᠥᠯᠥᠭᠴᠢ ᠰᠠᠶᠢᠨ ᠤᠤ︕ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ | ᠲᠥᠪ ᠬᠤᠷᠢᠶ᠎ᠠ ᠡᠨᠡ ᠵᠢᠯ ᠤᠨ ︽ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠨᠢᠳᠤᠨᠤᠨ ᠤ 12 ᠰᠠᠷ᠎ᠠ ᠶᠢᠨ 5 ᠤ ᠡᠳᠦᠷ᠂ ᠶᠡᠷᠦᠩᠬᠡᠶ ᠱᠦᠵᠢ | ᠰᠢ ᠶᠢᠨ ᠫᠢᠩ ᠲᠥᠪ ᠤᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠳᠡᠭᠡᠷ᠎ᠡ᠂ | ︽ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠶᠠᠷᠢᠶ᠎ᠠ | ᠲᠠᠯᠪᠢᠨ ᠲᠣᠳᠣᠷᠬᠠᠶ ᠱᠠᠭᠠᠷᠳᠠᠯᠭ᠎ᠠ ᠳᠤᠷᠠᠳᠴᠤ᠂ ᠮᠠᠨ ᠤ ᠡᠨᠡ ᠵᠢᠯ ᠤᠨ ︽ᠲᠠᠷᠢᠶᠠᠯᠠᠩ ᠲᠠᠷᠢᠶᠠᠯᠠᠬᠤ ᠤᠷᠤᠨ | ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠴᠢᠭᠯᠡᠯ ᠢ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ | 1 ᠰᠠᠷ᠎ᠠ ᠶᠢᠨ 2 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠠᠴᠠ ︽︿ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ﹀ ᠤ ᠬᠦᠷᠢᠶᠡᠨ ᠳᠠᠬᠢ | ᠭᠤᠤᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠥᠬᠦ | ᠲᠠᠯ᠎ᠠ ᠪᠠᠷ ᠪᠠᠶᠢᠭᠤᠯᠤᠨ ᠪᠦᠲᠦᠭᠡᠬᠦ ᠶᠢ ᠦᠨᠡᠨ ᠬᠦ ᠪᠠᠲᠤᠯᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠳᠠᠷᠤᠮᠠᠯᠯᠠᠨ ᠲᠠᠷᠬᠠᠭᠠᠪᠠ᠂ ᠡᠨᠡ | ᠪᠣᠯ ᠪᠠᠰᠠ ᠴᠤ ᠰᠢᠨ᠎ᠡ ᠵᠠᠭᠤᠨ ᠠᠴᠠ ᠨᠠᠭᠠᠰᠢᠬᠢ ︽ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ︾ ᠤ ᠠᠵᠢᠯ ᠢ | ᠵᠢᠯᠣᠭᠤᠳᠬᠤ᠂ ᠲᠥᠪ ᠤᠨ 17 ᠳ᠋ᠤᠭᠠᠷ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠪᠣᠯᠤᠨ᠎ᠠ᠃ ᠵᠢᠯ ᠪᠦᠷᠢ ᠶᠢᠨ | ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠨᠢ ᠴᠥᠮ ᠨᠡᠶᠢᠭᠡᠮ ᠨᠡᠶᠢᠲᠡ ᠶᠢᠨ ᠠᠩᠬᠠᠷᠤᠯ ᠢ ᠥᠷᠭᠡᠨ | ᠲᠠᠲᠠᠵᠤ᠂ ᠲᠦᠭ ᠲᠦᠮᠡᠨ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠳᠡᠭ ᠶᠣᠮ᠃ | ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ | ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠠᠴᠠ ︽︿ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ | ᠲᠠᠷᠢᠶᠠᠴᠢᠨ﹀ ᠤ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ ᠬᠤᠭᠤᠴᠠᠭ᠎ᠠ ᠶᠤᠰᠤᠭᠠᠷ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢ ᠦᠨᠡᠨ ᠬᠦ ᠪᠠᠲᠤᠯᠠᠬᠤ ᠲᠤᠬᠠᠶ ᠬᠡᠷᠡᠭᠵᠢᠭᠦᠯᠬᠦ | ᠰᠠᠨᠠᠯ︾ ᠢ ᠨᠡᠶᠢᠲᠡᠯᠡᠪᠡ᠂ ᠥᠭᠡᠷ᠎ᠡ ᠪᠠᠷ ᠬᠡᠯᠡᠪᠡᠯ ᠮᠠᠨ ᠤ ᠬᠡᠯᠡᠳᠡᠭ 2020 ᠣᠨ ᠤ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠪᠣᠯᠤᠨ᠎ᠠ᠃ ᠡᠨᠡ ᠵᠢᠯ ᠪᠣᠯ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠶᠢ ᠪᠡᠶᠡᠯᠡᠭᠦᠯᠬᠦ ᠵᠢᠯ ᠮᠥᠨ᠂ ᠪᠠᠰᠠ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ | ᠤᠯᠬᠤ ᠰᠡᠭᠦᠯ ᠬᠤᠷᠢᠶᠠᠬᠤ ᠵᠢᠯ ᠮᠥᠨ᠃ ᠣᠳᠣᠬᠠᠨ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠶᠤᠯ | ᠲᠦᠭᠰᠢᠭᠦᠷᠢ ᠪᠠ ᠥᠷᠢᠰᠥᠯᠳᠦᠭᠡᠨ ᠢᠯᠡᠳᠲᠡ ᠨᠡᠮᠡᠭᠳᠡᠵᠦ᠂ ᠠᠵᠤ ᠠᠬᠤᠶ ᠪᠠᠭᠤᠷᠠᠨ ᠳᠠᠷᠤᠯᠲᠠ ᠨᠡᠮᠡᠭᠳᠡᠵᠦ᠂ | ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠲᠠᠷᠢᠶᠠᠯᠠᠩ ᠮᠠᠯ ᠠᠵᠤ | ᠠᠬᠤᠶ ᠶᠢᠨ ᠦᠢᠯᠡᠳᠪᠦᠷᠢᠯᠡᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ᠂ ᠮᠠᠯᠴᠢᠨ | ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠵᠡᠷᠭᠡ | ᠲᠠᠯ᠎ᠠ ᠳᠤ ᠨᠡᠯᠢᠶᠡᠳ ᠶᠡᠭᠡ ᠨᠥᠯᠥᠭᠡ ᠦᠵᠡᠭᠦᠯᠵᠦ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ | ᠣᠷᠣᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠨᠢ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ | ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠨᠠᠩ ᠴᠢᠬᠤᠯᠠ ᠪᠣᠯᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠳᠠᠬᠢᠨᠲᠠ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠬᠡᠯᠪᠡᠷᠢ ᠪᠠᠷ ︽ᠮᠠᠯ ᠠᠵᠤ | ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠳᠤ ᠠᠩᠬᠠᠷᠤᠯ ᠢᠶᠠᠨ | ᠲᠦᠪᠯᠡᠷᠡᠭᠦᠯᠦᠭᠰᠡᠨ ᠨᠢ᠂ ᠲᠥᠪ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠥᠪᠥᠷ ᠮᠣᠩᠭᠤᠯ ᠤᠨ ᠣᠷᠣᠨ ᠤ ᠪᠠᠶᠢᠳᠠᠯ ᠲᠠᠷᠢᠶᠠᠯᠠᠩ ᠤᠨ | ᠪᠠᠶᠢᠳᠠᠯ ᠳᠤ ᠨᠡᠶᠢᠴᠡᠭᠰᠡᠨ ᠰᠢᠨᠵᠢᠯᠡᠬᠦ ᠤᠬᠠᠭᠠᠨᠴᠢ ᠰᠤᠳᠤᠯᠤᠨ ᠮᠠᠭᠠᠳᠯᠠᠯᠲᠠ ᠪᠣᠯᠣᠨ᠎ᠠ᠃ ᠡᠨᠡ ᠨᠢ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ | ᠲᠠᠭᠠᠷᠢᠯᠳᠠ ᠶᠢᠨ ᠪᠦᠷᠢᠶ᠎ᠡ ᠶᠢ ᠬᠠᠩᠭᠢᠨᠠᠭᠤᠯᠤᠭᠰᠠᠨ ᠪᠥᠭᠡᠳ ︽ᠮᠠᠯ ᠠᠵᠤ ᠠᠬᠤᠶ ᠲᠠᠷᠢᠶᠠᠯᠠᠩ ᠮᠠᠯᠵᠢᠬᠤ | ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠬᠦᠷᠢᠶᠡᠨ ᠳᠠᠬᠢ ᠳᠤᠪᠤᠶᠢᠮ᠎ᠠ ᠳᠤᠲᠠᠭᠤᠳᠠᠯ ᠢ ᠨᠥᠬᠦᠪᠥᠷᠢᠯᠡᠬᠦ | ᠲᠠᠶᠢᠴᠢᠯᠠᠯᠳᠠ ᠶᠢᠨ ᠵᠠᠷᠯᠢᠭ ᠪᠠᠭᠤᠯᠭᠠᠪᠠ ᠭᠡᠵᠦ ᠬᠡᠯᠡᠵᠦ ᠪᠣᠯᠣᠨ᠎ᠠ᠃ | ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠳᠤ ᠭᠤᠷᠪᠠᠨ ᠣᠨᠴᠠᠯᠢᠭ ᠲᠠᠢ᠄ ᠨᠢᠭᠡ ᠳᠤ ᠬᠤᠶᠠᠷ ᠶᠡᠭᠡ ᠡᠭᠦᠷᠭᠡ ᠶᠢ ᠲᠤᠳᠤᠷᠬᠠᠶᠢᠯᠠᠪᠠ᠃ ᠪᠢᠴᠢᠭ | ᠮᠠᠲ᠋ᠧᠷᠢᠶᠠᠯ ᠳᠤ ᠲᠥᠪ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠢᠯᠡᠷᠡᠭᠦᠯᠵᠦ᠂ ᠴᠢᠨᠡᠭᠡᠯᠢᠭ ᠨᠡᠶᠢᠭᠡᠮ ᠢ ᠪᠥᠬᠦ | ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠶᠢ ᠪᠠᠷᠢᠮᠵᠢᠶᠠᠯᠠᠨ ᠬᠠᠷᠭᠤᠭᠤᠯᠵᠤ᠂ ᠶᠠᠳᠠᠭᠤ ᠠᠴᠠ ᠠᠩᠭᠢᠵᠢᠷᠠᠭᠤᠯᠬᠤ | ᠪᠤᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠪᠠ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ | ᠪᠠᠶᠢᠭᠤᠯᠤᠨ ᠪᠦᠲᠦᠭᠡᠬᠦ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ | ᠤ ᠬᠦᠷᠢᠶᠡᠨ ᠳᠠᠬᠢ ᠲᠣᠪᠤᠶᠢᠮ᠎ᠠ ᠳᠤᠲᠠᠭᠤᠳᠠᠯ ᠢ ᠨᠥᠬᠦᠪᠥᠷᠢᠯᠡᠬᠦ ᠬᠤᠶᠠᠷ ᠶᠡᠭᠡ ᠡᠭᠦᠷᠭᠡ ᠳᠤ ᠭᠤᠣᠯᠳᠠᠯᠭ᠎ᠠ ᠲᠠᠢ | ᠪᠠᠶᠢᠷᠢᠯᠠᠭᠤᠯᠤᠯᠲᠠ ᠬᠢᠪᠠ᠃ ᠡᠭᠦᠨ ᠤ ᠬᠠᠮᠲᠤ᠂ ᠴᠢᠬᠤᠯᠠ ᠪᠦᠬᠦᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠪᠦᠲᠦᠮᠵᠢᠲᠡᠶ ᠬᠠᠩᠭᠠᠯᠭ᠎ᠠ ᠶᠢ ᠪᠠᠲᠤᠯᠠᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ | ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ | ᠵᠠᠰᠠᠯᠲᠠ ᠶᠢ ᠴᠢᠩᠭᠠᠳᠬᠠᠬᠤ ᠵᠡᠷᠭᠡ ᠭᠤᠤᠯᠳᠠᠯᠭ᠎ᠠ ᠲᠠᠢ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠴᠤ᠂ | ᠲᠥᠪ ᠠᠴᠠ ᠳᠤᠷᠠᠳᠤᠭᠰᠠᠨ ᠡᠯ᠎ᠡ ᠵᠦᠢᠯ ᠤᠨ ᠡᠭᠦᠷᠭᠡ ᠶᠢ ᠵᠦᠢᠯ ᠳᠠᠷᠠᠭᠠᠯᠠᠨ ᠨᠠᠷᠢᠯᠢᠬᠵᠢᠭᠤᠯᠤᠨ ᠵᠠᠳᠠᠯᠵᠤ᠂ | ᠡᠭᠦᠷᠭᠡ ᠶᠢ ᠣᠷᠬᠢᠭᠳᠠᠭᠤᠯᠬᠤ ᠥᠬᠡᠶ᠂ ᠳᠤᠲᠠᠭᠳᠠᠭᠤᠯᠬᠤ ᠥᠬᠡᠶ ᠪᠠᠶᠢᠬᠤ ᠬᠡᠷᠡᠭᠲᠡᠢ᠃ ᠬᠤᠶᠠᠷ ᠲᠤ ᠰᠢᠨ᠎ᠡ ᠶᠢ | ᠡᠭᠦᠳᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠪᠢᠴᠢᠭ ᠮᠠᠲ᠋ᠧᠷᠢᠶᠠᠯ ᠳᠤ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠤ ᠪᠠᠨ ᠶᠠᠷᠢᠭᠰᠠᠨ ᠴᠢᠬᠤᠯᠠ ᠶᠠᠷᠢᠶ᠎ᠠ ᠪᠠ ᠲᠥᠪ ᠤᠨ | ᠬᠥᠳᠡᠭᠡ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠤᠭᠤᠰᠢᠯᠠᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ | ᠤᠳᠠᠭ᠎ᠠ ᠶᠢᠨ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ | ᠪᠠᠶᠢᠷᠢᠯᠠᠭᠤᠯᠤᠯᠲᠠ ᠶᠣᠰᠣᠭᠠᠷ᠂ ᠴᠥᠭᠡᠨ ᠪᠤᠰᠤ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠵᠢᠱᠢᠶᠡᠯᠡᠪᠡᠯ᠂ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠴᠢᠨᠠᠷᠯᠢᠭ ᠬᠥᠭᠵᠢᠯᠲᠡ ᠶᠢᠨ 10 | ᠶᠡᠭᠡ ᠠᠵᠢᠯᠯᠠᠭᠠᠨ ᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠬᠦ᠂ 15 ᠳᠠᠪᠠᠭᠤᠯᠢᠭ ᠤᠨᠴᠠᠯᠢᠭᠳᠤ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠪᠦᠰᠡ ᠶᠢ ᠭᠤᠤᠯᠳᠠᠯᠭ᠎ᠠ ᠲᠠᠢ ᠪᠥᠲᠥᠭᠡᠨ | ᠪᠠᠶᠢᠭᠤᠯᠵᠤ᠂ 2 ᠮᠢᠩᠭᠠᠨ ᠳ᠋ᠦᠩᠰᠢᠭᠤᠷ ᠲᠠᠰ᠂ 9 ᠵᠠᠭᠤᠨ ᠳ᠋ᠦᠩᠰᠢᠭᠤᠷ ᠲᠠᠰ ᠤᠨ ᠲᠠᠷᠢᠶᠠᠯᠠᠩ ᠮᠠᠯ ᠠᠵᠤ | ᠠᠬᠤᠶ ᠶᠢᠨ ᠠᠵᠤ ᠦᠢᠯᠡᠰ ᠤᠨ ᠪᠦᠯᠦᠭᠵᠢᠯ ᠢ ᠶᠡᠬᠡᠪᠡᠷ ᠪᠣᠶᠢᠵᠢᠭᠤᠯᠣᠨ᠎ᠠ᠃ ᠡᠲᠡᠭᠡᠷ ᠨᠢ ᠴᠥᠮ ᠥᠪᠥᠷ | ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠴᠢᠨᠠᠷᠯᠢᠭ ᠬᠥᠭᠵᠢᠯᠲᠡ ᠶᠢ | ᠲᠦᠯᠬᠢᠨ ᠠᠬᠢᠭᠤᠯᠬᠤ ᠴᠢᠬᠤᠯᠠ ᠭᠠᠷᠳᠠᠴᠠ ᠪᠣᠯᠤᠨ᠎ᠠ᠃ ᠪᠢᠴᠢᠭ ᠮᠠᠲ᠋ᠧᠷᠢᠶᠠᠯ ᠳᠤ ᠪᠠᠰᠠ ᠣᠳᠣᠬᠠᠨ ᠤ ︽ᠮᠠᠯ | ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠬᠦᠷᠢᠶᠡᠨ ᠳᠠᠬᠢ ᠪᠠᠭᠤᠷᠠᠶ | ᠭᠤᠭᠴᠤᠭ᠎ᠠ ᠳᠤ ᠴᠢᠭᠯᠡᠭᠦᠯᠦᠨ᠂ ᠡᠳ᠋ ᠤᠨ ᠵᠠᠰᠠᠭ᠂ ᠮᠥᠩᠭᠦᠨ ᠭᠦᠢᠯᠭᠡᠭᠡᠨ᠂ ᠬᠡᠷᠡᠭᠯᠡᠬᠦ ᠭᠠᠵᠠᠷ ᠵᠡᠷᠭᠡ ᠲᠠᠯ᠎ᠠ ᠪᠠᠷ | ᠮᠠᠰᠢ ᠣᠯᠠᠨ ᠦᠨ᠎ᠡ ᠴᠠᠨ᠎ᠠ ᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠭᠤᠷᠪᠠ ᠳᠤ ᠬᠠᠷᠢᠭᠤᠴᠠᠯᠭ᠎ᠠ ᠶᠢᠨ ᠬᠠᠷᠠᠯᠲᠠ ᠨᠢ ᠲᠣᠳᠣᠷᠬᠠᠶ ᠪᠣᠯᠵᠠᠢ᠃ ᠪᠢᠴᠢᠭ ᠮᠠᠲ᠋ᠧᠷᠢᠶᠠᠯ ᠳᠤ ᠴᠢᠨᠡᠭᠡᠯᠢᠭ | ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ | ᠣᠷᠣᠨ ᠮᠠᠯᠴᠢᠨ ᠲᠠᠷᠢᠶᠠᠴᠢᠨ︾ ᠤ ᠬᠦᠷᠢᠶᠡᠨ ᠳᠠᠬᠢ ᠳᠤᠲᠠᠭᠤᠳᠠᠯ ᠪᠠ ᠪᠠᠭᠤᠷᠠᠶ ᠵᠦᠢᠯᠡᠰ ᠯᠦᠭᠡ ᠨᠢᠭᠲᠠ | ᠤᠶᠠᠯᠳᠤᠭᠤᠯᠤᠨ᠂ ︽ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ︵2018 — 2022 ᠣᠨ︶︾ ︽ᠥᠪᠡᠷᠲᠡᠭᠡᠨ ᠵᠠᠰᠠᠬᠤ | ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ | ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ︾ ᠶᠢᠨ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ | ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ 7 ᠲᠠᠯ᠎ᠠ ᠶᠢᠨ | ᠳᠤᠲᠠᠭᠤᠳᠠᠯ ᠢ ᠳᠤᠷᠠᠳᠤᠨ ᠭᠠᠷᠭᠠᠵᠤ᠂ ᠠᠷᠭ᠎ᠠ ᠬᠡᠮᠵᠢᠶ᠎ᠡ ᠨᠢᠭᠡᠪᠦᠷᠢ ᠳᠤ ᠴᠥᠮ ᠬᠠᠷᠠᠯᠲᠠ ᠲᠠᠢ᠂ ᠬᠤᠭᠤᠴᠠᠭ᠎ᠠ | ᠬᠢᠵᠠᠭᠠᠷ ᠲᠠᠢ᠂ ᠬᠠᠷᠢᠭᠤᠴᠠᠯᠭᠠᠲᠤ ᠨᠢᠭᠡᠴᠢ ᠲᠠᠢ ᠪᠠᠶᠢᠵᠤ᠂ ᠡᠭᠦᠷᠭᠡ ᠨᠢ ᠪᠣᠳᠠᠲᠠᠶ᠂ ᠬᠠᠷᠠᠯᠲᠠ ᠨᠢ ᠲᠣᠳᠣᠷᠬᠠᠶ᠂ | ᠬᠠᠷᠢᠭᠤᠴᠠᠯᠭ᠎ᠠ ᠨᠢ ᠲᠣᠳᠣᠷᠬᠠᠶ ᠪᠠᠶᠢᠬᠤ ᠶᠢ ᠪᠡᠶᠡᠯᠡᠭᠦᠯᠵᠦ᠂ ᠡᠯ᠎ᠡ ᠵᠦᠢᠯ ᠤᠨ ᠡᠭᠦᠷᠭᠡ ᠶᠢ ᠨᠠᠷᠢᠨ ᠪᠣᠳᠠᠲᠠᠶ | ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠪᠣᠯᠣᠨ᠎ᠠ᠃ | ᠬᠥᠲᠥᠯᠥᠭᠴᠢ᠄ ᠲᠠ ᠰᠠᠶ᠋ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ | ᠳᠠᠶᠢᠯᠠᠯᠳᠤᠭᠠᠨ ᠤ ᠢᠯᠠᠯᠲᠠ ᠶᠢ ᠤᠯᠬᠤ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢᠨ | ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠬᠦᠷᠢᠶᠡᠨ ᠳᠠᠬᠢ | ᠲᠣᠪᠤᠶᠢᠮ᠎ᠠ ᠳᠤᠲᠠᠭᠤᠳᠠᠯ ᠢ ᠨᠦᠬᠦᠪᠦᠷᠢᠯᠡᠬᠦ ᠪᠣᠯ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠬᠤᠶᠠᠷ ᠶᠡᠭᠡ ᠭᠤᠣᠯ ᠪᠣᠯᠬᠤ ᠡᠭᠦᠷᠭᠡ | ᠮᠥᠨ ᠭᠡᠵᠡᠢ᠂ ᠲᠠᠨ ᠤ ᠦᠵᠡᠬᠦ ᠪᠠᠷ᠂ ᠮᠠᠨ ᠤ ᠣᠷᠣᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠶᠢ ᠬᠡᠷᠬᠢᠨ ᠪᠠᠲᠤᠯᠠᠬᠤ ᠪᠣᠶ︖ | ᠬᠤᠤ ᠶᠢᠩ᠄ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠤ | ᠢᠯᠠᠯᠲᠠ ᠶᠢ ᠤᠯᠬᠤ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠤᠷᠢᠭ᠎ᠠ ᠱᠤᠭᠤᠮ ᠤᠨ | ᠡᠭᠦᠷᠭᠡ ᠪᠠ ᠪᠡᠯᠭᠡ ᠲᠡᠮᠳᠡᠭ ᠤᠨ ᠴᠢᠨᠠᠷᠲᠠᠢ ᠭᠦᠢᠴᠡᠳᠬᠡᠯ ᠲᠤᠭ᠎ᠠ ᠪᠣᠯᠤᠨ᠎ᠠ᠂ ᠮᠥᠨ ᠴᠦ ᠮᠠᠨ ᠤ ᠨᠠᠮ ᠤᠨ ᠠᠷᠠᠳ | ᠲᠦᠮᠡᠨ ᠳᠤ ᠠᠮᠠᠯᠠᠭᠰᠠᠨ ᠲᠥᠪ ᠴᠢᠩᠭ᠎ᠠ ᠠᠮᠠᠯᠠᠯᠲᠠ ᠪᠣᠯᠤᠨ᠎ᠠ᠃ 2019 ᠣᠨ ᠳᠤ᠂ ᠮᠠᠨ ᠤ ᠣᠷᠣᠨ ᠤ 14.1 | ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠠᠳᠠᠭᠤ ᠠᠴᠠ ᠠᠩᠭᠢᠵᠢᠷᠠᠵᠤ᠂ ᠦᠯᠡᠳᠡᠭᠰᠡᠨ 676 ᠶᠠᠳᠠᠭᠤ | ᠬᠦᠴᠢᠷᠳᠡᠯᠲᠡᠶ ᠭᠠᠴᠠᠭ᠎ᠠ ᠲᠣᠰᠬᠤᠨ ᠪᠦᠬᠦᠨ ᠢᠶᠠᠷ ᠢᠶᠠᠨ ᠵᠢᠭᠰᠠᠭᠠᠯᠲᠠ ᠠᠴᠠ ᠭᠠᠷᠴᠤ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠪᠥᠬᠦ ᠲᠠᠯ᠎ᠠ ᠪᠠᠷ ᠤᠯᠬᠤ ᠳᠤ | ᠪᠠᠲᠤ ᠪᠠᠬᠢ ᠰᠠᠭᠤᠷᠢ ᠲᠠᠯᠪᠢᠪᠠ᠃ ᠣᠳᠣᠬᠠᠨ ᠳᠤ ᠮᠠᠨ ᠤ ᠣᠷᠣᠨ ᠳᠤ ᠵᠥᠪᠬᠡᠨ 1.6 ᠲᠦᠮᠡᠨ ᠶᠠᠳᠠᠭᠤ | ᠬᠦᠴᠢᠷᠳᠡᠯᠲᠡᠶ ᠬᠥᠮᠦᠨ ᠠᠮᠠ ᠦᠯᠡᠳᠡᠵᠦ ᠪᠠᠶᠢᠨ᠎ᠠ᠂ ᠬᠡᠳᠦ᠋ᠢᠪᠡᠷ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢᠨ | ᠬᠡᠮᠵᠢᠶ᠎ᠡ ᠶᠡᠭᠡ ᠪᠢᠰᠢ᠂ ᠬᠠᠷᠠᠯᠲᠠ ᠪᠠᠨ ᠪᠡᠶᠡᠯᠡᠭᠦᠯᠬᠦ ᠳᠤ ᠨᠡᠯᠢᠶᠡᠳ ᠰᠠᠶᠢᠨ ᠨᠥᠬᠦᠴᠡᠯ ᠲᠠᠢ ᠪᠣᠯᠪᠠᠴᠤ᠂ ᠦᠯᠡᠳᠡᠵᠦ | ᠪᠠᠶᠢᠭ᠎ᠠ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠯᠠᠩᠬᠢ ᠨᠢ ᠬᠥᠳᠡᠯᠮᠦᠷᠢᠯᠡᠬᠦ ᠴᠢᠳᠠᠪᠤᠷᠢ ᠥᠬᠡᠶ ᠪᠤᠶᠤ | ᠬᠥᠳᠡᠯᠮᠦᠷᠢᠯᠡᠬᠦ ᠴᠢᠳᠠᠪᠤᠷᠢ ᠨᠢ ᠪᠠᠭᠤᠷᠠᠶ ᠪᠠᠶᠢᠵᠤ᠂ ᠴᠥᠮ ᠶᠠᠳᠠᠭᠤ ᠶᠢᠨ ᠳᠣᠲᠣᠷᠠᠬᠢ ᠶᠠᠳᠠᠭᠤ᠂ ᠬᠦᠴᠢᠷᠲᠡᠢ ᠶᠢᠨ | ᠳᠣᠲᠣᠷᠠᠬᠢ ᠬᠦᠴᠢᠷᠳᠡᠯᠲᠡᠢ ᠬᠦᠮᠦᠰ ᠪᠣᠯᠤᠨ᠎ᠠ᠃ ᠡᠶᠢᠮᠦ ᠠᠴᠠ᠂ ᠪᠢᠴᠢᠭ ᠮᠠᠲ᠋ᠧᠷᠢᠶᠠᠯ ᠳᠤ ᠶᠠᠳᠠᠭᠤ ᠠᠴᠠ | ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ᠂ | ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ | ᠪᠣᠳᠣᠯᠭ᠎ᠠ ᠶᠢᠨ ᠶᠡᠷᠦᠩᠬᠡᠶ ᠳᠤ ᠪᠠᠨ ᠲᠣᠭᠲᠠᠭᠤᠨ ᠪᠠᠶᠢᠬᠤ ᠶᠢ ᠪᠠᠲᠤᠯᠠᠬᠤ᠂ ᠶᠠᠳᠠᠭᠤ ᠬᠦᠴᠢᠷᠳᠡᠯᠲᠡᠶ ᠬᠥᠮᠦᠨ | ᠠᠮᠠ ᠶᠢ ᠦᠷᠭᠦᠯᠵᠢᠯᠡᠨ ᠪᠠᠭᠠᠰᠬᠠᠬᠤ ᠠᠵᠢᠯ ᠢ ᠰᠠᠶᠢᠲᠤᠷ ᠬᠢᠬᠦ ᠲᠠᠪᠤᠨ ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ | ᠳᠤᠷᠠᠳᠪᠠ᠃ ᠪᠣᠭᠤᠮᠲᠠ ᠰᠢᠪᠲᠤᠯᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠪᠣᠭᠤᠮᠲᠠ | ᠰᠢᠪᠲᠤᠯᠬᠤ ᠪᠠᠶᠢᠳᠠᠯ ᠢ ᠪᠠᠲᠤᠯᠠᠵᠤ᠂ ᠲᠣᠪᠤᠶᠢᠮ᠎ᠠ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ | ᠰᠢᠢᠳᠪᠦᠷᠢᠯᠡᠨ᠎ᠡ᠃ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠠᠵᠢᠯ ᠳᠤ ᠨᠠᠷᠡᠯᠡᠨ ᠵᠢᠭᠠᠵᠤ | ᠳᠠᠶᠢᠯᠠᠯᠳᠤᠭᠠᠨ ᠢ ᠰᠢᠮᠳᠠᠭᠤᠯᠵᠤ᠂ ᠦᠯᠡᠳᠡᠵᠦ ᠪᠠᠶᠢᠭ᠎ᠠ ᠶᠠᠳᠠᠭᠤ ᠬᠦᠴᠢᠷᠳᠡᠯᠲᠡᠢ ᠬᠥᠮᠦᠨ ᠠᠮᠠ ᠪᠣᠯᠤᠨ ᠰᠢᠨ᠎ᠡ ᠪᠠᠷ | ᠶᠠᠳᠠᠭᠤᠷᠠᠵᠤ ᠲᠠᠬᠢᠨ ᠶᠠᠳᠠᠭᠤᠷᠠᠭᠰᠠᠨ ᠬᠥᠮᠦᠨ ᠠᠮᠠ ᠶᠢᠨ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ | ᠪᠡᠶᠡᠯᠡᠭᠦᠯᠦᠨ᠎ᠡ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠂ ᠶᠠᠳᠠᠭᠤ ᠠᠴᠠ | ᠠᠩᠭᠢᠵᠢᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ᠂ ᠳ᠋ᠦᠩᠨᠡᠨ ᠤᠬᠠᠭᠤᠯᠬᠤ ᠶᠢ ᠴᠢᠩᠭᠠᠳᠬᠠᠨ᠂ ᠬᠠᠷᠢᠴᠠᠩᠭᠤᠢ | ᠶᠠᠳᠠᠭᠤ ᠬᠦᠴᠢᠷᠳᠡᠯ ᠢ ᠰᠢᠢᠳᠪᠦᠷᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠰᠤᠳᠤᠯᠤᠨ | ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠡᠭᠦᠷᠭᠡ ᠶᠢ ᠬᠤᠭᠤᠴᠠᠭ᠎ᠠ | ᠶᠣᠰᠣᠭᠠᠷ ᠪᠦᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | ᠬᠥᠲᠥᠯᠥᠭᠴᠢ᠄ ᠣᠳᠣᠬᠠᠨ ᠳᠤ᠂ ᠥᠪᠥᠷ ᠮᠣᠩᠭᠤᠯ ᠤᠨ ︽ᠮᠠᠯ ᠠᠵᠤ ᠠᠬᠤᠶ ᠲᠠᠷᠢᠶᠠᠯᠠᠩ ᠮᠠᠯᠵᠢᠬᠤ | ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠬᠦᠷᠢᠶᠡᠨ ᠳᠤ ᠪᠠᠰᠠ ᠨᠡᠯᠢᠶᠡᠳ ᠲᠣᠪᠤᠶᠢᠮ᠎ᠠ ᠳᠤᠲᠠᠭᠤᠳᠠᠯ | ᠣᠷᠣᠰᠢᠵᠤ ᠪᠠᠶᠢᠨ᠎ᠠ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠡᠭᠦᠯ ᠬᠤᠷᠢᠶᠠᠬᠤ ᠵᠢᠯ ᠳᠤ᠂ | ᠮᠠᠨ ᠤ ᠣᠷᠣᠨ ᠠᠴᠠ ᠡᠲᠡᠭᠡᠷ ᠳᠤᠲᠠᠭᠤᠳᠠᠯ ᠢ ᠬᠡᠷᠬᠢᠨ ᠨᠥᠬᠦᠪᠥᠷᠢᠯᠡᠵᠦ᠂ ᠮᠠᠯᠴᠢᠨ ᠲᠠᠷᠢᠶᠠᠴᠢᠳ ᠤᠨ ᠬᠠᠮᠤᠭ ᠤᠨ | ᠠᠩᠬᠠᠷᠴᠤ ᠪᠠᠶᠢᠭ᠎ᠠ᠂ ᠬᠠᠮᠤᠭ ᠤᠨ ᠲᠤᠯᠭᠠᠮ᠂ ᠬᠠᠮᠤᠭ ᠤᠨ ᠬᠦᠰᠡᠵᠦ ᠪᠠᠶᠢᠭ᠎ᠠ ᠦᠭᠡᠷᠡᠴᠢᠯᠡᠨ ᠰᠠᠶᠢᠵᠢᠷᠠᠭᠤᠯᠬᠤ | ᠠᠰᠠᠭᠤᠳᠠᠯ ᠢ ᠰᠠᠶᠢᠲᠤᠷ ᠰᠢᠢᠳᠪᠦᠷᠢᠯᠡᠬᠦ ᠪᠣᠢ︖ | ᠬᠤᠤ ᠶᠢᠩ᠄ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢᠨ ᠬᠦᠴᠢᠷᠳᠡᠯ ᠨᠢ ︽ᠮᠠᠯ | ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠳᠤ ᠪᠣᠶ᠂ ᠳᠤᠲᠠᠭᠤᠳᠠᠯ ᠨᠢ ᠴᠦ | ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠳᠤ ᠪᠣᠶ᠃ | ᠳᠤᠲᠠᠭᠤᠳᠠᠯ ᠢ ᠨᠥᠬᠦᠪᠥᠷᠢᠯᠡᠬᠦ ᠨᠢ ᠡᠨᠡ ᠵᠢᠯ ᠤᠨ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ | ᠮᠠᠯᠴᠢᠨ ᠲᠠᠷᠢᠶᠠᠴᠢᠨ︾ ᠤ ᠠᠵᠢᠯ ᠤᠨ ᠭᠤᠣᠯ ᠪᠣᠯᠬᠤ ᠡᠭᠦᠷᠭᠡ ᠪᠣᠯᠤᠨ᠎ᠠ᠃ ᠴᠢᠨᠡᠭᠡᠯᠢᠭ ᠨᠡᠶᠢᠭᠡᠮ ᠢ ᠪᠥᠬᠦ | ᠲᠠᠯ᠎ᠠ ᠪᠠᠷ ᠪᠠᠶᠢᠭᠤᠯᠤᠨ ᠪᠦᠲᠦᠭᠡᠬᠦ ᠪᠠᠷᠢᠮᠵᠢᠶ᠎ᠠ ᠶᠣᠰᠣᠭᠠᠷ᠂ ᠪᠢᠴᠢᠭ ᠮᠠᠲ᠋ᠧᠷᠢᠶᠠᠯ ᠳᠤ ᠥᠪᠡᠷᠲᠡᠭᠡᠨ ᠵᠠᠰᠠᠬᠤ | ᠣᠷᠣᠨ ᠤ ᠳᠠᠪᠬᠤᠷᠭ᠎ᠠ ᠶᠢᠨ ᠳᠤᠲᠠᠭᠤᠳᠠᠯ ᠢ ᠨᠥᠬᠦᠪᠥᠷᠢᠯᠡᠬᠦ ᠠᠵᠢᠯ ᠳᠤ ᠪᠠᠶᠢᠷᠢᠯᠠᠭᠤᠯᠤᠯᠲᠠ ᠬᠢᠵᠦ᠂ ᠮᠠᠯᠵᠢᠬᠤ | ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ᠂ ᠬᠦᠮᠦᠰ ᠤᠨ ᠣᠷᠣᠰᠢᠨ ᠰᠠᠭᠤᠷᠢᠰᠢᠬᠤ | ᠣᠷᠴᠢᠨ ᠲᠣᠭᠤᠷᠢᠨ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠣᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ 7 ᠵᠦᠢᠯ ᠤᠨ | ᠳᠤᠲᠠᠭᠤᠳᠠᠯ ᠢ ᠵᠢᠭᠰᠠᠭᠠᠨ ᠭᠠᠷᠭᠠᠵᠤ᠂ ᠵᠦᠢᠯ ᠳᠠᠷᠠᠭᠠᠯᠠᠨ ᠬᠠᠨᠳᠤᠯᠭᠠᠲᠤ ᠴᠢᠨᠠᠷᠲᠠᠶ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠳᠤᠷᠠᠳᠤᠨ ᠭᠠᠷᠭᠠᠵᠤ᠂ ᠪᠥᠬᠦ ᠲᠠᠯ᠎ᠠ ᠪᠠᠷ ᠨᠥᠬᠦᠪᠥᠷᠢᠯᠡᠬᠦ ᠶᠢ ᠦᠨᠡᠨ ᠬᠦ ᠪᠠᠲᠤᠯᠠᠬᠤ ᠪᠣᠯᠣᠨ᠎ᠠ᠃ | ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ | ᠴᠠᠬᠢᠯᠭᠠᠨ ᠤ ᠲᠣᠤᠷ᠂ ᠴᠢᠮᠡᠭᠡ ᠨᠡᠪᠲᠡᠷᠡᠯᠭᠡ ᠶᠢᠨ ᠲᠣᠤᠷ ᠰᠦᠯᠵᠢᠶ᠎ᠡ ᠵᠡᠷᠭᠡ ᠣᠯᠠᠨ ᠨᠡᠶᠢᠲᠡ ᠶᠢᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠤᠨ | ᠣᠯᠠᠨ ᠲᠠᠯ᠎ᠠ ᠣᠷᠣᠯᠴᠠᠭᠰᠠᠨ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ ᠮᠠᠯᠵᠢᠬᠤ ᠲᠠᠷᠢᠶᠠᠯᠠᠬᠤ ᠣᠷᠣᠨ ᠤ ᠣᠯᠠᠨ | ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠬᠠᠮᠢᠶᠠᠷᠴᠤ ᠬᠠᠮᠠᠭᠠᠯᠠᠬᠤ ᠪᠠᠶᠢᠭᠤᠯᠤᠯ ᠲᠣᠭᠲᠠᠴᠠ ᠶᠢ ᠰᠦᠪᠡᠭᠴᠢᠯᠡᠨ | ᠪᠠᠶᠢᠭᠤᠯᠵᠤ᠂ ᠣᠯᠠᠨ ᠲᠥᠯᠥᠪᠵᠢᠭᠦᠯᠭᠡ ᠶᠢ ᠨᠢᠭᠡᠳᠭᠡᠭᠰᠡᠨ ᠪᠣᠳᠠᠲᠤ ᠬᠡᠷᠡᠭᠯᠡᠭᠡᠨ ᠤ ᠴᠢᠨᠠᠷᠲᠠᠶ ᠬᠦᠳᠡᠭᠡ ᠲᠣᠰᠬᠤᠨ | ᠤ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠪᠠᠨ ᠲᠦᠷᠭᠡᠳᠬᠡᠨ᠂ ᠰᠢᠶᠠᠨ ᠤ ᠬᠡᠪᠴᠢᠶᠡᠨ ᠤ ᠬᠦᠳᠡᠭᠡ | ᠲᠣᠰᠬᠤᠨ ᠤ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠬᠦᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠲᠠᠯ᠎ᠠ ᠪᠠᠷ᠂ ᠮᠠᠯᠵᠢᠬᠤ ᠲᠠᠷᠢᠶᠠᠯᠠᠬᠤ ᠣᠷᠣᠨ ᠤ ᠬᠦᠮᠦᠰ ᠤᠨ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠤ ᠵᠢᠱᠢᠶ᠎ᠡ | ᠦᠵᠡᠭᠦᠯᠬᠦ ᠠᠵᠢᠯᠯᠠᠭ᠎ᠠ ᠶᠢ ᠭᠤᠤᠯᠳᠠᠯᠭ᠎ᠠ ᠲᠠᠢ ᠬᠡᠷᠡᠭᠵᠢᠭᠦᠯᠵᠦ᠂ ᠵᠣᠷᠯᠣᠩ ᠤᠨ ᠦᠭᠡᠷᠡᠴᠢᠯᠡᠯᠲᠡ ᠢ ᠲᠥᠷᠥᠯ | ᠬᠤᠪᠢᠶᠠᠨ ᠲᠦᠯᠬᠢᠨ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢᠨ ᠵᠠᠰᠠᠯᠲᠠ ᠶᠢ ᠪᠥᠬᠦ ᠲᠠᠯ᠎ᠠ ᠪᠠᠷ ᠠᠬᠢᠭᠤᠯᠵᠤ᠂ | ᠠᠮᠢᠳᠤᠷᠠᠯ ᠤᠨ ᠪᠣᠬᠢᠷ ᠤᠰᠤ ᠶᠢᠨ ᠵᠠᠰᠠᠯᠲᠠ ᠶᠢ ᠱᠠᠲᠤ ᠳᠠᠷᠠᠭᠠᠯᠠᠨ ᠲᠦᠯᠬᠢᠨ ᠠᠬᠢᠭᠤᠯᠵᠤ᠂ ᠬᠦᠳᠡᠭᠡ | ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ᠂ 2020 | ᠣᠨ ᠤ ᠰᠡᠭᠦᠯᠴᠢ ᠪᠣᠯᠲᠠᠯ᠎ᠠ᠂ ᠨᠢᠭᠡᠳᠦᠭᠡᠷ ᠲᠥᠷᠥᠯ ᠤᠨ ᠬᠤᠰᠢᠭᠤ ᠰᠢᠶᠠᠨ ᠪᠠ ᠰᠠᠭᠤᠷᠢ ᠲᠠᠢ ᠨᠥᠬᠦᠴᠡᠯ ᠲᠠᠢ | ᠬᠤᠶᠠᠳᠤᠭᠠᠷ ᠲᠥᠷᠥᠯ ᠤᠨ ᠬᠤᠰᠢᠭᠤ ᠰᠢᠶᠠᠨ ᠳᠤ ᠡᠷᠦᠬᠡ ᠳᠤ ᠬᠡᠷᠡᠭᠯᠡᠬᠦ ᠵᠣᠷᠯᠣᠩ ᠢ ᠠᠷᠢᠭᠤᠨ ᠴᠡᠪᠡᠷᠰᠢᠭᠦᠯᠦᠨ᠂ | ᠬᠤᠤᠷ ᠦᠭᠡᠶᠢᠳᠡᠭᠦᠯᠦᠨ ᠥᠭᠡᠷᠡᠴᠢᠯᠡᠬᠦ ᠶᠢ ᠦᠨᠳᠦᠰᠦᠨ ᠳᠤ ᠪᠠᠨ ᠪᠡᠶᠡᠯᠡᠭᠦᠯᠵᠦ᠂ ᠬᠤᠭ ᠨᠣᠪᠰᠢ ᠣᠪᠣᠭᠠᠯᠠᠵᠤ | ᠲᠠᠯᠪᠢᠬᠤ ᠵᠢᠩᠬᠢᠨᠢ ᠪᠤᠰᠤ ᠴᠡᠭ ᠢ ᠴᠡᠭᠴᠡᠯᠡᠨ ᠵᠠᠰᠠᠬᠤ ᠠᠵᠢᠯ ᠢ ᠦᠨᠳᠦᠰᠦᠨ ᠳᠤ ᠪᠠᠨ ᠪᠡᠶᠡᠯᠡᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ | ᠵᠢᠯ ᠤᠨ ᠠᠵᠢᠯᠯᠠᠭᠠᠨ ᠤ ᠬᠠᠷᠠᠯᠲᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠰᠤᠷᠭᠠᠨ ᠬᠥᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ᠂ | ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠬᠤᠰᠢᠭᠤ ᠰᠢᠶᠠᠨ ᠳᠤ ᠰᠤᠷᠤᠭᠴᠢ ᠤᠨ ᠲᠤᠭ᠎ᠠ ᠬᠡᠲᠦᠷᠡᠭᠰᠡᠨ ᠠᠩᠭᠢ | ᠡᠷᠬᠢᠯᠡᠬᠦ ᠶᠢ ᠦᠨᠳᠦᠰᠦᠨ ᠳᠤ ᠪᠠᠨ ᠦᠭᠡᠶᠢᠰᠬᠡᠵᠦ᠂ ᠰᠢᠶᠠᠩ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ | ᠪᠣᠯᠤᠨ ᠰᠤᠮᠤ ᠰᠢᠶᠠᠩ ᠪᠠᠯᠭᠠᠰᠤ ᠶᠢᠨ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢ ᠪᠦᠬᠦᠨ ᠢ ᠥᠪᠡᠷᠲᠡᠭᠡᠨ | ᠵᠠᠰᠠᠬᠤ ᠣᠷᠣᠨ ᠤ ᠰᠤᠷᠭᠠᠭᠤᠯᠢ ᠡᠷᠬᠢᠯᠡᠬᠦ ᠦᠨᠳᠦᠰᠦᠨ ᠪᠠᠷᠢᠮᠵᠢᠶ᠎ᠠ ᠳᠤ ᠬᠦᠷᠦᠭᠦᠯᠦᠨ᠎ᠡ᠃ ᠬᠥᠳᠡᠭᠡ ᠲᠣᠰᠬᠤᠨ ᠤ | ᠰᠤᠷᠭᠠᠭᠤᠯᠢ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠬᠠᠮᠢᠶᠠᠷᠤᠯᠲᠠ᠂ | ᠴᠠᠯᠢᠩ ᠣᠯᠭᠤᠮᠵᠢ᠂ ᠮᠡᠷᠭᠡᠵᠢᠯ ᠤᠨ ᠴᠣᠯᠠ ᠲᠣᠭᠲᠠᠭᠠᠵᠤ ᠤᠷᠢᠬᠤ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠠᠯ᠎ᠠ ᠪᠠᠷ᠂ | ᠬᠤᠰᠢᠭᠤ ᠰᠢᠶᠠᠨ ᠤ ᠳᠡᠰ ᠤᠨ ᠡᠮᠨᠡᠯᠭᠡ ᠶᠢᠨ ᠬᠤᠷᠢᠶ᠎ᠠ ᠶᠢ ᠰᠠᠶᠢᠲᠤᠷ ᠡᠷᠬᠢᠯᠡᠵᠦ᠂ ᠪᠠᠷᠢᠮᠵᠢᠶᠠᠵᠢᠭᠰᠠᠨ ᠰᠤᠮᠤ | ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ | ᠡᠮ ᠡᠮᠨᠡᠯᠭᠡ ᠡᠷᠡᠭᠦᠯ ᠬᠠᠮᠠᠭᠠᠯᠠᠯ ᠤᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠬᠥᠳᠡᠭᠡ ᠲᠣᠰᠬᠤᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ | ᠤᠷᠤᠨ ᠤ ᠦᠨᠳᠦᠰᠦᠨ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ | ᠪᠦᠷᠢᠨᠰᠢᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ ᠬᠦᠨᠳᠦ ᠶᠡᠭᠡ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤᠨ ᠤ | ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠦᠨᠡᠨ ᠬᠦ ᠪᠠᠲᠤᠯᠠᠨ᠎ᠠ᠃ | ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠤᠨ | ᠳᠦᠷᠢᠮ ᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ | ᠤᠨ ᠪᠠᠶᠢᠳᠠᠯ ᠤᠨ ᠨᠠᠷᠢᠯᠢᠭ ᠤᠨᠤᠪᠴᠢᠲᠠᠢ ᠬᠠᠮᠢᠶᠠᠷᠤᠯᠲᠠ ᠶᠢ ᠴᠢᠩᠭᠠᠳᠬᠠᠨ᠂ ᠮᠠᠯᠵᠢᠬᠤ ᠲᠠᠷᠢᠶᠠᠯᠠᠬᠤ ᠣᠷᠣᠨ ᠤ | ᠭᠡᠷ ᠲᠤ ᠪᠠᠨ ᠬᠤᠴᠣᠷᠤᠭᠰᠠᠨ ᠬᠡᠤᠬᠡᠳ ᠪᠠ ᠡᠮᠡᠭᠲᠡᠶᠢᠴᠦᠳ᠂ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ | ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠴᠢᠳᠠᠯ ᠲᠡᠩᠬᠡᠭᠡ ᠪᠠᠨ ᠠᠯᠳᠠᠭᠰᠠᠨ ᠨᠠᠰᠤᠲᠠᠶᠢᠴᠤᠳ ᠪᠠ | ᠬᠦᠨᠳᠦ ᠵᠡᠮᠳᠡᠭᠴᠦᠳ ᠢ ᠰᠤᠪᠢᠯᠠᠬᠤ ᠦᠢᠯᠡᠴᠢᠯᠡᠭᠡᠨ ᠢ ᠦᠭᠡᠷᠡᠴᠢᠯᠡᠨ ᠰᠠᠶᠢᠵᠢᠷᠠᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠠᠯ᠎ᠠ ᠪᠠᠷ᠂ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠢ ᠪᠠᠶᠢᠭᠤᠯᠬᠤ ᠶᠢ ᠭᠤᠤᠯᠳᠠᠯᠭ᠎ᠠ ᠲᠠᠢ ᠴᠢᠩᠭᠠᠳᠬᠠᠵᠤ᠂ | ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠢ ᠬᠥᠳᠡᠭᠡ ᠲᠣᠰᠬᠤᠨ ᠲᠡᠰᠢ ᠤᠷᠲᠤᠳᠬᠠᠬᠤ ᠶᠢ | ᠲᠦᠯᠬᠢᠨ ᠠᠬᠢᠭᠤᠯᠵᠤ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠣᠶᠣᠯ ᠢ ᠬᠥᠳᠡᠭᠡ | ᠪᠠᠭᠤᠯᠭᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ | ᠰᠠᠶᠢᠲᠤᠷ ᠡᠷᠬᠢᠯᠡᠨ᠎ᠡ᠃ | ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ | ᠵᠠᠰᠠᠬᠤ ᠲᠠᠯ᠎ᠠ ᠪᠠᠷ᠂ ᠭᠤᠤᠯᠳᠠᠭᠤ ᠮᠠᠯ ᠵᠢᠭᠦᠷᠲᠡᠨ ᠤ ᠢᠯᠭᠠᠳᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ | ᠠᠰᠢᠭᠯᠠᠬᠤ᠂ ᠲᠠᠷᠢᠶᠠᠨ ᠡᠮ ᠬᠢᠮᠢ ᠶᠢᠨ ᠪᠣᠷᠲᠣᠭᠤᠷ ᠤᠨ ᠬᠡᠮᠵᠢᠶ᠎ᠡ ᠶᠢ ᠪᠠᠭᠠᠰᠬᠠᠬᠤ᠂ ᠰᠦᠯᠢᠶᠣᠣ ᠪᠦᠷᠬᠦᠪᠴᠢ ᠶᠢ | ᠡᠭᠡᠭᠦᠯᠦᠨ ᠬᠤᠷᠢᠶᠠᠵᠤ ᠰᠢᠢᠳᠪᠦᠷᠢᠯᠡᠬᠦ᠂ ᠡᠰᠢ ᠰᠦᠷᠡᠯ ᠢ ᠠᠰᠢᠭᠯᠠᠬᠤ᠂ ᠠᠮᠢᠳᠤ ᠪᠣᠳᠠᠰ ᠤᠨ ᠡᠬᠢ ᠪᠠᠶᠠᠯᠢᠭ ᠢ | ᠬᠠᠮᠠᠭᠠᠯᠠᠬᠤ᠂ ᠭᠠᠵᠠᠷ ᠳᠣᠤᠷᠠᠬᠢ ᠤᠰᠤ ᠶᠢ ᠬᠡᠲᠦ ᠬᠡᠷᠡᠭᠯᠡᠭᠰᠡᠨ ᠣᠷᠣᠨ ᠢ ᠵᠠᠰᠠᠬᠤ ᠵᠡᠷᠭᠡ ᠳᠤ ᠱᠠᠭᠠᠷᠳᠠᠯᠭ᠎ᠠ | ᠳᠤᠷᠠᠳᠪᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠤᠭᠤᠷᠢᠨ ᠤ ᠬᠠᠮᠠᠭᠠᠯᠠᠯᠲᠠ ᠶᠢ | ᠰᠠᠶᠢᠲᠤᠷ ᠠᠳᠬᠤᠵᠤ᠂ ︽ᠭᠤᠷᠪᠠᠨ ᠨᠠᠭᠤᠷ︾ ᠵᠡᠷᠭᠡ ᠭᠤᠤᠯᠳᠠᠯᠭ᠎ᠠ ᠲᠠᠢ ᠨᠠᠭᠤᠷ ᠴᠥᠭᠦᠷᠥᠮ ᠤᠨ ᠤᠰᠤᠨ ᠤ ᠠᠮᠢ | ᠠᠬᠤᠶ ᠶᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠪᠡᠯᠴᠢᠭᠡᠷᠯᠡᠭᠦᠯᠬᠦ ᠶᠢ ᠵᠤᠭᠰᠤᠭᠠᠨ᠂ | ᠪᠡᠯᠴᠢᠭᠡᠷ ᠢ ᠰᠡᠷᠭᠦᠭᠡᠬᠦ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠲᠡᠭᠦᠯᠳᠡᠷᠵᠢᠭᠦᠯᠵᠦ᠂ | ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠪᠠ | ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠴᠢᠬᠤᠯᠠᠴᠢᠯᠠᠭᠤᠰᠢᠲᠠᠶ ᠨᠢ᠂ ᠨᠥᠬᠦᠪᠥᠷᠢᠯᠡᠬᠦ ᠳᠤᠲᠠᠭᠤᠳᠠᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠶᠢᠨ ᠳᠤᠲᠠᠭᠤᠳᠠᠯ ᠮᠥᠨ᠂ ᠣᠳᠣᠬᠢᠴᠢᠯᠠᠯᠲᠠ ᠶᠢᠨ ᠳᠤᠲᠠᠭᠤᠳᠠᠯ ᠪᠢᠰᠢ᠃ ᠮᠠᠨ ᠤ | ᠣᠷᠣᠨ ᠤ ᠡᠯ᠎ᠡ ᠭᠠᠵᠠᠷ ᠤᠨ ᠮᠠᠯᠵᠢᠬᠤ ᠲᠠᠷᠢᠶᠠᠯᠠᠬᠤ ᠣᠷᠣᠨ ᠤ ᠪᠠᠶᠢᠭᠠᠯᠢ ᠶᠢᠨ ᠣᠷᠴᠢᠨ ᠲᠣᠭᠤᠷᠢᠨ᠂ ᠠᠵᠤ | ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠨᠢ ᠠᠳᠠᠯᠢ ᠪᠤᠰᠤ ᠪᠠᠶᠢᠵᠤ᠂ ᠡᠯ᠎ᠡ ᠠᠶᠢᠮᠠᠭ ᠬᠤᠲᠠ᠂ ᠬᠤᠰᠢᠭᠤ | ᠰᠢᠶᠠᠨ ᠨᠤᠭᠤᠳ ᠪᠣᠳᠠᠲᠤ ᠪᠠᠶᠢᠳᠠᠯ ᠠᠴᠠ ᠪᠠᠨ ᠡᠭᠦᠰᠴᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ | ᠲᠤᠬᠢᠷᠠᠭᠤᠯᠤᠨ᠂ ᠮᠠᠯᠴᠢᠨ ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠨᠳᠦᠳᠭᠡᠨ᠂ ᠴᠢᠳᠠᠯ ᠢᠶᠠᠷ ᠢᠶᠠᠨ ᠴᠢᠷᠮᠠᠶᠢᠨ᠂ | ᠴᠢᠳᠠᠯ ᠤᠨ ᠬᠢᠷᠢ ᠪᠠᠷ ᠢᠶᠠᠨ ᠭᠦᠢᠴᠡᠳᠭᠡᠵᠦ᠂ ᠣᠳᠣᠬᠠᠨ ᠤ ᠪᠠᠴᠢᠮ ᠡᠭᠦᠷᠭᠡ ᠶᠢ ᠨᠢᠭᠡᠳ ᠨᠢᠭᠡ ᠪᠠᠷ ᠰᠠᠶᠢᠲᠤᠷ | ᠰᠢᠢᠳᠪᠦᠷᠢᠯᠡᠨ᠂ ᠳᠥᠭᠦᠮᠬᠡᠨ ᠢᠶᠠᠷ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠵᠦ ᠪᠣᠯᠬᠤ ᠦᠭᠡᠢ᠂ ᠡᠰᠡ ᠲᠡᠭᠡᠪᠡᠯ | ᠨᠥᠬᠦᠪᠥᠷᠢᠯᠡᠬᠦ ᠴᠢᠬᠤᠯᠠ ᠦᠭᠡᠢ ᠵᠦᠢᠯ ᠢ ᠳᠠᠬᠢᠨ ᠳᠠᠪᠲᠠᠨ ᠨᠦᠬᠦᠪᠦᠷᠢᠯᠡᠵᠦ᠂ ᠨᠥᠬᠦᠪᠥᠷᠢᠯᠡᠬᠦ ᠶᠣᠰᠣᠲᠠᠶ ᠵᠦᠢᠯ ᠢ | ᠨᠥᠬᠦᠵᠦ ᠳᠡᠶᠢᠯᠬᠦ ᠦᠭᠡᠢ ᠪᠠᠶᠢᠳᠠᠯ ᠭᠠᠷᠴᠤ ᠮᠡᠳᠡᠨ᠎ᠡ᠃ | ᠬᠥᠲᠥᠯᠥᠭᠴᠢ᠄ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ | ᠲᠣᠭᠠᠲᠤ ᠪᠢᠴᠢᠭ ᠮᠠᠲ᠋ᠧᠷᠢᠶᠠᠯ ᠳᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷᠯᠢᠭ ᠬᠥᠭᠵᠢᠯᠲᠡ ᠶᠢ ᠲᠦᠯᠬᠢᠨ | ᠠᠬᠢᠭᠤᠯᠬᠤ ᠪᠠ ᠴᠢᠬᠤᠯᠠ ᠪᠦᠬᠦᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠶ | ᠬᠠᠩᠭᠠᠯᠭ᠎ᠠ ᠶᠢ ᠪᠠᠲᠤᠯᠠᠬᠤ ᠲᠠᠯ᠎ᠠ ᠪᠠᠷ ᠨᠡᠯᠢᠶᠡᠳ ᠪᠥᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠂ | ᠮᠠᠨ ᠤ ᠣᠷᠣᠨ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠴᠤ ᠡᠨᠡ ᠬᠦ ᠠᠵᠢᠯ ᠢ ᠰᠠᠶᠢᠲᠤᠷ ᠬᠢᠬᠦ ᠪᠣᠶ︖ | ᠬᠤᠤ ᠶᠢᠩ᠄ ᠲᠠᠷᠢᠶᠠᠯᠠᠩ ᠮᠠᠯ ᠠᠵᠤ ᠠᠬᠤᠶ ᠶᠢᠨ ᠴᠢᠨᠠᠷᠯᠢᠭ ᠬᠥᠭᠵᠢᠯᠲᠡ ᠶᠢ ᠲᠦᠯᠬᠢᠨ ᠠᠬᠢᠭᠤᠯᠬᠤ ᠪᠣᠯ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠳᠤᠷᠠᠳᠤᠭᠰᠠᠨ ᠲᠣᠳᠣᠷᠬᠠᠶ ᠱᠠᠭᠠᠷᠳᠠᠯᠭ᠎ᠠ ᠮᠥᠨ᠂ | ᠪᠠᠰᠠ ᠴᠤ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠶᠡᠭᠡ ᠤᠷᠤᠨ ᠪᠠᠶᠢᠭᠰᠠᠨ ᠠᠴᠠ ᠪᠠᠨ ᠲᠠᠷᠢᠶᠠᠯᠠᠩ | ᠮᠠᠯ ᠠᠵᠤ ᠠᠬᠤᠶ ᠶᠢᠨ ᠬᠦᠴᠦᠷᠬᠡᠭ ᠣᠷᠣᠨ ᠳᠠᠰᠢ ᠬᠤᠪᠢᠷᠠᠭᠤᠯᠬᠤ ᠶᠢᠨ ᠪᠣᠳᠠᠲᠤ ᠬᠡᠷᠡᠭᠴᠡᠭᠡ ᠮᠥᠨ᠃ | ᠳᠤᠮᠳᠠᠳᠤ ᠶᠢᠨ ᠬᠠᠭᠤᠴᠢ ᠦᠭᠡᠨ ᠳᠤ ︽ᠭᠠᠭ᠋ᠠᠶ ᠶᠢᠨ ᠮᠢᠬ᠎ᠠ᠂ ᠠᠮᠤ ᠪᠤᠳᠠᠭ᠎ᠠ ᠡᠯᠪᠡᠭ ᠪᠦᠭᠡᠰᠦ ᠳᠡᠯᠡᠬᠡᠶ ᠳ᠋ᠠᠬᠢᠨ | ᠠᠮᠤᠷᠵᠢᠭᠤᠨ︾ ᠭᠡᠳᠡᠭ᠂ ᠴᠢᠬᠤᠯᠠ ᠪᠦᠬᠦᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠪᠦᠲᠦᠮᠵᠢᠲᠡᠶ ᠬᠠᠩᠭᠠᠯᠭ᠎ᠠ ᠶᠢ ᠪᠠᠲᠤᠯᠠᠬᠤ ᠪᠣᠯ ᠬᠡᠵᠢᠶᠡᠲᠡ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ | ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠲᠡᠷᠢᠭᠦᠨ ᠴᠢᠬᠤᠯᠠ ᠶᠠᠪᠤᠳᠠᠯ ᠪᠣᠯᠣᠨ᠎ᠠ᠃ ᠡᠨᠡ ᠵᠢᠯ ᠪᠣᠯ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠢᠯ ᠮᠥᠨ᠂ ᠥᠭᠡᠷᠡᠴᠢᠯᠡᠯᠲᠡ ᠬᠢᠬᠦ᠂ ᠬᠥᠭᠵᠢᠭᠦᠯᠬᠦ᠂ | ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠡᠭᠦᠷᠭᠡ ᠨᠢ ᠤᠤᠯ ᠠᠴᠠ ᠪᠠᠨ ᠮᠠᠰᠢ ᠬᠠᠲᠠᠭᠤ ᠪᠡᠷᠬᠡ ᠪᠥᠭᠡᠳ ᠨᠦᠰᠡᠷ | ᠬᠦᠨᠳᠦ ᠪᠠᠶᠢᠵᠤ᠂ ᠳᠡᠭᠡᠷ᠎ᠡ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ | ᠡᠭᠦᠰᠦᠭᠰᠡᠨ ᠢ ᠨᠡᠮᠡᠪᠡᠯ᠂ ᠠᠮᠤ ᠪᠤᠳᠠᠭ᠎ᠠ᠂ ᠠᠮᠢᠳᠤ ᠭᠠᠭ᠋ᠠᠶ ᠵᠡᠷᠭᠡ ᠴᠢᠬᠤᠯᠠ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠭᠦᠨ ᠤ ᠬᠠᠩᠭᠠᠯᠭ᠎ᠠ ᠶᠢᠨ ᠠᠰᠠᠭᠤᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ | ᠮᠥᠷᠲᠡᠭᠡᠨ ᠪᠠᠰᠠ ᠲᠠᠷᠢᠶᠠᠯᠠᠩ ᠮᠠᠯ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠲᠦᠯᠬᠢᠨ ᠠᠬᠢᠭᠤᠯᠬᠤ ᠳᠤ ᠪᠢᠳᠡ | ᠦᠨᠡᠨ ᠬᠦ ᠬᠦᠴᠦᠲᠡᠢ ᠠᠷᠭ᠎ᠠ ᠬᠡᠮᠵᠢᠶ᠎ᠡ ᠠᠪᠴᠤ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠶᠢ | ᠲᠣᠭᠲᠠᠪᠤᠷᠢᠵᠢᠭᠤᠯᠵᠤ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ | ᠤ ᠰᠠᠭᠤᠷᠢ ᠴᠢᠯᠠᠭᠤᠨ ᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ | ᠨᠢᠭᠡ ᠳᠤ ᠲᠠᠷᠢᠶᠠᠯᠠᠩ ᠮᠠᠯ ᠠᠵᠤ ᠠᠬᠤᠢ ᠶᠢᠨ ᠣᠷᠣᠨ ᠪᠦᠰᠡ ᠶᠢᠨ ᠪᠠᠶᠢᠷᠢᠰᠢᠯ ᠪᠣᠯᠤᠨ | ᠦᠢᠯᠡᠳᠪᠦᠷᠢᠯᠡᠯ ᠤᠨ ᠪᠦᠲᠦᠴᠡ ᠶᠢ ᠰᠢᠯᠢᠳᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠴᠢᠨᠠᠷᠯᠢᠭ | ᠬᠥᠭᠵᠢᠯᠲᠡ ᠶᠢ ᠲᠦᠷᠭᠡᠳᠬᠡᠨ ᠲᠦᠯᠬᠢᠨ ᠠᠬᠢᠭᠤᠯᠬᠤ ᠰᠠᠨᠠᠯ ᠢ ᠲᠤᠭᠲᠠᠭᠠᠵᠤ᠂ ᠲᠠᠷᠢᠶᠠᠯᠠᠩ ᠮᠠᠯ ᠠᠵᠤ ᠠᠬᠤᠶ ᠶᠢᠨ | ᠴᠢᠨᠠᠷᠯᠢᠭ ᠬᠥᠭᠵᠢᠯᠲᠡ ᠶᠢᠨ ᠬᠠᠷᠠᠯᠲᠠᠲᠤ ᠡᠭᠦᠷᠭᠡ ᠶᠢ ᠲᠤᠳᠤᠷᠬᠠᠶᠢᠯᠠᠨ᠂ ᠪᠣᠳᠠᠲᠠᠶ ᠠᠷᠭ᠎ᠠ ᠬᠡᠮᠵᠢᠶ᠎ᠡ ᠶᠢ | ᠨᠠᠷᠢᠯᠢᠬᠵᠢᠭᠤᠯᠤᠨ ᠪᠣᠳᠠᠲᠠᠶᠢᠵᠢᠭᠤᠯᠤᠨ᠎ᠠ᠃ ᠡᠨᠡ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠡᠰᠡᠭ | ᠬᠤᠭᠤᠴᠠᠭᠠᠨ ᠤ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠵᠢᠯᠣᠭᠤᠳᠬᠤ | ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠂ ᠡᠨᠡ ᠰᠠᠨᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠠᠴᠠ ᠬᠢᠨᠠᠨ ᠵᠦᠪᠯᠡᠭᠡᠳ ᠪᠠᠲᠤᠯᠠᠪᠠ᠂ ᠤᠶᠢᠷ᠎ᠠ ᠳᠤ ᠳᠠᠷᠤᠮᠠᠯᠯᠠᠨ ᠲᠠᠷᠬᠠᠭᠠᠬᠤ ᠪᠣᠯᠤᠨ᠎ᠠ᠃ | ᠬᠤᠶᠠᠷ ᠲᠤ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠤᠨ᠎ᠠ᠃ ᠠᠮᠤ ᠪᠤᠳᠠᠭᠠᠨ ᠤ ᠠᠮᠤᠷ | ᠲᠦᠪᠰᠢᠨ ᠢ ᠮᠤᠵᠢ ᠶᠢᠨ ᠳᠠᠷᠤᠭ᠎ᠠ ᠬᠠᠷᠢᠭᠤᠴᠠᠬᠤ ᠳᠦᠷᠢᠮ ᠢ ᠨᠠᠶᠢᠳᠠᠪᠤᠷᠢᠵᠢᠭᠤᠯᠵᠤ᠂ ᠦᠨᠳᠦᠷ ᠪᠦᠲᠦᠮᠵᠢᠲᠡᠶ | ᠤᠰᠤ ᠠᠷᠪᠢᠯᠠᠬᠤ ᠬᠡᠯᠪᠡᠷᠢ ᠶᠢᠨ ᠲᠠᠷᠢᠶᠠᠯᠠᠩ ᠢ ᠶᠡᠭᠡ ᠪᠠᠷ ᠬᠦᠭᠵᠢᠭᠦᠯᠦᠨ᠂ ᠬᠤᠵᠢᠷᠯᠢᠭ ᠭᠠᠵᠠᠷ ᠤᠨ | ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ | ᠦᠨᠳᠦᠰᠦᠨ ᠳᠤ ᠪᠠᠨ ᠲᠤᠭᠲᠠᠪᠤᠷᠢᠵᠢᠭᠤᠯᠤᠨ᠎ᠠ᠃ ᠭᠤᠷᠪᠠ ᠳᠤ᠂ ᠮᠠᠯ ᠪᠠ ᠪᠡᠯᠴᠢᠭᠡᠷ ᠢ ᠨᠢᠭᠡ ᠴᠣᠭᠴᠠᠵᠢᠭᠤᠯᠤᠨ | ᠬᠥᠭᠵᠢᠭᠦᠯᠬᠦ ᠶᠢ ᠠᠬᠢᠭᠤᠯᠤᠨ᠎ᠠ᠃ ᠡᠪᠡᠰᠦᠨ ᠲᠡᠵᠢᠭᠡᠯᠲᠦ ᠮᠠᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠠᠮᠤ | ᠪᠤᠳᠠᠭ᠎ᠠ ᠪᠠ ᠡᠪᠡᠰᠦ ᠪᠣᠷᠳᠤᠭ᠎ᠠ ᠶᠢ ᠵᠡᠷᠭᠡᠪᠡᠷ ᠬᠠᠷᠠᠭᠠᠯᠵᠠᠬᠤ᠂ ᠲᠠᠷᠢᠶᠠᠯᠠᠩ ᠮᠠᠯ ᠠᠵᠤ ᠠᠬᠤᠶ ᠶᠢ ᠤᠶᠠᠯᠳᠤᠭᠤᠯᠬᠤ᠂ | ᠣᠷᠴᠢᠯᠳᠤᠭᠤᠯᠤᠨ ᠬᠥᠭᠵᠢᠭᠦᠯᠬᠦ ᠵᠡᠷᠭᠡ ᠰᠢᠨ᠎ᠡ ᠮᠠᠶ᠋ᠢᠭ ᠤᠨ ᠲᠠᠷᠢᠵᠤ ᠲᠡᠵᠢᠭᠡᠬᠦ ᠪᠦᠲᠦᠴᠡ ᠶᠢ ᠪᠤᠢ ᠪᠣᠯᠭᠠᠵᠤ᠂ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠲᠠᠷᠢᠶᠠᠯᠠᠩ ᠮᠠᠯ ᠠᠵᠤ ᠠᠬᠤᠢ ᠶᠢᠨ ᠦᠷᠭᠦᠯᠵᠢᠯᠡᠬᠦᠶᠢᠴᠡ | ᠬᠦᠭᠵᠢᠯᠲᠡ ᠶᠢ ᠠᠬᠢᠭᠤᠯᠤᠨ᠎ᠠ᠃ ᠳᠥᠷᠪᠡ ᠳᠤ ᠰᠦ ᠮᠢᠬ᠎ᠠ ᠵᠡᠷᠭᠡ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ | ᠬᠠᠩᠭᠠᠯᠭ᠎ᠠ ᠶᠢ ᠪᠠᠲᠤᠯᠠᠨ᠎ᠠ᠃ ᠠᠮᠢᠳᠤ ᠭᠠᠭ᠋ᠠᠶ ᠶᠢᠨ ᠦᠢᠯᠡᠳᠪᠦᠷᠢᠯᠡᠯ ᠢ ᠲᠣᠭᠲᠠᠪᠤᠷᠢᠵᠢᠭᠤᠯᠵᠤ ᠬᠠᠩᠭᠠᠯᠭ᠎ᠠ ᠶᠢ | ᠪᠠᠲᠤᠯᠠᠬᠤ ᠠᠵᠢᠯ ᠢ ᠰᠠᠶᠢᠲᠤᠷ ᠠᠳᠬᠤᠵᠤ᠂ 2020 ᠣᠨ ᠤ ᠵᠢᠯ ᠤᠨ ᠡᠴᠦᠰ ᠠᠴᠠ ᠡᠮᠦᠨ᠎ᠡ ᠠᠮᠢᠳᠤ ᠭᠠᠭ᠋ᠠᠶ ᠶᠢᠨ | ᠦᠢᠯᠡᠳᠪᠦᠷᠢᠯᠡᠬᠦ ᠴᠢᠳᠠᠪᠤᠷᠢ ᠶᠢ ᠦᠨᠳᠦᠰᠦᠨ ᠳᠤ ᠪᠠᠨ ᠬᠡᠪ ᠤᠨ ᠬᠢᠷᠢ ᠬᠡᠮᠵᠢᠶᠡᠨ ᠳᠤ ᠬᠦᠷᠲᠡᠯ᠎ᠡ ᠰᠡᠷᠭᠦᠭᠡᠬᠦ ᠶᠢ | ᠦᠨᠡᠨ ᠬᠦ ᠪᠠᠲᠤᠯᠠᠨ᠎ᠠ᠃ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠲᠦᠯᠬᠢᠨ | ᠠᠬᠢᠭᠤᠯᠵᠤ᠂ ᠴᠢᠨᠠᠷᠯᠢᠭ ᠪᠣᠬᠢᠷᠲᠤᠯ ᠦᠭᠡᠢ ᠦᠬᠡᠷ ᠬᠤᠨᠢᠨ ᠮᠢᠬᠠᠨ ᠤ ᠬᠠᠩᠭᠠᠯᠭ᠎ᠠ ᠶᠢ ᠨᠡᠮᠡᠭᠳᠡᠭᠦᠯᠦᠨ᠂ ᠪᠥᠬᠦ | ᠣᠷᠣᠨ ᠤ ᠮᠢᠬᠠᠨ ᠤ ᠭᠠᠷᠤᠯᠲᠠ ᠶᠢ 260 ᠲᠦᠮᠡᠨ ᠲᠣᠨ ᠤ ᠣᠷᠴᠢᠮ ᠳᠤ ᠲᠣᠭᠲᠠᠪᠤᠷᠢᠵᠢᠭᠤᠯᠤᠨ᠎ᠠ᠃ ᠠᠮᠢᠲᠠᠨ ᠤ | ᠬᠦᠨᠳᠦ ᠶᠡᠭᠡ ᠬᠢᠵᠢᠭ ᠡᠪᠡᠳᠴᠢᠨ ᠢ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠦᠷᠢᠨᠰᠢᠭᠦᠯᠵᠦ᠂ | ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠰᠢᠯᠦᠬᠡᠶ ᠡᠪᠡᠳᠴᠢᠨ ᠵᠡᠷᠭᠡ ᠬᠢᠵᠢᠭ ᠡᠪᠡᠳᠴᠢᠨ ᠢ ᠰᠡᠷᠭᠡᠶᠢᠯᠡᠨ | ᠡᠵᠡᠮᠳᠡᠬᠦ ᠶᠢ ᠴᠢᠩᠭᠠᠳᠬᠠᠨ᠎ᠠ᠃ ᠲᠠᠪᠤ ᠳᠤ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ | ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ᠂ ᠤᠳᠤᠬᠢᠴᠢᠯᠠᠭᠰᠠᠨ ᠮᠠᠯ ᠠᠵᠤ ᠠᠬᠤᠢ ᠶᠢᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ | ᠡᠭᠦᠳᠬᠦ ᠵᠡᠷᠭᠡ ᠭᠤᠣᠯ ᠪᠣᠯᠬᠤ ᠬᠦᠷᠢᠶ᠎ᠡ ᠶᠢᠨ ᠲᠣᠭᠤᠷᠢᠨ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠵᠢᠵᠢᠭ | ᠬᠡᠯᠪᠡᠷᠢ ᠶᠢᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠡᠯᠡᠳᠬᠡᠮᠵᠢ᠂ ᠪᠠᠷᠠᠭ᠎ᠠ ᠶᠢᠨ ᠭᠦᠢᠯᠭᠡᠭᠡᠨ ᠤ ᠰᠠᠭᠤᠷᠢ | ᠪᠡᠯᠡᠳᠬᠡᠮᠵᠢ ᠶᠢᠨ ᠲᠣᠤᠷ ᠰᠦᠯᠵᠢᠶ᠎ᠡ ᠵᠡᠷᠭᠡ ᠲᠠᠯ᠎ᠠ ᠪᠠᠷ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠪᠠ ᠲᠥᠷᠥᠯ | ᠵᠦᠢᠯ ᠢ ᠲᠦᠯᠦᠪᠯᠡᠨ ᠬᠡᠷᠡᠭᠵᠢᠭᠦᠯᠦᠨ᠎ᠡ᠃ ᠵᠢᠷᠭᠤᠭ᠎ᠠ ᠳᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ | ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠳᠥᠷᠪᠡᠨ ᠬᠠᠮᠤᠭ ᠤᠨ | ᠴᠢᠩᠭ᠎ᠠ︾ ᠱᠠᠭᠠᠷᠳᠠᠯᠭ᠎ᠠ ᠶᠣᠰᠣᠭᠠᠷ᠂ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ᠂ ᠶᠠᠰᠤ ᠴᠢᠨᠠᠷ ᠢ ᠪᠠᠶᠢᠴᠠᠭᠠᠬᠤ | ᠰᠢᠰᠲ᠋ᠧᠮᠵᠢ᠂ ᠬᠠᠤᠯᠢ ᠬᠡᠷᠡᠭᠵᠢᠭᠦᠯᠬᠦ ᠰᠢᠰᠲ᠋ᠧᠮᠵᠢ ᠪᠠ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠂ ᠪᠥᠬᠦ ᠶᠠᠪᠤᠴᠠ ᠶᠢ ᠬᠠᠮᠤᠷᠤᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠤᠬᠤᠴᠢᠯᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠪᠠ ᠢᠳᠡᠭᠡᠨ ᠤ | ᠠᠮᠤᠷ ᠲᠦᠪᠰᠢᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠨ᠎ᠡ᠃ ᠳᠣᠯᠤᠭ᠎ᠠ ᠳᠤ᠂ ᠲᠠᠷᠢᠶᠠᠯᠠᠩ ᠮᠠᠯ | ᠠᠵᠤ ᠠᠬᠤᠶ ᠶᠢᠨ ᠳᠡᠮᠵᠢᠯᠭᠡ ᠪᠠ ᠬᠠᠮᠠᠭᠠᠯᠠᠯᠲᠠ ᠶᠢ ᠴᠢᠩᠭᠠᠳᠬᠠᠨ᠎ᠠ᠃ ᠲᠠᠷᠢᠶᠠᠯᠠᠩ ᠮᠠᠯ ᠠᠵᠤ ᠠᠬᠤᠶ ᠶᠢ ᠳᠡᠮᠵᠢᠵᠦ | ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ | ᠳᠠᠭᠠᠳᠬᠠᠯ ᠤᠨ ᠲᠤᠷᠰᠢᠯᠲᠠ ᠶᠢᠨ ᠴᠡᠭ ᠵᠡᠷᠭᠡ ᠠᠵᠢᠯ ᠢ ᠥᠷᠨᠢᠭᠦᠯᠦᠨ᠎ᠡ᠃ | ᠬᠥᠲᠥᠯᠥᠭᠴᠢ᠄ ᠮᠠᠯᠴᠢᠨ ᠲᠠᠷᠢᠶᠠᠴᠢᠨ ᠤ ᠣᠷᠣᠯᠭ᠎ᠠ ᠪᠣᠯ ᠪᠥᠬᠦ ᠲᠠᠯ᠎ᠠ ᠪᠠᠷ ᠴᠢᠨᠡᠭᠡᠯᠢᠭᠵᠢᠬᠦ ᠶᠢᠨ ᠪᠡᠯᠭᠡ | ᠲᠡᠮᠳᠡᠭ ᠤᠨ ᠴᠢᠨᠠᠷᠲᠠᠶ ᠭᠦᠢᠴᠡᠳᠭᠡᠯ ᠲᠤᠭ᠎ᠠ ᠮᠥᠨ᠂ ᠡᠨᠡ ᠵᠢᠯ ᠮᠠᠨ ᠤ ᠣᠷᠣᠨ ᠠᠷᠠᠳ ᠢ ᠪᠠᠶᠠᠵᠢᠭᠤᠯᠬᠤ ᠠᠷᠭ᠎ᠠ | ᠵᠠᠮ ᠢᠶᠠᠨ ᠬᠡᠷᠬᠢᠨ ᠥᠷᠭᠡᠳᠬᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ | ᠠᠬᠢᠭᠤᠯᠬᠤ ᠪᠣᠶ︖ | ᠬᠤᠤ ᠶᠢᠩ᠄ ᠴᠢᠨᠡᠭᠡᠯᠢᠭ ᠡᠰᠡᠬᠦ ᠶᠢᠨ ᠵᠠᠩᠭᠢᠯᠠᠭ᠎ᠠ ᠨᠢ ᠨᠤᠲᠤᠭ ᠤᠨ ᠠᠬ᠎ᠠ ᠳᠡᠭᠦᠦ ᠨᠡᠷ ᠢ ᠦᠵᠡᠨ᠎ᠡ᠃ | ᠬᠢᠵᠢᠭ ᠤᠨ ᠪᠠᠶᠢᠳᠠᠯ ᠤᠨ ᠳᠤᠤᠷ᠎ᠠ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠯᠢᠶᠡᠳ ᠲᠦᠷᠭᠡᠨ | ᠨᠡᠮᠡᠭᠳᠡᠭᠦᠯᠬᠦ ᠬᠠᠨᠳᠤᠰᠢ ᠶᠢ ᠰᠤᠯᠠᠷᠠᠭᠤᠯᠬᠤ ᠥᠬᠡᠶ᠂ ᠬᠠᠨᠳᠤᠰᠢ ᠶᠢ ᠬᠤᠪᠢᠷᠠᠭᠤᠯᠬᠤ ᠥᠬᠡᠶ ᠪᠠᠶᠢᠬᠤ ᠶᠢ | ᠪᠠᠲᠤᠯᠠᠬᠤ ᠳᠤ᠂ ᠡᠷᠬᠡᠪᠰᠢ ᠰᠠᠨᠠᠭᠠᠴᠢᠯᠠᠭ᠎ᠠ ᠠᠴᠠ ᠪᠠᠨ ᠬᠢᠵᠦ᠂ ᠪᠥᠬᠦ ᠲᠠᠯ᠎ᠠ ᠪᠠᠷ ᠬᠦᠴᠦᠯᠡᠬᠦ ᠬᠡᠷᠡᠭᠲᠡᠶ᠂ ᠢᠩᠭᠢᠪᠡᠯ | ᠰᠠᠶ᠋ᠢ ᠬᠢᠵᠢᠭ ᠤᠨ ᠪᠠᠶᠢᠳᠠᠯ ᠤᠨ ᠨᠥᠯᠥᠭᠡ ᠶᠢ ᠪᠠᠭᠤᠷᠠᠭᠤᠯᠵᠤ᠂ ᠬᠤᠲᠠ ᠬᠥᠳᠡᠭᠡ ᠶᠢᠨ ᠣᠷᠣᠯᠭ᠎ᠠ ᠶᠢᠨ ᠵᠥᠷᠢᠶ᠎ᠡ ᠶᠢ | ᠦᠷᠭᠦᠯᠵᠢᠯᠡᠨ ᠪᠠᠭᠠᠰᠬᠠᠵᠤ᠂ ᠮᠠᠯᠴᠢᠨ ᠲᠠᠷᠢᠶᠠᠴᠢᠨ ᠲᠦᠮᠡᠨ ᠢ ᠴᠢᠨᠡᠭᠡᠯᠢᠭᠵᠢᠭᠰᠡᠨ ᠵᠢᠯ ᠳᠤ ᠨᠠᠩ ᠣᠯᠠᠨ | ᠬᠦᠷᠲᠡᠭᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠲᠠᠢ ᠪᠣᠯᠭᠠᠵᠤ | ᠴᠢᠳᠠᠨ᠎ᠠ᠃ ᠨᠢᠭᠡ ᠳᠤ ᠠᠷᠠᠳ ᠢ ᠪᠠᠶᠠᠵᠢᠭᠤᠯᠬᠤ ᠬᠥᠳᠡᠭᠡ ᠲᠣᠰᠬᠤᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ | ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠪᠣᠯᠤᠨ ᠠᠵᠤ ᠦᠢᠯᠡᠰ ᠢ | ᠠᠭᠤᠰᠤᠯᠴᠠᠭᠤᠯᠤᠨ ᠬᠦᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠵᠠᠯᠠᠶᠢᠳ ᠬᠤᠰᠢᠭᠤᠨ ᠤ ᠤᠰᠤᠨ ᠲᠤᠲᠤᠷᠭ᠎ᠠ ᠶᠢᠨ ᠠᠵᠤ ᠦᠢᠯᠡᠰ ᠤᠨ ᠬᠦᠷᠢᠶᠡᠯᠡᠩ᠂ ᠬᠤᠷᠴᠢᠨ | ᠵᠡᠭᠦᠨ ᠭᠠᠷᠤᠨ ᠳᠤᠮᠳᠠᠳᠤ ᠬᠤᠰᠢᠭᠤᠨ ᠤ ᠢᠳᠡᠰᠢᠨ ᠦᠬᠡᠷ ᠤᠨ ᠠᠵᠤ ᠦᠢᠯᠡᠰ ᠤᠨ ᠬᠦᠷᠢᠶᠡᠯᠡᠩ ᠢ ᠰᠠᠶᠢᠲᠤᠷ | ᠪᠦᠲᠦᠭᠡᠨ ᠪᠠᠶᠢᠭᠤᠯᠤᠨ᠎ᠠ᠃ ᠬᠦᠲᠦᠴᠢ ᠠᠵᠤ ᠠᠬᠤᠶᠢᠯᠠᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠭᠦᠨᠵᠡᠭᠡᠶ ᠪᠤᠯᠪᠠᠰᠤᠷᠠᠭᠤᠯᠬᠤ ᠶᠢ ᠬᠥᠭᠵᠢᠭᠦᠯᠬᠦ ᠶᠢ ᠲᠡᠳᠬᠦᠵᠦ᠂ ᠡᠨᠡ ᠵᠢᠯ ᠤᠨ | ᠡᠴᠦᠰ ᠠᠴᠠ ᠡᠮᠦᠨ᠎ᠡ᠂ ᠪᠦᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠶᠢ | ᠪᠣᠯᠪᠠᠰᠤᠷᠠᠭᠤᠯᠤᠨ ᠬᠤᠪᠢᠷᠠᠭᠤᠯᠬᠤ ᠨᠣᠷᠮ᠎ᠠ ᠶᠢ 65% ᠠᠴᠠ ᠳᠡᠭᠡᠭᠰᠢ ᠪᠤᠯᠲᠠᠯ᠎ᠠ ᠳᠡᠭᠡᠭᠰᠢᠯᠡᠭᠦᠯᠦᠨ᠎ᠡ᠃ ︽ᠦᠪᠦᠷ | ᠮᠣᠩᠭᠤᠯ ᠦᠰᠦᠭᠲᠦ︾ ᠨᠠᠷᠠᠲᠤ ᠲᠡᠮᠳᠡᠭ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ︽ᠥᠪᠥᠷ | ᠮᠣᠩᠭᠤᠯ ᠤᠨ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠥᠬᠦ ᠤᠯᠤᠰ ᠢᠶᠠᠷ | ᠠᠶᠠᠯᠠᠬᠤ︾ ᠠᠵᠢᠯᠯᠠᠭ᠎ᠠ ᠶᠢ ᠥᠷᠨᠢᠭᠦᠯᠦᠨ᠂ ᠥᠪᠥᠷ ᠮᠣᠩᠭᠤᠯ ᠤᠨ ᠪᠣᠬᠢᠷᠲᠤᠯ ᠥᠬᠡᠶ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ ᠤᠨ ᠬᠤᠷᠠᠯ ᠢ ᠰᠠᠶᠢᠲᠤᠷ ᠡᠷᠭᠢᠯᠡᠵᠦ᠂ ︽ᠥᠪᠥᠷ ᠮᠣᠩᠭᠤᠯ ᠤᠨ | ᠦᠨᠦᠷ ᠠᠮᠲᠠ︾ ᠶᠢᠨ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠢ ᠥᠷᠭᠡᠳᠬᠡᠨ᠎ᠡ᠃ ᠬᠤᠶᠠᠷ ᠲᠤ ᠮᠠᠯᠴᠢᠨ | ᠲᠠᠷᠢᠶᠠᠴᠢᠨ ᠤ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠶᠢ ᠶᠡᠬᠡᠪᠡᠷ ᠳᠡᠮᠵᠢᠵᠦ᠂ ᠠᠵᠢᠯ ᠣᠯᠭᠤᠯᠲᠠ ᠶᠢ | ᠲᠤᠭᠲᠠᠪᠤᠷᠢᠵᠢᠭᠤᠯᠬᠤ᠂ ᠠᠵᠤ ᠠᠬᠤᠶᠢᠯᠠᠯ ᠳᠤ ᠬᠤᠯᠪᠣᠭᠳᠠᠬᠤ ᠭᠠᠶᠢᠯᠢ ᠶᠢ ᠬᠥᠩᠭᠡᠷᠡᠭᠦᠯᠵᠦ ᠰᠦᠢᠳᠭᠡᠯ ᠢ | ᠪᠠᠭᠤᠷᠠᠭᠤᠯᠬᠤ᠂ ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠠᠯᠴᠢᠨ | ᠲᠠᠷᠢᠶᠠᠴᠢᠨ ᠬᠦᠴᠦ ᠶᠠᠪᠤᠭᠰᠠᠳ ᠤᠨ ᠠᠵᠢᠯ ᠣᠯᠭᠤᠯᠲᠠ ᠶᠢ ᠲᠤᠭᠲᠠᠪᠤᠷᠢᠵᠢᠭᠤᠯᠤᠨ᠎ᠠ᠃ ︽ᠬᠠᠪᠤᠷ ᠤᠨ | ᠤᠷᠤᠰᠬᠠᠯ ᠤᠨ ᠠᠵᠢᠯᠯᠠᠭ᠎ᠠ︾᠂ ᠰᠢᠨ᠎ᠡ ᠦᠶ᠎ᠡ ᠶᠢᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠮᠠᠯᠴᠢᠨ ᠲᠠᠷᠢᠶᠠᠴᠢᠨ | ᠬᠦᠴᠦ ᠶᠠᠪᠤᠭᠰᠠᠳ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ | ᠵᠠᠬᠢᠶᠠᠯᠠᠭ᠎ᠠ ᠶᠢᠨ ᠬᠠᠭᠤᠳᠠᠰᠤ᠂ ᠠᠵᠢᠯ ᠤᠨ ᠪᠠᠶᠢᠷᠢ ᠲᠣᠭᠲᠠᠭᠠᠬᠤ᠂ ᠬᠠᠨᠳᠤᠯᠭ᠎ᠠ ᠲᠠᠢ ᠪᠣᠯᠪᠠᠰᠤᠷᠠᠭᠤᠯᠤᠯ ᠢ | ᠥᠷᠨᠢᠭᠦᠯᠦᠨ᠎ᠡ᠃ ︽ᠤᠷᠢᠬᠠᠨ ᠰᠠᠯᠬᠢ ᠶᠢᠨ ᠠᠵᠢᠯᠯᠠᠭ᠎ᠠ︾᠂ ︽ᠪᠡᠭᠡᠵᠢᠩ ᠥᠪᠥᠷ ᠮᠣᠩᠭᠤᠯ ᠤᠨ ᠬᠥᠳᠡᠯᠮᠦᠷᠢ | ᠦᠢᠯᠡᠴᠢᠯᠡᠭᠡ ᠶᠢ ᠵᠣᠯᠭᠠᠭᠤᠯᠬᠤ︾ ᠵᠡᠷᠭᠡ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠮᠠᠯᠵᠢᠬᠤ ᠲᠠᠷᠢᠶᠠᠯᠠᠬᠤ | ᠣᠷᠣᠨ ᠤ ᠬᠥᠳᠡᠯᠮᠦᠷᠢ ᠬᠦᠴᠦᠨ ᠤ ᠵᠣᠬᠢᠶᠠᠨ ᠪᠠᠶᠢᠭᠤᠯᠤᠯᠲᠠ ᠲᠠᠢ ᠪᠠᠷ ᠰᠢᠯᠵᠢᠵᠦ ᠠᠵᠢᠯ ᠤᠯᠬᠤ ᠶᠢ ᠠᠬᠢᠭᠤᠯᠤᠨ᠎ᠠ᠃ | ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢ ᠵᠣᠷᠢᠭᠵᠢᠭᠤᠯᠤᠨ | ᠬᠥᠭᠵᠢᠭᠦᠯᠵᠦ᠂ ᠬᠥᠳᠡᠭᠡ ᠲᠣᠰᠬᠤᠨ ᠤ ᠴᠡᠪᠡᠷᠯᠡᠭᠴᠢ᠂ ᠵᠠᠮ ᠠᠷᠠᠴᠢᠯᠠᠨ ᠬᠠᠮᠠᠭᠠᠯᠠᠭᠴᠢ᠂ ᠠᠮᠢ ᠠᠬᠤᠶ ᠶᠢᠨ ᠣᠶ | ᠰᠢᠭᠤᠶ ᠬᠠᠮᠠᠭᠠᠯᠠᠭᠴᠢ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠪᠠᠶᠢᠭᠤᠯᠬᠤ ᠶᠢ ᠬᠠᠶᠢᠨ | ᠰᠦᠪᠡᠭᠴᠢᠯᠡᠵᠦ᠂ ᠮᠠᠯᠴᠢᠨ ᠲᠠᠷᠢᠶᠠᠴᠢᠨ ᠤ ᠲᠤᠬᠠᠶ ᠶᠢᠨ ᠭᠠᠵᠠᠷ ᠲᠤ ᠪᠠᠨ ᠰᠢᠯᠵᠢᠵᠦ ᠠᠵᠢᠯ ᠤᠯᠬᠤ ᠶᠢ ᠳᠡᠮᠵᠢᠵᠦ᠂ | ᠠᠩᠬ᠎ᠠ ᠤᠳᠠᠭ᠎ᠠ ᠠᠳᠠᠯ ᠦᠢᠯᠡᠰ ᠴᠣᠭᠴᠠᠯᠠᠭᠰᠠᠨ ᠪᠥᠭᠡᠳ 1 ᠵᠢᠯ ᠠᠴᠠ ᠳᠡᠭᠡᠭᠰᠢ ᠬᠡᠪ ᠤᠨ ᠡᠵᠡᠩᠨᠡᠯᠲᠡ ᠲᠠᠢ | ᠨᠤᠲᠤᠭ ᠲᠤ ᠪᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠨᠢᠭᠡ | ᠤᠳᠠᠭ᠎ᠠ ᠶᠢᠨ ᠴᠢᠨᠠᠷᠲᠠᠶ ᠠᠳᠠᠯ ᠦᠢᠯᠡᠰ ᠴᠣᠭᠴᠠᠯᠠᠬᠤ ᠨᠥᠬᠦᠪᠥᠷᠢ ᠶᠢᠨ ᠬᠡᠪᠴᠢᠶᠡᠨ ᠳᠤ ᠣᠷᠣᠭᠤᠯᠤᠨ᠎ᠠ᠃ | ᠭᠤᠷᠪᠠ ᠳᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠶᠡᠬᠡᠪᠡᠷ ᠪᠤᠶᠢᠵᠢᠭᠤᠯᠵᠤ᠂ ᠮᠠᠯᠴᠢᠨ | ᠲᠠᠷᠢᠶᠠᠴᠢᠨ ᠤ ᠬᠤᠷᠰᠢᠶᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠪᠦᠬᠦᠯᠢ ᠰᠢᠶᠠᠨ ᠢᠶᠠᠷ ᠲᠦᠯᠬᠢᠨ ᠠᠬᠢᠭᠤᠯᠬᠤ | ᠲᠤᠷᠰᠢᠯᠲᠠ ᠶᠢᠨ ᠴᠡᠭ ᠢ ᠥᠷᠨᠢᠭᠦᠯᠦᠨ᠂ ᠵᠢᠱᠢᠶ᠎ᠡ ᠦᠵᠡᠭᠦᠯᠬᠦ ᠬᠤᠷᠰᠢᠶᠠᠵᠢᠯ ᠤᠨ ᠪᠠᠶᠢᠭᠤᠯᠤᠯᠲᠠ ᠵᠢᠴᠢ | ᠬᠤᠯᠪᠣᠭᠠᠲᠤ ᠬᠤᠷᠰᠢᠶᠠᠵᠢᠯ ᠢ ᠪᠤᠶᠢᠵᠢᠭᠤᠯᠬᠤ᠂ ᠲᠡᠳᠬᠦᠬᠦ ᠪᠠ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠵᠢᠱᠢᠶ᠎ᠡ | ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠂ ᠣᠷᠣᠨ ᠪᠦᠰᠡ ᠶᠢᠨ ᠴᠢᠨᠠᠷᠲᠠᠶ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠨᠡᠶᠢᠭᠡᠮᠯᠢᠭ | ᠪᠤᠶᠤ ᠬᠤᠯᠪᠣᠭ᠎ᠠ ᠶᠢ ᠰᠦᠪᠡᠭᠴᠢᠯᠡᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠲᠦᠷᠭᠡᠳᠭᠡᠨ ᠪᠤᠶᠢᠵᠢᠭᠤᠯᠵᠤ᠂ ᠵᠢᠵᠢᠭ ᠮᠠᠯᠵᠢᠬᠤ ᠲᠠᠷᠢᠶᠠᠯᠠᠬᠤ | ᠡᠷᠦᠬᠡ ᠶᠢ ᠳᠠᠶᠢᠴᠢᠯᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠯᠦᠭᠡ | ᠠᠭᠤᠰᠤᠯᠴᠠᠭᠤᠯᠤᠨ᠎ᠠ᠃ ᠠᠵᠤ ᠦᠢᠯᠡᠰ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠨ ᠱᠠᠲᠤ ᠲᠥᠷᠥᠯ | ᠬᠤᠪᠢᠶᠠᠨ ᠪᠣᠯᠪᠠᠰᠤᠷᠠᠭᠤᠯᠤᠯ ᠦᠷᠨᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ | ᠬᠥᠮᠦᠵᠢᠭᠦᠯᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ | ᠬᠥᠲᠥᠯᠥᠭᠴᠢ᠄ ᠬᠥᠳᠡᠭᠡ ᠲᠣᠰᠬᠤᠨ ᠤ ᠵᠠᠰᠠᠯᠲᠠ ᠶᠢ ᠤᠳᠤᠬᠢᠴᠢᠯᠠᠬᠤ ᠪᠣᠯ ᠤᠯᠤᠰ ᠤᠨ ᠵᠠᠰᠠᠯᠲᠠ ᠶᠢ | ᠤᠳᠤᠬᠢᠴᠢᠯᠠᠬᠤ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠥᠪᠥᠷ ᠮᠣᠩᠭᠤᠯ ᠤᠨ ᠣᠨᠴᠠᠯᠢᠭ ᠲᠠᠢ ᠬᠥᠳᠡᠭᠡ | ᠲᠣᠰᠬᠤᠨ ᠢ ᠬᠦᠭᠵᠢᠭᠦᠯᠦᠨ ᠮᠠᠨᠳᠤᠭᠤᠯᠬᠤ ᠶᠢ ᠰᠦᠪᠡᠭᠴᠢᠯᠡᠬᠦ ᠵᠠᠮ ᠳᠤ ᠴᠢᠭᠯᠡᠭᠦᠯᠦᠨ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠶᠠᠮᠠᠷ ᠶᠠᠮᠠᠷ ᠲᠣᠭᠲᠠᠭᠠᠯ ᠭᠠᠷᠭᠠᠭᠰᠠᠨ | ᠪᠣᠶ︖ | ᠬᠤᠤ ᠶᠢᠩ᠄ ᠬᠥᠳᠡᠭᠡ ᠲᠣᠰᠬᠤᠨ ᠢ ᠵᠠᠰᠠᠪᠠᠯ᠂ ᠠᠷᠠᠳ ᠢᠷᠭᠡᠳ ᠠᠮᠤᠷᠵᠢᠵᠤ᠂ ᠤᠯᠤᠰ ᠣᠷᠣᠨ | ᠲᠤᠭᠲᠠᠪᠤᠷᠢᠵᠢᠨᠠ᠃ ᠬᠥᠳᠡᠭᠡ ᠲᠣᠰᠬᠤᠨ ᠤ ᠵᠠᠰᠠᠯᠲᠠ ᠪᠦᠲᠦᠮᠵᠢᠲᠡᠢ ᠡᠰᠡᠬᠦ ᠨᠢ ᠬᠥᠳᠡᠭᠡ ᠲᠣᠰᠬᠤᠨ ᠤ ᠪᠦᠬᠦ | ᠲᠠᠯ᠎ᠠ ᠪᠠᠷ ᠬᠦᠭᠵᠢᠨ ᠮᠠᠨᠳᠤᠵᠤ ᠳᠡᠶᠢᠯᠬᠦ ᠡᠰᠡᠬᠦ᠂ ᠮᠠᠯᠴᠢᠨ ᠲᠠᠷᠢᠶᠠᠴᠢᠨ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠬᠠᠩᠭᠠᠵᠤ ᠳᠡᠶᠢᠯᠬᠦ ᠡᠰᠡᠬᠦ ᠲᠠᠢ ᠬᠤᠯᠪᠣᠭᠳᠠᠬᠤ ᠪᠠᠷ ᠪᠠᠷᠠᠬᠤ ᠦᠭᠡᠢ᠂ ᠨᠡᠩ ᠴᠤ | ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠭᠦᠯᠵᠦ | ᠳᠡᠶᠢᠯᠬᠦ ᠡᠰᠡᠬᠦ ᠶᠢᠨ ᠵᠠᠩᠭᠢᠯᠠᠭ᠎ᠠ ᠪᠣᠯᠤᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ | ᠬᠥᠳᠡᠭᠡ ᠲᠣᠰᠬᠤᠨ ᠤ ᠵᠠᠰᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠤᠰᠤ ᠮᠣᠷᠠᠯ ᠢᠶᠠᠷ | ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠶ | ᠭᠡᠵᠦ ᠲᠣᠳᠣᠷᠬᠠᠶ ᠳᠤᠷᠠᠳᠤᠨ ᠭᠠᠷᠭᠠᠪᠠ᠃ ᠶᠡᠷᠦᠩᠬᠡᠢ ᠱᠦᠵᠢ ᠰᠢ ᠶᠢᠨ ᠫᠢᠩ ᠠᠴᠠ ᠬᠥᠳᠡᠭᠡ ᠲᠣᠰᠬᠤᠨ ᠤ | ᠵᠠᠰᠠᠯᠲᠠ ᠶᠢᠨ ᠰᠢᠰᠲ᠋ᠧᠮ ᠤᠨ ᠰᠢᠨ᠎ᠡ ᠶᠢ ᠡᠭᠦᠳᠴᠦ᠂ ᠬᠦᠳᠡᠭᠡ ᠲᠣᠰᠬᠤᠨ ᠢ ᠴᠢᠳᠠᠮᠠᠭᠠᠢ ᠪᠠᠷ ᠵᠠᠰᠠᠬᠤ ᠵᠠᠮ ᠢᠶᠠᠷ | ᠵᠠᠮᠨᠠᠬᠤ ᠬᠡᠷᠡᠭᠲᠡᠢ ᠭᠡᠵᠦ ᠣᠯᠠᠨᠲᠠ ᠴᠢᠬᠤᠯᠠᠴᠢᠯᠠᠪᠠ᠃ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠨᠢ ᠠᠵᠢᠯ ᠤᠨ ᠰᠢᠰᠲ᠋ᠧᠮᠵᠢ ᠶᠢ ᠪᠠᠶᠢᠭᠤᠯᠬᠤ᠂ | ᠵᠠᠰᠠᠯᠲᠠ ᠶᠢᠨ ᠠᠷᠭ᠎ᠠ ᠬᠡᠯᠪᠡᠷᠢ ᠶᠢ ᠰᠠᠶᠢᠵᠢᠷᠠᠭᠤᠯᠬᠤ᠂ ᠵᠠᠰᠠᠯᠲᠠ ᠶᠢᠨ ᠠᠷᠭ᠎ᠠ ᠪᠠᠷᠢᠯ ᠢ ᠴᠢᠩᠭᠠᠳᠬᠠᠬᠤ ᠵᠡᠷᠭᠡ | ᠲᠠᠯ᠎ᠠ ᠪᠠᠷ ᠲᠤᠰᠬᠠᠢ ᠪᠠᠶᠢᠷᠢᠯᠠᠭᠤᠯᠤᠯᠲᠠ ᠬᠢᠪᠡ᠃ ᠨᠢᠭᠡ ᠳᠤ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ | ᠲᠦᠷᠢᠮ︾ ᠤᠨ ᠬᠡᠷᠡᠭᠵᠢᠭᠦᠯᠬᠦ ᠠᠷᠭ᠎ᠠ ᠶᠢ ᠲᠣᠭᠲᠠᠭᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠢᠯᠠᠩᠭᠤᠶ᠎ᠠ | ᠬᠤᠰᠢᠭᠤ ᠰᠢᠶᠠᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢ ᠠᠳᠬᠤᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠨᠠᠮ ᠤᠨ ︽ᠮᠠᠯ | ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠳᠠᠬᠢ ᠪᠥᠬᠦ | ᠲᠠᠯ᠎ᠠ ᠶᠢᠨ ᠤᠳᠤᠷᠢᠳᠤᠯᠭ᠎ᠠ ᠶᠢ ᠦᠨᠠᠨ ᠬᠦ ᠴᠢᠩᠭᠠᠳᠬᠠᠪᠠ᠃ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ | ᠱᠠᠲᠤ ᠶᠢ ᠴᠠᠭᠳᠠᠨ ᠪᠠᠶᠢᠴᠠᠭᠠᠬᠤ ᠠᠵᠢᠯ ᠤᠨ ᠡᠷᠴᠢᠮ ᠢᠶᠠᠨ ᠨᠡᠮᠡᠭᠳᠡᠭᠦᠯᠵᠦ᠂ ᠪᠠᠭᠤᠷᠠᠶ ᠰᠤᠯᠠ ᠵᠠᠳᠠᠭᠠᠶ ᠭᠠᠴᠠᠭ᠎ᠠ | ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠴᠡᠭᠴᠡᠯᠡᠨ᠎ᠡ᠃ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠶ | ᠭᠠᠴᠠᠭ᠎ᠠ ᠲᠣᠰᠬᠤᠨ᠂ ᠪᠠᠭᠤᠷᠠᠶ ᠰᠤᠯᠠ ᠵᠠᠳᠠᠭᠠᠶ ᠭᠠᠴᠠᠭ᠎ᠠ ᠲᠣᠰᠬᠤᠨ᠂ ᠬᠠᠮᠲᠤ ᠶᠢᠨ ᠠᠵᠤ ᠠᠬᠤᠶ ᠪᠠᠭᠤᠷᠠᠶ | ᠭᠠᠴᠠᠭ᠎ᠠ ᠲᠣᠰᠬᠤᠨ ᠳᠤ ᠨᠢᠭᠡᠳᠦᠭᠡᠷ ᠱᠦᠵᠢ ᠲᠣᠮᠢᠯᠠᠨ ᠰᠠᠭᠤᠯᠭᠠᠵᠤ᠂ ᠲᠣᠰᠬᠤᠨ ᠤ ᠱᠠᠲᠤᠨ ᠤ ᠡᠯ᠎ᠡ ᠲᠥᠷᠥᠯ ᠤᠨ | ᠵᠣᠬᠢᠶᠠᠨ ᠪᠠᠶᠢᠭᠤᠯᠤᠯᠲᠠ᠂ ᠡᠯ᠎ᠡ ᠵᠦᠢᠯ ᠤᠨ ᠠᠵᠢᠯ ᠤᠨ ᠨᠢᠭᠡᠳᠦᠯᠲᠡᠶ ᠣᠳᠣᠷᠢᠳᠣᠯᠭ᠎ᠠ ᠶᠢ ᠦᠨᠡᠨ ᠬᠦ | ᠴᠢᠩᠭᠠᠳᠬᠠᠨ᠎ᠠ᠃ ᠬᠤᠶᠠᠷ ᠲᠤ ᠬᠥᠳᠡᠭᠡ ᠲᠣᠰᠬᠤᠨ ᠤ ᠵᠠᠰᠠᠯᠲᠠ ᠶᠢᠨ ᠠᠵᠢᠯ ᠤᠨ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ᠬᠤᠰᠢᠭᠤ ᠰᠢᠶᠠᠨ ᠤ ᠬᠥᠳᠡᠭᠡ ᠲᠣᠰᠬᠤᠨ ᠢ ᠵᠠᠰᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠰᠢᠭᠤ ᠰᠢᠶᠠᠨ ᠤ ᠱᠠᠲᠤᠨ ᠤ ᠤᠳᠤᠷᠢᠳᠬᠤ ᠺᠠᠳ᠋ᠷ᠂ ᠬᠤᠰᠢᠭᠤ | ᠰᠢᠶᠠᠨ ᠤ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠭᠠᠴᠠᠭ᠎ᠠ ᠲᠣᠰᠬᠤᠨ ᠢ ᠳᠠᠭᠠᠭᠠᠴᠢᠯᠠᠨ ᠬᠤᠯᠪᠣᠬᠤ | ᠳᠦᠷᠢᠮ ᠪᠣᠯᠤᠨ ᠰᠤᠮᠤ ᠰᠢᠶᠠᠩ ᠪᠠᠯᠭᠠᠰᠤ ᠶᠢᠨ ᠣᠳᠣᠷᠢᠳᠬᠤ ᠺᠠᠳ᠋ᠷ ᠲᠣᠰᠬᠤᠨ ᠢ ᠳᠠᠭᠠᠭᠠᠴᠢᠯᠠᠨ ᠡᠷᠦᠬᠡ ᠲᠠᠢ | ᠬᠤᠯᠪᠤᠬᠤ ᠳᠦᠷᠢᠮ ᠢ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠪᠣᠯᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠵᠡᠷᠭᠡ | ᠲᠠᠯ᠎ᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤ ᠨᠢ ᠰᠢᠢᠳᠪᠦᠷᠢᠯᠡᠨ᠎ᠡ᠃ ᠪᠥᠬᠦ ᠤᠯᠤᠰ ᠤᠨ | ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢᠨ ᠲᠤᠷᠰᠢᠯᠲᠠ ᠶᠢᠨ ᠴᠡᠭ ᠢᠶᠠᠷ ᠵᠢᠱᠢᠶ᠎ᠡ ᠦᠵᠡᠭᠦᠯᠬᠦ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠥᠪᠥᠷ ᠮᠣᠩᠭᠤᠯ ᠤᠨ ᠣᠨᠴᠠᠯᠢᠭ ᠪᠦᠬᠦᠢ | ᠬᠥᠳᠡᠭᠡ ᠲᠣᠰᠬᠤᠨ ᠤ ᠵᠠᠰᠠᠯᠲᠠ ᠶᠢᠨ ᠵᠠᠭᠪᠤᠷ ᠢ ᠰᠦᠪᠡᠭᠴᠢᠯᠡᠨ᠎ᠡ᠃ ᠭᠤᠷᠪᠠ ᠳᠤ ᠬᠥᠳᠡᠭᠡ ᠲᠣᠰᠬᠤᠨ ᠤ ᠵᠥᠷᠢᠴᠡᠯ | ᠵᠢᠭᠤᠷᠠᠯᠳᠤᠭᠠᠨ ᠢ ᠠᠷᠢᠯᠭᠠᠬᠤ ᠲᠣᠭᠲᠠᠴᠠ ᠶᠢ ᠪᠦᠷᠢᠨᠰᠢᠭᠦᠯᠦᠨ᠎ᠡ᠃ ︽ᠹᠧᠩ ᠴᠢᠶᠣᠤ ᠶᠢᠨ ᠲᠤᠷᠰᠢᠯᠭ᠎ᠠ︾ ᠶᠢ | ᠤᠷᠤᠨ ᠨᠤᠲᠤᠭᠴᠢᠯᠠᠬᠤ ᠪᠦᠲᠦᠮᠵᠢᠲᠡᠶ ᠬᠡᠯᠪᠡᠷᠢ ᠶᠢ ᠬᠠᠶᠢᠨ ᠰᠦᠪᠡᠭᠴᠢᠯᠡᠵᠦ᠂ ᠠᠷᠠᠳ ᠤᠨ ᠡᠶᠡᠳᠡᠭᠦᠯᠭᠡ᠂ ᠵᠠᠰᠠᠭ | ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢᠨ ︽ᠭᠤᠷᠪᠠᠨ ᠡᠶᠡᠳᠡᠭᠦᠯᠦᠭᠡ ᠬᠤᠯᠪᠣᠭᠠᠯᠠᠨ | ᠬᠥᠳᠡᠯᠦᠯᠴᠡᠬᠦ︾ ᠠᠵᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ | ᠦᠭᠡᠢ᠂ ᠶᠡᠭᠡ ᠶᠠᠪᠤᠳᠠᠯ ᠢ ᠰᠢᠶᠠᠩ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ ᠪᠠᠶᠢᠬᠤ ᠶᠢ | ᠪᠡᠶᠡᠯᠡᠭᠦᠯᠦᠨ᠎ᠡ᠃ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠪᠠᠨ ᠵᠣᠬᠢᠴᠠᠭᠤᠯᠬᠤ | ᠪᠠ ᠡᠷᠬᠡ ᠠᠰᠢᠭ ᠢᠶᠠᠨ ᠪᠠᠲᠤᠯᠠᠬᠤ ᠵᠠᠮ ᠢ ᠰᠠᠭᠠᠳ ᠦᠭᠡᠢ ᠨᠡᠪᠲᠡᠷᠡᠭᠦᠯᠵᠦ᠂ ᠴᠤᠬᠤᠶᠢᠯᠲᠠ ᠶᠢᠨ ᠴᠢᠨᠠᠷᠲᠠᠶ᠂ | ᠬᠡᠯᠪᠡᠷᠢᠯ ᠤᠨ ᠴᠢᠨᠠᠷᠲᠠᠶ ᠠᠰᠠᠭᠤᠳᠠᠯ ᠢ ᠴᠠᠭ ᠲᠤᠬᠠᠶ ᠳᠤ ᠨᠢ ᠰᠢᠢᠳᠪᠦᠷᠢᠯᠡᠨ᠂ ᠭᠠᠵᠠᠷ ᠰᠢᠷᠣᠶ ᠳᠠᠭᠠᠭᠠᠴᠢᠯᠠᠬᠤ᠂ | ᠭᠠᠵᠠᠷ ᠰᠢᠷᠣᠶ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ᠂ | ᠣᠷᠴᠢᠨ ᠲᠣᠭᠤᠷᠢᠨ ᠤ ᠪᠤᠬᠢᠷᠳᠤᠯ ᠵᠡᠷᠭᠡ ᠲᠠᠯ᠎ᠠ ᠶᠢᠨ ᠵᠥᠷᠢᠴᠡᠯ ᠢ ᠲᠣᠬᠢᠲᠠᠶ ᠰᠢᠢᠳᠪᠦᠷᠢᠯᠡᠵᠦ᠂ ᠮᠠᠯᠴᠢᠨ | ᠲᠠᠷᠢᠶᠠᠴᠢᠳ ᠤᠨ ᠠᠰᠢᠭ ᠲᠤᠰᠠ ᠳᠤ ᠬᠠᠯᠳᠠᠭᠰᠠᠨ ᠦᠢᠯᠡ ᠠᠵᠢᠯᠯᠠᠭ᠎ᠠ ᠶᠢ ᠦᠷᠭᠦᠯᠵᠢᠯᠡᠨ ᠴᠡᠭᠴᠡᠯᠡᠨ ᠵᠠᠰᠠᠨ᠎ᠠ᠃ | ᠳᠥᠷᠪᠡ ᠳᠤ ᠠᠮᠤᠷ ᠠᠮᠤᠭᠤᠯᠠᠩ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠬᠤ ᠶᠢ | ᠲᠦᠯᠬᠢᠨ ᠠᠬᠢᠭᠤᠯᠵᠤ᠂ ︽ᠲᠣᠰᠬᠤᠨ ᠤ ᠡᠵᠡᠷᠬᠡᠭᠴᠢ︾ ᠶᠢ ᠰᠡᠷᠭᠡᠶᠢᠯᠡᠬᠦ ᠪᠠ ᠴᠡᠭᠴᠡᠯᠡᠨ ᠵᠠᠰᠠᠬᠤ ᠣᠷᠳᠣ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ᠂ ᠠᠮᠢᠲᠠᠨ ᠤ ᠨᠢᠲᠤᠯᠠᠯᠲᠠ᠂ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠵᠡᠷᠭᠡ ᠠᠵᠢᠯ ᠲᠥᠷᠥᠯ ᠤᠨ ᠬᠦᠷᠢᠶ᠎ᠡ ᠬᠡᠪᠴᠢᠶ᠎ᠡ ᠪᠠᠷ ᠭᠤᠤᠯᠳᠠᠯᠭ᠎ᠠ ᠪᠣᠯᠭᠠᠨ᠂ ᠵᠠᠬ᠎ᠠ ᠳᠡᠯᠭᠡᠭᠦᠷ ᠤᠨ | ᠡᠮᠬᠢ ᠳᠢᠭᠯᠢᠮ ᠢ ᠶᠡᠬᠡᠪᠡᠷ ᠴᠡᠭᠴᠡᠯᠡᠵᠦ᠂ ᠮᠠᠯᠵᠢᠬᠤ ᠲᠠᠷᠢᠶᠠᠯᠠᠬᠤ ᠣᠷᠣᠨ ᠤ ᠡᠯ᠎ᠡ ᠲᠥᠷᠥᠯ ᠤᠨ ᠠᠮᠤᠷ | ᠲᠦᠪᠰᠢᠨ ᠤ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃ | ᠬᠥᠲᠥᠯᠥᠭᠴᠢ᠄ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠭᠡᠷ | ᠲᠣᠭᠠᠲᠤ ᠪᠢᠴᠢᠭ ᠮᠠᠲ᠋ᠧᠷᠢᠶᠠᠯ ᠳᠤ ᠳᠤᠲᠠᠭᠤᠳᠠᠯ ᠢ ᠨᠥᠬᠦᠪᠥᠷᠢᠯᠡᠬᠦ ︽ᠬᠥᠮᠦᠨ ᠭᠠᠵᠠᠷ ᠵᠣᠭᠤᠰ︾ ᠤᠨ ᠬᠦᠴᠦᠨ | ᠵᠦᠢᠯ ᠤᠨ ᠪᠠᠲᠤᠯᠠᠭ᠎ᠠ ᠶᠢ ᠴᠢᠩᠭᠠᠳᠬᠠᠬᠤ ᠲᠠᠯ᠎ᠠ ᠪᠠᠷ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠬᠢᠯᠠᠰ ᠴᠡᠭ | ᠪᠠᠶᠢᠬᠤ ᠪᠣᠶ︖ | ᠬᠤᠤ ᠶᠢᠩ᠄ ᠠᠷᠤᠭ ᠰᠠᠭᠰᠤ ᠭᠦᠷᠦᠬᠦ ᠶᠢᠨ ᠵᠠᠩᠭᠢᠯᠠᠭ᠎ᠠ ᠨᠢ ᠬᠦᠪᠡᠭᠡ ᠶᠢ ᠨᠢ ᠬᠤᠮᠢᠬᠤ ᠳᠤ ᠪᠤᠢ᠃ ᠡᠨᠡ | ᠵᠢᠯ ᠪᠣᠯ ᠰᠢᠢᠳᠪᠦᠷᠢᠲᠦ ᠢᠯᠠᠯᠲᠠ ᠤᠯᠬᠤ ᠤᠨ ᠰᠡᠭᠦᠯ ᠬᠤᠷᠢᠶᠠᠬᠤ ᠬᠠᠮᠤᠭ ᠡᠴᠦᠰ ᠤᠨ ᠪᠣᠭᠤᠮᠲᠠ ᠪᠣᠯᠣᠨ᠎ᠠ᠂ | ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ︽ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ︾ | ᠤ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠬᠦ ᠳᠤ ᠦᠨᠡᠨ ᠬᠦ ᠵᠢᠩᠬᠢᠨᠢ ᠦᠨ᠎ᠡ ᠴᠡᠨ᠎ᠡ ᠲᠠᠢ ᠲᠥᠷᠥ ᠶᠢᠨ | ᠪᠣᠳᠣᠯᠭ᠎ᠠ ᠶᠢᠨ ᠳᠡᠮᠵᠢᠯᠭᠡ ᠪᠠ ᠬᠦᠴᠦᠨ ᠵᠦᠢᠯ ᠤᠨ ᠪᠠᠲᠤᠯᠠᠭ᠎ᠠ ᠠᠴᠠ ᠰᠠᠯᠵᠤ ᠴᠢᠳᠠᠬᠤ ᠥᠬᠡᠶ ᠶᠤᠮ᠃ ᠡᠨᠡ | ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ | ᠨᠠᠮ ᠤᠨ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ | ᠤᠳᠤᠷᠢᠳᠤᠯᠭ᠎ᠠ ᠶᠢ ᠳᠣᠪᠤᠶᠢᠯᠭᠠᠨ ᠴᠢᠩᠭᠠᠳᠬᠠᠬᠤ ᠶᠢᠨ ᠬᠠᠮᠲᠤ᠂ ︽ᠬᠥᠮᠦᠨ ᠭᠠᠵᠠᠷ ᠵᠣᠭᠤᠰ︾ ᠵᠡᠷᠭᠡ ᠬᠦᠴᠦᠨ | ᠵᠦᠢᠯ ᠤᠨ ᠪᠠᠲᠤᠯᠠᠭ᠎ᠠ ᠶᠢ ᠴᠢᠩᠭᠠᠳᠬᠠᠬᠤ ᠲᠠᠯ᠎ᠠ ᠪᠠᠷ ᠪᠠᠰᠠ ᠦᠨ᠎ᠡ ᠴᠠᠨ᠎ᠠ ᠲᠠᠢ ᠲᠥᠷᠥ ᠶᠢᠨ ᠪᠣᠳᠣᠯᠭ᠎ᠠ | ᠨᠡᠶᠢᠲᠡᠯᠡᠪᠡ᠃ ᠨᠢᠭᠡ ᠳᠤ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ | ᠤ ᠪᠡᠯᠡ ᠮᠥᠩᠭᠦ ᠶᠢᠨ ᠣᠷᠣᠭᠤᠯᠤᠯᠲᠠ ᠶᠢ ᠡᠩ ᠲᠡᠷᠢᠭᠦᠨ ᠳᠤ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ | ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ | ᠲᠡᠰᠢ ᠦᠷᠭᠦᠯᠵᠢᠯᠡᠨ ᠬᠡᠯᠪᠠᠶᠢᠯᠭᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ | ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠳᠤ ᠢᠲᠡᠭᠡᠮᠵᠢᠲᠦ | ᠵᠢᠭᠡᠯᠡᠯᠭᠡ ᠶᠢᠨ ᠳᠡᠮᠵᠢᠯᠭᠡ ᠦᠵᠡᠭᠦᠯᠬᠦ ᠡᠷᠴᠢᠮ ᠢᠶᠠᠨ ᠨᠡᠮᠡᠭᠳᠡᠭᠦᠯᠵᠦ᠂ ᠮᠥᠩᠭᠦᠨ ᠭᠦᠢᠯᠭᠡᠭᠡᠨ ᠤ ᠰᠢᠯᠵᠢᠮᠡᠯ | ᠲᠤᠭᠠᠴᠠᠭ᠎ᠠ ᠬᠢᠬᠦ ᠵᠡᠷᠭᠡ ᠠᠷᠠᠳ ᠲᠤ ᠳᠥᠭᠦᠮ ᠦᠵᠡᠭᠦᠯᠬᠦ ᠢᠨᠵᠧᠨᠧᠷᠢᠩ ᠢ ᠭᠦᠨᠵᠡᠭᠡᠶᠢᠷᠡᠭᠦᠯᠦᠨ ᠬᠥᠭᠵᠢᠭᠦᠯᠬᠦ ᠶᠢ | ᠲᠦᠯᠬᠢᠨ ᠠᠬᠢᠭᠤᠯᠤᠨ᠎ᠠ᠃ ᠬᠤᠶᠠᠷ ᠲᠤ ᠬᠥᠳᠡᠭᠡ ᠲᠣᠰᠬᠤᠨ ᠢ ᠬᠦᠭᠵᠢᠭᠦᠯᠬᠦ ᠳᠤ ᠬᠡᠷᠡᠭᠯᠡᠬᠦ ᠭᠠᠵᠠᠷ ᠤᠨ ᠬᠦᠴᠢᠷ | ᠠᠰᠠᠭᠤᠳᠠᠯ ᠢ ᠰᠢᠢᠳᠪᠦᠷᠢᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠪᠡᠯᠡᠳᠬᠡᠮᠵᠢ ᠳᠤ ᠬᠡᠷᠡᠭᠯᠡᠬᠦ ᠭᠠᠵᠠᠷ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠶ ᠶᠢᠨ ᠪᠡᠯᠡᠳᠬᠡᠮᠵᠢ ᠳᠤ ᠬᠡᠷᠡᠭᠯᠡᠬᠦ | ᠭᠠᠵᠠᠷ ᠤᠨ ᠨᠡᠷ᠎ᠡ ᠪᠠᠷ ᠲᠠᠷᠢᠶᠠᠯᠠᠩ ᠮᠠᠯ ᠠᠵᠤ ᠠᠬᠤᠶ ᠶᠢᠨ ᠪᠤᠰᠤ ᠪᠥᠲᠥᠭᠡᠨ ᠪᠠᠶᠢᠭᠤᠯᠤᠯᠲᠠ ᠬᠢᠬᠦ ᠶᠢ ᠡᠷᠡᠰ | ᠬᠤᠷᠢᠭᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ᠂ ᠮᠠᠯᠵᠢᠬᠤ ᠲᠠᠷᠢᠶᠠᠯᠠᠬᠤ ᠣᠷᠣᠨ ᠢ | ᠬᠦᠭᠵᠢᠭᠦᠯᠬᠦ ᠳᠤ ᠬᠡᠷᠡᠭᠯᠡᠬᠦ ᠭᠠᠵᠠᠷ ᠰᠢᠷᠣᠶ ᠶᠢ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠨ᠎ᠠ᠃ ᠭᠤᠷᠪᠠ ᠳᠤ | ᠴᠢᠳᠠᠪᠤᠷᠢᠲᠠᠨ ᠤ ᠬᠥᠳᠡᠭᠡ ᠪᠠᠭᠤᠬᠤ ᠶᠢ ᠲᠦᠯᠬᠢᠨ ᠠᠬᠢᠭᠤᠯᠵᠤ᠂ ᠡᠯ᠎ᠡ ᠲᠥᠷᠥᠯ ᠤᠨ ᠴᠢᠳᠠᠪᠤᠷᠢᠲᠠᠨ ᠤ ᠬᠥᠳᠡᠭᠡ | ᠪᠠᠭᠤᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠪᠠᠴᠢᠮ ᠱᠠᠭᠠᠷᠳᠠᠭᠳᠠᠵᠤ ᠪᠠᠶᠢᠭ᠎ᠠ ᠳᠤᠲᠠᠭᠳᠠᠵᠤ ᠪᠠᠶᠢᠭ᠎ᠠ | ᠴᠢᠳᠠᠪᠤᠷᠢᠲᠠᠨ ᠨᠤᠭᠤᠳ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠨᠢ | ᠵᠣᠷᠢᠭᠵᠢᠭᠤᠯᠵᠤ᠂ ᠬᠤᠲᠠ ᠶᠢᠨ ᠠᠷᠠᠳ᠂ ᠳᠡᠭᠡᠳᠦ ᠰᠤᠷᠭᠠᠭᠤᠯᠢ ᠲᠡᠭᠦᠰᠦᠭᠰᠡᠳ᠂ ᠰᠢᠨᠵᠢᠯᠡᠭᠡ ᠮᠡᠷᠭᠡᠵᠢᠯ ᠤᠨ | ᠠᠵᠢᠯᠲᠠᠨ᠂ ᠴᠡᠷᠢᠭ ᠠᠴᠠ ᠬᠠᠯᠠᠭᠳᠠᠭᠰᠠᠳ᠂ ᠠᠵᠤ ᠠᠬᠤᠶᠢᠯᠠᠯᠲᠠᠨ ᠵᠡᠷᠭᠡ ᠶᠢᠨ ᠮᠠᠯᠵᠢᠬᠤ ᠲᠠᠷᠢᠶᠠᠯᠠᠬᠤ ᠣᠷᠣᠨ ᠳᠤ | ᠠᠵᠢᠯ ᠬᠢᠵᠦ ᠠᠳᠠᠯ ᠦᠢᠯᠡᠰ ᠴᠣᠭᠴᠠᠯᠠᠬᠤ ᠶᠢ ᠳᠡᠮᠵᠢᠨ᠎ᠡ᠃ ᠳᠥᠷᠪᠡ ᠳᠤ ᠰᠢᠨᠵᠢᠯᠡᠭᠡ ᠮᠡᠷᠭᠡᠵᠢᠯ ᠤᠨ | ᠲᠤᠯᠭᠠᠭᠤᠷᠢᠯᠠᠯ ᠢ ᠴᠢᠩᠭᠠᠳᠬᠠᠵᠤ᠂ ᠪᠣᠬᠢᠷᠲᠤᠯ ᠥᠬᠡᠶ ᠥᠨᠳᠥᠷ ᠪᠦᠲᠦᠮᠵᠢᠲᠡᠶ ᠲᠠᠷᠢᠵᠤ ᠲᠡᠵᠢᠭᠡᠨ ᠦᠷᠡᠵᠢᠭᠦᠯᠬᠦ | ᠮᠡᠷᠭᠡᠵᠢᠯ᠂ ᠲᠠᠷᠢᠶᠠᠯᠠᠩ ᠮᠠᠯ ᠠᠵᠤ ᠠᠬᠤᠶ ᠶᠢᠨ ᠪᠥᠬᠦ ᠶᠠᠪᠤᠴᠠ ᠶᠢᠨ ᠮᠠᠰᠢᠨᠴᠢᠯᠠᠯᠲᠠ᠂ ᠲᠠᠷᠢᠮᠠᠯ ᠤᠨ ᠵᠦᠢᠯ ᠤᠨ | ᠡᠪᠡᠳᠴᠢᠨ ᠬᠤᠷᠣᠬᠠᠶ ᠶᠢᠨ ᠬᠥᠨᠥᠭᠡᠯ ᠪᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ | ᠲᠠᠯ᠎ᠠ ᠪᠠᠷ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠢᠶᠠᠷ ᠪᠣᠭᠤᠮᠲᠠ ᠰᠢᠪᠲᠤᠯᠬᠤ ᠶᠢ ᠦᠷᠨᠢᠭᠦᠯᠦᠨ᠎ᠡ᠃ ᠲᠠᠪᠤ ᠳᠤ | ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠶᠠᠳᠤᠭᠠᠷ ᠡᠭᠡᠯᠵᠢ ᠶᠢᠨ ᠭᠠᠵᠠᠷ | ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠨ 30 ᠵᠢᠯ ᠤᠷᠲᠤᠳᠬᠠᠬᠤ ᠶᠢ | ᠤᠷᠢᠳᠠᠪᠡᠷ ᠲᠤᠷᠰᠢᠬᠤ ᠠᠵᠢᠯ ᠢ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠦᠮᠴᠢᠯᠡᠯ ᠤᠨ | ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠶ | ᠡᠳ᠋ ᠬᠥᠷᠥᠩᠭᠡ ᠶᠢᠨ ᠬᠤᠪᠢ ᠣᠷᠣᠭᠤᠯᠤᠨ ᠬᠤᠷᠰᠢᠬᠤ ᠲᠦᠷᠢᠮ ᠤᠨ ᠥᠭᠡᠷᠡᠴᠢᠯᠡᠯᠲᠡ ᠶᠢᠨ ᠠᠬᠢᠴᠠ ᠶᠢ | ᠲᠦᠷᠭᠡᠳᠬᠡᠵᠦ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠪᠠᠷ ᠢᠶᠠᠨ ᠲᠠᠷᠢᠶᠠᠯᠠᠩ ᠮᠠᠯ ᠠᠵᠤ ᠠᠬᠤᠶ ᠶᠢᠨ ᠠᠵᠤ | ᠦᠢᠯᠡᠰᠵᠢᠭᠰᠡᠨ ᠡᠵᠡᠩᠨᠡᠯᠲᠡ ᠳᠤ ᠬᠤᠪᠢ ᠤᠷᠤᠭᠤᠯᠬᠤ ᠶᠢ ᠲᠤᠷᠰᠢᠯᠲᠠ ᠶᠢᠨ ᠴᠡᠭ ᠢ ᠲᠦᠯᠬᠢᠨ ᠠᠬᠢᠭᠤᠯᠵᠤ᠂ | ᠬᠥᠲᠥᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠳ ᠤᠨ ᠨᠢᠭᠲᠠ ᠬᠡᠯᠪᠡᠷᠢ ᠶᠢᠨ ᠠᠰᠢᠭ ᠲᠤᠰᠠ ᠶᠢᠨ | ᠬᠤᠯᠪᠣᠭ᠎ᠠ ᠶᠢᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ | ᠬᠥᠲᠥᠯᠥᠭᠴᠢ᠄ ᠬᠤᠤ ᠲᠢᠩᠬᠢᠮ ᠤᠨ ᠳᠠᠷᠤᠭ᠎ᠠ ᠳᠤ ᠲᠠᠯᠠᠷᠬᠠᠯ᠎ᠠ︕ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠲᠤᠬᠠᠶ ᠠᠰᠠᠭᠤᠳᠠᠯ ᠪᠠᠰᠠ ᠮᠠᠰᠢ ᠤᠯᠠᠨ | ᠪᠠᠶᠢᠨ᠎ᠠ᠂ ᠭᠡᠪᠡᠴᠦ ᠴᠠᠭ ᠤᠨ ᠬᠠᠷᠠᠭ᠎ᠠ ᠠᠴᠠ ᠪᠤᠯᠵᠤ᠂ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ | ᠲᠡᠭᠦᠰᠦᠯ᠎ᠡ᠃ ᠳᠠᠷᠠᠭ᠎ᠠ ᠤᠳᠠᠭ᠎ᠠ ᠪᠠᠰᠠ ᠰᠦᠯᠵᠢᠶᠡᠨ ᠠᠨᠳᠠ ᠨᠠᠷ ᠲᠠᠢ ᠪᠠᠨ ᠬᠠᠮᠲᠤ ᠰᠤᠳᠤᠯᠤᠨ ᠶᠠᠷᠢᠯᠴᠠᠬᠤ ᠶᠢ | ᠬᠦᠰᠡᠵᠦ ᠪᠠᠶᠢᠨ᠎ᠠ᠂ ᠥᠷᠭᠡᠨ ᠣᠯᠠᠨ ᠰᠦᠯᠵᠢᠶᠡᠨ ᠠᠨᠳᠠ ᠨᠠᠷ ᠤᠨ ᠲᠣᠰ ᠤᠳᠠᠭ᠎ᠠ ᠶᠢᠨ ᠫᠷᠤᠭ᠍ᠷᠠᠮ ᠢ ᠬᠦᠯᠢᠶᠡᠨ | ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ︕ ᠪᠠᠶᠠᠷᠲᠠᠶ︕ | ᠬᠤᠤ ᠶᠢᠩ᠄ ᠪᠠᠶᠠᠷᠲᠠᠢ︕ |