︵ᠨᠢᠭᠡ︶ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠠᠷᠴᠢᠮ ᠪᠠ ᠴᠢᠭᠯᠡᠯ ᠢ | ᠲᠤᠳᠤᠷᠬᠠᠶᠢᠯᠠᠪᠠ | ︽ᠳᠦᠷᠢᠮ︾ ᠨᠢ ᠡᠵᠡᠩᠨᠡᠨ ᠬᠤᠳᠠᠯᠳᠤᠭᠠᠯᠠᠬᠤ ᠤᠷᠴᠢᠨ ᠨᠦᠭᠦᠴᠡᠯ ᠢ ᠠᠵᠤ ᠠᠬᠤᠶᠢᠯᠠᠯ ᠵᠡᠷᠭᠡ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠠᠵᠢᠯᠯᠠᠭ᠎ᠠ ᠳᠤᠮᠳᠠ | ᠬᠤᠯᠪᠣᠭᠳᠠᠭᠰᠠᠨ ᠪᠠᠶᠢᠭᠤᠯᠤᠯ ᠲᠣᠭᠲᠠᠴᠠ ᠶᠢᠨ ᠴᠢᠨᠠᠷᠲᠠᠶ ᠬᠦᠴᠦᠨ ᠵᠦᠢᠯ ᠪᠣᠯᠭᠠᠨ ᠵᠠᠭᠠᠭᠯᠠᠨ ᠲᠤᠭᠲᠠᠭᠠᠬᠤ ᠶᠢᠨ | ᠬᠠᠮᠲᠤ ᠡᠵᠡᠩᠨᠡᠨ ᠬᠤᠳᠠᠯᠳᠤᠭᠠᠯᠠᠬᠤ ᠤᠷᠴᠢᠨ ᠨᠦᠭᠦᠴᠡᠯ ᠢ ᠰᠢᠯᠢᠳᠡᠭᠵᠢᠭᠦᠯᠬᠦ ᠳᠤ ᠵᠠᠬ᠎ᠠ ᠳᠡᠯᠭᠡᠭᠦᠷᠴᠢᠯᠡᠬᠦ᠂ | ᠬᠠᠤᠯᠢᠵᠢᠭᠤᠯᠬᠤ᠂ ᠳᠡᠯᠡᠬᠡᠶᠢᠴᠢᠯᠡᠬᠦ ᠵᠠᠷᠴᠢᠮ ᠢ ᠪᠠᠷᠢᠮᠲᠠᠯᠠᠬᠤ ᠬᠡᠷᠡᠭᠲᠡᠶ ᠭᠡᠳᠡᠭ ᠢ ᠲᠣᠳᠣᠷᠬᠠᠶᠢᠯᠠᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ᠵᠠᠰᠠᠭ ᠤᠨ ᠣᠷᠳᠣᠨ ᠤ ᠡᠭᠦᠷᠭᠡ | ᠴᠢᠳᠠᠪᠤᠷᠢ ᠶᠢ ᠭᠦᠨᠵᠡᠭᠡᠶ ᠬᠤᠪᠢᠷᠠᠭᠤᠯᠬᠤ ᠪᠠᠷ ᠭᠤᠣᠯᠳᠠᠯᠭ᠎ᠠ ᠪᠣᠯᠭᠠᠵᠤ᠂ ᠪᠠᠶᠢᠭᠤᠯᠤᠯ ᠲᠣᠭᠲᠠᠴᠠ ᠶᠢᠨ ᠰᠢᠨ᠎ᠡ ᠶᠢ | ᠡᠭᠦᠳᠴᠦ᠂ ᠬᠠᠮᠵᠢᠯᠴᠠᠨ ᠬᠥᠳᠡᠯᠦᠯᠴᠡᠬᠦ ᠶᠢ ᠴᠢᠩᠭᠠᠳᠬᠠᠵᠤ᠂ ᠬᠠᠤᠯᠢ ᠳᠦᠷᠢᠮ ᠤᠨ ᠪᠠᠲᠤᠯᠠᠭ᠎ᠠ ᠶᠢ | ᠲᠡᠭᠦᠯᠳᠡᠷᠵᠢᠭᠦᠯᠵᠦ᠂ ᠳᠡᠯᠡᠬᠡᠶ ᠶᠢᠨ ᠲᠡᠷᠢᠭᠦᠨ ᠤ ᠬᠢᠷᠢ ᠬᠡᠮᠵᠢᠶ᠎ᠡ ᠲᠠᠢ ᠬᠠᠷᠢᠴᠠᠭᠤᠯᠵᠤ᠂ ᠡᠯ᠎ᠡ ᠲᠥᠷᠥᠯ ᠤᠨ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠪᠠᠯᠠ ᠣᠷᠣᠭᠤᠯᠤᠨ ᠦᠢᠯᠡᠰ ᠬᠥᠭᠵᠢᠭᠦᠯᠬᠦ ᠳᠤ ᠲᠣᠭᠲᠠᠭᠤᠨ᠂ ᠲᠥᠪ | ᠭᠤᠤᠯᠴᠢ᠂ ᠢᠯᠡ ᠲᠣᠳᠣ᠂ ᠵᠢᠱᠢᠵᠦ ᠪᠣᠯᠬᠤᠶᠢᠴᠠ ᠰᠠᠶᠢᠨ ᠰᠠᠶᠢᠬᠠᠨ ᠣᠷᠴᠢᠨ ᠨᠦᠭᠦᠴᠡᠯ ᠢ ᠪᠣᠶ ᠪᠣᠯᠭᠠᠵᠤ ᠦᠭᠬᠦ | ᠪᠤᠯᠤᠨ᠎ᠠ᠃ | ︵ᠬᠤᠶᠠᠷ︶ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠬᠡ ᠲᠡᠭᠰᠢ ᠬᠠᠮᠠᠭᠠᠯᠠᠯᠲᠠ ᠶᠢ ᠴᠢᠩᠭᠠᠳᠬᠠᠵᠤ᠂ | ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠷᠬᠡ ᠲᠡᠭᠰᠢ ᠬᠠᠮᠠᠭᠠᠯᠠᠯᠲᠠ ᠶᠢ ᠴᠢᠩᠭᠠᠳᠬᠠᠬᠤ ᠪᠣᠯ | ᠨᠡᠶᠢᠭᠡᠮ ᠤᠨ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠠᠰᠠᠭᠤᠳᠠᠯ ᠤᠨ ᠨᠢᠭᠡ ᠪᠣᠯᠤᠨ᠎ᠠ᠃ ︽ᠳᠦᠷᠢᠮ︾ ᠳᠤ | ᠲᠣᠳᠣᠷᠬᠠᠶ ᠲᠣᠭᠲᠠᠭᠠᠭᠰᠠᠨ ᠨᠢ᠂ ᠤᠯᠤᠰ ᠠᠴᠠ ᠡᠷᠬᠡ ᠠᠰᠢᠭ ᠡᠷᠬᠡ ᠲᠡᠭᠰᠢ᠂ ᠠᠵᠠ ᠲᠣᠬᠢᠶᠠᠯ ᠡᠷᠬᠡ ᠲᠡᠭᠰᠢ᠂ | ᠳᠦᠷᠢᠮ ᠲᠣᠭᠲᠠᠭᠠᠯ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ | ᠡᠷᠬᠡ ᠲᠡᠭᠰᠢ ᠨᠢ ᠬᠠᠤᠯᠢ ᠴᠠᠭᠠᠵᠠ ᠶᠢᠨ ᠬᠠᠮᠠᠭᠠᠯᠠᠯᠲᠠ ᠬᠦᠷᠲᠡᠬᠦ ᠶᠢ ᠪᠠᠲᠤᠯᠠᠵᠤ᠂ ᠡᠯ᠎ᠡ ᠲᠥᠷᠥᠯ ᠤᠨ ᠵᠠᠬ᠎ᠠ | ᠳᠡᠯᠭᠡᠭᠦᠷ ᠤᠨ ᠭᠤᠤᠯ ᠴᠣᠭᠴᠠ ᠶᠢ ᠡᠷᠬᠡ ᠲᠡᠭᠰᠢ ᠪᠠᠷ ᠬᠠᠮᠠᠭᠠᠯᠠᠬᠤ ᠶᠢ ᠬᠦᠴᠦᠯᠡᠨ ᠴᠢᠩᠭᠠᠳᠬᠠᠵᠤ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠡᠷᠬᠡ ᠲᠡᠭᠰᠢ ᠣᠯᠭᠤᠮᠵᠢ ᠶᠢ ᠨᠠᠶᠢᠳᠠᠪᠤᠷᠢᠵᠢᠭᠤᠯᠤᠨ᠎ᠠ᠃ ᠨᠢᠭᠡ ᠳᠤ ᠡᠯ᠎ᠡ | ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠡᠷᠬᠡ ᠲᠡᠭᠰᠢ ᠪᠠᠷ ᠬᠠᠨᠳᠤᠬᠤ ᠶᠢ ᠴᠢᠬᠤᠯᠠᠴᠢᠯᠠᠪᠠ᠃ | ︽ᠳᠦᠷᠢᠮ︾ ᠳᠤ ᠲᠣᠳᠣᠷᠬᠠᠶ ᠲᠣᠭᠲᠠᠭᠠᠭᠰᠠᠨ ᠨᠢ᠂ ᠤᠯᠤᠰ ᠠᠴᠠ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠬᠦᠴᠦᠨ ᠵᠦᠢᠯ ᠢ ᠬᠡᠷᠡᠭᠯᠡᠬᠦ᠂ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠬᠦᠷᠳᠡᠬᠦ᠂ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ | ᠲᠠᠯ᠎ᠠ ᠪᠠᠷ ᠬᠢ ᠡᠷᠬᠡ ᠲᠡᠭᠰᠢ ᠬᠠᠷᠠᠭᠠᠯᠵᠠᠯ ᠢ ᠬᠠᠤᠯᠢ ᠶᠤᠰᠤᠭᠠᠷ ᠬᠠᠮᠠᠭᠠᠯᠠᠵᠤ᠂ ᠡᠯ᠎ᠡ ᠲᠦᠷᠦᠯ ᠤᠨ ᠵᠠᠬ᠎ᠠ | ᠳᠡᠯᠭᠡᠭᠦᠷ ᠤᠨ ᠭᠤᠣᠯ ᠴᠣᠭᠴᠠ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠡᠷᠬᠡ ᠲᠡᠭᠰᠢ ᠪᠠᠷ ᠣᠷᠣᠯᠴᠠᠬᠤ ᠳᠤ | ᠬᠠᠤᠯᠢ ᠴᠠᠭᠠᠵᠠ ᠶᠢᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠬᠤᠶᠠᠷ ᠲᠤ ᠵᠠᠬ᠎ᠠ ᠳᠡᠯᠭᠡᠭᠦᠷ ᠤᠨ ᠭᠤᠣᠯ | ᠴᠣᠭᠴᠠ ᠳᠤ ᠪᠦᠬᠦ ᠲᠠᠯ᠎ᠠ ᠶᠢᠨ ᠬᠠᠮᠠᠭᠠᠯᠠᠯᠲᠠ ᠬᠠᠩᠭᠠᠬᠤ ᠶᠢ ᠴᠢᠬᠤᠯᠠᠴᠢᠯᠠᠪᠠ᠃ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠡᠵᠡᠩᠨᠡᠯᠲᠡ ᠶᠢᠨ ᠡᠵᠡᠨ ᠮᠡᠳᠡᠬᠦ ᠡᠷᠬᠡ᠂ ᠡᠳ᠋ ᠬᠥᠷᠥᠩᠭᠡ ᠶᠢᠨ ᠡᠷᠬᠡ ᠪᠠ ᠪᠤᠰᠤᠳ ᠬᠠᠤᠯᠢ | ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠵᠤ ᠠᠬᠤᠶᠢᠯᠠᠯ ᠤᠨ ᠡᠵᠡᠩᠨᠡᠭᠴᠢ ᠶᠢᠨ ᠪᠡᠶ᠎ᠡ | ᠮᠠᠬᠠᠪᠣᠳ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ᠃ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠳ ᠢ ᠵᠠᠯᠬᠠᠭᠠᠨ ᠰᠢᠢᠳᠬᠡᠬᠦ ᠴᠢᠨᠠᠷᠲᠠᠶ | ᠲᠥᠯᠥᠪᠦᠷᠢ ᠶᠢᠨ ᠲᠦᠷᠢᠮ ᠢ ᠪᠠᠶᠢᠭᠤᠯᠤᠨ᠎ᠠ᠃ ᠭᠤᠷᠪᠠ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠬᠡ ᠪᠠᠨ | ᠬᠠᠮᠠᠭᠠᠯᠠᠬᠤ ᠳᠤ ᠪᠠᠲᠤᠯᠠᠭ᠎ᠠ ᠬᠠᠩᠭᠠᠬᠤ ᠶᠢ ᠴᠢᠬᠤᠯᠠᠴᠢᠯᠠᠪᠠ᠃ ᠪᠥᠬᠦ ᠤᠯᠤᠰ ᠤᠨ ᠨᠢᠭᠡᠳᠦᠯᠲᠡᠶ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ | ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠥᠨᠳᠥᠷ ᠪᠦᠲᠦᠮᠵᠢᠲᠡᠶ᠂ ᠳᠥᠭᠦᠮ ᠳᠥᠲᠡ | ᠡᠷᠬᠡ ᠪᠠᠨ ᠬᠠᠮᠠᠭᠠᠯᠠᠬᠤ ᠦᠢᠯᠡᠴᠢᠯᠡᠭᠡ ᠬᠠᠩᠭᠠᠨ᠎ᠠ᠃ | ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠦᠭᠦᠴᠡᠯ ᠢ ᠪᠤᠢ ᠪᠣᠯᠭᠠᠬᠤ ᠲᠠᠯ᠎ᠠ ᠪᠠᠷ᠂ ︽ᠳᠦᠷᠢᠮ︾ | ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤᠮᠳᠠ ᠣᠷᠣᠰᠢᠵᠤ | ᠪᠠᠶᠢᠭ᠎ᠠ ᠲᠦᠪᠡᠭᠲᠡᠢ ᠵᠦᠢᠯ᠂ ᠡᠮᠵᠡᠭᠲᠡᠢ ᠲᠠᠯ᠎ᠠ᠂ ᠬᠦᠴᠢᠷᠲᠡᠢ ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ᠂ | ᠵᠠᠬ᠎ᠠ ᠳᠡᠯᠭᠡᠭᠦᠷ ᠤᠨ ᠣᠷᠴᠢᠨ ᠨᠦᠭᠦᠴᠡᠯ ᠢ ᠴᠡᠪᠡᠷᠰᠢᠭᠦᠯᠬᠦ ᠪᠠᠷ ᠬᠦᠴᠦᠯᠡᠵᠦ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠨᠡᠩ ᠤᠯᠠᠨ ᠠᠮᠢᠵᠢᠷᠠᠯ ᠤᠨ ᠬᠦᠴᠦᠨ ᠢ ᠨᠡᠩ ᠰᠠᠶᠢᠲᠤᠷ ᠬᠥᠭᠵᠢᠭᠡᠵᠦ᠂ ᠥᠷᠢᠰᠥᠯᠳᠦᠬᠦ | ᠬᠦᠴᠦᠨ ᠢ ᠨᠢ ᠳᠡᠭᠡᠭᠰᠢᠯᠡᠭᠦᠯᠦᠨ᠎ᠡ᠃ ᠨᠢᠭᠡ ᠳᠤ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠ ᠵᠠᠬ᠎ᠠ | ᠳᠡᠯᠭᠡᠭᠦᠷ ᠠᠴᠠ ᠤᠬᠤᠷᠢᠨ ᠭᠠᠷᠬᠤ ᠬᠠᠷᠰᠢ ᠰᠠᠭᠠᠳ ᠢ ᠠᠷᠢᠯᠭᠠᠬᠤ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ | ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠭᠡᠷᠡᠴᠢ ᠪᠤᠯᠤᠨ ᠦᠨᠡᠮᠯᠡᠯ ᠢ | ᠰᠠᠯᠭᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠬᠤ᠂ ᠠᠵᠤ ᠠᠬᠤᠶᠢᠯᠠᠯ ᠡᠷᠬᠢᠯᠡᠬᠦ ᠴᠠᠭ ᠢ ᠪᠣᠭᠤᠨᠢᠰᠬᠠᠬᠤ᠂ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠵᠡᠷᠭᠡ ᠠᠷᠭ᠎ᠠ ᠬᠡᠮᠵᠢᠶ᠎ᠡ ᠶᠢ ᠦᠷᠭᠦᠯᠵᠢᠯᠡᠨ ᠦᠷᠭᠡᠳᠬᠡᠬᠦ ᠶᠢ | ᠲᠤᠳᠤᠷᠬᠠᠶᠢᠯᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠠᠬ᠎ᠠ ᠳᠡᠯᠭᠡᠭᠦᠷ ᠲᠤ ᠣᠷᠣᠬᠤ ᠪᠠ | ᠡᠵᠡᠩᠨᠡᠯᠲᠡ ᠶᠢᠨ ᠠᠵᠢᠯᠯᠠᠭ᠎ᠠ ᠦᠷᠨᠢᠭᠦᠯᠬᠦ ᠳᠤ ᠬᠠᠷᠰᠢ ᠰᠠᠭᠠᠳ ᠢ ᠨᠢ ᠠᠷᠢᠯᠭᠠᠵᠤ ᠥᠭᠭᠦᠨ᠎ᠡ᠃ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠬᠦᠴᠦᠨ ᠦᠭᠡᠢ ᠪᠤᠯᠭᠠᠬᠤ ᠶᠠᠪᠤᠴᠠ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠭᠤᠶᠤᠴᠢᠯᠠᠬᠤ ᠮᠠᠲ᠋ᠧᠷᠢᠶᠠᠯ ᠢ ᠴᠣᠮᠬᠠᠳᠬᠠᠨ᠂ ᠭᠦᠢᠴᠡᠳᠬᠡᠬᠦ ᠴᠠᠭ ᠢ ᠪᠣᠭᠤᠨᠢᠰᠬᠠᠵᠤ᠂ | ᠬᠦᠴᠦᠨ ᠥᠬᠡᠶ ᠪᠣᠯᠭᠠᠬᠤ ᠥᠪᠡᠷ ᠤᠨ ᠥᠷᠲᠡᠭ ᠢ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ︽ᠤᠬᠤᠷᠢᠨ ᠭᠠᠷᠬᠤ ᠳᠤ ᠬᠦᠴᠢᠷ︾ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠤᠨ᠎ᠠ᠃ ᠬᠤᠶᠠᠷ ᠲᠤ | ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠠᠴᠠ ᠡᠯ᠎ᠡ | ᠵᠦᠢᠯ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠦᠬᠦ | ᠲᠠᠯ᠎ᠠ ᠪᠠᠷ᠂ ᠴᠠᠭ ᠲᠤᠬᠠᠶ ᠳᠤ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠠᠰᠢᠭ ᠬᠦᠷᠲᠡᠭᠡᠬᠦ ᠶᠢᠨ ᠬᠠᠮᠲᠤ | ᠠᠵᠤ ᠠᠬᠤᠶᠢᠯᠠᠯ ᠪᠠᠶᠢᠭᠤᠯᠬᠤ ᠳᠤ ᠬᠤᠯᠪᠣᠭᠳᠠᠭᠰᠠᠨ ᠰᠦᠢᠳᠭᠡᠯ ᠬᠤᠷᠢᠶᠠᠬᠤ ᠶᠢ ᠴᠢᠩᠭ᠎ᠠ ᠬᠢᠵᠠᠭᠠᠷᠯᠠᠵᠤ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠡᠵᠡᠩᠨᠡᠯᠲᠡ ᠶᠢᠨ ᠥᠪᠡᠷ ᠤᠨ ᠥᠷᠲᠡᠭ ᠢ ᠦᠨᠡᠨ ᠬᠦ ᠪᠠᠭᠤᠷᠠᠭᠤᠯᠤᠨ᠎ᠠ᠃ | ᠭᠤᠷᠪᠠ ᠳᠤ ︽ᠪᠡᠯᠡ ᠲᠣᠬᠢᠷᠠᠭᠤᠯᠬᠤ ᠳᠤ ᠬᠦᠴᠢᠷᠲᠡᠶ᠂ ᠪᠡᠯᠡ ᠲᠣᠬᠢᠷᠠᠭᠤᠯᠬᠤ ᠳᠤ ᠦᠨᠡᠲᠡᠶ︾ ᠪᠠᠶᠢᠬᠤ | ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠳᠤᠮᠳᠠ ᠵᠢᠵᠢᠭ ᠠᠵᠤ ᠠᠬᠤᠶᠢᠯᠠᠯ ᠢ | ᠳᠡᠮᠵᠢᠬᠦ ᠡᠷᠴᠢᠮ ᠢᠶᠠᠨ ᠨᠡᠮᠡᠭᠳᠡᠭᠦᠯᠬᠦ ᠶᠢ ᠵᠣᠷᠢᠭᠵᠢᠭᠤᠯᠤᠨ ᠳᠡᠮᠵᠢᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ | ᠪᠣᠯᠤᠨ ᠳᠤᠮᠳᠠ ᠵᠢᠵᠢᠭ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠡᠯᠡ ᠲᠤᠬᠢᠷᠠᠭᠤᠯᠭ᠎ᠠ ᠶᠢᠨ ᠥᠪᠡᠷ ᠤᠨ | ᠥᠷᠲᠡᠭ ᠢ ᠪᠠᠭᠤᠷᠠᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠳᠤᠮᠳᠠ ᠵᠢᠵᠢᠭ ᠠᠵᠤ | ᠠᠬᠤᠶᠢᠯᠠᠯ ᠳᠤ ᠭᠠᠳᠠᠭᠤᠷᠴᠢᠯᠠᠬᠤ ᠴᠢᠨᠠᠷ ᠲᠠᠢ ᠱᠠᠭᠠᠷᠳᠠᠯᠭ᠎ᠠ ᠲᠠᠯᠪᠢᠵᠤ ᠪᠣᠯᠬᠤ ᠦᠭᠡᠢ᠃ | ︵ᠭᠤᠷᠪᠠ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ | ︽ᠳᠦᠷᠢᠮ︾ ᠨᠢ ᠲᠥᠪ ᠭᠤᠣᠯᠴᠢ᠂ ᠢᠯᠡ ᠲᠣᠳᠣ᠂ ᠥᠨᠳᠥᠷ ᠪᠦᠲᠦᠮᠵᠢᠲᠡᠶ ᠵᠠᠰᠠᠭ ᠤᠨ ᠣᠷᠳᠣᠨ ᠤ | ᠠᠵᠢᠯᠯᠠᠭᠠᠨ ᠤ ᠰᠢᠰᠲ᠋ᠧᠮᠵᠢ ᠶᠢ ᠪᠠᠶᠢᠭᠤᠯᠬᠤ ᠲᠣᠭᠤᠷᠢᠨ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠴᠢᠳᠠᠪᠤᠷᠢ ᠪᠠ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠵᠦ | ᠠᠷᠠᠳ ᠲᠤ ᠲᠥᠬᠦᠮ ᠦᠵᠡᠭᠦᠯᠬᠦ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠨ᠎ᠠ᠃ ᠨᠢᠭᠡ ᠳᠤ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢᠨ ᠪᠠᠷᠢᠮᠵᠢᠶᠠᠵᠢᠭᠤᠯᠤᠯᠲᠠ ᠶᠢ ᠲᠦᠯᠬᠢᠨ ᠠᠬᠢᠭᠤᠯᠤᠨ᠎ᠠ᠃ ᠵᠠᠰᠠᠭ ᠤᠨ ᠣᠷᠳᠣᠨ | ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠤᠭᠴᠤᠭ᠎ᠠ ᠶᠢ ᠬᠠᠰᠤᠬᠤ᠂ ᠮᠠᠲ᠋ᠧᠷᠢᠶᠠᠯ ᠢ | ᠬᠠᠰᠤᠬᠤ᠂ ᠴᠠᠭ ᠤᠨ ᠬᠢᠵᠠᠭᠠᠷ ᠢ ᠪᠠᠭᠠᠰᠬᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠲᠤᠳᠤᠷᠬᠠᠶᠢᠯᠠᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠠᠷᠢᠮᠵᠢᠶᠠᠵᠢᠭᠤᠯᠬᠤ ᠠᠵᠢᠯ ᠤᠨ ᠴᠤᠪᠤᠷᠠᠯ ᠪᠣᠯᠤᠨ ᠠᠵᠢᠯ | ᠡᠷᠬᠢᠯᠡᠬᠦ ᠵᠦᠭᠯᠡᠭᠦᠷ ᠢ ᠨᠠᠶᠢᠷᠠᠭᠤᠯᠤᠨ ᠲᠤᠭᠲᠠᠭᠠᠬᠤ ᠶᠢᠨ ᠬᠠᠮᠲᠤ ᠨᠡᠶᠢᠭᠡᠮ ᠳᠤ ᠢᠯᠡ ᠪᠣᠯᠭᠠᠵᠤ᠂ ᠠᠳᠠᠯᠢ ᠨᠢᠭᠡᠨ | ᠬᠡᠷᠡᠭ ᠶᠠᠪᠤᠳᠠᠯ ᠢ ᠢᠯᠭᠠᠭ᠎ᠠ ᠥᠬᠡᠶ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠰᠢᠢᠳᠪᠦᠷᠢᠯᠡᠬᠦ ᠶᠢ | ᠲᠦᠯᠬᠢᠨ ᠠᠬᠢᠭᠤᠯᠤᠨ᠎ᠠ᠃ ᠬᠤᠶᠠᠷ ᠲᠤ ᠳᠠᠷᠦ᠋ᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ | ᠤᠶᠢᠷ᠎ᠠ ᠬᠠᠪᠢ ᠳᠤ ᠨᠢ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠲᠦᠯᠬᠢᠨ ᠠᠬᠢᠭᠤᠯᠤᠨ᠎ᠠ᠃ | ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠬᠠᠶ ᠶᠢᠨ ᠲᠠᠯᠠᠪᠤᠷ ᠲᠤ | ᠨᠢ ᠭᠦᠢᠴᠡᠳᠬᠡᠵᠦ ᠳᠠᠭᠤᠰᠬᠠᠬᠤ᠂ ᠨᠢᠭᠡ ᠯᠡ ᠤᠳᠠᠭ᠎ᠠ ᠳᠤ ᠭᠦᠢᠴᠡᠳᠬᠡᠵᠦ ᠳᠠᠭᠤᠰᠬᠠᠬᠤ᠂ ᠬᠤᠭᠤᠴᠠᠭ᠎ᠠ | ᠬᠢᠵᠠᠭᠠᠷᠯᠠᠨ ᠭᠦᠢᠴᠡᠳᠬᠡᠵᠦ ᠳᠠᠭᠤᠰᠬᠠᠬᠤ ᠦᠢᠯᠡᠴᠢᠯᠡᠭᠡᠨ ᠤ ᠬᠡᠪ ᠵᠠᠭᠪᠤᠷ ᠢ ᠬᠡᠷᠡᠭᠵᠢᠭᠦᠯᠵᠦ᠂ ᠲᠥᠪᠯᠡᠷᠡᠭᠦᠯᠦᠨ | ᠭᠦᠢᠴᠡᠳᠬᠡᠬᠦ᠂ ᠤᠶᠢᠷ᠎ᠠ ᠬᠠᠪᠢ ᠳᠤ ᠪᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠨᠳᠣᠣ | ᠭᠠᠵᠠᠷ ᠲᠤ ᠭᠦᠢᠴᠡᠳᠬᠡᠬᠦ ᠶᠢ ᠪᠡᠶᠡᠯᠡᠭᠦᠯᠬᠦ ᠶᠢᠨ ᠬᠠᠮᠲᠤ ᠪᠥᠬᠦ ᠤᠯᠤᠰ ᠤᠨ ᠨᠢᠭᠡ ᠴᠤᠭᠴᠠᠵᠢᠭᠰᠠᠨ ᠰᠦᠯᠵᠢᠶᠡᠨ | ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ᠂ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠬᠦ᠂ ᠡᠯᠧᠺᠲᠷᠣᠨ ᠭᠡᠷᠡᠴᠢ ᠦᠨᠡᠮᠯᠡᠯ ᠢ ᠳᠡᠯᠭᠡᠷᠡᠭᠦᠯᠦᠨ | ᠬᠡᠷᠡᠭᠯᠡᠬᠦ ᠲᠤᠬᠠᠶ ᠪᠤᠳᠠᠲᠠᠢ ᠲᠣᠭᠲᠠᠭᠠᠯ ᠭᠠᠷᠭᠠᠵᠤ᠂ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠯᠡ ᠤᠳᠠᠭ᠎ᠠ︾ | ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠬᠠᠤᠯᠢ ᠴᠠᠭᠠᠵᠠ ᠶᠢᠨ ᠬᠢᠵᠠᠭᠠᠷᠯᠠᠬᠤ ᠬᠦᠴᠦᠨ ᠲᠠᠢ ᠲᠦᠷᠢᠮ | ᠲᠣᠭᠲᠠᠭᠠᠯ ᠪᠣᠯᠭᠠᠪᠠ᠃ ᠭᠤᠷᠪᠠ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ | ᠲᠦᠯᠬᠢᠨ ᠠᠬᠢᠭᠤᠯᠤᠨ᠎ᠠ᠃ ᠤᠯᠤᠰ ᠠᠴᠠ ᠰᠢᠨ᠎ᠡ ᠵᠠᠰᠠᠭ ᠵᠠᠬᠢᠷᠭᠠᠨ ᠤ ᠵᠥᠪᠰᠢᠶᠡᠷᠡᠯ ᠢ ᠪᠠᠶᠢᠭᠤᠯᠬᠤ ᠶᠢ ᠴᠢᠩᠭ᠎ᠠ | ᠬᠢᠵᠠᠭᠠᠷᠯᠠᠬᠤ ᠶᠢᠨ ᠬᠠᠮᠲᠤ ᠨᠢᠭᠡᠨᠲᠡ ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠯ ᠢ ᠶᠡᠬᠡᠪᠡᠷ ᠴᠣᠮᠬᠠᠳᠬᠠᠵᠤ᠂ | ᠡᠮᠬᠢᠯᠡᠨ ᠨᠡᠶᠢᠯᠡᠭᠦᠯᠵᠦ ᠬᠡᠷᠡᠭᠵᠢᠭᠦᠯᠬᠦ᠂ ᠬᠢᠨᠠᠨ ᠵᠥᠪᠰᠢᠶᠡᠷᠡᠬᠦ ᠳᠡᠰ ᠳᠠᠪᠬᠤᠷᠭ᠎ᠠ ᠶᠢ ᠳᠣᠷᠣᠭᠰᠢ ᠪᠠᠭᠤᠯᠭᠠᠬᠤ ᠵᠡᠷᠭᠡ | ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ | ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠦᠷᠪᠡ ᠳᠤ ᠭᠤᠤᠯᠳᠠᠯᠭ᠎ᠠ ᠲᠠᠢ ᠬᠦᠷᠢᠶ᠎ᠡ | ᠴᠠᠷᠠᠭ᠎ᠠ ᠶᠢᠨ ᠦᠢᠯᠡᠴᠢᠯᠡᠭᠡ ᠶᠢ ᠳᠥᠭᠦᠮᠴᠢᠯᠡᠬᠦ ᠠᠵᠢᠯ ᠢ ᠲᠦᠯᠬᠢᠨ ᠠᠬᠢᠭᠤᠯᠤᠨ᠎ᠠ᠃ ᠳᠡᠯᠡᠬᠡᠶ ᠶᠢᠨ ᠲᠡᠷᠢᠭᠦᠨ | ᠵᠡᠷᠭᠡ ᠶᠢᠨ ᠪᠠᠷᠢᠮᠵᠢᠶ᠎ᠠ ᠪᠠᠷ ᠪᠠᠷᠢᠮᠵᠢᠶᠠᠯᠠᠵᠤ᠂ ᠤᠯᠤᠰ ᠤᠨ ᠳᠣᠲᠣᠭᠠᠳᠤ ᠶᠢᠨ ᠬᠠᠮᠤᠭ ᠰᠠᠶᠢᠨ ᠦᠢᠯᠡᠳᠦᠯᠭᠡ ᠶᠢ | ᠳᠡᠯᠭᠡᠷᠡᠭᠦᠯᠵᠦ᠂ ᠪᠠᠷᠢᠯᠭ᠎ᠠ ᠶᠢᠨ ᠵᠥᠪᠰᠢᠶᠡᠷᠡᠯ᠂ ᠬᠢᠯᠢ ᠠᠯᠤᠰᠯᠠᠭᠰᠠᠨ ᠠᠷᠠᠯᠵᠢᠶ᠎ᠠ᠂ ᠭᠠᠶᠢᠯᠢ ᠲᠤᠰᠢᠶᠠᠬᠤ᠂ ᠥᠯᠥ | ᠬᠥᠳᠡᠯᠬᠦ ᠬᠦᠷᠦᠩᠭᠡ ᠶᠢᠨ ᠳᠡᠩᠰᠡᠯᠡᠯᠲᠡ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠢᠯᠡᠳᠪᠦᠷᠢᠯᠡᠯ | ᠡᠵᠡᠩᠨᠡᠯᠲᠡ ᠶᠢᠨ ᠠᠵᠢᠯᠯᠠᠭ᠎ᠠ ᠲᠠᠢ ᠨᠢᠭᠲᠠ ᠬᠤᠯᠪᠣᠭ᠎ᠠ ᠲᠠᠢ ᠭᠤᠤᠯᠳᠠᠯᠭ᠎ᠠ ᠲᠠᠢ ᠬᠦᠷᠢᠶ᠎ᠡ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠳᠥᠭᠦᠮᠴᠢᠯᠡᠬᠦ ᠬᠡᠮᠵᠢᠶ᠎ᠡ ᠶᠢ ᠳᠡᠭᠡᠭᠰᠢᠯᠡᠭᠦᠯᠬᠦ ᠳᠤ ᠪᠣᠳᠠᠲᠠᠶ ᠱᠠᠭᠠᠷᠳᠠᠯᠭ᠎ᠠ ᠳᠤᠷᠠᠳᠴᠤ᠂ | ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠬᠠᠷᠠᠯᠲᠠ ᠶᠢᠨ ᠵᠢᠯᠣᠭᠤᠳᠣᠯᠭ᠎ᠠ | ᠬᠠᠩᠭᠠᠪᠠ᠃ | ︵ᠳᠥᠷᠪᠡ︶ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠪᠠ ᠰᠢᠨ᠎ᠡ ᠶᠢ ᠡᠭᠦᠳᠦᠨ᠎ᠡ | ︽ᠲᠦᠷᠢᠮ︾ ᠨᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠪᠠ ᠰᠢᠨ᠎ᠡ ᠶᠢ ᠡᠭᠦᠳᠦᠨ᠂ | ᠡᠷᠬᠡ ᠲᠡᠭᠰᠢ ᠲᠥᠪ ᠭᠤᠤᠯᠴᠢ ᠬᠢᠨᠠᠯᠲᠠ ᠬᠠᠮᠢᠶᠠᠷᠤᠯᠲᠠ ᠶᠢ ᠠᠬᠢᠭᠤᠯᠬᠤ᠂ ᠲᠦᠪ ᠭᠤᠤᠯᠴᠢ ᠥᠷᠢᠰᠥᠯᠳᠦᠭᠡᠨ ᠢ | ᠨᠠᠩ ᠰᠠᠶᠢᠲᠤᠷ ᠪᠡᠶᠡᠯᠡᠭᠦᠯᠬᠦ ᠳᠤ ᠦᠨᠳᠦᠰᠦᠨ ᠵᠢᠷᠤᠮᠯᠠᠯ ᠬᠠᠩᠭᠠᠨ᠎ᠠ ᠭᠡᠵᠦ ᠲᠤᠳᠤᠷᠬᠠᠶᠢᠯᠠᠪᠠ᠃ ᠨᠢᠭᠡ ᠳᠤ ᠬᠠᠤᠯᠢ | ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠤᠨ᠎ᠠ᠃ ᠰᠠᠯᠠᠭ᠎ᠠ ᠮᠥᠴᠢᠷ ᠪᠣᠯᠤᠨ ᠣᠷᠣᠨ | ᠪᠦᠰᠡ ᠠᠯᠤᠰᠯᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠨ ᠬᠥᠳᠡᠯᠦᠯᠴᠡᠬᠦ ᠪᠠ ᠳᠠᠭᠠᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠬᠦᠷᠢᠶᠡᠨ ᠳᠤ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠭᠤᠣᠯ ᠴᠣᠭᠴᠠ ᠪᠠ ᠬᠠᠤᠯᠢ | ᠬᠡᠷᠡᠭᠵᠢᠭᠦᠯᠬᠦ ᠳᠡᠰ ᠳᠠᠪᠬᠤᠷᠭ᠎ᠠ ᠶᠢ ᠴᠦᠬᠡᠳᠭᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠭᠠᠴᠢᠭᠳᠠᠭᠤᠯᠵᠤ | ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠴᠠᠭᠠᠯᠲᠠ ᠨᠢ ᠬᠡᠲᠦ ᠣᠯᠠᠨ ᠬᠡᠲᠦ ᠳᠠᠪᠲᠠᠭᠳᠠᠭᠰᠠᠨ | ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ︽ᠭᠠᠭᠴᠠᠭᠠᠷ ᠲᠡᠮᠡᠴᠡᠬᠦ︾ ᠪᠠᠶᠢᠭᠰᠠᠨ ᠠᠴᠠ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠪᠣᠯᠭᠠᠨ ᠬᠤᠪᠢᠷᠠᠭᠤᠯᠬᠤ ᠶᠢ | ᠪᠡᠶᠡᠯᠡᠭᠦᠯᠵᠦ᠂ ︽ᠨᠢᠭᠡ ᠯᠡ ᠤᠳᠠᠭ᠎ᠠ ᠳᠤ ᠪᠠᠶᠢᠴᠠᠭᠠᠵᠤ᠂ ᠪᠥᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ ᠬᠢᠬᠦ︾ | ᠶᠢ ᠪᠡᠶᠡᠯᠡᠭᠦᠯᠦᠨ᠎ᠡ᠃ ᠬᠤᠶᠠᠷ ᠲᠤ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ | ᠲᠦᠯᠬᠢᠨ ᠠᠬᠢᠭᠤᠯᠤᠨ᠎ᠠ᠃ ᠣᠯᠠᠨ ᠨᠡᠶᠢᠲᠡ ᠶᠢᠨ ᠠᠮᠤᠷ ᠲᠦᠪᠰᠢᠨ ᠪᠠ ᠣᠯᠠᠨ ᠲᠦᠮᠡᠨ ᠤ ᠠᠮᠢ ᠨᠠᠰᠤ ᠡᠷᠡᠭᠦᠯ | ᠮᠡᠨᠳᠦ ᠳᠤ ᠰᠢᠭᠤᠳ ᠬᠤᠯᠪᠤᠭᠳᠠᠬᠤ ᠵᠡᠷᠭᠡ ᠣᠨᠴᠠᠭᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠠᠴᠠ ᠭᠠᠳᠠᠨ᠎ᠠ᠂ ᠴᠥᠮ ︽ᠬᠤᠶᠠᠷ ᠢ ᠲᠠᠰᠢᠷᠠᠮ ᠢᠶᠠᠷ ᠭᠦᠢᠴᠡᠳᠭᠡᠵᠦ᠂ ᠨᠢᠭᠡ ᠶᠢ ᠢᠯᠡ ᠪᠣᠯᠭᠠᠬᠤ︾ | ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ | ᠬᠡᠷᠡᠭᠵᠢᠭᠦᠯᠵᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠲᠤ ᠪᠠᠭᠲᠠᠭᠠᠮᠵᠢᠲᠠᠶ ᠪᠥᠭᠡᠳ ᠪᠣᠯᠭᠤᠮᠵᠢᠲᠠᠶ ᠬᠢᠨᠠᠯᠲᠠ | ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠭᠤᠷᠪᠠ ᠳᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ | ᠵᠢᠷᠤᠮᠵᠢᠭᠤᠯᠬᠤ ᠶᠢ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠪᠠᠨ ᠵᠠᠰᠠᠭ | ᠵᠠᠬᠢᠷᠭᠠᠨ ᠤ ᠠᠯᠪᠠᠳᠠᠯᠭ᠎ᠠ ᠶᠢ ᠬᠠᠤᠯᠢ ᠶᠤᠰᠤᠭᠠᠷ ᠪᠣᠯᠭᠤᠮᠵᠢᠲᠠᠶ ᠬᠡᠷᠡᠭᠵᠢᠭᠦᠯᠬᠦ ᠶᠢ ᠲᠤᠳᠤᠷᠬᠠᠶᠢᠯᠠᠵᠤ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠦᠵᠡᠭᠦᠯᠬᠦ | ᠨᠥᠯᠥᠭᠡ ᠶᠢ ᠪᠠᠭᠠᠰᠬᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠡᠶᠢᠳᠡᠮ ᠦᠢᠯᠡᠳᠪᠦᠷᠢᠯᠡᠯ ᠢᠶᠠᠨ | ᠵᠣᠭᠰᠣᠭᠠᠬᠤ᠂ ᠠᠷᠠᠯᠵᠢᠶ᠎ᠠ ᠪᠠᠨ ᠵᠤᠭᠰᠤᠭᠠᠬᠤ ᠶᠢ ᠱᠠᠭᠠᠷᠳᠠᠬᠤ ᠠᠷᠭ᠎ᠠ ᠬᠡᠮᠵᠢᠶ᠎ᠡ ᠶᠢ ᠳᠤᠷ᠎ᠠ ᠪᠠᠷ ᠢᠶᠠᠨ ᠠᠪᠴᠤ | ᠪᠣᠯᠬᠤ ᠦᠭᠡᠶ᠂ ᠬᠠᠤᠯᠢ ᠬᠡᠷᠡᠭᠵᠢᠭᠦᠯᠬᠦ ᠳᠤ ︽ᠲᠠᠰᠤ ᠵᠤᠭᠰᠤᠭᠠᠬᠤ︾ ᠠᠴᠠ ᠵᠠᠶᠢᠯᠠᠰᠬᠢᠬᠦ ᠬᠡᠷᠡᠭᠲᠡᠶ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠴᠢᠯᠥᠭᠡᠲᠦ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠤᠨ ᠬᠡᠷᠡᠭᠵᠢᠭᠦᠯᠵᠦ᠂ | ᠲᠠᠰᠤᠯᠤᠯᠲᠠ ᠶᠢᠨ ᠬᠡᠪᠴᠢᠶ᠎ᠡ᠂ ᠲᠥᠷᠥᠯ ᠵᠦᠢᠯ ᠪᠠ ᠬᠡᠮᠵᠢᠶ᠎ᠡ ᠶᠢ ᠵᠦᠶ ᠵᠣᠬᠢᠰᠲᠠᠶ ᠲᠣᠭᠲᠠᠭᠠᠬᠤ ᠬᠡᠷᠡᠭᠲᠡᠶ ᠭᠡᠵᠦ | ᠱᠠᠭᠠᠷᠳᠠᠪᠠ᠃ | ︵ᠲᠠᠪᠤ︶ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠪᠠᠶᠢᠭᠤᠯᠤᠯᠲᠠ ᠶᠢᠨ ᠬᠠᠤᠯᠢ ᠪᠠᠷ ᠵᠠᠰᠠᠬᠤ | ᠪᠠᠲᠤᠯᠠᠭ᠎ᠠ ᠶᠢ ᠴᠢᠩᠭᠠᠳᠬᠠᠨ᠎ᠠ | ︽ᠳᠦᠷᠢᠮ︾ ᠨᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ | ᠲᠣᠭᠤᠷᠢᠨ ᠳᠤ᠂ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠲᠣᠭᠲᠠᠭᠠᠬᠤ ᠳᠤ ᠢᠯᠡ ᠲᠤᠳᠤ ᠶᠢᠨ ᠬᠡᠮᠵᠢᠶ᠎ᠡ | ᠬᠦᠷᠦᠯᠴᠡᠬᠦ ᠦᠭᠡᠢ ᠪᠠᠶᠢᠬᠤ᠂ ᠰᠢᠨ᠎ᠡ ᠪᠠᠷ ᠨᠡᠶᠢᠲᠡᠯᠡᠭᠰᠡᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ | ᠨᠠᠮᠬᠠᠳᠬᠠᠬᠤ ᠬᠤᠭᠤᠴᠠᠭ᠎ᠠ ᠳᠤᠲᠠᠭᠳᠠᠵᠤ ᠪᠠᠶᠢᠬᠤ᠂ ᠠᠵᠤ ᠠᠬᠤᠶᠢᠯᠠᠯ ᠠᠴᠠ ᠲᠥᠷᠥ ᠶᠢᠨ ᠪᠣᠳᠣᠯᠭ᠎ᠠ ᠶᠢᠨ ᠣᠷᠴᠢᠨ | ᠨᠦᠭᠦᠴᠡᠯ ᠳᠤ ᠲᠣᠭᠲᠠᠭᠤᠨ ᠵᠢᠱᠢᠯᠲᠡ ᠳᠤᠲᠠᠮᠠᠭ ᠵᠡᠷᠭᠡ ᠳᠣᠪᠤᠶᠢᠮ᠎ᠠ ᠠᠰᠠᠭᠤᠳᠠᠯ ᠳᠤ ᠭᠤᠣᠯᠳᠠᠯᠭ᠎ᠠ ᠲᠠᠢ | ᠴᠢᠭᠯᠡᠭᠦᠯᠦᠨ ᠲᠣᠳᠣᠷᠬᠠᠶ ᠲᠣᠭᠲᠠᠭᠠᠯ ᠭᠠᠷᠭᠠᠵᠤ᠂ ᠲᠦᠷᠦ ᠶᠢᠨ ᠪᠤᠳᠤᠯᠭ᠎ᠠ ᠶᠢᠨ ᠢᠯᠡ ᠲᠣᠳᠣ ᠶᠢᠨ ᠬᠡᠮᠵᠢᠶ᠎ᠡ ᠪᠠ | ᠲᠣᠭᠲᠠᠪᠤᠷᠢᠲᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ | ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠪᠠ᠃ ᠨᠢᠭᠡ ᠳᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ | ᠲᠣᠭᠲᠠᠭᠠᠬᠤ ᠶᠢᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠲᠠᠢ ᠨᠢᠭᠲᠠ ᠬᠤᠯᠪᠤᠭᠳᠠᠬᠤ ᠬᠠᠤᠯᠢ ᠲᠣᠭᠲᠠᠭᠠᠯ ᠲᠦᠷᠦ ᠶᠢᠨ | ᠪᠤᠳᠤᠯᠭ᠎ᠠ ᠶᠢ ᠲᠣᠳᠣᠷᠬᠠᠶ ᠲᠣᠭᠲᠠᠭᠠᠬᠤ ᠳᠤ᠂ ᠵᠠᠬ᠎ᠠ ᠳᠡᠯᠭᠡᠭᠦᠷ ᠤᠨ ᠭᠤᠤᠯ ᠴᠣᠭᠴᠠ᠂ ᠠᠵᠢᠯ ᠲᠦᠷᠦᠯ ᠤᠨ | ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠰᠠᠨᠠᠯ ᠢ ᠭᠦᠢᠴᠡᠳ ᠰᠤᠨᠤᠰᠤᠨ᠎ᠠ︔ ᠬᠠᠤᠯᠢ ᠶᠣᠰᠣᠭᠠᠷ | ᠨᠢᠭᠤᠴᠠ ᠶᠢ ᠬᠠᠮᠠᠭᠠᠯᠠᠬᠤ ᠴᠢᠬᠤᠯᠠ ᠲᠠᠢ ᠠᠴᠠ ᠭᠠᠳᠠᠨ᠎ᠠ᠂ ᠨᠡᠶᠢᠭᠡᠮ ᠨᠡᠶᠢᠲᠡ ᠠᠴᠠ ᠢᠯᠡ ᠪᠠᠷ ᠰᠠᠨᠠᠯ | ᠬᠤᠷᠢᠶᠠᠬᠤ ᠶᠢᠨ ᠬᠠᠮᠲᠤ ᠰᠠᠨᠠᠯ ᠢ ᠬᠦᠯᠢᠶᠡᠨ ᠠᠪᠤᠭᠰᠠᠨ ᠪᠠᠶᠢᠳᠠᠯ ᠢᠶᠠᠨ ᠬᠠᠷᠢᠭᠤ ᠲᠤᠰᠬᠠᠨ᠎ᠠ᠃ ᠬᠤᠶᠠᠷ ᠲᠤ ᠬᠠᠤᠯᠢ | ᠲᠣᠭᠲᠠᠭᠠᠯ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠰᠢᠨᠵᠢᠯᠡᠬᠦ ᠤᠬᠠᠭᠠᠨᠴᠢ ᠴᠢᠨᠠᠷ ᠢ ᠴᠢᠩᠭᠠᠳᠬᠠᠨ᠎ᠠ᠃ | ᠰᠢᠨ᠎ᠡ ᠪᠠᠷ ᠨᠡᠶᠢᠲᠡᠯᠡᠭᠰᠡᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠨᠢ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠴᠢᠬᠤᠯᠠ ᠪᠦᠬᠦᠢ ᠵᠣᠬᠢᠴᠠᠭᠤᠯᠤᠨ ᠲᠣᠬᠢᠷᠠᠭᠤᠯᠬᠤ | ᠬᠤᠭᠤᠴᠠᠭ᠎ᠠ ᠶᠢ ᠦᠯᠡᠳᠡᠭᠡᠵᠦ ᠥᠭᠬᠦ ᠶᠢ ᠲᠤᠳᠤᠷᠬᠠᠶᠢᠯᠠᠬᠤ ᠶᠢᠨ ᠬᠠᠮᠲᠤ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠪᠠᠨ ᠴᠢᠩᠭᠠᠳᠬᠠᠵᠤ᠂ ᠨᠡᠶᠢᠲᠡᠯᠡᠬᠦ ᠠᠶᠢᠵᠠᠮ ᠢ ᠵᠦᠶ ᠵᠤᠬᠢᠰᠲᠠᠢ ᠡᠵᠡᠮᠰᠢᠵᠦ᠂ ᠲᠥᠷᠥ ᠶᠢᠨ | ᠪᠣᠳᠣᠯᠭ᠎ᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠦᠨᠡᠯᠡᠨ ᠵᠢᠱᠢᠵᠦ᠂ ᠲᠥᠷᠥ ᠶᠢᠨ ᠪᠣᠳᠣᠯᠭ᠎ᠠ ᠶᠢᠨ | ᠳᠠᠪᠬᠤᠴᠠᠯ ᠪᠤᠶᠤ ᠬᠠᠷᠢᠯᠴᠠᠨ ᠵᠣᠬᠢᠴᠠᠯᠳᠤᠬᠤ ᠥᠬᠡᠶ ᠠᠴᠠ ᠪᠣᠯᠵᠣ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠠᠰᠢᠭ ᠥᠬᠡᠶ ᠨᠥᠯᠥᠭᠡ ᠦᠵᠡᠭᠦᠯᠬᠦ ᠠᠴᠠ | ᠵᠠᠶᠢᠯᠠᠰᠬᠢᠨ᠎ᠠ᠃ ᠭᠤᠷᠪᠠ ᠳᠤ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠲᠣᠭᠲᠠᠭᠠᠯ ᠲᠥᠷᠥ ᠶᠢᠨ | ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠡᠷᠴᠢᠮ ᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠬᠤᠯᠪᠣᠭᠳᠠᠬᠤ ᠡᠯ᠎ᠡ | ᠲᠥᠷᠥᠯ ᠤᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠥᠪᠯᠡᠷᠡᠭᠦᠯᠦᠨ ᠨᠡᠶᠢᠲᠡᠯᠡᠬᠦ ᠶᠢᠨ ᠬᠠᠮᠲᠤ ᠣᠯᠠᠨ | ᠵᠦᠢᠯ ᠤᠨ ᠠᠷᠭ᠎ᠠ ᠵᠠᠮ ᠪᠠ ᠠᠷᠭ᠎ᠠ ᠮᠠᠶ᠋ᠢᠭ ᠢᠶᠠᠷ ᠳᠠᠮᠵᠢᠭᠤᠯᠤᠨ ᠤᠬᠠᠭᠤᠯᠤᠨ ᠲᠠᠶᠢᠯᠪᠤᠷᠢᠯᠠᠬᠤ ᠪᠠᠨ ᠴᠢᠩᠭᠠᠳᠬᠠᠬᠤ | ᠬᠡᠷᠡᠭᠲᠡᠶ ᠭᠡᠵᠦ ᠲᠣᠳᠣᠷᠬᠠᠶᠢᠯᠠᠪᠠ᠃ |