︽ᠳᠦᠷᠢᠮ︾ ᠨᠢ ᠨᠡᠶᠢᠲᠡ 7 ᠪᠦᠯᠦᠭ 45 ᠵᠤᠷᠪᠤᠰ ᠪᠣᠢ᠂ 4 ᠲᠠᠯ᠎ᠠ ᠠᠴᠠ ᠲᠠᠷᠢᠮᠠᠯ ᠤᠨ ᠡᠪᠡᠳᠴᠢᠨ | ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠵᠢᠷᠤᠮᠵᠢᠭᠤᠯᠪᠠ᠂ ᠨᠢᠭᠡ ᠳᠤ ᠡᠯ᠎ᠡ ᠲᠠᠯ᠎ᠠ ᠶᠢᠨ | ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠲᠣᠳᠣᠷᠬᠠᠶᠢᠯᠠᠪᠠ︔ ᠬᠤᠶᠠᠷ ᠲᠤ ᠰᠡᠷᠭᠡᠶᠢᠯᠡᠨ ᠵᠠᠰᠠᠬᠤ ᠲᠦᠷᠢᠮ ᠢ | ᠲᠡᠭᠦᠯᠳᠡᠷᠵᠢᠭᠦᠯᠪᠡ︔ ᠭᠤᠷᠪᠠ ᠳᠤ ᠲᠤᠰᠬᠠᠶᠢᠵᠢᠭᠰᠠᠨ ᠰᠡᠷᠭᠡᠶᠢᠯᠡᠨ ᠵᠠᠰᠠᠬᠤ ᠦᠢᠯᠡᠴᠢᠯᠡᠭᠡ ᠶᠢ ᠵᠢᠷᠤᠮᠵᠢᠭᠤᠯᠪᠠ︔ | ᠳᠥᠷᠪᠡ ᠳᠤ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠶᠢ ᠶᠡᠬᠡᠪᠡᠷ ᠵᠣᠷᠢᠭᠵᠢᠭᠤᠯᠤᠨ᠎ᠠ᠃ ᠡᠭᠦᠨ ᠠᠴᠠ ᠭᠠᠳᠠᠨ᠎ᠠ᠂ | ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠴᠠᠭᠠᠵᠠ ᠶᠢᠨ ᠴᠢᠩᠭ᠎ᠠ ᠬᠠᠷᠢᠭᠤᠴᠠᠯᠭ᠎ᠠ | ᠲᠣᠭᠲᠠᠭᠠᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠪᠠ᠃ | 1. ︽ᠳᠦᠷᠢᠮ︾ ᠳᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ | ᠪᠦᠬᠦᠢ ᠰᠠᠯᠠᠭ᠎ᠠ ᠮᠦᠴᠢᠷ ᠤᠨ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ | ᠠᠵᠢᠯ ᠤᠨ ᠡᠭᠦᠷᠭᠡ ᠬᠠᠷᠢᠭᠤᠴᠠᠯᠭ᠎ᠠ ᠪᠠ ᠲᠠᠷᠢᠶᠠᠯᠠᠩ ᠤᠨ ᠦᠢᠯᠡᠳᠪᠦᠷᠢᠯᠡᠭᠴᠢ ᠡᠵᠡᠩᠨᠡᠭᠴᠢ ᠶᠢᠨ ᠡᠭᠦᠷᠭᠡᠯᠡᠪᠡᠰᠦ | ᠵᠣᠬᠢᠬᠤ ᠬᠠᠷᠢᠭᠤᠴᠠᠯᠭ᠎ᠠ ᠶᠢ ᠲᠣᠳᠣᠷᠬᠠᠶ ᠲᠣᠭᠲᠠᠭᠠᠪᠠ | ︽ᠲᠦᠷᠢᠮ︾ ᠳᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ | ᠪᠥᠬᠦᠶ ᠰᠠᠯᠠᠭ᠎ᠠ ᠮᠥᠴᠢᠷ᠂ ᠲᠠᠷᠢᠶᠠᠯᠠᠩ ᠤᠨ ᠦᠢᠯᠡᠳᠪᠦᠷᠢᠯᠡᠭᠴᠢ ᠡᠵᠡᠩᠨᠡᠭᠴᠢ ᠶᠢᠨ ᠰᠡᠷᠭᠡᠶᠢᠯᠡᠨ ᠵᠠᠰᠠᠬᠤ | ᠬᠠᠷᠢᠭᠤᠴᠠᠯᠭ᠎ᠠ ᠶᠢᠨ ᠲᠤᠬᠠᠢ ︵ᠳᠥᠷᠪᠡᠨ ᠲᠣᠳᠣᠷᠬᠠᠶ︶ ᠲᠣᠭᠲᠠᠭᠠᠯ ᠭᠠᠷᠭᠠᠪᠠ᠄ ᠨᠢᠭᠡ ᠳᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ | ᠰᠡᠷᠭᠡᠶᠢᠯᠡᠨ ᠵᠠᠰᠠᠬᠤ ᠠᠵᠢᠯ ᠤᠨ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠡᠷᠭᠡᠶᠢᠯᠡᠨ | ᠵᠠᠰᠠᠬᠤ ᠠᠵᠢᠯ ᠤᠨ ᠵᠠᠷᠤᠳᠠᠯ ᠢ ᠲᠣᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠲᠤ | ᠤᠷᠤᠭᠤᠯᠤᠨ᠎ᠠ ᠭᠡᠵᠦ ᠲᠣᠳᠣᠷᠬᠠᠶ ᠱᠠᠭᠠᠷᠳᠠᠪᠠ᠃ ᠬᠤᠶᠠᠷ ᠲᠤ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ | ᠬᠥᠳᠡᠭᠡ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠰᠢᠶᠠᠨ ᠤ ᠱᠠᠲᠤᠨ ᠠᠴᠠ ᠳᠡᠭᠡᠭᠰᠢᠬᠢ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠠᠵᠤ ᠠᠬᠤᠢ ᠶᠢᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ | ᠠᠵᠢᠯ ᠤᠨ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠵᠤ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ | ᠠᠷᠠᠳ ᠤᠨ ᠠᠭᠠᠷ ᠤᠨ ᠲᠡᠭᠡᠭᠡᠪᠦᠷᠢ᠂ ᠴᠠᠭ ᠠᠭᠤᠷ ᠵᠡᠷᠭᠡ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠠᠵᠢᠯ ᠢ ᠰᠠᠶᠢᠲᠤᠷ | ᠬᠢᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ᠃ ᠭᠤᠷᠪᠠ ᠳᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠨᠢ ᠳᠡᠭᠡᠳᠦ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ | ᠯᠦᠭᠡ ᠬᠠᠮᠵᠢᠯᠴᠠᠨ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢ ᠤᠬᠠᠭᠤᠯᠬᠤ᠂ | ᠳᠠᠶᠢᠴᠢᠯᠠᠬᠤ᠂ ᠵᠣᠬᠢᠶᠠᠨ ᠪᠠᠶᠢᠭᠤᠯᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠵᠠᠶ᠃ | ᠳᠥᠷᠪᠡ ᠳᠤ ᠲᠠᠷᠢᠶᠠᠯᠠᠩ ᠤᠨ ᠦᠢᠯᠡᠳᠪᠦᠷᠢᠯᠡᠭᠴᠢ ᠡᠵᠡᠩᠨᠡᠭᠴᠢ ᠵᠡᠷᠭᠡ ᠬᠤᠯᠪᠣᠭᠳᠠᠯ ᠪᠦᠬᠦᠢ ᠨᠢᠭᠡᠴᠢ ᠪᠣᠯᠤᠨ ᠬᠤᠪᠢ | ᠬᠥᠮᠦᠨ ᠦᠢᠯᠡᠳᠪᠦᠷᠢᠯᠡᠨ ᠡᠵᠡᠩᠨᠡᠬᠦ ᠬᠡᠪᠴᠢᠶᠡᠨ ᠳᠠᠬᠢ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ | ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠶ | ᠬᠠᠮᠵᠢᠯᠴᠠᠨ ᠡᠪᠡᠳᠴᠢᠨ ᠬᠤᠷᠣᠬᠠᠶ ᠶᠢᠨ ᠬᠥᠨᠥᠭᠡᠯ ᠳᠡᠯᠭᠡᠷᠡᠬᠦ ᠶᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ | ᠡᠪᠡᠳᠴᠢᠨ ᠬᠤᠷᠣᠬᠠᠶ ᠶᠢᠨ ᠬᠥᠨᠥᠭᠡᠯ ᠬᠦᠨᠳᠦ ᠨᠣᠴᠢᠲᠠᠶ ᠡᠭᠦᠰᠬᠦ ᠪᠤᠶᠤ ᠭᠡᠨᠡᠳᠲᠡ ᠡᠭᠦᠰᠬᠦ ᠦᠶ᠎ᠡ ᠳᠤ ᠪᠠᠶᠢᠭ᠎ᠠ | ᠭᠠᠵᠠᠷ ᠤᠨ ᠢᠶᠠᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠠᠵᠤ | ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ ᠭᠡᠵᠦ | ᠲᠣᠳᠣᠷᠬᠠᠶ ᠲᠣᠭᠲᠠᠭᠠᠪᠠ᠃ | 2. ︽ᠲᠦᠷᠢᠮ︾ ᠤᠨ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠬᠢᠨᠠᠨ ᠬᠡᠮᠵᠢᠵᠦ | ᠤᠷᠢᠳᠴᠢᠯᠠᠨ ᠮᠡᠳᠡᠭᠡᠯᠡᠬᠦ ᠲᠠᠯ᠎ᠠ ᠪᠠᠷ ᠬᠢ ᠲᠣᠭᠲᠠᠭᠠᠯ | ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠣᠯ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ | ᠰᠡᠷᠭᠡᠶᠢᠯᠡᠨ ᠡᠵᠡᠮᠳᠡᠬᠦ ᠶᠢ ᠰᠠᠶᠢᠲᠤᠷ ᠬᠢᠬᠦ ᠤᠷᠢᠲᠠᠯ ᠪᠣᠯᠤᠨ ᠰᠠᠭᠤᠷᠢ ᠠᠵᠢᠯ ᠪᠣᠯᠤᠨ᠎ᠠ᠃ ︽ᠲᠦᠷᠢᠮ︾ ᠳᠤ | ᠦᠢᠯᠡᠳᠦᠯᠭᠡ ᠶᠢᠨ ᠲᠤᠷᠰᠢᠯᠭ᠎ᠠ ᠶᠢ ᠳ᠋ᠦᠩᠨᠡᠬᠦ ᠪᠠᠷ ᠳᠠᠮᠵᠢᠭᠤᠯᠤᠨ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ | ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠨᠢᠭᠡ ᠳᠤ ᠬᠢᠨᠠᠨ ᠬᠡᠮᠵᠢᠬᠦ ᠰᠦᠯᠵᠢᠶᠡᠨ ᠤ | ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠪᠠ᠃ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠬᠢᠨᠠᠨ ᠬᠡᠮᠵᠢᠬᠦ ᠲᠣᠣᠷ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠶᠢ ᠨᠠᠶᠢᠷᠠᠭᠤᠯᠤᠨ | ᠲᠤᠭᠲᠠᠭᠠᠬᠤ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠠᠵᠤ ᠠᠬᠤᠶ ᠶᠢᠨ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠬᠢᠨᠠᠨ ᠬᠡᠮᠵᠢᠬᠦ ᠲᠣᠤᠷ ᠰᠦᠯᠵᠢᠶᠡᠨ ᠤ ᠬᠠᠮᠢᠶᠠᠷᠤᠯᠲᠠ ᠪᠠᠨ ᠴᠢᠩᠭᠠᠳᠬᠠᠬᠤ ᠶᠤᠰᠤᠲᠠᠢ᠂ | ᠶᠠᠮᠠᠷᠪᠠ ᠨᠢᠭᠡᠴᠢ ᠪᠠ ᠬᠤᠪᠢ ᠬᠥᠮᠦᠨ ᠬᠢᠨᠠᠨ ᠬᠡᠮᠵᠢᠬᠦ ᠪᠡᠯᠡᠳᠭᠡᠮᠵᠢ ᠲᠥᠬᠦᠭᠡᠷᠦᠮᠵᠢ ᠶᠢ ᠡᠵᠡᠯᠡᠬᠦ᠂ ᠡᠪᠳᠡᠬᠦ᠂ | ᠨᠤᠷᠠᠭᠠᠬᠤ᠂ ᠳᠤᠷ᠎ᠠ ᠪᠠᠷ ᠢᠶᠠᠨ ᠰᠢᠯᠵᠢᠭᠦᠯᠬᠦ ᠪᠤᠶᠤ ᠬᠢᠨᠠᠨ ᠬᠡᠮᠵᠢᠬᠦ ᠪᠡᠯᠡᠳᠭᠡᠮᠵᠢ ᠲᠥᠬᠦᠭᠡᠷᠦᠮᠵᠢ ᠶᠢᠨ ᠬᠡᠪ ᠤᠨ | ᠠᠵᠢᠯᠯᠠᠭ᠎ᠠ ᠶᠢ ᠪᠤᠰᠤᠳ ᠠᠷᠭ᠎ᠠ ᠮᠠᠶ᠋ᠢᠭ ᠢᠶᠠᠷ ᠬᠠᠷᠰᠢᠯᠠᠵᠤ ᠪᠣᠯᠬᠤ ᠦᠭᠡᠢ ᠭᠡᠵᠦ ᠲᠤᠭᠲᠠᠭᠠᠬᠤ ᠶᠢᠨ ᠬᠠᠮᠲᠤ | ᠲᠣᠷᠭᠠᠬᠤ ᠳᠦᠷᠢᠮ ᠲᠣᠭᠲᠠᠭᠠᠪᠠ᠃ ᠬᠤᠶᠠᠷ ᠲᠤ ᠬᠢᠨᠠᠨ ᠬᠡᠮᠵᠢᠬᠦ ᠠᠭᠤᠯᠭ᠎ᠠ ᠶᠢ ᠵᠢᠷᠤᠮᠵᠢᠭᠤᠯᠪᠠ᠃ ᠡᠪᠡᠳᠴᠢᠨ | ᠬᠤᠷᠣᠬᠠᠶ ᠶᠢᠨ ᠬᠥᠨᠥᠭᠡᠯ ᠡᠭᠦᠰᠬᠦ ᠲᠥᠷᠥᠯ ᠵᠦᠢᠯ᠂ ᠴᠠᠭ ᠬᠤᠭᠤᠴᠠᠭ᠎ᠠ᠂ ᠬᠡᠪᠴᠢᠶ᠎ᠡ᠂ ᠬᠡᠮᠵᠢᠶ᠎ᠡ ᠶᠢ ᠬᠢᠨᠠᠨ ᠬᠡᠮᠵᠢᠬᠦ | ᠲᠤᠬᠠᠶ ᠨᠠᠷᠢᠨ ᠲᠣᠳᠣᠷᠬᠠᠶ ᠲᠣᠭᠲᠠᠭᠠᠯ ᠭᠠᠷᠭᠠᠬᠤ ᠶᠢᠨ ᠬᠠᠮᠲᠤ ᠬᠢᠨᠠᠨ ᠬᠡᠮᠵᠢᠬᠦ ᠮᠡᠷᠭᠡᠵᠢᠯ ᠤᠨ ᠵᠢᠷᠤᠮᠵᠢᠯ ᠢ | ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠠᠵᠤ | ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠭᠲᠠᠭᠠᠨ᠎ᠠ ᠭᠡᠵᠦ ᠲᠣᠭᠲᠠᠭᠠᠪᠠ᠃ ᠭᠤᠷᠪᠠ ᠳᠤ | ᠬᠢᠨᠠᠨ ᠬᠡᠮᠵᠢᠭᠰᠡᠨ ᠮᠡᠳᠡᠭᠡ ᠵᠠᠩᠭᠢ ᠶᠢᠨ ᠮᠡᠳᠡᠭᠦᠯᠦᠯᠲᠡ ᠵᠢᠴᠢ ᠤᠷᠢᠳᠴᠢᠯᠠᠭᠰᠠᠨ ᠮᠡᠳᠡᠭᠡ ᠶᠢ ᠨᠡᠶᠢᠲᠡᠯᠡᠬᠦ ᠶᠢ | ᠵᠢᠷᠤᠮᠵᠢᠭᠤᠯᠤᠨ᠎ᠠ᠃ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠬᠢᠨᠠᠨ ᠬᠡᠮᠵᠢᠭᠰᠡᠨ ᠮᠡᠳᠡᠭᠡ ᠵᠠᠩᠭᠢ ᠪᠠ | ᠤᠷᠢᠳᠴᠢᠯᠠᠭᠰᠠᠨ ᠮᠡᠳᠡᠭᠡ ᠶᠢ ᠴᠠᠭ ᠲᠤᠬᠠᠶ ᠳᠤ ᠨᠢ ᠳᠡᠭᠡᠭᠰᠢ ᠮᠡᠳᠡᠭᠦᠯᠵᠦ᠂ ᠤᠷᠢᠳᠴᠢᠯᠠᠭᠰᠠᠨ ᠮᠡᠳᠡᠭᠡ ᠶᠢ | ᠰᠢᠶᠠᠨ ᠤ ᠱᠠᠲᠤᠨ ᠠᠴᠠ ᠳᠡᠭᠡᠭᠰᠢᠬᠢ ᠲᠠᠷᠢᠶᠠᠯᠠᠩ ᠬᠥᠳᠡᠭᠡ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠨᠡᠶᠢᠲᠡᠯᠡᠨ᠎ᠡ ᠭᠡᠵᠦ ᠲᠤᠭᠲᠠᠭᠠᠪᠠ᠃ | 3. ︽ᠲᠦᠷᠢᠮ︾ ᠤᠨ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ | ᠲᠠᠯ᠎ᠠ ᠪᠠᠷ ᠬᠢ ᠲᠣᠭᠲᠠᠭᠠᠯ | ︽ᠲᠦᠷᠢᠮ︾ ᠳᠤ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠪᠠ᠃ ᠨᠢᠭᠡ ᠳᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠲᠥᠰᠦᠯ ᠢ ᠲᠤᠭᠲᠠᠭᠠᠵᠤ᠂ | ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠤᠨ ᠡᠮ ᠳᠠᠭᠠᠭᠠᠬᠤ ᠴᠢᠨᠠᠷ ᠢ ᠬᠢᠨᠠᠨ ᠬᠡᠮᠵᠢᠵᠦ ᠦᠨᠡᠯᠡᠨ ᠵᠢᠱᠢᠬᠦ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠭᠴᠢ ᠡᠵᠡᠩᠨᠡᠭᠴᠢᠳ ᠲᠤ | ᠮᠡᠷᠭᠡᠵᠢᠯ ᠤᠨ ᠪᠣᠯᠪᠠᠰᠤᠷᠠᠭᠤᠯᠤᠯ᠂ ᠵᠢᠯᠤᠭᠤᠳᠤᠯᠭ᠎ᠠ᠂ ᠦᠢᠯᠡᠴᠢᠯᠡᠭᠡ ᠬᠠᠩᠭᠠᠬᠤ ᠬᠡᠷᠡᠭᠲᠡᠶ ᠭᠡᠵᠦ ᠲᠣᠭᠲᠠᠭᠠᠵᠠᠶ᠃ | ᠬᠤᠶᠠᠷ ᠲᠤ ᠲᠥᠷᠥᠯ ᠬᠤᠪᠢᠶᠠᠨ ᠰᠡᠷᠭᠡᠶᠢᠯᠡᠨ ᠡᠵᠡᠮᠳᠡᠬᠦ ᠶᠢ ᠬᠡᠷᠡᠭᠵᠢᠭᠦᠯᠬᠦ ᠶᠢ ᠲᠣᠭᠲᠠᠭᠠᠪᠠ᠃ ᠲᠠᠷᠢᠮᠠᠯ ᠤᠨ | ᠡᠪᠡᠳᠴᠢᠨ ᠬᠤᠷᠣᠬᠠᠶ ᠶᠢᠨ ᠬᠥᠨᠥᠭᠡᠯ ᠤᠨ ᠣᠨᠴᠠᠯᠢᠭ ᠪᠠ ᠬᠥᠨᠥᠭᠡᠯ ᠤᠨ ᠬᠡᠮᠵᠢᠶ᠎ᠡ ᠶᠢ ᠨᠢ ᠦᠨᠳᠦᠰᠦᠯᠡᠨ | ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠭᠤᠷᠪᠠᠨ ᠲᠥᠷᠥᠯ ᠳᠤ ᠬᠤᠪᠢᠶᠠᠪᠠ᠄ ᠨᠢᠭᠡᠳᠦᠭᠡᠷ ᠲᠥᠷᠥᠯ ᠤᠨ | ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠬᠦᠨᠳᠦ ᠨᠣᠴᠢᠲᠠᠶ ᠡᠭᠦᠰᠬᠦ ᠦᠶ᠎ᠡ ᠳᠤ᠂ ᠲᠦᠷᠦ ᠶᠢᠨ | ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠡᠵᠡᠮᠳᠡᠬᠦ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠵᠢᠯᠣᠭᠤᠳᠬᠤ ᠬᠡᠷᠡᠭᠲᠡᠶ︔ ᠬᠤᠶᠠᠳᠤᠭᠠᠷ᠂ ᠭᠤᠷᠪᠠᠳᠤᠭᠠᠷ | ᠲᠦᠷᠦᠯ ᠤᠨ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠬᠦᠨᠳᠦ ᠨᠤᠴᠢᠲᠠᠢ ᠡᠭᠦᠰᠬᠦ ᠦᠶ᠎ᠡ ᠳᠤ᠂ ᠮᠤᠵᠢ | ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ | ᠬᠥᠳᠡᠭᠡ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠵᠡᠮᠳᠡᠬᠦ ᠠᠵᠢᠯ ᠢ ᠶᠡᠷᠦᠩᠬᠡᠶᠢᠯᠡᠨ | ᠵᠣᠬᠢᠴᠠᠭᠤᠯᠵᠤ᠂ ᠵᠢᠯᠣᠭᠤᠳᠬᠤ ᠬᠡᠷᠡᠭᠲᠡᠶ᠃ ᠭᠤᠷᠪᠠ ᠳᠤ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ | ᠨᠡᠶᠢᠲᠡᠯᠡᠬᠦ ᠶᠢ ᠵᠢᠷᠤᠮᠵᠢᠭᠤᠯᠵᠤ᠂ ᠲᠠᠷᠢᠮᠠᠯ ᠤᠨ ᠡᠪᠡᠳᠴᠢᠨ ᠬᠤᠷᠣᠬᠠᠶ ᠶᠢᠨ ᠭᠠᠮᠰᠢᠭ ᠤᠨ ᠪᠠᠶᠢᠳᠠᠯ ᠤᠨ ᠮᠡᠳᠡᠭᠡ | ᠵᠠᠩᠭᠢ ᠶᠢ ᠵᠥᠪᠬᠡᠨ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ | ᠬᠥᠳᠡᠭᠡ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ | ᠵᠥᠪᠳᠡᠯᠴᠡᠵᠦ ᠪᠠᠶᠢᠭᠠᠳ ᠨᠡᠶᠢᠲᠡᠯᠡᠨ᠎ᠡ᠂ ᠪᠤᠰᠤᠳ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠠᠴᠠ | ᠨᠡᠶᠢᠭᠡᠮ ᠳᠤ ᠨᠡᠶᠢᠲᠡᠯᠡᠵᠦ ᠪᠣᠯᠬᠤ ᠦᠭᠡᠢ ᠭᠡᠵᠦ ᠲᠣᠭᠲᠠᠭᠠᠪᠠ᠃ | 4. ︽ᠲᠦᠷᠢᠮ︾ ᠤᠨ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠤᠨ ᠪᠠᠴᠢᠮ ᠪᠠᠶᠢᠳᠠᠯ ᠢ | ᠠᠷᠭᠠᠴᠠᠭᠠᠵᠤ ᠰᠢᠢᠳᠪᠦᠷᠢᠯᠡᠬᠦ ᠲᠠᠯ᠎ᠠ ᠪᠠᠷ ᠬᠢ ᠲᠤᠭᠲᠠᠭᠠᠯ | ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠭᠡᠨᠡᠳᠲᠡ ᠡᠭᠦᠰᠬᠦ ᠦᠶ᠎ᠡ ᠳᠤ᠂ ᠪᠠᠴᠢᠮ ᠪᠠᠶᠢᠳᠠᠯ ᠢ | ᠠᠷᠭᠠᠴᠠᠭᠠᠵᠤ ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ ︽ᠲᠦᠷᠢᠮ︾ ᠳᠤ ᠭᠤᠤᠯᠳᠠᠭᠤ ᠳᠣᠤᠷᠠᠬᠢ | ᠬᠡᠳᠦᠨ ᠲᠠᠯ᠎ᠠ ᠶᠢ ᠲᠣᠭᠲᠠᠭᠠᠪᠠ᠄ ᠨᠢᠭᠡ ᠳᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠬᠤ | ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ | ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠠᠴᠢᠮ ᠪᠠᠶᠢᠳᠠᠯ ᠢ ᠠᠷᠭᠠᠴᠠᠭᠠᠬᠤ ᠶᠢ | ᠴᠤᠤᠷᠢᠶᠠᠳᠤᠨ ᠳᠠᠭᠠᠬᠤ ᠪᠠ ᠰᠢᠢᠳᠪᠦᠷᠢᠯᠡᠬᠦ ᠲᠣᠭᠲᠠᠴᠠ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠦᠯ ᠢ ᠲᠣᠭᠲᠠᠭᠠᠬᠤ ᠬᠡᠷᠡᠭᠲᠡᠶ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠦᠯ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠪᠠ ᠰᠣᠷᠢᠯᠲᠠ ᠥᠷᠨᠢᠭᠦᠯᠵᠦ᠂ ᠴᠢᠬᠤᠯᠠ ᠪᠦᠬᠦᠢ ᠪᠠᠴᠢᠮ ᠪᠠᠶᠢᠳᠠᠯ ᠢ ᠠᠷᠭᠠᠴᠠᠭᠠᠬᠤ ᠡᠳ᠋ | ᠪᠠᠷᠠᠭ᠎ᠠ ᠶᠢ ᠨᠥᠭᠡᠴᠡᠯᠡᠬᠦ ᠬᠡᠷᠡᠭᠲᠡᠶ ᠭᠡᠵᠦ ᠲᠣᠭᠲᠠᠭᠠᠪᠠ᠃ ᠬᠤᠶᠠᠷ ᠲᠤ ᠲᠠᠷᠢᠮᠠᠯ ᠤᠨ ᠡᠪᠡᠳᠴᠢᠨ ᠬᠤᠷᠣᠬᠠᠶ ᠶᠢᠨ | ᠬᠥᠨᠥᠭᠡᠯ ᠭᠡᠨᠡᠳᠲᠡ ᠡᠭᠦᠰᠬᠦ ᠦᠶ᠎ᠡ ᠳᠤ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠪᠠᠴᠢᠮ ᠪᠠᠶᠢᠳᠠᠯ ᠢ ᠠᠷᠭᠠᠴᠠᠭᠠᠬᠤ ᠴᠤᠤᠷᠢᠶᠠᠲᠤᠯ ᠢ ᠲᠡᠷᠡ ᠳᠠᠷᠤᠶ ᠳᠤ ᠨᠢ ᠡᠬᠢᠯᠡᠭᠦᠯᠵᠦ᠂ | ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠬᠡᠪᠴᠢᠶ᠎ᠠ ᠪᠠ ᠲᠠᠯᠠᠪᠠᠢ ᠶᠢ ᠵᠠᠭᠠᠭᠯᠠᠨ ᠲᠣᠭᠲᠠᠭᠠᠬᠤ᠂ ᠪᠠᠴᠢᠮ | ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠡᠩᠨᠡᠭᠡ ᠶᠢ ᠵᠣᠬᠢᠶᠠᠨ ᠪᠠᠶᠢᠭᠤᠯᠤᠨ ᠴᠤᠭᠯᠠᠭᠤᠯᠬᠤ᠂ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠡᠳ᠋ ᠪᠣᠳᠠᠰ ᠢ ᠬᠡᠷᠡᠭᠯᠡᠬᠦ᠂ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ | ᠠᠵᠢᠯᠯᠠᠭ᠎ᠠ ᠶᠢ ᠵᠣᠬᠢᠶᠠᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠶ ᠭᠡᠵᠦ ᠲᠣᠭᠲᠠᠭᠠᠪᠠ᠃ ᠭᠤᠷᠪᠠ ᠳᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠵᠢᠯᠴᠠᠬᠤ ᠡᠭᠦᠷᠭᠡ ᠶᠢ ᠲᠣᠳᠣᠷᠬᠠᠶᠢᠯᠠᠵᠤ᠂ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ᠂ | ᠵᠠᠮ ᠬᠠᠷᠢᠯᠴᠠᠭ᠎ᠠ᠂ ᠠᠷᠠᠳ ᠤᠨ ᠠᠭᠠᠷ ᠤᠨ ᠲᠡᠭᠡᠭᠡᠪᠦᠷᠢ᠂ ᠴᠠᠭ ᠠᠭᠤᠷ ᠵᠡᠷᠭᠡ ᠬᠤᠯᠪᠣᠭᠳᠠᠯ ᠪᠦᠬᠦᠢ ᠰᠠᠯᠠᠭ᠎ᠠ | ᠮᠦᠴᠢᠷ ᠤᠳ ᠲᠤᠰ ᠲᠤᠰ ᠤᠨ ᠢᠶᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠲᠠᠷᠢᠮᠠᠯ ᠤᠨ | ᠡᠪᠡᠳᠴᠢᠨ ᠬᠤᠷᠤᠬᠠᠢ ᠶᠢᠨ ᠬᠥᠨᠥᠭᠡᠯ ᠤᠨ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠠᠵᠢᠯ ᠢ ᠰᠠᠶᠢᠲᠤᠷ | ᠬᠢᠬᠦ ᠬᠡᠷᠡᠭᠲᠡᠶ ᠭᠡᠵᠦ ᠲᠣᠭᠲᠠᠭᠠᠪᠠ᠃ | 5. ︽ᠳᠦᠷᠢᠮ︾ ᠨᠢ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ | ᠲᠤᠰᠬᠠᠶᠢᠵᠢᠭᠰᠠᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠵᠢᠷᠤᠮᠵᠢᠭᠤᠯᠪᠠ | ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠰᠢᠯᠵᠢᠯᠲᠡ ᠪᠠ ᠲᠠᠷᠢᠶᠠᠯᠠᠩ ᠤᠨ ᠵᠣᠬᠢᠬᠤ ᠬᠡᠪᠴᠢᠶᠡᠲᠦ | ᠡᠵᠡᠩᠨᠡᠯᠲᠡ ᠶᠢᠨ ᠬᠥᠭᠵᠢᠯᠲᠡ ᠶᠢ ᠳᠠᠭᠠᠯᠳᠤᠨ᠂ ᠡᠪᠡᠳᠴᠢᠨ ᠬᠤᠷᠣᠬᠠᠶ ᠶᠢᠨ ᠬᠥᠨᠥᠭᠡᠯ ᠢ ᠲᠤᠰᠬᠠᠶᠢᠵᠢᠭᠰᠠᠨ | ᠰᠡᠷᠭᠡᠶᠢᠯᠡᠨ ᠵᠠᠰᠠᠯᠲᠠ ᠶᠢᠨ ᠴᠢᠬᠤᠯᠠ ᠴᠢᠨᠠᠷ ᠡᠳᠦᠷ ᠢᠷᠡᠬᠦᠶ᠎ᠡ ᠲᠣᠪᠤᠶᠢᠮ᠎ᠠ ᠪᠣᠯᠵᠣ ᠪᠠᠶᠢᠨ᠎ᠠ᠂ ᠡᠶᠢᠮᠦ ᠠᠴᠠ | ︽ᠲᠦᠷᠢᠮ︾ ᠳᠤ ᠲᠤᠰᠬᠠᠶ ᠲᠤᠭᠲᠠᠭᠠᠯ ᠭᠠᠷᠭᠠᠵᠤ ᠵᠢᠷᠤᠮᠵᠢᠭᠤᠯᠤᠭᠰᠠᠨ ᠬᠠᠮᠢᠶᠠᠷᠤᠯᠲᠠ ᠶᠠᠪᠤᠭᠤᠯᠵᠠᠶ᠂ ᠡᠭᠦᠨ ᠳᠤ | ᠭᠤᠤᠯᠳᠠᠭᠤ ᠳᠣᠤᠷᠠᠬᠢ ᠬᠡᠳᠦᠨ ᠲᠠᠯ᠎ᠠ ᠶᠢ ᠲᠣᠭᠲᠠᠭᠠᠪᠠ᠄ ᠨᠢᠭᠡ ᠳᠤ ᠤᠯᠤᠰ ᠠᠴᠠ ᠵᠠᠰᠠᠭ ᠤᠨ ᠣᠷᠳᠣᠨ | ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠡᠪᠡᠳᠴᠢᠨ ᠬᠤᠷᠤᠬᠠᠢ ᠶᠢᠨ | ᠬᠥᠨᠥᠭᠡᠯ ᠢ ᠰᠡᠷᠭᠡᠶᠢᠯᠡᠨ ᠵᠠᠰᠠᠬᠤ ᠲᠤᠰᠬᠠᠶᠢᠵᠢᠭᠰᠠᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ | ᠵᠣᠷᠢᠭᠵᠢᠭᠤᠯᠤᠨ ᠲᠡᠳᠬᠦᠵᠦ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠬᠥᠳᠡᠭᠡ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠢᠷᠤᠮᠵᠢᠭᠤᠯᠤᠨ | ᠬᠠᠮᠢᠶᠠᠷᠬᠤ ᠬᠡᠷᠡᠭᠲᠡᠶ ᠪᠥᠭᠡᠳ ᠲᠡᠭᠦᠨ ᠳᠤ ᠮᠡᠷᠭᠡᠵᠢᠯ ᠤᠨ ᠪᠣᠯᠪᠠᠰᠤᠷᠠᠭᠤᠯᠤᠯ᠂ ᠵᠢᠯᠤᠭᠤᠳᠤᠯᠭ᠎ᠠ᠂ ᠦᠢᠯᠡᠴᠢᠯᠡᠭᠡ | ᠬᠠᠩᠭᠠᠬᠤ ᠬᠡᠷᠡᠭᠲᠡᠶ ᠭᠡᠵᠦ ᠲᠣᠭᠲᠠᠭᠠᠪᠠ᠃ ᠬᠤᠶᠠᠷ ᠲᠤ᠂ ᠰᠡᠷᠭᠡᠶᠢᠯᠡᠨ ᠵᠠᠰᠠᠬᠤ ᠦᠢᠯᠡᠴᠢᠯᠡᠭᠡᠨ ᠲᠤᠰᠬᠠᠶᠢᠵᠢᠭᠰᠠᠨ | ᠴᠢᠨᠠᠷ᠂ ᠮᠡᠷᠭᠡᠵᠢᠯ ᠤᠨ ᠴᠢᠨᠠᠷ ᠢ ᠪᠣᠳᠣᠯᠬᠢᠯᠠᠵᠤ᠂ ︽ᠲᠦᠷᠢᠮ︾ ᠳᠤ ᠡᠪᠡᠳᠴᠢᠨ ᠬᠤᠷᠣᠬᠠᠶ ᠶᠢᠨ ᠬᠥᠨᠥᠭᠡᠯ ᠢ | ᠰᠡᠷᠭᠡᠶᠢᠯᠡᠨ ᠵᠠᠰᠠᠬᠤ ᠲᠤᠰᠬᠠᠶᠢᠵᠢᠭᠰᠠᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠨᠢ ᠬᠠᠷᠠᠭᠠᠯᠵᠠᠭᠰᠠᠨ | ᠮᠡᠷᠭᠡᠵᠢᠯ ᠤᠨ ᠠᠵᠢᠯᠲᠠᠨ᠂ ᠪᠡᠯᠡᠳᠭᠡᠮᠵᠢ ᠲᠥᠬᠦᠭᠡᠷᠦᠮᠵᠢ ᠵᠢᠴᠢ ᠵᠢᠷᠤᠮᠵᠢᠭᠰᠠᠨ ᠬᠠᠮᠢᠶᠠᠷᠤᠯᠲᠠ ᠶᠢᠨ ᠲᠦᠷᠢᠮ ᠢ | ᠪᠦᠷᠢᠯᠳᠦᠭᠦᠯᠬᠦ ᠬᠡᠷᠡᠭᠲᠡᠶ ᠭᠡᠵᠦ ᠲᠣᠭᠲᠠᠭᠠᠵᠠᠶ᠃ ᠲᠠᠷᠢᠶᠠᠨ ᠠᠵᠢᠯ ᠬᠢᠭᠰᠡᠳ ᠨᠢ ᠦᠢᠯᠡᠴᠢᠯᠡᠭᠡᠨ ᠤ ᠣᠷᠣᠨ ᠤ | ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠵᠥᠪ ᠢᠯᠭᠠᠨ ᠲᠠᠨᠢᠵᠤ᠂ ᠲᠠᠷᠢᠶᠠᠨ ᠡᠮ ᠬᠡᠷᠡᠭᠯᠡᠬᠦ ᠬᠦᠷᠢᠶ᠎ᠡ | ᠬᠡᠪᠴᠢᠶ᠎ᠡ᠂ ᠬᠡᠷᠡᠭᠯᠡᠬᠦ ᠠᠷᠭ᠎ᠠ᠂ ᠠᠶᠤᠯᠭᠦᠢ ᠵᠠᠪᠰᠠᠷ ᠤᠨ ᠬᠤᠭᠤᠴᠠᠭ᠎ᠠ ᠵᠡᠷᠭᠡ ᠲᠤᠰᠬᠠᠢ ᠮᠡᠷᠭᠡᠵᠢᠯ ᠤᠨ ᠮᠡᠳᠡᠯᠭᠡ | ᠵᠢᠴᠢ ᠲᠠᠷᠢᠶᠠᠨ ᠠᠵᠢᠯ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠮᠡᠳᠡᠯᠭᠡ ᠶᠢ ᠵᠥᠪ ᠣᠨᠣᠪᠴᠢᠲᠠᠢ ᠡᠵᠡᠮᠰᠢᠵᠤ᠂ | ᠡᠮ ᠣᠷᠣᠭᠤᠯᠬᠤ ᠮᠠᠰᠢᠨ ᠵᠢᠴᠢ ᠬᠠᠮᠢᠶ᠎ᠠ ᠪᠦᠬᠦᠢ ᠬᠡᠷᠡᠭᠰᠡᠯ ᠢ ᠵᠥᠪ ᠢᠶᠠᠷ ᠬᠡᠷᠡᠭᠯᠡᠬᠦ ᠬᠡᠷᠡᠭᠲᠡᠶ᠃ ᠭᠤᠷᠪᠠ ᠳᠤ | ᠰᠡᠷᠭᠡᠶᠢᠯᠡᠨ ᠵᠠᠰᠠᠬᠤ ᠦᠢᠯᠡᠴᠢᠯᠡᠭᠡᠨ ᠤ ᠰᠢᠨᠵᠢᠯᠡᠬᠦ ᠤᠬᠠᠭᠠᠨᠴᠢ ᠴᠢᠨᠠᠷ᠂ ᠳᠦᠷᠢᠮᠵᠢᠯ ᠢ ᠪᠠᠲᠤᠯᠠᠬᠤ ᠶᠢᠨ ᠲᠤᠰᠠᠳᠠ᠂ | ︽ᠲᠦᠷᠢᠮ︾ ᠳᠤ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠲᠤᠰᠬᠠᠶᠢᠵᠢᠭᠰᠠᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠨᠢ ᠤᠯᠤᠰ ᠤᠨ ᠬᠤᠯᠪᠣᠭᠳᠠᠯ ᠪᠦᠬᠦᠢ ᠲᠠᠷᠢᠶᠠᠨ ᠡᠮ ᠢ ᠠᠶᠤᠯᠭᠦᠶ ᠵᠦᠶ | ᠵᠣᠬᠢᠰᠲᠠᠶ ᠬᠡᠷᠡᠭᠯᠡᠬᠦ ᠲᠦᠷᠢᠮ ᠢ ᠵᠢᠷᠤᠮᠯᠠᠵᠤ᠂ ᠦᠢᠯᠡᠴᠢᠯᠡᠭᠡᠨ ᠤ ᠲᠠᠩᠰᠠ ᠡᠪᠬᠡᠮᠡᠯ ᠪᠠᠶᠢᠭᠤᠯᠵᠤ᠂ ᠲᠠᠷᠢᠶᠠᠨ ᠠᠵᠢᠯ | ᠬᠢᠭᠰᠡᠳ ᠲᠤ ᠴᠢᠬᠤᠯᠠ ᠪᠦᠬᠦᠢ ᠬᠠᠮᠠᠭᠠᠯᠠᠯᠲᠠ ᠶᠢᠨ ᠬᠡᠷᠡᠭᠰᠡᠯ ᠵᠡᠷᠭᠡ ᠠᠭᠤᠯᠭ᠎ᠠ ᠶᠢ ᠲᠤᠬᠢᠷᠠᠭᠤᠯᠵᠤ ᠥᠭᠬᠦ ᠬᠡᠷᠡᠭᠲᠡᠶ | ᠭᠡᠵᠦ ᠲᠤᠭᠲᠠᠭᠠᠪᠠ᠃ | 6. ︽ᠲᠦᠷᠢᠮ︾ ᠳᠤ ︽ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ︾ ᠶᠢ ᠪᠠᠷᠢᠮᠲᠠᠯᠠᠬᠤ ᠶᠢ ᠰᠠᠨᠠᠭᠠᠴᠢᠯᠠᠪᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠠᠬᠢ ᠪᠣᠬᠢᠷᠲᠤᠯ ᠦᠭᠡᠢ ᠬᠥᠭᠵᠢᠯᠲᠡ ᠶᠢ | ᠲᠦᠯᠬᠢᠨ ᠠᠬᠢᠭᠤᠯᠬᠤ ᠲᠤᠬᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠲᠠᠷᠢᠶᠠᠯᠠᠩ ᠤᠨ ᠬᠥᠭᠵᠢᠯᠲᠡ ᠶᠢᠨ ᠠᠷᠭ᠎ᠠ | ᠮᠠᠶ᠋ᠢᠭ ᠢ ᠲᠦᠷᠭᠡᠪᠴᠢᠯᠡᠨ ᠬᠤᠪᠢᠷᠠᠭᠤᠯᠵᠤ᠂ ᠲᠠᠷᠢᠶᠠᠯᠠᠩ ᠤᠨ ᠡᠬᠢ ᠪᠠᠶᠠᠯᠢᠭ ᠤᠨ ᠠᠰᠢᠭᠯᠠᠯᠲᠠ ᠪᠣᠯᠤᠨ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠲᠠᠷᠢᠮᠠᠯ ᠤᠨ ᠡᠪᠡᠳᠴᠢᠨ | ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠳᠤ ᠪᠣᠬᠢᠷᠲᠤᠯ ᠦᠭᠡᠶ ᠰᠡᠷᠭᠡᠶᠢᠯᠡᠯᠲᠡ ᠪᠠᠷ ᠬᠢᠮᠢ ᠶᠢᠨ | ᠰᠡᠷᠭᠡᠶᠢᠯᠡᠯᠲᠡ ᠶᠢ ᠣᠷᠣᠯᠠᠭᠤᠯᠵᠣ᠂ ᠠᠮᠢ ᠠᠬᠤᠶ ᠶᠢᠨ ᠲᠤᠬᠢᠷᠠᠭᠤᠯᠤᠯ ᠡᠵᠡᠮᠳᠡᠯ᠂ ᠹᠢᠽᠢᠺ ᠤᠨ ᠰᠡᠷᠭᠡᠶᠢᠯᠡᠨ ᠵᠠᠰᠠᠯᠲᠠ᠂ | ᠠᠮᠢᠳᠤ ᠪᠣᠳᠠᠰ ᠤᠨ ᠰᠡᠷᠭᠡᠶᠢᠯᠡᠯᠲᠡ ᠵᠡᠷᠭᠡ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠮᠡᠷᠭᠡᠵᠢᠯ ᠢ ᠳᠡᠯᠭᠡᠷᠡᠭᠦᠯᠦᠨ᠂ | ᠪᠣᠬᠢᠷᠲᠤᠯ ᠦᠭᠡᠢ ᠬᠦᠭᠵᠢᠯᠲᠡ ᠶᠢᠨ ᠵᠠᠮ ᠢᠶᠠᠷ ᠵᠠᠮᠨᠠᠬᠤ ᠶᠢᠨ ᠲᠤᠰᠠᠳᠠ᠂ ︽ᠲᠦᠷᠢᠮ︾ ᠳᠤ ᠤᠯᠤᠰ ᠠᠴᠠ | ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠰᠢᠨᠵᠢᠯᠡᠭᠡ ᠮᠡᠷᠭᠡᠵᠢᠯ ᠤᠨ ᠰᠢᠨ᠎ᠡ ᠶᠢ | ᠡᠭᠦᠳᠬᠦ᠂ ᠦᠷ᠎ᠡ ᠪᠦᠲᠦᠭᠡᠯ ᠢ ᠬᠤᠪᠢᠷᠠᠭᠤᠯᠬᠤ ᠪᠠ ᠬᠠᠤᠯᠢ ᠶᠣᠰᠣᠭᠠᠷ ᠳᠡᠯᠭᠡᠷᠡᠭᠦᠯᠦᠨ ᠬᠡᠷᠡᠭᠯᠡᠬᠦ ᠶᠢ | ᠵᠣᠷᠢᠭᠵᠢᠭᠤᠯᠤᠨ ᠳᠡᠮᠵᠢᠵᠦ᠂ ᠬᠡᠷᠡᠭᠯᠡᠭᠡᠨ ᠤ ᠮᠡᠳᠡᠭᠡ ᠵᠠᠩᠭᠢ ᠶᠢᠨ ᠮᠡᠷᠭᠡᠵᠢᠯ᠂ ᠠᠮᠢᠳᠤ ᠪᠣᠳᠠᠰ ᠤᠨ ᠮᠡᠷᠭᠡᠵᠢᠯ ᠢ | ᠲᠦᠭᠡᠮᠡᠯᠵᠢᠭᠦᠯᠦᠨ᠂ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ | ᠤᠶᠤᠨᠴᠢᠯᠠᠬᠤ᠂ ᠲᠤᠰᠬᠠᠶᠢᠵᠢᠭᠤᠯᠬᠤ᠂ ᠪᠣᠬᠢᠷᠲᠤᠯ ᠦᠭᠡᠢ ᠪᠣᠯᠭᠠᠬᠤ ᠶᠢ ᠲᠦᠯᠬᠢᠨ ᠠᠬᠢᠭᠤᠯᠤᠨ᠎ᠠ︔ ᠰᠢᠨᠵᠢᠯᠡᠬᠦ | ᠤᠬᠠᠭᠠᠨ ᠤ ᠰᠤᠳᠤᠯᠭᠠᠨ ᠤ ᠨᠢᠭᠡᠴᠢ᠂ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠵᠡᠷᠭᠡ ᠨᠢᠭᠡᠴᠢ ᠪᠠ | ᠬᠤᠪᠢ ᠬᠥᠮᠦᠨ ᠤ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠮᠡᠷᠭᠡᠵᠢᠯ ᠢ ᠰᠤᠳᠤᠯᠬᠤ᠂ ᠬᠠᠤᠯᠢ ᠶᠣᠰᠣᠭᠠᠷ | ᠳᠡᠯᠭᠡᠷᠡᠭᠦᠯᠬᠦ ᠶᠢ ᠵᠣᠷᠢᠭᠵᠢᠭᠤᠯᠤᠨ ᠳᠠᠮᠵᠢᠵᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ | ᠲᠤᠰᠬᠠᠶᠢᠵᠢᠭᠰᠠᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ | ᠮᠡᠷᠭᠡᠵᠢᠯ ᠵᠡᠷᠭᠡ ᠶᠢ ᠬᠡᠷᠡᠭᠯᠡᠬᠦ ᠶᠢ ᠵᠣᠷᠢᠭᠵᠢᠭᠤᠯᠤᠨ᠎ᠠ ᠃ ᠲᠠᠷᠢᠶᠠᠯᠠᠩ ᠬᠥᠳᠡᠭᠡ ᠠᠵᠤ ᠠᠬᠤᠢ ᠶᠢᠨ ᠶᠠᠮᠤᠨ᠂ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠵᠡᠷᠭᠡ ᠳᠣᠯᠣᠭᠠᠨ | ᠰᠠᠯᠠᠭ᠎ᠠ ᠮᠥᠴᠢᠷ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠤᠯᠤᠰ ᠤᠨ ᠶᠠᠰᠤ ᠴᠢᠨᠠᠷ ᠢᠶᠠᠷ ᠲᠠᠷᠢᠶᠠᠯᠠᠩ ᠢ | ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠲᠦᠯᠦᠪᠵᠢᠭᠦᠯᠭᠡ ︵2018 — 2022ᠤᠨ︶︾ ᠳᠤ᠂ | ᠦᠷᠭᠦᠯᠵᠢᠯᠡᠨ ᠪᠦᠬᠦᠯᠢ ᠰᠢᠶᠠᠨ ᠤ ᠳᠦᠷᠢᠮ ᠢᠶᠠᠷ᠂ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠪᠣᠬᠢᠷᠲᠤᠯ | ᠦᠭᠡᠢ ᠰᠡᠷᠭᠡᠶᠢᠯᠡᠨ ᠡᠵᠡᠮᠳᠡᠬᠦ ᠠᠵᠢᠯ ᠢ ᠲᠦᠯᠬᠢᠨ ᠠᠬᠢᠭᠤᠯᠵᠤ᠂ ᠲᠠᠷᠢᠶᠠᠯᠠᠩ ᠤᠨ ᠣᠷᠣᠭᠤᠯᠤᠯᠲᠠ ᠡᠳ᠋ ᠤᠨ | ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠪᠣᠬᠢᠷᠲᠤᠯ | ᠦᠭᠡᠶ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠰᠢᠶᠠᠨ ᠢ 300 ᠪᠠᠶᠢᠭᠤᠯᠵᠤ᠂ ᠭᠤᠤᠯ ᠪᠣᠯᠬᠤ ᠲᠠᠷᠢᠮᠠᠯ ᠤᠨ | ᠡᠪᠡᠳᠴᠢᠨ ᠬᠤᠷᠣᠬᠠᠶ ᠶᠢᠨ ᠪᠣᠬᠢᠷᠲᠤᠯ ᠦᠭᠡᠶ ᠰᠡᠷᠭᠡᠶᠢᠯᠡᠨ ᠡᠵᠡᠮᠳᠡᠬᠦ ᠪᠦᠷᠬᠦᠴᠡ ᠶᠢᠨ ᠨᠣᠷᠮ᠎ᠠ ᠶᠢ 50% ᠠᠴᠠ | ᠳᠡᠭᠡᠭᠰᠢ ᠳᠤ ᠬᠦᠷᠦᠭᠦᠯᠦᠨ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠲᠠᠷᠢᠮᠠᠯ ᠤᠨ ᠪᠣᠬᠢᠷᠲᠤᠯ ᠦᠭᠡᠢ | ᠴᠢᠨᠠᠷᠯᠢᠭ ᠬᠥᠭᠵᠢᠯᠲᠡ ᠶᠢ ᠠᠬᠢᠭᠤᠯᠤᠨ᠎ᠠ ᠭᠡᠵᠦ ᠲᠤᠳᠤᠷᠬᠠᠢ ᠲᠤᠷᠠᠳᠪᠠ᠃ |