ᠠᠹᠷᠢᠺᠠ ᠶᠢᠨ ᠭᠠᠭ᠋ᠠᠶ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠬᠡᠷᠡᠭᠵᠢᠭᠦᠯᠬᠦ ᠲᠥᠰᠦᠯ ︵2020 ᠣᠨ ᠤ ᠬᠡᠪᠯᠡᠯ︶
ᠨᠡᠶᠢᠲᠡᠯᠡᠭᠰᠡᠨ ᠴᠠᠭ᠄
2020/6/3
     ︽ᠠᠹᠷᠢᠺᠠ ᠶᠢᠨ ᠭᠠᠭ᠋ᠠᠶ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠬᠡᠷᠡᠭᠵᠢᠭᠦᠯᠬᠦ ᠲᠥᠰᠦᠯ ︵2020 ᠤᠨ ᠬᠡᠪᠯᠡᠯ︶︾ ᠢ ᠳᠠᠷᠤᠮᠠᠯᠯᠠᠨ ᠶᠠᠪᠤᠭᠤᠯᠬᠤ ᠲᠤᠬᠠᠶ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠳᠡᠯ ︵ᠲᠠᠷᠢᠶᠠᠯᠠᠩ ᠮᠠᠯᠵᠢᠯ ᠤᠨ ᠲᠣᠪᠴᠢᠶ᠎ᠠ ᠲᠠᠷᠬᠠᠭᠠᠭᠰᠠᠨ ︹ 2020 ︺ 10 ᠳ᠋ᠤᠭᠠᠷᠲᠤ︶ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠲᠤᠰᠬᠠᠢ ᠲᠥᠯᠥᠪᠯᠡᠭᠡᠲᠦ ᠬᠤᠲᠠ ᠶᠢᠨ ᠲᠠᠷᠢᠶᠠᠯᠠᠩ ᠬᠥᠳᠡᠭᠡ ᠲᠣᠰᠬᠤᠨ ︵ᠲᠠᠷᠢᠶᠠᠯᠠᠩ ᠮᠠᠯ ᠠᠵᠤ ᠠᠬᠤᠢ᠂ ᠮᠠᠯ ᠡᠮᠨᠡᠯᠭᠡ︶ ᠤ ︵ᠲᠣᠪᠴᠢᠶ᠎ᠠ᠂ ᠵᠥᠪᠯᠡᠯ︶᠂ ᠰᠢᠨᠵᠢᠶᠠᠩ ᠤᠨ ᠦᠢᠯᠡᠳᠪᠦᠷᠢᠯᠡᠯ ᠪᠠᠶᠢᠭᠤᠯᠤᠯᠲᠠ ᠶᠢᠨ ᠪᠦᠯᠦᠭᠯᠡᠯ ᠠᠷᠮᠢ ᠶᠢᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ᠂ ᠶᠠᠮᠤᠨ ᠤ ᠬᠠᠷᠢᠶ᠎ᠠ ᠬᠤᠯᠪᠣᠭᠳᠠᠯ ᠪᠥᠬᠦᠶ ᠦᠢᠯᠡᠰ ᠤᠨ ᠨᠢᠭᠡᠴᠢ ᠳᠤ᠄      ᠠᠹᠷᠢᠺᠠ ᠶᠢᠨ ᠭᠠᠭ᠋ᠠᠶ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠡᠯ᠎ᠡ ᠭᠠᠵᠠᠷ ᠤᠨ ᠬᠢᠨ ᠢ ᠵᠢᠯᠣᠭᠤᠳᠤᠨ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠰᠢᠢᠳᠪᠦᠷᠢᠯᠡᠬᠦ ᠶᠢᠨ ᠲᠥᠯᠥᠭᠡ᠂ ᠮᠠᠨ ᠤ ᠶᠠᠮᠤᠨ ᠰᠡᠷᠭᠡᠶᠢᠯᠡᠨ ᠡᠵᠡᠮᠳᠡᠬᠦ ᠦᠢᠯᠡᠳᠦᠯᠭᠡ ᠶᠢᠨ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ᠂ ︽ᠠᠹᠷᠢᠺᠠ ᠶᠢᠨ ᠭᠠᠭ᠋ᠠᠶ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠬᠡᠷᠡᠭᠵᠢᠭᠦᠯᠬᠦ ᠲᠥᠰᠦᠯ ︵2020 ᠣᠨ ᠤ ᠬᠡᠪᠯᠡᠯ︶︾ ᠢ ᠵᠣᠬᠢᠶᠠᠨ ᠪᠠᠶᠢᠭᠤᠯᠤᠨ ᠲᠣᠭᠲᠠᠭᠠᠪᠠ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃ ︽ᠠᠹᠷᠢᠺᠠ ᠶᠢᠨ ᠭᠠᠭ᠋ᠠᠶ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠬᠡᠷᠡᠭᠵᠢᠭᠦᠯᠬᠦ ᠲᠥᠰᠦᠯ ︵2019 ᠣᠨ ᠤ ᠬᠡᠪᠯᠡᠯ︶︾ ᠬᠠᠮᠲᠤ ᠳᠤᠨᠢ ᠬᠦᠴᠦᠨ ᠥᠬᠡᠶ ᠪᠣᠯᠣᠨ᠎ᠠ᠃                                    ᠲᠠᠷᠢᠶᠠᠯᠠᠩ ᠬᠥᠳᠡᠭᠡ ᠲᠣᠰᠬᠤᠨ ᠤ ᠶᠠᠮᠤᠨ                                     2020 ᠣᠨ ᠤ 2 ᠰᠠᠷ᠎ᠠ ᠶᠢᠨ 29 ᠤ ᠡᠳᠦᠷ
 
ᠢᠷᠡᠯᠲᠡ᠄ ᠦᠪᠦᠷ ᠮᠣᠩᠭᠤᠯ ᠤᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号