ᠠᠹᠷᠢᠺᠠ ᠶᠢᠨ ᠭᠠᠭ᠋ᠠᠢ ᠶᠢᠨ ᠬᠢᠵᠢᠭ ᠢ ᠪᠠᠴᠢᠮ ᠠᠷᠭᠠᠴᠠᠭᠠᠬᠤ ᠤᠷᠢᠳᠴᠢᠯᠠᠭᠰᠠᠨ ᠲᠥᠰᠥᠪ
ᠨᠡᠶᠢᠲᠡᠯᠡᠭᠰᠡᠨ ᠴᠠᠭ᠄
2020/6/3
     1 ᠶᠡᠷᠦᠩᠬᠡᠢ ᠵᠠᠷᠴᠢᠮ ᠠᠹᠷᠢᠺᠠ ᠶᠢᠨ ᠭᠠᠭ᠋ᠠᠢ ᠶᠢᠨ ᠬᠢᠵᠢᠭ ᠪᠣᠯ ᠠᠹᠷᠢᠺᠠ ᠶᠢᠨ ᠭᠠᠭ᠋ᠠᠢ ᠶᠢᠨ ᠬᠢᠵᠢᠭ ᠤᠨ ᠤᠯᠠᠮ ᠠᠴᠠ ᠡᠭᠦᠰᠦᠭᠰᠡᠨ ᠨᠢᠭᠡᠨ ᠵᠦᠢᠯ ᠤᠨ ᠲᠦᠷᠭᠡᠨ ᠴᠢᠨᠠᠷᠲᠠᠢ᠂ ᠬᠠᠯᠠᠭᠤᠷᠠᠯ ᠡᠭᠦᠰᠳᠡᠭ᠂ ᠥᠨᠳᠥᠷ ᠮᠡᠳᠡᠷᠡᠮᠵᠢ ᠲᠠᠢ ᠠᠮᠢᠲᠠᠨ ᠤ ᠬᠠᠯᠳᠠᠪᠤᠷᠢᠲᠤ ᠡᠪᠡᠳᠴᠢᠨ ᠶᠤᠮ᠃ ᠣᠯᠠᠨ ᠤᠯᠤᠰ ᠤᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ︵OIE︶ ᠠᠴᠠ ᠲᠡᠭᠦᠨ ᠢ ᠬᠠᠤᠯᠢᠨ ᠳᠤ ᠵᠢᠭᠠᠭᠰᠠᠨ ᠠᠮᠢᠲᠠᠨ ᠤ ᠬᠠᠯᠳᠠᠪᠤᠷᠢᠲᠤ ᠡᠪᠡᠳᠴᠢᠨ ᠢᠶᠠᠷ ᠲᠣᠭᠲᠠᠭᠠᠭᠰᠠᠨ ᠶᠤᠮ᠃ ᠮᠠᠨ ᠤ ᠤᠯᠤᠰ ᠲᠡᠭᠦᠨ ᠢ ᠨᠢᠭᠡᠳᠦᠭᠡᠷ ᠲᠥᠷᠥᠯ ᠤᠨ ᠠᠮᠢᠲᠠᠨ ᠤ ᠬᠠᠯᠳᠠᠪᠤᠷᠢᠲᠤ ᠡᠪᠡᠳᠴᠢᠨ ᠢᠶᠠᠷ ᠵᠢᠭᠰᠠᠭᠠᠵᠤ᠂ ᠭᠤᠣᠯᠳᠠᠯᠭ᠎ᠠ ᠲᠠᠢ ᠰᠡᠷᠭᠡᠶᠢᠯᠡᠪᠡᠯ ᠵᠣᠬᠢᠬᠤ ᠭᠠᠳᠠᠨ᠎ᠠ ᠠᠴᠠ ᠨᠡᠪᠲᠡᠷᠡᠬᠦ ᠠᠮᠢᠲᠠᠨ ᠤ ᠬᠢᠵᠢᠭ ᠤᠨ ᠲᠥᠷᠥᠯ ᠤᠨ ᠨᠢᠭᠡ ᠪᠠᠷ ᠲᠣᠭᠲᠠᠭᠠᠭᠰᠠᠨ ᠶᠤᠮ᠃      1.1 ᠵᠣᠬᠢᠶᠠᠵᠤ ᠪᠣᠯᠪᠠᠰᠤᠷᠠᠭᠤᠯᠬᠤ ᠶᠢᠨ ᠵᠣᠷᠢᠯᠭ᠎ᠠ      ᠴᠠᠭ ᠲᠤᠬᠠᠢ ᠳᠤ ᠨᠢ ᠴᠣᠴᠢᠮᠠᠭ ᠢᠯᠡᠷᠡᠬᠦ ᠠᠹᠷᠢᠺᠠ ᠶᠢᠨ ᠭᠠᠭ᠋ᠠᠢ ᠶᠢᠨ ᠬᠢᠵᠢᠭ ᠢ ᠤᠰᠠᠳᠬᠠᠵᠤ ᠭᠠᠭ᠋ᠠᠢ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠭᠠᠵᠢᠭᠤᠯᠬᠤ ᠳᠤ ᠣᠷᠣᠰᠢᠨ᠎ᠠ᠃      1.2 ᠵᠣᠬᠢᠶᠠᠵᠤ ᠪᠣᠯᠪᠠᠰᠤᠷᠠᠭᠤᠯᠬᠤ ᠶᠢᠨ ᠦᠨᠳᠦᠰᠦᠯᠡᠯ      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠬᠦ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠣᠷᠣᠭᠤᠯᠵᠤ ᠭᠠᠷᠭᠠᠬᠤ ᠠᠮᠢᠲᠠᠨ ᠤᠷᠭᠤᠮᠠᠯ ᠤᠨ ᠬᠢᠵᠢᠭ ᠤᠨ ᠪᠠᠶᠢᠴᠠᠭᠠᠯᠲᠠ ᠶᠢᠨ ᠬᠠᠤᠯᠢ︾ ︽ᠬᠦᠨᠳᠦ ᠨᠣᠴᠢᠲᠠᠢ ᠬᠢᠵᠢᠭ ᠤᠨ ᠪᠠᠶᠢᠳᠠᠯ ᠢ ᠪᠠᠴᠢᠮ ᠠᠷᠭᠠᠴᠠᠭᠠᠬᠤ ᠳᠦᠷᠢᠮ︾ ︽ᠠᠮᠢᠲᠠᠨ ᠤ ᠬᠦᠨᠳᠦ ᠨᠣᠴᠢᠲᠠᠢ ᠬᠠᠯᠳᠠᠪᠤᠷᠢᠲᠤ ᠡᠪᠡᠳᠴᠢᠨ ᠤ ᠦᠶ᠎ᠡ ᠶᠢᠨ ᠤᠯᠤᠰ ᠤᠨ ᠪᠠᠴᠢᠮ ᠠᠷᠭᠠᠴᠠᠭᠠᠬᠤ ᠤᠷᠢᠳᠴᠢᠯᠠᠭᠰᠠᠨ ᠲᠥᠰᠥᠯ︾ ᠪᠣᠯᠣᠨ ︽ᠤᠯᠤᠰ ᠤᠨ ᠳᠤᠮᠳᠠ᠂ ᠤᠷᠲᠤ ᠬᠤᠭᠤᠴᠠᠭᠠᠨ ᠤ ᠠᠮᠢᠲᠠᠨ ᠤ ᠬᠠᠯᠳᠠᠪᠤᠷᠢᠲᠤ ᠡᠪᠡᠳᠴᠢᠨ ᠠᠴᠠ ᠤᠷᠢᠳᠴᠢᠯᠠᠨ ᠰᠡᠷᠭᠡᠶᠢᠯᠡᠬᠦ ᠲᠥᠯᠥᠪᠯᠡᠭᠡ︾ ︵2012 — 2020 ᠣᠨ︶︾ ᠶᠢ ᠦᠨᠳᠦᠰᠦᠯᠡᠨ ᠲᠤᠰ ᠲᠥᠰᠥᠯ ᠢ ᠪᠣᠯᠪᠠᠰᠤᠷᠠᠭᠤᠯᠪᠠ᠃      1.3 ᠠᠵᠢᠯᠯᠠᠬᠤ ᠵᠠᠷᠴᠢᠮ      ᠭᠠᠵᠠᠷ ᠣᠷᠣᠨ ᠤ ᠬᠠᠮᠢᠶᠠᠷᠤᠯᠲᠠ ᠶᠢᠨ ᠵᠠᠷᠴᠢᠮ ᠤᠨ ᠳᠠᠭᠠᠤ᠂ ᠵᠠᠰᠠᠭ ᠤᠨ ᠭᠠᠵᠠᠷ ᠤᠨ ᠨᠢᠭᠡᠳᠦᠭᠰᠡᠨ ᠤᠳᠤᠷᠢᠳᠤᠯᠭ᠎ᠠ ᠶᠢ ᠬᠡᠷᠡᠭᠵᠢᠭᠦᠯᠵᠦ᠂ ᠪᠠᠶᠢᠭᠤᠯᠭ᠎ᠠ ᠨᠢᠭᠡᠴᠢ ᠤᠳ ᠬᠤᠪᠢᠶᠠᠨ ᠬᠠᠷᠢᠭᠤᠴᠠᠵᠤ᠂ ᠤᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠷᠢᠭᠤᠴᠠᠯᠭ᠎ᠠ ᠶᠢᠨ ᠳᠦᠷᠢᠮ ᠢ ᠦᠨᠡᠨ ᠪᠣᠳᠠᠲᠠᠢ ᠬᠡᠷᠡᠭᠵᠢᠭᠦᠯᠵᠦ᠂ ᠰᠡᠷᠭᠡᠶᠢᠯᠡᠬᠦ᠂ ᠬᠢᠵᠠᠭᠠᠷᠯᠠᠬᠤ ᠶᠢ ᠬᠤᠯᠪᠣᠭᠠᠯᠠᠨ᠂ ᠰᠡᠷᠭᠡᠶᠢᠯᠡᠨ ᠬᠢᠵᠠᠭᠠᠷᠯᠠᠬᠤ ᠶᠢᠨ ᠬᠠᠮᠲᠤᠷᠠᠭᠰᠠᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ ︽ᠤᠳᠤᠷᠢᠳᠤᠯᠭ᠎ᠠ ᠪᠠᠨ ᠪᠠᠬᠢᠵᠢᠭᠦᠯᠬᠦ᠂ ᠨᠢᠭᠲᠠ ᠤᠶᠠᠯᠳᠤᠬᠤ᠂ ᠰᠢᠨᠵᠢᠯᠡᠬᠦ ᠤᠬᠠᠭᠠᠨ ᠳᠤ ᠲᠦᠰᠢᠭᠯᠡᠬᠦ᠂ ᠬᠠᠤᠯᠢ ᠶᠣᠰᠣ ᠪᠠᠷ ᠰᠡᠷᠭᠡᠶᠢᠯᠡᠬᠦ᠂ ᠣᠯᠠᠨ ᠢᠶᠠᠷ ᠢᠶᠠᠨ ᠰᠡᠷᠭᠡᠶᠢᠯᠡᠵᠦ᠂ ᠣᠯᠠᠨ ᠢᠶᠠᠷ ᠢᠶᠠᠨ ᠬᠢᠵᠠᠭᠠᠷᠯᠠᠬᠤ᠂ ᠲᠠᠰᠤᠷᠬᠠᠢ ᠰᠢᠢᠳᠬᠦ︾ ᠰᠡᠷᠭᠡᠶᠢᠯᠡᠨ ᠬᠢᠵᠠᠭᠠᠷᠯᠠᠬᠤ ᠴᠢᠭᠯᠡᠯᠲᠡ ᠶᠢ ᠬᠡᠷᠡᠭᠵᠢᠭᠦᠯᠦᠨ᠎ᠡ᠃ ︽ᠡᠷᠲᠡ᠂ ᠬᠤᠷᠳᠤᠨ᠂ ᠴᠢᠩᠭ᠎ᠠ᠂ ᠪᠠᠭ᠎ᠠ︾ ᠱᠠᠭᠠᠷᠳᠠᠯᠭ᠎ᠠ ᠶᠢᠨ ᠳᠠᠭᠠᠤ ᠡᠷᠲᠡ ᠢᠯᠡᠷᠡᠭᠦᠯᠵᠦ᠂ ᠬᠤᠷᠳᠤᠨ ᠰᠡᠷᠭᠡᠭ ᠪᠠᠶᠢᠬᠤ᠂ ᠴᠢᠩᠭ᠎ᠠ ᠰᠢᠢᠳᠴᠦ ᠬᠤᠬᠢᠷᠠᠯ ᠢ ᠪᠠᠭᠠᠰᠬᠠᠬᠤ ᠬᠡᠷᠡᠭᠲᠡᠢ᠃      1.4 ᠬᠡᠷᠡᠭᠯᠡᠬᠦ ᠬᠦᠷᠢᠶ᠎ᠡ ᠬᠡᠪᠴᠢᠶ᠎ᠡ      ᠲᠤᠰ ᠲᠥᠰᠥᠯ ᠢ ᠮᠠᠨ ᠤ ᠤᠯᠤᠰ ᠤᠨ ᠴᠣᠴᠢᠮᠠᠭ ᠢᠯᠡᠷᠡᠭᠰᠡᠨ ᠠᠹᠷᠢᠺᠠ ᠶᠢᠨ ᠭᠠᠭ᠋ᠠᠢ ᠶᠢᠨ ᠬᠢᠵᠢᠭ ᠢ ᠪᠠᠴᠢᠮ ᠠᠷᠭᠠᠴᠠᠭᠠᠬᠤ ᠠᠵᠢᠯ ᠳᠤ ᠬᠡᠷᠡᠭᠯᠡᠨ᠎ᠡ᠃      2 ᠵᠣᠬᠢᠶᠠᠨ ᠪᠠᠶᠢᠭᠤᠯᠵᠤ ᠬᠠᠮᠢᠶᠠᠷᠬᠤ      2.1 ᠪᠠᠴᠢᠮ ᠠᠷᠭᠠᠴᠠᠭᠠᠬᠤ ᠶᠢ ᠤᠳᠤᠷᠢᠳᠬᠤ ᠪᠠᠶᠢᠭᠤᠯᠤᠮᠵᠢ      ᠲᠠᠷᠢᠶᠠᠯᠠᠩ ᠤᠨ ᠶᠠᠮᠤᠨ ᠨᠢ ᠤᠯᠤᠰ ᠤᠨ ᠶᠠᠪᠤᠳᠠᠯ ᠤᠨ ᠬᠤᠷᠢᠶᠠᠨ ᠤ ᠨᠢᠭᠡᠳᠦᠯ ᠲᠠᠢ ᠤᠳᠤᠷᠢᠳᠤᠯᠭ᠎ᠠ ᠳᠣᠣᠷ᠎ᠠ ᠵᠣᠬᠢᠶᠠᠨ ᠪᠠᠶᠢᠭᠤᠯᠤᠯᠲᠠ ᠶᠢ ᠬᠠᠷᠢᠭᠤᠴᠠᠵᠤ ᠪᠦᠬᠦ ᠤᠯᠤᠰ ᠤᠨ ᠠᠹᠷᠢᠺᠠ ᠶᠢᠨ ᠭᠠᠭ᠋ᠠᠢ ᠶᠢᠨ ᠬᠢᠵᠢᠭ ᠢ ᠪᠠᠴᠢᠮ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠲᠠᠢ ᠵᠣᠬᠢᠴᠠᠵᠤ᠂ ᠲᠡᠭᠦᠨᠴᠢᠯᠡᠨ ᠴᠣᠴᠢᠮᠠᠭ ᠢᠯᠡᠷᠡᠭᠰᠡᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠤᠨ ᠱᠠᠭᠠᠷᠳᠠᠯᠭ᠎ᠠ ᠪᠠᠷ ᠤᠯᠤᠰ ᠤᠨ ᠶᠠᠪᠤᠳᠠᠯ ᠤᠨ ᠬᠤᠷᠢᠶᠠᠨ ᠳᠤ ᠤᠯᠤᠰ ᠤᠨ ᠶᠠᠪᠤᠳᠠᠯ ᠤᠨ ᠬᠤᠷᠢᠶᠠᠨ ᠤ ᠠᠮᠢᠲᠠᠨ ᠤ ᠬᠢᠵᠢᠭ ᠤᠨ ᠬᠦᠨᠳᠦ ᠨᠣᠴᠢᠲᠠᠢ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ ᠤᠨ ᠵᠢᠯᠣᠭᠤᠳᠤᠯᠭ᠎ᠠ ᠶᠢ ᠲᠠᠭᠠᠨ ᠮᠥᠷᠳᠡᠬᠦ ᠰᠠᠨᠠᠭᠠᠴᠢᠯᠠᠭ᠎ᠠ ᠭᠠᠷᠭᠠᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠠᠯᠪᠠᠨ ᠨᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯ ᠲᠠᠢ ᠵᠢᠯᠣᠭᠤᠳᠤᠯᠭ᠎ᠠ ᠳᠣᠣᠷ᠎ᠠ ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠵᠤ᠂ ᠲᠤᠬᠠᠢ ᠶᠢᠨ ᠵᠠᠰᠠᠭ ᠵᠠᠬᠢᠷᠭᠠᠨ ᠤ ᠣᠷᠣᠨ ᠳᠠᠬᠢ ᠠᠹᠷᠢᠺᠠ ᠶᠢᠨ ᠭᠠᠭ᠋ᠠᠢ ᠶᠢᠨ ᠬᠢᠵᠢᠭ ᠢ ᠪᠠᠴᠢᠮ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠲᠠᠢ ᠵᠣᠬᠢᠴᠠᠵᠤ᠂ ᠲᠡᠭᠦᠨᠴᠢᠯᠡᠨ ᠴᠣᠴᠢᠮᠠᠭ ᠢᠯᠡᠷᠡᠭᠰᠡᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠤᠨ ᠱᠠᠭᠠᠷᠳᠠᠯᠭ᠎ᠠ ᠪᠠᠷ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠣᠷᠣᠨ ᠨᠤᠲᠤᠭ ᠤᠨ ᠠᠮᠢᠲᠠᠨ ᠤ ᠬᠢᠵᠢᠭ ᠤᠨ ᠬᠦᠨᠳᠦ ᠨᠣᠴᠢᠲᠠᠢ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ ᠤᠨ ᠵᠢᠯᠣᠭᠤᠳᠤᠯᠭ᠎ᠠ ᠶᠢ ᠲᠠᠭᠠᠨ ᠮᠥᠷᠳᠡᠬᠦ ᠰᠠᠨᠠᠭᠠᠴᠢᠯᠠᠭ᠎ᠠ ᠭᠠᠷᠭᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠠᠷᠭᠠᠴᠠᠭᠠᠬᠤ ᠵᠢᠯᠣᠭᠤᠳᠬᠤ ᠲᠥᠪ ᠨᠢ ᠪᠦᠷᠢᠯᠳᠦᠬᠦᠨ ᠢᠶᠠᠨ ᠲᠣᠳᠣᠷᠬᠠᠶᠢᠯᠠᠵᠤ᠂ ᠬᠤᠯᠪᠣᠭᠳᠠᠬᠤ ᠡᠯ᠎ᠡ ᠪᠠᠶᠢᠭᠤᠯᠭ᠎ᠠ ᠨᠢᠭᠡᠴᠢ ᠨᠢ ᠬᠠᠮᠲᠤ ᠶᠢᠨ ᠠᠵᠢᠯᠯᠠᠭ᠎ᠠ ᠪᠠᠨ ᠪᠠᠬᠢᠵᠢᠭᠦᠯᠦᠨ ᠵᠣᠬᠢᠴᠠᠭᠤᠯᠵᠤ᠂ ᠣᠯᠠᠨ ᠪᠠᠶᠢᠭᠤᠯᠤᠯᠭ᠎ᠠ ᠨᠢᠭᠡᠴᠢ ᠬᠠᠮᠲᠤ ᠪᠠᠷ ᠢᠶᠠᠨ ᠣᠷᠣᠯᠴᠠᠵᠤ ᠬᠠᠮᠲᠤ ᠪᠠᠷ ᠢᠶᠠᠨ ᠰᠡᠷᠭᠡᠶᠢᠯᠡᠬᠦ᠂ ᠬᠠᠮᠲᠤ ᠪᠠᠷ ᠢᠶᠠᠨ ᠬᠢᠵᠠᠭᠠᠯᠠᠬᠤ ᠵᠣᠬᠢᠴᠠᠭᠤᠯᠤᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠬᠦ ᠬᠡᠷᠡᠭᠲᠡᠢ᠃      2.2 ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ      ᠲᠠᠷᠢᠶᠠᠯᠠᠩ ᠤᠨ ᠶᠠᠮᠤᠨ ᠨᠢ ᠠᠹᠷᠢᠺᠠ ᠶᠢᠨ ᠭᠠᠭ᠋ᠠᠢ ᠶᠢᠨ ᠬᠢᠵᠢᠭ ᠢ ᠪᠠᠴᠢᠮ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠬᠠᠷᠢᠭᠤᠴᠠᠨ᠎ᠠ᠂ ᠲᠡᠭᠦᠨᠴᠢᠯᠡᠨ ᠪᠠᠶᠢᠴᠠᠭᠠᠨ ᠰᠢᠯᠭᠠᠵᠤ ᠬᠢᠨᠠᠨ ᠵᠢᠯᠣᠭᠤᠳᠤᠨ᠎ᠠ︔ ᠴᠠᠭ ᠳᠠᠷᠤᠢ ᠳᠤ ᠨᠢ ᠠᠹᠷᠢᠺᠠ ᠶᠢᠨ ᠭᠠᠭ᠋ᠠᠢ ᠶᠢᠨ ᠬᠢᠵᠢᠭ ᠤᠨ ᠮᠡᠳᠡᠭᠡᠯᠡᠯ ᠢ ᠨᠡᠶᠢᠲᠡᠯᠡᠵᠦ᠂ ᠣᠯᠠᠨ ᠤᠯᠤᠰ ᠤᠨ ᠬᠤᠯᠪᠣᠭᠳᠠᠬᠤ ᠪᠠᠶᠢᠭᠤᠯᠤᠯᠭ᠎ᠠ᠂ ᠤᠯᠤᠰ ᠪᠣᠯᠣᠨ ᠣᠷᠣᠨ ᠨᠤᠲᠤᠭ ᠲᠤ ᠬᠢᠵᠢᠭ ᠤᠨ ᠪᠠᠶᠢᠳᠠᠯ ᠢ ᠵᠠᠷᠯᠠᠨ᠎ᠠ︔ ᠶᠠᠭᠠᠷᠠᠯ ᠲᠠᠢ ᠵᠣᠬᠢᠶᠠᠨ ᠪᠠᠶᠢᠭᠤᠯᠵᠤ᠂ ᠠᠷᠢᠭᠤᠳᠬᠠᠯ ᠤᠨ ᠡᠮ ᠵᠡᠷᠭᠡ ᠪᠠᠴᠢᠮ ᠠᠷᠭᠠᠴᠠᠭᠠᠬᠤ ᠳᠤ ᠵᠣᠷᠢᠭᠤᠯᠤᠯᠲᠠ ᠲᠠᠢ ᠡᠳ᠋ ᠵᠦᠢᠯ ᠢ ᠬᠤᠪᠢᠶᠠᠷᠢᠯᠠᠨ᠎ᠠ︔ ᠬᠢᠵᠢᠭ ᠤᠨ ᠪᠠᠶᠢᠳᠠᠯ ᠲᠠᠢ ᠬᠤᠯᠪᠣᠭ᠎ᠠ ᠲᠠᠢ ᠣᠨᠴᠠᠭᠠᠢ ᠪᠠᠶᠢᠳᠠᠯ ᠤᠨ ᠬᠢᠨᠠᠯᠲᠠ ᠶᠢᠨ ᠠᠷᠭ᠎ᠠ ᠬᠡᠮᠵᠢᠶ᠎ᠡ ᠶᠢ ᠰᠠᠨᠠᠭᠠᠴᠢᠯᠠᠬᠤ ᠪᠤᠶᠤ ᠵᠣᠭᠰᠣᠭᠠᠨ᠎ᠠ︔ ᠤᠰᠠᠳᠬᠠᠬᠤ ᠪᠤᠶᠤ ᠨᠥᠬᠦᠨ ᠲᠥᠯᠥᠪᠦᠷᠢ ᠠᠴᠠ ᠪᠣᠯᠣᠭᠰᠠᠨ ᠵᠠᠷᠤᠳᠠᠯ ᠵᠢᠴᠢ ᠬᠢᠵᠢᠭ ᠠᠴᠠ ᠪᠣᠯᠣᠭᠰᠠᠨ ᠬᠤᠬᠢᠷᠠᠯ ᠤᠨ ᠦᠨᠡᠯᠡᠭᠡ ᠶᠢ ᠵᠣᠬᠢᠶᠠᠨ ᠪᠠᠶᠢᠭᠤᠯᠵᠤ ᠭᠦᠢᠴᠡᠳᠬᠡᠨ᠎ᠡ︔ ᠡᠯ᠎ᠡ ᠭᠠᠵᠠᠷ ᠤᠨ ᠮᠠᠯ ᠡᠮᠨᠡᠯᠭᠡ ᠶᠢᠨ ᠠᠯᠪᠠᠨ ᠨᠢ ᠬᠢᠯᠢ ᠶᠢᠨ ᠰᠢᠯᠭᠠᠨ ᠨᠡᠪᠲᠡᠷᠡᠭᠦᠯᠬᠦ᠂ ᠬᠢᠵᠢᠭ ᠪᠠᠶᠢᠴᠠᠭᠠᠯᠲᠠ ᠶᠢᠨ ᠬᠤᠯᠪᠣᠭᠳᠠᠬᠤ ᠪᠠᠶᠢᠭᠤᠯᠭ᠎ᠠ ᠲᠠᠢ ᠢᠳᠡᠪᠬᠢᠲᠡᠢ ᠬᠠᠮᠲᠤᠷᠠᠨ ᠠᠵᠢᠯᠯᠠᠵᠤ᠂ ᠬᠠᠮᠲᠤ ᠪᠠᠷ ᠠᠹᠷᠢᠺᠠ ᠶᠢᠨ ᠭᠠᠭ᠋ᠠᠢ ᠶᠢᠨ ᠬᠢᠵᠢᠭ ᠤᠨ ᠨᠡᠪᠲᠡᠷᠡᠨ ᠣᠷᠣᠬᠤ ᠡᠷᠡᠰᠳᠡᠯ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠴᠣᠴᠢᠮᠠᠭ ᠢᠯᠡᠷᠡᠭᠰᠡᠨ ᠬᠢᠵᠢᠭ ᠤᠨ ᠪᠠᠶᠢᠳᠠᠯ ᠢ ᠪᠠᠴᠢᠮ ᠰᠢᠢᠳᠪᠦᠷᠢᠯᠡᠬᠦ ᠪᠣᠯᠭᠠᠵᠤ᠂ ᠦᠨᠡᠨ ᠪᠣᠳᠠᠲᠠᠢ ᠪᠠᠷ ᠬᠢᠵᠢᠭ ᠢ ᠬᠢᠨᠠᠨ ᠰᠢᠯᠭᠠᠬᠤ᠂ ᠬᠠᠯᠳᠠᠪᠤᠷᠢᠲᠤ ᠡᠪᠡᠳᠴᠢᠨ ᠢ ᠪᠠᠶᠢᠴᠠᠭᠠᠬᠤ᠂ ᠰᠢᠯᠭᠠᠨ ᠢᠯᠭᠠᠷᠠᠭᠤᠯᠬᠤ᠂ ᠠᠷᠢᠭᠤᠳᠬᠠᠬᠤ᠂ ᠬᠢᠵᠢᠭ ᠤᠨ ᠪᠠᠶᠢᠴᠠᠭᠠᠯᠲᠠ ᠶᠢ ᠬᠢᠨᠠᠨ ᠬᠠᠮᠢᠶᠠᠷᠬᠤ᠂ ᠤᠰᠠᠳᠬᠠᠬᠤ ᠵᠡᠷᠭᠡ ᠡᠯ᠎ᠡ ᠵᠦᠢᠯ ᠤᠨ ᠶᠡᠷᠦᠩᠬᠡᠶᠢᠯᠡᠭᠰᠡᠨ ᠴᠢᠨᠠᠷ ᠲᠠᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠡᠶᠡᠯᠡᠭᠦᠯᠦᠨ᠎ᠡ᠃ ᠮᠠᠯ ᠡᠮᠨᠡᠯᠭᠡ ᠶᠢᠨ ᠠᠯᠪᠠᠨ ᠨᠢ ᠬᠢᠯᠢ ᠶᠢᠨ ᠰᠢᠯᠭᠠᠨ ᠨᠡᠪᠲᠡᠷᠡᠭᠦᠯᠬᠦ᠂ ᠬᠢᠵᠢᠭ ᠪᠠᠶᠢᠴᠠᠭᠠᠯᠲᠠ᠂ ᠪᠣᠭᠤᠮᠲᠠ᠂ ᠣᠢ ᠰᠢᠭᠤᠢ ᠶᠢᠨ ᠬᠤᠯᠪᠣᠭᠳᠠᠬᠤ ᠪᠠᠶᠢᠭᠤᠯᠭ᠎ᠠ ᠨᠤᠭᠤᠳ ᠲᠠᠢ ᠵᠣᠬᠢᠴᠠᠵᠤ᠂ ᠡᠯ᠎ᠡ ᠪᠠᠶᠢᠭᠤᠯᠭ᠎ᠠ ᠨᠢᠭᠡᠴᠢ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠳᠠᠭᠠᠤ ᠠᠹᠷᠢᠺᠠ ᠶᠢᠨ ᠭᠠᠭ᠋ᠠᠢ ᠶᠢᠨ ᠬᠢᠵᠢᠭ ᠢ ᠪᠠᠴᠢᠮ ᠠᠷᠭᠠᠴᠠᠭᠠᠵᠤ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠴᠡᠷᠢᠭ ᠠᠩᠭᠢ᠂ ᠵᠡᠪᠰᠡᠭᠲᠦ ᠴᠠᠭᠳᠠᠭᠠᠨ ᠤ ᠴᠡᠷᠢᠭ ᠠᠩᠭᠢ ᠬᠠᠤᠯᠢ ᠶᠣᠰᠣ ᠪᠠᠷ ᠴᠣᠴᠢᠮᠠᠭ ᠢᠯᠡᠷᠡᠭᠰᠡᠨ ᠠᠹᠷᠢᠺᠠ ᠶᠢᠨ ᠭᠠᠭ᠋ᠠᠢ ᠶᠢᠨ ᠬᠢᠵᠢᠭ ᠤᠨ ᠪᠠᠴᠢᠮ ᠠᠷᠭᠠᠴᠠᠭᠠᠬᠤ ᠠᠵᠢᠯ ᠳᠤ ᠣᠷᠣᠯᠴᠠᠬᠤ ᠬᠡᠷᠡᠭᠲᠡᠢ᠃      3 ᠬᠢᠵᠢᠭ ᠢ ᠬᠢᠨᠠᠨ ᠰᠢᠯᠭᠠᠬᠤ ᠪᠣᠯᠣᠨ ᠮᠡᠳᠡᠭᠦᠯᠭᠡ ᠪᠢᠴᠢᠬᠦ      3.1 ᠣᠯᠠᠨ ᠤᠯᠤᠰ ᠤᠨ ᠬᠢᠵᠢᠭ ᠤᠨ ᠪᠠᠶᠢᠳᠠᠯ ᠢ ᠬᠠᠷᠠᠵᠤ ᠬᠢᠨᠠᠬᠤ ᠳᠤᠮᠳᠠᠳᠤ ᠤᠯᠤᠰ ᠤᠨ ᠠᠮᠢᠲᠠᠨ ᠤ ᠡᠷᠡᠭᠦᠯ ᠬᠠᠮᠠᠭᠠᠯᠠᠯ ᠪᠣᠯᠣᠨ ᠡᠪᠡᠳᠴᠢᠨ ᠲᠠᠷᠬᠠᠯᠠᠯ ᠤᠨ ᠤᠬᠠᠭᠠᠨ ᠤ ᠲᠥᠪ ᠨᠢ ᠠᠹᠷᠢᠺᠠ ᠶᠢᠨ ᠭᠠᠭ᠋ᠠᠢ ᠶᠢᠨ ᠬᠢᠵᠢᠭ ᠬᠥᠳᠡᠯᠦᠯ ᠪᠠᠶᠢᠳᠠᠯ ᠢ ᠬᠢᠨᠠᠮᠠᠭᠠᠢ ᠬᠠᠷᠠᠨ ᠬᠢᠨᠠᠵᠤ ᠠᠹᠷᠢᠺᠠ ᠶᠢᠨ ᠭᠠᠭ᠋ᠠᠢ ᠶᠢᠨ ᠬᠢᠵᠢᠭ ᠤᠨ ᠮᠠᠨ ᠤ ᠤᠯᠤᠰ ᠲᠤ ᠣᠷᠣᠬᠤ ᠡᠷᠡᠰᠳᠡᠯ ᠢ ᠰᠢᠨᠵᠢᠯᠡᠬᠦ ᠤᠬᠠᠭᠠᠨᠴᠢ ᠪᠠᠷ ᠮᠠᠭᠠᠳᠯᠠᠯ ᠬᠢᠵᠦ᠂ ᠴᠠᠭ ᠲᠤᠬᠠᠢ ᠳᠤ ᠨᠢ ᠬᠤᠯᠪᠣᠭᠳᠠᠬᠤ ᠠᠷᠭ᠎ᠠ ᠠᠷᠭ᠎ᠠ ᠬᠡᠮᠵᠢᠶᠡᠨ ᠤ ᠲᠤᠬᠠᠢ ᠰᠠᠨᠠᠭᠤᠯᠭ᠎ᠠ ᠭᠠᠷᠭᠠᠨ᠎ᠠ᠃ ᠬᠢᠯᠢ ᠬᠢᠵᠠᠭᠠᠷ ᠣᠷᠣᠨ ᠣᠨᠴᠠᠭᠠᠶᠢᠯᠠᠨ ᠬᠢᠵᠢᠭ ᠤᠨ ᠲᠠᠷᠬᠠᠯᠠᠯ ᠲᠠᠢ ᠤᠯᠤᠰ ᠣᠷᠣᠨ ᠲᠠᠢ ᠬᠢᠯᠢ ᠨᠡᠶᠢᠯᠡᠵᠦ ᠪᠠᠶᠢᠬᠤ ᠭᠠᠵᠠᠷ ᠣᠷᠣᠨ᠂ ᠲᠡᠭᠦᠨᠴᠢᠯᠡᠨ ᠵᠠᠰᠠᠮᠠᠯ ᠵᠠᠮ ᠤᠨ ᠪᠣᠭᠤᠮᠲᠠ᠂ ᠲᠡᠮᠦᠷ ᠵᠠᠮ ᠤᠨ ᠪᠣᠭᠤᠮᠲᠠ᠂ ᠣᠯᠠᠨ ᠤᠯᠤᠰ ᠤᠨ ᠨᠢᠰᠬᠦ ᠣᠩᠭᠤᠴᠠᠨ ᠤ ᠪᠠᠭᠤᠳᠠᠯ᠂ ᠳᠠᠯᠠᠢ ᠶᠢᠨ ᠭᠠᠷᠠᠮ ᠤᠨ ᠪᠠᠶᠢᠭ᠎ᠠ ᠭᠠᠵᠠᠷ ᠤᠨ ᠮᠠᠯ ᠡᠮᠨᠡᠯᠭᠡ ᠶᠢᠨ ᠠᠯᠪᠠᠨ ᠨᠢ ᠬᠢᠯᠢ ᠶᠢᠨ ᠰᠢᠯᠭᠠᠨ ᠨᠡᠪᠲᠡᠷᠡᠭᠦᠯᠬᠦ᠂ ᠬᠢᠵᠢᠭ ᠪᠠᠶᠢᠴᠠᠭᠠᠯᠲᠠ᠂ ᠣᠢ ᠰᠢᠭᠤᠢ ᠶᠢᠨ ᠬᠤᠯᠪᠣᠭᠳᠠᠬᠤ ᠪᠠᠶᠢᠭᠤᠯᠭ᠎ᠠ ᠨᠤᠭᠤᠳ ᠲᠠᠢ ᠢᠳᠡᠪᠬᠢᠲᠡᠢ ᠵᠣᠬᠢᠴᠠᠵᠤ᠂ ᠭᠡᠷ ᠤᠨ ᠲᠡᠵᠢᠭᠡᠪᠦᠷᠢ ᠭᠠᠭ᠋ᠠᠢ ᠪᠣᠯᠣᠨ ᠵᠡᠷᠯᠢᠭ ᠭᠠᠭ᠋ᠠᠢ ᠶᠢᠨ ᠡᠷᠡᠭᠦᠯ ᠮᠡᠨᠳᠦ ᠶᠢᠨ ᠪᠠᠶᠢᠳᠠᠯ ᠢ ᠬᠠᠷᠠᠵᠤ ᠬᠢᠨᠠᠬᠤ ᠬᠡᠷᠡᠭᠲᠡᠢ᠃      3.2 ᠬᠢᠵᠢᠭ ᠤᠨ ᠪᠠᠶᠢᠳᠠᠯ ᠢ ᠬᠢᠨᠠᠨ ᠰᠢᠯᠭᠠᠬᠤ      ᠳᠤᠮᠳᠠᠳᠤ ᠤᠯᠤᠰ ᠤᠨ ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠵᠦ ᠬᠢᠵᠠᠭᠠᠷᠯᠠᠬᠤ ᠲᠥᠪ᠂ ᠳᠤᠮᠳᠠᠳᠤ ᠤᠯᠤᠰ ᠤᠨ ᠠᠮᠢᠲᠠᠨ ᠤ ᠡᠷᠡᠭᠦᠯ ᠬᠠᠮᠠᠭᠠᠯᠠᠯ ᠪᠣᠯᠣᠨ ᠡᠪᠡᠳᠴᠢᠨ ᠲᠠᠷᠬᠠᠯᠠᠯ ᠤᠨ ᠤᠬᠠᠭᠠᠨ ᠤ ᠲᠥᠪ᠂ ᠣᠷᠣᠨ ᠨᠤᠲᠤᠭ ᠤᠨ ᠡᠯ᠎ᠡ ᠱᠠᠲᠤᠨ ᠤ ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠵᠦ ᠬᠢᠵᠠᠭᠠᠷᠯᠠᠬᠤ ᠪᠠᠶᠢᠭᠤᠯᠤᠮᠵᠢ ᠵᠡᠷᠭᠡ ᠬᠤᠯᠪᠣᠭᠳᠠᠬᠤ ᠪᠠᠶᠢᠭᠤᠯᠭ᠎ᠠ ᠨᠤᠭᠤᠳ ᠨᠢᠭᠲᠠ ᠬᠤᠷᠰᠢᠵᠤ ᠠᠹᠷᠢᠺᠠ ᠶᠢᠨ ᠭᠠᠭ᠋ᠠᠢ ᠶᠢᠨ ᠬᠢᠵᠢᠭ ᠤᠨ ᠪᠠᠶᠢᠳᠠᠯ ᠢ ᠬᠢᠨᠠᠨ ᠰᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃      3.3 ᠬᠢᠵᠢᠭ ᠤᠨ ᠪᠠᠶᠢᠳᠠᠯ ᠤᠨ ᠮᠡᠳᠡᠭᠦᠯᠭᠡ ᠪᠣᠯᠣᠨ ᠨᠣᠲᠠᠯᠠᠭ᠎ᠠ      ᠶᠠᠮᠠᠷ ᠴᠦ ᠪᠠᠶᠢᠭᠤᠯᠭ᠎ᠠ ᠪᠣᠯᠣᠨ ᠬᠤᠪᠢ ᠬᠥᠮᠥᠨ ᠬᠡᠷᠪᠡ ᠲᠣᠳᠣᠷᠬᠠᠢ ᠰᠢᠯᠲᠠᠭᠠᠨ ᠦᠭᠡᠢ ᠪᠠᠷ ᠦᠬᠦᠭᠰᠡᠨ ᠲᠡᠵᠢᠭᠡᠪᠦᠷᠢ ᠭᠠᠭ᠋ᠠᠢ᠂ ᠬᠡᠪ ᠤᠨ ᠪᠤᠰᠤ ᠪᠠᠷ ᠦᠬᠦᠭᠰᠡᠨ ᠵᠡᠷᠯᠢᠭ ᠭᠠᠭ᠋ᠠᠢ ᠶᠢ ᠢᠯᠡᠷᠡᠭᠦᠯᠪᠡᠯ ᠴᠠᠭ ᠳᠠᠷᠤᠢ ᠳᠤ ᠨᠢ ᠲᠤᠬᠠᠢ ᠶᠢᠨ ᠭᠠᠵᠠᠷ ᠤᠨ ᠢᠶᠠᠨ ᠮᠠᠯ ᠡᠮᠨᠡᠯᠭᠡ ᠶᠢᠨ ᠠᠯᠪᠠᠨ ᠳᠤ ᠮᠡᠳᠡᠭᠦᠯᠬᠦ ᠬᠡᠷᠡᠭᠲᠡᠢ᠃ ᠡᠯ᠎ᠡ ᠱᠠᠲᠤᠨ ᠤ ᠮᠠᠯ ᠡᠮᠨᠡᠯᠭᠡ ᠶᠢᠨ ᠠᠯᠪᠠᠨ ᠨᠢ ᠬᠢᠵᠢᠭ ᠤᠨ ᠰᠡᠵᠢᠭ ᠪᠦᠬᠦᠢ ᠮᠡᠳᠡᠭᠦᠯᠭᠡ ᠶᠢ ᠣᠯᠣᠭᠰᠠᠨ ᠳᠠᠷᠤᠢ ᠤᠯᠤᠰ ᠤᠨ ᠠᠮᠢᠲᠠᠨ ᠤ ᠬᠢᠵᠢᠭ ᠤᠨ ᠮᠡᠳᠡᠭᠦᠯᠦᠯᠲᠡ ᠶᠢᠨ ᠱᠠᠭᠠᠷᠳᠠᠯᠭ᠎ᠠ ᠶᠣᠰᠣ ᠪᠠᠷ ᠱᠠᠲᠤ ᠳᠠᠷᠠᠭᠠᠯᠠᠨ ᠳᠡᠭᠡᠭᠰᠢ ᠮᠡᠳᠡᠭᠦᠯᠵᠦ᠂ ᠲᠠᠷᠢᠶᠠᠯᠠᠩ ᠤᠨ ᠶᠠᠮᠤᠨ ᠤ ᠮᠠᠯ ᠡᠮᠨᠡᠯᠭᠡ ᠶᠢᠨ ᠲᠣᠪᠴᠢᠶ᠎ᠠ ᠪᠣᠯᠣᠨ ᠳᠤᠮᠳᠠᠳᠤ ᠤᠯᠤᠰ ᠤᠨ ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠬᠦ ᠲᠥᠪ ᠲᠤ ᠮᠡᠳᠡᠭᠦᠯᠬᠦ ᠬᠡᠷᠡᠭᠲᠡᠢ᠃ ᠲᠤᠬᠠᠢ ᠶᠢᠨ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠬᠦ ᠪᠠᠶᠢᠭᠤᠯᠭ᠎ᠠ ᠨᠢ ᠤᠷᠢᠳᠴᠢᠯᠠᠨ ᠰᠡᠷᠭᠡᠶᠢᠯᠡᠬᠦ ᠲᠦ᠋ᠭᠨᠢᠭ ᠤᠨ ᠦᠵᠡᠭᠦᠯᠦᠯᠲᠡ ᠶᠢᠨ ᠱᠠᠭᠠᠷᠳᠠᠯᠭ᠎ᠠ ᠶᠢᠨ ᠳᠠᠭᠠᠤ ᠳᠡᠭᠡᠵᠢ ᠠᠪᠴᠤ᠂ ᠮᠤᠵᠢ ᠶᠢᠨ ᠳᠡᠰ ᠤᠨ ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠬᠦ ᠪᠠᠶᠢᠭᠤᠯᠤᠯᠭ᠎ᠠ ᠪᠠᠷ ᠰᠢᠯᠭᠠᠨ ᠲᠣᠭᠲᠠᠭᠠᠯᠭᠠᠭᠰᠠᠨ ᠤ ᠳ᠋ᠦᠩ ᠳᠤ ᠠᠹᠷᠢᠺᠠ ᠶᠢᠨ ᠭᠠᠭ᠋ᠠᠢ ᠶᠢᠨ ᠬᠢᠵᠢᠭ ᠤᠨ ᠰᠡᠵᠢᠭ ᠢᠯᠡᠷᠡᠪᠡᠯ ᠳᠠᠷᠤᠢ ᠲᠦᠷᠭᠡᠨ ᠳᠤᠮᠳᠠᠳᠤ ᠤᠯᠤᠰ ᠤᠨ ᠠᠮᠢᠲᠠᠨ ᠤ ᠡᠷᠡᠭᠦᠯ ᠬᠠᠮᠠᠭᠠᠯᠠᠯ ᠪᠣᠯᠣᠨ ᠡᠪᠡᠳᠴᠢᠨ ᠲᠠᠷᠬᠠᠯᠠᠯ ᠤᠨ ᠤᠬᠠᠭᠠᠨ ᠤ ᠲᠥᠪ ᠲᠤ ᠮᠡᠳᠡᠭᠦᠯᠦᠨ ᠨᠤᠲᠠᠯᠠᠭᠤᠯᠬᠤ ᠬᠡᠷᠡᠭᠲᠡᠢ᠃ ᠲᠠᠷᠢᠶᠠᠯᠠᠩ ᠤᠨ ᠶᠠᠮᠤᠨ ᠠᠴᠠ ᠨᠤᠲᠠᠯᠠᠭᠠᠨ ᠤ ᠳ᠋ᠦᠩ ᠢ ᠦᠨᠳᠦᠰᠦᠯᠡᠵᠦ ᠪᠠᠲᠤᠯᠠᠨ ᠲᠣᠭᠲᠠᠭᠠᠬᠤ ᠶᠢᠨ ᠳᠠᠭᠠᠤ ᠬᠢᠵᠢᠭ ᠤᠨ ᠪᠠᠶᠢᠳᠠᠯ ᠢ ᠵᠠᠷᠯᠠᠨ᠎ᠠ᠃      4 ᠬᠢᠵᠢᠭ ᠤᠨ ᠪᠠᠶᠢᠳᠠᠯ ᠳᠤ ᠬᠠᠨᠳᠤᠬᠤ      4.1 ᠬᠢᠵᠢᠭ ᠲᠠᠷᠬᠠᠯᠠᠯ ᠤᠨ ᠵᠡᠷᠭᠡᠯᠡᠯ ᠠᠹᠷᠢᠺᠠ ᠶᠢᠨ ᠭᠠᠭ᠋ᠠᠢ ᠶᠢᠨ ᠬᠢᠵᠢᠭ ᠤᠨ ᠰᠢᠨᠵᠢ ᠴᠢᠨᠠᠷ᠂ ᠠᠶᠤᠯ ᠲᠠᠢ ᠬᠡᠮᠵᠢᠶ᠎ᠡ ᠪᠣᠯᠣᠨ ᠬᠤᠯᠪᠣᠭᠳᠠᠬᠤ ᠬᠦᠷᠢᠶ᠎ᠡ ᠬᠡᠪᠴᠢᠶ᠎ᠡ ᠶᠢ ᠦᠨᠳᠦᠰᠦᠯᠡᠵᠦ ᠠᠹᠷᠢᠺᠠ ᠶᠢᠨ ᠭᠠᠭ᠋ᠠᠢ ᠶᠢᠨ ᠬᠢᠵᠢᠭ ᠢ ᠭᠤᠷᠪᠠᠨ ᠳᠡᠰ ᠲᠤ ᠬᠤᠪᠢᠶᠠᠨ ᠦᠵᠡᠳᠡᠭ᠄ ᠬᠢᠵᠢᠭ ᠤᠨ ᠪᠠᠶᠢᠳᠠᠯ ᠣᠨᠴᠠᠭᠠᠢ ᠬᠦᠨᠳᠦ ︵Ⅰ ᠵᠡᠷᠭᠡᠯᠡᠯ︶ ᠬᠢᠵᠢᠭ ᠤᠨ ᠪᠠᠶᠢᠳᠠᠯ ᠮᠠᠰᠢ ᠬᠦᠨᠳᠦ ︵II ᠵᠡᠷᠭᠡᠯᠡᠯ︶ ᠬᠢᠵᠢᠭ ᠤᠨ ᠪᠠᠶᠢᠳᠠᠯ ᠨᠡᠯᠢᠶᠡᠳ ᠬᠦᠨᠳᠦ ︵III ᠵᠡᠷᠭᠡᠯᠡᠯ︶᠃      4.1.1 ᠣᠨᠴᠠᠭᠠᠢ ᠬᠦᠨᠳᠦ ︵Ⅰ ᠵᠡᠷᠭᠡᠯᠡᠯ︶ ᠬᠢᠵᠢᠭ ᠤᠨ ᠪᠠᠶᠢᠳᠠᠯ ᠬᠢᠵᠢᠭ ᠤᠨ ᠪᠠᠶᠢᠳᠠᠯ ᠨᠢ 15 ᠬᠤᠨᠤᠭ ᠤᠨ ᠳᠣᠲᠣᠷ᠎ᠠ 2 ᠠᠴᠠ ᠳᠡᠭᠡᠭᠰᠢ ︵2 ᠪᠠᠭᠲᠠᠨ᠎ᠠ︶ ᠮᠤᠵᠢ ᠶᠢᠨ ᠱᠠᠲᠤᠨ ᠤ ᠵᠠᠰᠠᠭ ᠵᠠᠬᠢᠷᠭᠠᠨ ᠤ ᠪᠦᠰᠡ ᠳᠤ ᠢᠯᠡᠷᠡᠵᠦ ᠲᠡᠭᠦᠨᠴᠢᠯᠡᠨ ᠬᠠᠯᠳᠠᠪᠤᠷᠢᠯᠠᠨ ᠳᠡᠯᠭᠡᠷᠡᠵᠦ ᠪᠠᠶᠢᠬᠤ      4.1.2 ᠬᠢᠵᠢᠭ ᠤᠨ ᠪᠠᠶᠢᠳᠠᠯ ᠮᠠᠰᠢ ᠬᠦᠨᠳᠦ ︵II ᠵᠡᠷᠭᠡᠯᠡᠯ︶ ᠬᠢᠵᠢᠭ ᠤᠨ ᠪᠠᠶᠢᠳᠠᠯ ᠨᠢ 15 ᠬᠤᠨᠤᠭ ᠤᠨ ᠳᠣᠲᠣᠷ᠎ᠠ ᠨᠢᠭᠡ ᠮᠤᠵᠢ ᠶᠢᠨ ᠱᠠᠲᠤᠨ ᠤ ᠵᠠᠰᠠᠭ ᠵᠠᠬᠢᠷᠭᠠᠨ ᠤ ᠪᠦᠰᠡ᠂ ᠨᠢᠭᠡ ᠠᠴᠠ ᠳᠡᠭᠡᠭᠰᠢ ︵1 ᠪᠠᠭᠲᠠᠨ᠎ᠠ︶ ᠰᠢᠶᠠᠨ ᠤ ᠱᠠᠲᠤᠨ ᠤ ᠪᠦᠰᠡ ᠨᠤᠲᠤᠭ ᠲᠤ ᠬᠢᠵᠢᠭ ᠤᠨ ᠪᠠᠶᠢᠳᠠᠯ ᠢᠯᠡᠷᠡᠭᠰᠡᠨ᠃      4.1.3 ᠬᠢᠵᠢᠭ ᠤᠨ ᠪᠠᠶᠢᠳᠠᠯ ᠨᠡᠯᠢᠶᠡᠳ ᠬᠦᠨᠳᠦ ︵III ᠵᠡᠷᠭᠡᠯᠡᠯ︶ ᠵᠠᠰᠠᠮᠠᠯ ᠵᠠᠮ ᠤᠨ ᠪᠣᠭᠤᠮᠲᠠ᠂ ᠲᠡᠮᠦᠷ ᠵᠠᠮ ᠤᠨ ᠪᠣᠭᠤᠮᠲᠠ ᠪᠣᠯᠣᠨ ᠭᠠᠷᠠᠮ ᠤᠨ ᠪᠣᠭᠤᠮᠲᠠ ︵ᠠᠭᠠᠷ ᠤᠨ ᠪᠣᠭᠤᠮᠲᠠ᠂ ᠳᠠᠯᠠᠢ ᠶᠢᠨ ᠪᠣᠭᠤᠮᠲᠠ︶ ᠪᠠᠷ ᠣᠷᠣᠭᠤᠯᠤᠭᠰᠠᠨ ᠠᠮᠢᠳᠤ ᠭᠠᠭ᠋ᠠᠢ ᠠᠴᠠ ᠠᠹᠷᠢᠺᠠ ᠶᠢᠨ ᠭᠠᠭ᠋ᠠᠢ ᠶᠢᠨ ᠬᠢᠵᠢᠭ ᠢ ᠪᠠᠶᠢᠴᠠᠭᠠᠵᠤ ᠢᠯᠡᠷᠡᠭᠦᠯᠦᠭᠰᠡᠨ᠃      4.1.4 ᠠᠹᠷᠢᠺᠠ ᠶᠢᠨ ᠭᠠᠭ᠋ᠠᠢ ᠶᠢᠨ ᠬᠢᠵᠢᠭ ᠮᠠᠨ ᠤ ᠤᠯᠤᠰ ᠲᠤ ᠠᠩᠬ᠎ᠠ ᠨᠡᠪᠲᠡᠷᠡᠨ ᠣᠷᠣᠭᠰᠠᠨ ᠪᠤᠶᠤ ᠪᠤᠰᠤᠳ ᠴᠣᠴᠢᠮᠠᠭ ᠢᠯᠡᠷᠡᠭᠰᠡᠨ ᠬᠢᠵᠢᠭ ᠤᠨ ᠪᠠᠶᠢᠳᠠᠯ ᠢ ᠲᠠᠷᠢᠶᠠᠯᠠᠩ ᠤᠨ ᠶᠠᠮᠤᠨ ᠠᠴᠠ ᠪᠣᠳᠠᠲᠠᠢ ᠪᠠᠶᠢᠳᠠᠯ ᠢ ᠦᠨᠳᠦᠰᠦᠯᠡᠨ ᠪᠠᠲᠤᠯᠠᠨ ᠲᠣᠭᠲᠠᠭᠠᠨ᠎ᠠ᠃      4.2 ᠵᠡᠷᠭᠡᠯᠡᠯ ᠤᠨ ᠵᠣᠬᠢᠴᠠᠭᠤᠯᠤᠯᠲᠠ ᠠᠹᠷᠢᠺᠠ ᠶᠢᠨ ᠭᠠᠭ᠋ᠠᠢ ᠶᠢᠨ ᠬᠢᠵᠢᠭ ᠢᠯᠡᠷᠡᠭᠰᠡᠨ ᠦᠶ᠎ᠡ ᠳᠤ ᠬᠠᠷᠢᠶ᠎ᠠ ᠭᠠᠵᠠᠷ ᠣᠷᠣᠨ ᠤ ᠬᠠᠮᠢᠶᠠᠷᠤᠯᠲᠠ᠂ ᠵᠡᠷᠭᠡᠯᠡᠯ ᠲᠣᠭᠲᠠᠭᠠᠯᠲᠠ ᠶᠢᠨ ᠬᠠᠷᠢᠭᠤ ᠠᠷᠭ᠎ᠠ ᠬᠡᠮᠵᠢᠶᠡᠨ ᠤ ᠵᠠᠷᠴᠢᠮ ᠤᠨ ᠳᠠᠭᠠᠤ ᠪᠠᠴᠢᠮ ᠠᠷᠭ᠎ᠠ ᠬᠡᠮᠵᠢᠶ᠎ᠡ ᠠᠪᠬᠤ ᠬᠡᠷᠡᠭᠲᠡᠢ᠃ ᠬᠤᠯᠪᠣᠭᠳᠠᠬᠤ ᠡᠯ᠎ᠡ ᠪᠠᠶᠢᠭᠤᠯᠭ᠎ᠠ ᠨᠢᠭᠡᠴᠢ ᠵᠢᠷᠤᠮ ᠤᠨ ᠳᠠᠭᠠᠤ ᠠᠵᠢᠯ ᠢᠶᠠᠨ ᠡᠬᠢᠯᠡᠭᠦᠯᠵᠦ ︽ᠠᠮᠢᠲᠠᠨ ᠤ ᠬᠦᠨᠳᠦ ᠨᠣᠴᠢᠲᠠᠢ ᠬᠠᠯᠳᠠᠪᠤᠷᠢᠲᠤ ᠡᠪᠡᠳᠴᠢᠨ ᠤ ᠦᠶ᠎ᠡ ᠶᠢᠨ ᠤᠯᠤᠰ ᠤᠨ ᠪᠠᠴᠢᠮ ᠠᠷᠭᠠᠴᠠᠭᠠᠬᠤ ᠤᠷᠢᠳᠴᠢᠯᠠᠭᠰᠠᠨ ᠲᠥᠰᠥᠯ︾ ᠪᠣᠯᠣᠨ ᠲᠤᠰ ᠲᠥᠰᠥᠯ᠂ ᠲᠡᠭᠦᠨᠴᠢᠯᠡᠨ ᠬᠢᠵᠢᠭ ᠤᠨ ᠬᠥᠭᠵᠢᠯᠲᠡ ᠶᠢᠨ ᠪᠠᠶᠢᠳᠠᠯ ᠬᠢᠭᠡᠳ ᠡᠷᠡᠰᠳᠡᠯ ᠤᠨ ᠰᠤᠳᠤᠯᠭᠠᠨ ᠤ ᠦᠷ᠎ᠡ ᠳ᠋ᠦᠩ ᠢ ᠦᠨᠳᠦᠰᠦᠯᠡᠵᠦ ᠴᠠᠭ ᠲᠤᠬᠠᠢ ᠳᠤ ᠨᠢ ᠵᠡᠷᠭᠡᠯᠡᠯ ᠤᠨ ᠵᠣᠬᠢᠴᠠᠭᠤᠯᠤᠯᠲᠠ ᠬᠢᠬᠦ ᠬᠡᠷᠡᠭᠲᠡᠢ᠃      4.2.1 ᠣᠨᠴᠠᠭᠠᠢ ᠬᠦᠨᠳᠦ ᠬᠢᠵᠢᠭ ᠤᠨ ᠪᠠᠶᠢᠳᠠᠯ ᠳᠤ ᠬᠠᠨᠳᠤᠬᠤ ︵I ᠵᠡᠷᠭᠡᠯᠡᠯ︶ ᠲᠠᠷᠢᠶᠠᠯᠠᠩ ᠤᠨ ᠶᠠᠮᠤᠨ ᠠᠴᠠ ᠨᠡᠶᠢᠭᠡᠮ ᠨᠡᠶᠢᠲᠡ ᠳᠤ I ᠵᠡᠷᠭᠡᠯᠡᠯ ᠤᠨ ᠬᠢᠵᠢᠭ ᠤᠨ ᠪᠠᠶᠢᠳᠠᠯ ᠢ ᠤᠷᠢᠳᠴᠢᠯᠠᠭᠰᠠᠨ ᠰᠡᠷᠭᠡᠶᠢᠯᠡᠬᠦ ᠵᠠᠷᠯᠠᠯ ᠨᠡᠶᠢᠲᠡᠯᠡᠨ᠎ᠡ᠃ ᠪᠦᠬᠦ ᠤᠯᠤᠰ ᠢᠶᠠᠷ ᠢᠶᠠᠨ ᠲᠡᠷᠡ ᠳᠠᠷᠤᠢ ᠵᠢᠷᠤᠮ ᠤᠨ ᠳᠠᠭᠠᠤ ᠠᠹᠷᠢᠺᠠ ᠶᠢᠨ ᠭᠠᠭ᠋ᠠᠢ ᠶᠢᠨ ᠬᠢᠵᠢᠭ ᠢ ᠤᠷᠢᠳᠴᠢᠯᠠᠨ ᠰᠡᠷᠭᠡᠶᠢᠯᠡᠬᠦ ᠡᠳᠦᠷ ᠤᠨ ᠲᠠᠶᠢᠯᠤᠨ ᠤ ᠠᠵᠢᠯ ᠤᠨ ᠰᠢᠰᠲ᠋ᠧᠮ ᠢ ᠡᠬᠢᠯᠡᠭᠦᠯᠦᠨ᠎ᠡ᠃ ᠬᠢᠵᠢᠭ ᠤᠨ ᠪᠠᠶᠢᠳᠠᠯ ᠢᠯᠡᠷᠡᠭᠰᠡᠨ ᠮᠤᠵᠢ ᠠᠮᠢᠳᠤ ᠭᠠᠭ᠋ᠠᠢ ᠪᠣᠯᠣᠨ ᠬᠤᠯᠪᠣᠭᠳᠠᠬᠤ ᠪᠦᠲᠦᠭᠡᠭᠳᠡᠬᠦᠨ ᠢ ᠮᠤᠵᠢ ᠠᠯᠤᠰᠯᠠᠵᠤ ᠭᠠᠷᠭᠠᠬᠤ ᠶᠢ ᠲᠦᠷ ᠵᠣᠭᠰᠣᠭᠠᠨ᠎ᠠ᠂ ᠬᠢᠵᠢᠭ ᠤᠨ ᠪᠠᠶᠢᠳᠠᠯ ᠢᠯᠡᠷᠡᠭᠰᠡᠨ ᠰᠢᠶᠠᠨ ᠤ ᠳᠣᠲᠣᠷᠠᠬᠢ ᠠᠮᠢᠳᠤ ᠭᠠᠭ᠋ᠠᠢ ᠪᠣᠯᠣᠨ ᠬᠤᠯᠪᠣᠭ᠎ᠠ ᠲᠠᠢ ᠪᠦᠲᠦᠭᠡᠭᠳᠡᠬᠦᠨ ᠢ ᠰᠢᠶᠠᠨ ᠠᠯᠤᠰᠯᠠᠵᠤ ᠭᠠᠷᠭᠠᠬᠤ ᠶᠢ ᠲᠦᠷ ᠵᠣᠭᠰᠣᠭᠠᠨ᠎ᠠ᠃ ᠪᠦᠬᠦ ᠤᠯᠤᠰ ᠤᠨ ᠬᠡᠪᠴᠢᠶᠡᠨ ᠳᠤ ᠲᠦᠷᠭᠡᠨ ᠬᠠᠯᠳᠠᠪᠤᠷᠢᠲᠤ ᠡᠪᠡᠳᠴᠢᠨ ᠲᠠᠷᠬᠠᠯᠠᠯ ᠤᠨ ᠪᠠᠶᠢᠴᠠᠭᠠᠯᠲᠠ ᠪᠣᠯᠣᠨ ᠰᠢᠯᠭᠠᠨ ᠢᠯᠭᠠᠷᠠᠭᠤᠯᠬᠤ ᠠᠵᠢᠯ ᠢ ᠬᠢᠨ᠎ᠡ᠃ ᠡᠯ᠎ᠡ ᠬᠤᠯᠪᠣᠭᠳᠠᠬᠤ ᠪᠠᠶᠢᠭᠤᠯᠭ᠎ᠠ ᠨᠢᠭᠡᠴᠢ ᠬᠠᠷᠢᠭᠤᠴᠠᠯᠭ᠎ᠠ ᠶᠢᠨ ᠳᠠᠭᠠᠤ ᠠᠵᠢᠯ ᠢᠶᠠᠨ ᠬᠤᠪᠢᠶᠠᠷᠢᠯᠠᠵᠤ ᠬᠠᠮᠲᠤ ᠪᠠᠷ ᠠᠹᠷᠢᠺᠠ ᠶᠢᠨ ᠭᠠᠭ᠋ᠠᠢ ᠶᠢᠨ ᠬᠢᠵᠢᠭ ᠢ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃      4.2.2 ᠮᠠᠰᠢ ᠬᠦᠨᠳᠦ ᠬᠢᠵᠢᠭ ᠤᠨ ᠪᠠᠶᠢᠳᠠᠯ ᠳᠤ ᠬᠠᠨᠳᠤᠬᠤ ︵II ᠵᠡᠷᠭᠡᠯᠡᠯ︶ ᠲᠠᠷᠢᠶᠠᠯᠠᠩ ᠤᠨ ᠶᠠᠮᠤᠨ ᠠᠴᠠ ᠨᠡᠶᠢᠭᠡᠮ ᠨᠡᠶᠢᠲᠡ ᠳᠤ II ᠵᠡᠷᠭᠡᠯᠡᠯ ᠤᠨ ᠬᠢᠵᠢᠭ ᠤᠨ ᠪᠠᠶᠢᠳᠠᠯ ᠢ ᠤᠷᠢᠳᠴᠢᠯᠠᠭᠰᠠᠨ ᠰᠡᠷᠭᠡᠶᠢᠯᠡᠬᠦ ᠵᠠᠷᠯᠠᠯ ᠨᠡᠶᠢᠲᠡᠯᠡᠨ᠎ᠡ᠃ ᠬᠢᠵᠢᠭ ᠤᠨ ᠪᠠᠶᠢᠳᠠᠯ ᠢᠯᠡᠷᠡᠭᠰᠡᠨ ᠮᠤᠵᠢ ᠳᠠᠬᠢ ᠮᠤᠵᠢ ᠶᠢᠨ ᠱᠠᠲᠤᠨ ᠤ ᠮᠠᠯ ᠡᠮᠨᠡᠯᠭᠡ ᠶᠢᠨ ᠠᠯᠪᠠᠨ ᠨᠢ ᠠᠹᠷᠢᠺᠠ ᠶᠢᠨ ᠭᠠᠭ᠋ᠠᠢ ᠶᠢᠨ ᠬᠢᠵᠢᠭ ᠢ ᠤᠷᠢᠳᠴᠢᠯᠠᠨ ᠰᠡᠷᠭᠡᠶᠢᠯᠡᠬᠦ ᠡᠳᠦᠷ ᠤᠨ ᠲᠠᠶᠢᠯᠤᠨ ᠤ ᠠᠵᠢᠯ ᠤᠨ ᠰᠢᠰᠲ᠋ᠧᠮ ᠢ ᠡᠬᠢᠯᠡᠭᠦᠯᠦᠨ᠎ᠡ᠃ ᠬᠢᠵᠢᠭ ᠤᠨ ᠪᠠᠶᠢᠳᠠᠯ ᠢᠯᠡᠷᠡᠭᠰᠡᠨ ᠰᠢᠶᠠᠨ ᠤ ᠳᠣᠲᠣᠷᠠᠬᠢ ᠠᠮᠢᠳᠤ ᠭᠠᠭ᠋ᠠᠢ ᠪᠣᠯᠣᠨ ᠬᠤᠯᠪᠣᠭ᠎ᠠ ᠲᠠᠢ ᠪᠦᠲᠦᠭᠡᠭᠳᠡᠬᠦᠨ ᠢ ᠰᠢᠶᠠᠨ ᠠᠯᠤᠰᠯᠠᠵᠤ ᠭᠠᠷᠭᠠᠬᠤ ᠶᠢ ᠲᠦᠷ ᠵᠣᠭᠰᠣᠭᠠᠨ᠎ᠠ᠃ ᠬᠤᠯᠪᠣᠭᠳᠠᠬᠤ ᠮᠤᠵᠢ ᠨᠢ ᠲᠦᠷᠭᠡᠨ ᠬᠠᠯᠳᠠᠪᠤᠷᠢᠲᠤ ᠡᠪᠡᠳᠴᠢᠨ ᠲᠠᠷᠬᠠᠯᠠᠯ ᠤᠨ ᠪᠠᠶᠢᠴᠠᠭᠠᠯᠲᠠ ᠪᠣᠯᠣᠨ ᠰᠢᠯᠭᠠᠨ ᠢᠯᠭᠠᠷᠠᠭᠤᠯᠬᠤ ᠠᠵᠢᠯ ᠢ ᠬᠢᠨ᠎ᠡ᠃ ᠡᠯ᠎ᠡ ᠬᠤᠯᠪᠣᠭᠳᠠᠬᠤ ᠪᠠᠶᠢᠭᠤᠯᠭ᠎ᠠ ᠨᠢ ᠬᠠᠷᠢᠭᠤᠴᠠᠯᠭ᠎ᠠ ᠶᠢᠨ ᠳᠠᠭᠠᠤ ᠠᠵᠢᠯ ᠢᠶᠠᠨ ᠬᠤᠪᠢᠶᠠᠷᠢᠯᠠᠵᠤ ᠬᠠᠮᠲᠤ ᠪᠠᠷ ᠠᠹᠷᠢᠺᠠ ᠶᠢᠨ ᠭᠠᠭ᠋ᠠᠢ ᠶᠢᠨ ᠬᠢᠵᠢᠭ ᠢ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃      4.2.3 ᠨᠡᠯᠢᠶᠡᠳ ᠬᠦᠨᠳᠦ ᠬᠢᠵᠢᠭ ᠤᠨ ᠪᠠᠶᠢᠳᠠᠯ ᠳᠤ ᠬᠠᠨᠳᠤᠬᠤ ︵III ᠵᠡᠷᠭᠡᠯᠡᠯ︶ ᠲᠠᠷᠢᠶᠠᠯᠠᠩ ᠤᠨ ᠶᠠᠮᠤᠨ ᠠᠴᠠ ᠨᠡᠶᠢᠭᠡᠮ ᠨᠡᠶᠢᠲᠡ ᠳᠤ III ᠵᠡᠷᠭᠡᠯᠡᠯ ᠤᠨ ᠬᠢᠵᠢᠭ ᠤᠨ ᠪᠠᠶᠢᠳᠠᠯ ᠢ ᠤᠷᠢᠳᠴᠢᠯᠠᠭᠰᠠᠨ ᠰᠡᠷᠭᠡᠶᠢᠯᠡᠬᠦ ᠵᠠᠷᠯᠠᠯ ᠨᠡᠶᠢᠲᠡᠯᠡᠨ᠎ᠡ᠃ ᠬᠤᠯᠪᠣᠭᠳᠠᠬᠤ ᠪᠣᠭᠤᠮᠲᠠ ᠭᠠᠷᠠᠮ ᠤᠨ ᠪᠠᠶᠢᠭ᠎ᠠ ᠮᠠᠯ ᠡᠮᠨᠡᠯᠭᠡ ᠶᠢᠨ ᠠᠯᠪᠠᠨ ᠨᠢ ᠬᠢᠯᠢ ᠶᠢᠨ ᠰᠢᠯᠭᠠᠨ ᠨᠡᠪᠲᠡᠷᠡᠭᠦᠯᠬᠦ᠂ ᠬᠢᠵᠢᠭ ᠪᠠᠶᠢᠴᠠᠭᠠᠯᠲᠠ ᠶᠢᠨ ᠪᠠᠶᠢᠭᠤᠯᠭ᠎ᠠ ᠨᠢᠭᠡᠴᠢ ᠲᠠᠢ ᠢᠳᠡᠪᠬᠢᠲᠡᠢ ᠵᠣᠬᠢᠴᠠᠵᠤ᠂ ᠠᠹᠷᠢᠺᠠ ᠶᠢᠨ ᠭᠠᠭ᠋ᠠᠢ ᠶᠢᠨ ᠬᠢᠵᠢᠭ ᠢ ᠤᠷᠢᠳᠴᠢᠯᠠᠨ ᠰᠡᠷᠭᠡᠶᠢᠯᠡᠬᠦ ᠡᠳᠦᠷ ᠤᠨ ᠲᠠᠶᠢᠯᠤᠨ ᠤ ᠠᠵᠢᠯ ᠤᠨ ᠰᠢᠰᠲ᠋ᠧᠮ ᠢ ᠡᠬᠢᠯᠡᠭᠦᠯᠵᠦ᠂ ᠲᠦᠷᠭᠡᠨ ᠬᠠᠯᠳᠠᠪᠤᠷᠢᠲᠤ ᠡᠪᠡᠳᠴᠢᠨ ᠲᠠᠷᠬᠠᠯᠠᠯ ᠤᠨ ᠪᠠᠶᠢᠴᠠᠭᠠᠯᠲᠠ ᠪᠣᠯᠣᠨ ᠰᠢᠯᠭᠠᠨ ᠢᠯᠭᠠᠷᠠᠭᠤᠯᠬᠤ ᠠᠵᠢᠯ ᠢ ᠬᠢᠨ᠎ᠡ᠂ ᠬᠤᠯᠪᠣᠭᠳᠠᠬᠤ ᠪᠣᠭᠤᠮᠲᠠ ᠭᠠᠷᠠᠮ ᠤᠨ ᠪᠠᠶᠢᠭ᠎ᠠ ᠰᠢᠶᠠᠨ ᠤ ᠳᠣᠲᠣᠷᠠᠬᠢ ᠠᠮᠢᠳᠤ ᠭᠠᠭ᠋ᠠᠢ ᠪᠣᠯᠣᠨ ᠬᠤᠯᠪᠣᠭ᠎ᠠ ᠲᠠᠢ ᠪᠦᠲᠦᠭᠡᠭᠳᠡᠬᠦᠨ ᠢ ᠭᠠᠷᠭᠠᠬᠤ ᠶᠢ ᠵᠣᠭᠰᠣᠭᠠᠨ᠎ᠠ᠃ ᠡᠯ᠎ᠡ ᠬᠤᠯᠪᠣᠭᠳᠠᠬᠤ ᠪᠠᠶᠢᠭᠤᠯᠭ᠎ᠠ ᠨᠢᠭᠡᠴᠢ ᠬᠠᠷᠢᠭᠤᠴᠠᠯᠭ᠎ᠠ ᠶᠢᠨ ᠳᠠᠭᠠᠤ ᠠᠵᠢᠯ ᠢᠶᠠᠨ ᠬᠤᠪᠢᠶᠠᠷᠢᠯᠠᠵᠤ ᠬᠠᠮᠲᠤ ᠪᠠᠷ ᠠᠹᠷᠢᠺᠠ ᠶᠢᠨ ᠭᠠᠭ᠋ᠠᠢ ᠶᠢᠨ ᠬᠢᠵᠢᠭ ᠢ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃      4.3 ᠪᠠᠴᠢᠮ ᠠᠷᠭᠠᠴᠠᠭᠠᠬᠤ ᠶᠢ ᠵᠣᠭᠰᠣᠭᠠᠬᠤ ᠠᠹᠷᠢᠺᠠ ᠶᠢᠨ ᠭᠠᠭ᠋ᠠᠢ ᠶᠢᠨ ᠬᠢᠵᠢᠭ ᠢ ᠬᠢᠵᠠᠭᠠᠯᠠᠬᠤ ᠦᠢᠯᠡᠳᠦᠯ ᠦᠷ᠎ᠡ ᠳ᠋ᠦᠩ ᠳᠤ ᠬᠦᠷᠦᠭᠰᠡᠨ ᠬᠤᠶᠢᠨ᠎ᠠ ᠵᠣᠬᠢᠴᠠᠭᠰᠠᠨ ᠮᠠᠯ ᠡᠮᠨᠡᠯᠭᠡ ᠶᠢᠨ ᠠᠯᠪᠠᠨ ᠠᠴᠠ ᠬᠢᠵᠢᠭ ᠤᠨ ᠬᠢᠵᠠᠭᠠᠷᠯᠠᠯᠲᠠ ᠳᠤ ᠦᠨᠡᠯᠡᠭᠡ ᠬᠢᠵᠦ᠂ ᠪᠠᠴᠢᠮ ᠠᠷᠭᠠᠴᠠᠭᠠᠬᠤ ᠶᠢ ᠵᠣᠭᠰᠣᠭᠠᠬᠤ ᠳᠤ ᠬᠠᠨᠳᠤᠭᠤᠯᠤᠨ ᠰᠠᠨᠠᠭᠤᠯᠭ᠎ᠠ ᠭᠠᠷᠭᠠᠵᠤ᠂ ᠵᠢᠷᠤᠮ ᠤᠨ ᠳᠠᠭᠠᠤ ᠳᠡᠭᠡᠭᠰᠢ ᠮᠡᠳᠡᠭᠦᠯᠵᠦ ᠵᠥᠪᠰᠢᠶᠡᠷᠡᠭᠦᠯᠦᠭᠰᠡᠨ ᠬᠤᠶᠢᠨ᠎ᠠ ᠵᠠᠷᠯᠠᠨ᠎ᠠ᠃      5 ᠪᠠᠴᠢᠮ ᠰᠢᠢᠳᠪᠦᠷᠢᠯᠡᠬᠦ      5.1 ᠬᠢᠵᠢᠭ ᠤᠨ ᠰᠡᠵᠢᠭ ᠪᠦᠬᠦᠢ ᠪᠠᠶᠢᠳᠠᠯ ᠳᠤ ᠴᠢᠭᠯᠡᠭᠦᠯᠦᠭᠰᠡᠨ ᠪᠠᠴᠢᠮ ᠰᠢᠢᠳᠪᠦᠷᠢᠯᠡᠯᠲᠡ ᠡᠪᠡᠳᠴᠢᠨ ᠤ ᠢᠯᠡᠷᠡᠯ ᠲᠠᠢ ᠹᠤᠷᠮ ︵ᠡᠷᠦᠬᠡ︶ ᠠᠮᠢᠲᠠᠳ ᠢ ᠴᠢᠩᠭ᠎ᠠ ᠲᠤᠰᠠᠭᠠᠷᠯᠠᠨ᠂ ᠬᠠᠷᠠᠭᠠᠨ ᠳᠠᠭᠠᠨ ᠠᠪᠴᠤ᠂ ᠡᠪᠡᠳᠴᠢᠨ ᠤ ᠢᠯᠡᠷᠡᠯ ᠲᠠᠢ ᠹᠤᠷᠮ ︵ᠡᠷᠦᠬᠡ︶ ᠵᠢᠴᠢ ᠲᠦᠷᠭᠡᠨ ᠬᠠᠯᠳᠠᠪᠤᠷᠢᠲᠤ ᠡᠪᠡᠳᠴᠢᠨ ᠲᠠᠷᠬᠠᠯᠠᠯ ᠤᠨ ᠤᠬᠠᠭᠠᠨ ᠲᠠᠢ ᠬᠤᠯᠪᠣᠭ᠎ᠠ ᠲᠠᠢ ᠲᠡᠵᠢᠭᠡᠨ ᠦᠷᠡᠵᠢᠭᠦᠯᠬᠦ ᠹᠤᠷᠮ ︵ᠡᠷᠦᠬᠡ︶ ᠠᠴᠠ ᠳᠡᠭᠡᠵᠢ ᠠᠪᠴᠤ ᠰᠢᠯᠭᠠᠨ ᠲᠣᠭᠲᠠᠭᠠᠨ᠎ᠠ᠃ ᠬᠠᠯᠳᠠᠪᠤᠷᠢᠲᠤ ᠡᠪᠡᠳᠴᠢᠨ ᠳᠤ ᠠᠮᠠᠷᠬᠠᠨ ᠨᠡᠷᠪᠡᠭᠳᠡᠳᠡᠭ ᠠᠮᠢᠲᠠᠨ ᠪᠣᠯᠣᠨ ᠲᠡᠭᠦᠨ ᠤ ᠪᠦᠲᠦᠭᠡᠭᠳᠡᠬᠦᠨ᠂ ᠲᠡᠵᠢᠭᠡᠯ ᠪᠣᠷᠳᠤᠭ᠎ᠠ ᠬᠢᠭᠡᠳ ᠳᠡᠪᠢᠰᠬᠡᠷ ᠰᠢᠷᠢᠳᠡᠭ᠂ ᠬᠠᠶᠠᠭᠳᠠᠯ ᠪᠣᠳᠠᠰ ᠵᠡᠷᠭᠡ ᠬᠤᠯᠪᠣᠭ᠎ᠠ ᠲᠠᠢ ᠡᠳ᠋ ᠵᠦᠢᠯ ᠢ ᠰᠢᠯᠵᠢᠭᠦᠯᠬᠦ ᠵᠡᠷᠭᠡ ᠶᠢ ᠴᠢᠩᠭ᠎ᠠ ᠬᠤᠷᠢᠭᠯᠠᠵᠤ᠂ ᠲᠡᠭᠦᠨᠴᠢᠯᠡᠨ ᠭᠠᠳᠠᠭᠠᠳᠤ ᠳᠣᠲᠣᠭᠠᠳᠤ ᠣᠷᠴᠢᠨ ᠲᠣᠭᠤᠷᠢᠨ ᠳᠤ ᠴᠢᠩᠭ᠎ᠠ ᠠᠷᠢᠭᠤᠳᠬᠠᠯ ᠬᠢᠨ᠎ᠡ᠃ ᠱᠠᠭᠠᠷᠳᠠᠯᠭ᠎ᠠ ᠲᠠᠢ ᠪᠣᠯ ᠪᠢᠲᠡᠭᠦᠮᠵᠢᠯᠡᠨ ᠤᠰᠠᠳᠬᠠᠬᠤ ᠵᠡᠷᠭᠡ ᠠᠷᠭ᠎ᠠ ᠬᠡᠮᠵᠢᠶ᠎ᠡ ᠠᠪᠤᠨ᠎ᠠ᠃      5.2 ᠬᠢᠵᠢᠭ ᠤᠨ ᠪᠠᠶᠢᠳᠠᠯ ᠢ ᠣᠨᠣᠰᠢᠯᠠᠵᠤ ᠪᠠᠴᠢᠮ ᠰᠢᠢᠳᠪᠦᠷᠢᠯᠡᠬᠦ ᠬᠢᠵᠢᠭ ᠤᠨ ᠪᠠᠶᠢᠳᠠᠯ ᠢ ᠣᠨᠣᠰᠢᠯᠠᠨ ᠨᠤᠲᠠᠯᠠᠭᠰᠠᠨ ᠬᠤᠶᠢᠨ᠎ᠠ ᠰᠢᠶᠠᠨ ᠤ ᠱᠠᠲᠤᠨ ᠠᠴᠠ ᠳᠡᠭᠡᠭᠰᠢᠬᠢ ᠮᠠᠯ ᠡᠮᠨᠡᠯᠭᠡ ᠶᠢᠨ ᠭᠤᠣᠯ ᠪᠣᠯᠬᠤ ᠠᠯᠪᠠᠨ ᠨᠢ ᠳᠠᠷᠤᠢ ᠲᠦᠷᠭᠡᠨ ᠬᠢᠵᠢᠭ ᠤᠨ ᠴᠢᠭ᠂ ᠬᠢᠵᠢᠭ ᠤᠨ ᠣᠷᠣᠨ ᠪᠣᠯᠣᠨ ᠰᠦᠷᠳᠡᠭᠦᠯᠦᠯ ᠳᠤ ᠤᠴᠠᠷᠠᠵᠤ ᠮᠡᠳᠡᠬᠦ ᠣᠷᠣᠨ ᠢ ᠵᠠᠭᠠᠭᠯᠠᠨ ᠲᠣᠭᠲᠠᠭᠠᠵᠤ᠂ ᠬᠢᠵᠢᠭ ᠤᠨ ᠡᠭᠦᠰᠦᠯ ᠢ ᠪᠠᠶᠢᠴᠠᠭᠠᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠶᠠᠭᠠᠷᠠᠯ ᠲᠠᠢ ᠬᠠᠷᠢᠭᠤ ᠠᠷᠭ᠎ᠠ ᠬᠡᠮᠵᠢᠶ᠎ᠡ ᠠᠪᠬᠤ ᠶᠢ ᠰᠠᠨᠠᠯ ᠪᠣᠯᠭᠠᠨ᠎ᠠ᠂ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠬᠠᠤᠯᠢ ᠲᠣᠭᠲᠠᠭᠠᠮᠵᠢ ᠶᠢᠨ ᠳᠠᠭᠠᠤ ᠰᠢᠢᠳᠪᠦᠷᠢ ᠭᠠᠷᠭᠠᠨ᠎ᠠ᠃      5.2.1 ᠬᠢᠵᠢᠭ ᠤᠨ ᠴᠢᠭ᠂ ᠬᠢᠵᠢᠭ ᠤᠨ ᠣᠷᠣᠨ ᠪᠣᠯᠣᠨ ᠰᠦᠷᠳᠡᠭᠦᠯᠦᠯ ᠳᠤ ᠤᠴᠠᠷᠠᠵᠤ ᠮᠡᠳᠡᠬᠦ ᠣᠷᠣᠨ ᠢ ᠵᠠᠭᠠᠭᠯᠠᠨ ᠲᠣᠭᠲᠠᠭᠠᠬᠤ᠄ ᠡᠪᠡᠳᠴᠢᠨ ᠲᠠᠢ ᠭᠠᠭ᠋ᠠᠢ ᠢᠯᠡᠷᠡᠭᠰᠡᠨ ᠭᠠᠵᠠᠷ᠃ ᠬᠠᠷᠢᠴᠠᠩᠭᠤᠢ ᠪᠡᠶ᠎ᠡ ᠳᠠᠭᠠᠭᠠᠭᠰᠠᠨ ᠲᠣᠮᠣ ᠬᠡᠮᠵᠢᠶᠡᠨ ᠤ ᠠᠷᠠᠴᠢᠯᠠᠨ ᠲᠡᠵᠢᠭᠡᠬᠦ ᠹᠤᠷᠮ ︵ᠡᠷᠦᠬᠡ︶᠂ ᠡᠪᠡᠳᠴᠢᠲᠡᠢ ᠭᠠᠭ᠋ᠠᠢ ᠶᠢᠨ ᠢᠯᠡᠷᠡᠭᠰᠡᠨ ᠭᠠᠵᠠᠷ ᠤᠨ ᠹᠤᠷᠮ ︵ᠡᠷᠦᠬᠡ︶ ᠢᠶᠠᠷ ᠬᠢᠵᠢᠭ ᠤᠨ ᠴᠢᠭ ᠪᠣᠯᠭᠠᠬᠤ︔ ᠰᠤᠯᠠ ᠲᠡᠵᠢᠭᠡᠵᠦ ᠪᠠᠶᠢᠬᠤ ᠭᠠᠭ᠋ᠠᠢ ᠪᠣᠯᠣᠨ ᠡᠪᠡᠳᠴᠢᠨ ᠲᠠᠢ ᠭᠠᠭ᠋ᠠᠢ ᠶᠢᠨ ᠢᠯᠡᠷᠡᠭᠰᠡᠨ ᠭᠠᠵᠠᠷ ᠤᠨ ᠪᠠᠶᠢᠭᠠᠯᠢ ᠶᠢᠨ ᠲᠣᠰᠬᠤᠨ ᠢᠶᠠᠷ ᠬᠢᠵᠢᠭ ᠤᠨ ᠴᠢᠭ ᠪᠣᠯᠭᠠᠬᠤ︔ ᠪᠡᠯᠴᠢᠭᠡᠵᠦ ᠲᠡᠵᠢᠭᠡᠭᠰᠡᠨ ᠭᠠᠭ᠋ᠠᠢ ᠪᠣᠯᠣᠨ ᠡᠪᠡᠳᠴᠢᠨ ᠲᠠᠢ ᠭᠠᠭ᠋ᠠᠢ ᠶᠢᠨ ᠢᠯᠡᠷᠡᠭᠰᠡᠨ ᠭᠠᠵᠠᠷ ᠤᠨ ᠬᠥᠳᠡᠯᠭᠡᠭᠡᠨ ᠤ ᠲᠠᠯᠠᠪᠤᠷ ᠢᠶᠠᠷ ᠬᠢᠵᠢᠭ ᠤᠨ ᠴᠢᠭ ᠪᠣᠯᠭᠠᠬᠤ︔ ᠲᠡᠭᠡᠭᠡᠪᠦᠷᠢᠯᠡᠬᠦ ᠶᠠᠪᠤᠴᠠ ᠳᠤᠮᠳᠠ ᠬᠢᠵᠢᠭ ᠤᠨ ᠪᠠᠶᠢᠳᠠᠯ ᠢᠯᠡᠷᠡᠭᠰᠡᠨ ᠪᠣᠯ᠂ ᠡᠪᠡᠳᠴᠢᠨ ᠢᠯᠡᠷᠡᠭᠰᠡᠨ ᠭᠠᠭ᠋ᠠᠢ ᠶᠢ ᠲᠡᠭᠡᠭᠡᠭᠰᠡᠨ ᠮᠠᠰᠢᠨ᠂ ᠣᠩᠭᠤᠴᠠ᠂ ᠨᠢᠰᠬᠦ ᠣᠩᠭᠤᠴᠠ ᠵᠡᠷᠭᠡ ᠲᠡᠭᠡᠭᠡᠪᠦᠷᠢ ᠶᠢᠨ ᠪᠠᠭᠠᠵᠢ ᠬᠡᠷᠡᠭᠰᠡᠯ ᠢᠶᠠᠷ ᠬᠢᠵᠢᠭ ᠤᠨ ᠴᠢᠭ ᠪᠣᠯᠭᠠᠬᠤ︔ ᠵᠠᠬ᠎ᠠ ᠳᠡᠯᠭᠡᠭᠦᠷ ᠲᠤ ᠬᠢᠵᠢᠭ ᠤᠨ ᠪᠠᠶᠢᠳᠠᠯ ᠢᠯᠡᠷᠡᠪᠡᠯ ᠡᠪᠡᠳᠴᠢᠨ ᠲᠠᠢ ᠭᠠᠭ᠋ᠠᠢ ᠶᠢᠨ ᠢᠯᠡᠷᠡᠭᠰᠡᠨ ᠵᠠᠬ᠎ᠠ ᠳᠡᠯᠭᠡᠭᠦᠷ ᠢᠶᠠᠷ ᠬᠢᠵᠢᠭ ᠤᠨ ᠴᠢᠭ ᠪᠣᠯᠭᠠᠬᠤ︔ ᠨᠢᠲᠤᠯᠭᠠᠨ ᠤ ᠶᠠᠪᠤᠴᠠ ᠳᠤ ᠬᠢᠵᠢᠭ ᠤᠨ ᠪᠠᠶᠢᠳᠠᠯ ᠢᠯᠡᠷᠡᠭᠰᠡᠨ ᠪᠣᠯ ᠨᠢᠲᠤᠯᠭᠠᠨ ᠤ ᠦᠢᠯᠡᠳᠪᠦᠷᠢ ︵ᠲᠠᠯᠠᠪᠤᠷ︶ ᠪᠠᠷ ᠬᠢᠵᠢᠭ ᠤᠨ ᠴᠢᠭ ᠪᠣᠯᠭᠠᠬᠤ︔ ᠬᠢᠵᠢᠭ ᠤᠨ ᠣᠷᠣᠨ᠄ ᠬᠢᠵᠢᠭ ᠤᠨ ᠴᠢᠭ ᠠᠴᠠ ᠭᠠᠳᠠᠭᠰᠢ 3 ᠺᠢᠯᠤᠮᠧᠲᠷ ᠲᠡᠯᠡᠭᠰᠡᠨ ᠭᠠᠵᠠᠷ ᠣᠷᠣᠨ ᠢ ᠵᠢᠭᠠᠨ᠎ᠠ᠃ ᠰᠦᠷᠳᠡᠭᠦᠯᠦᠯ ᠳᠤ ᠤᠴᠠᠷᠠᠵᠤ ᠮᠡᠳᠡᠬᠦ ᠣᠷᠣᠨ᠄ ᠬᠢᠵᠢᠭ ᠤᠨ ᠣᠷᠣᠨ ᠠᠴᠠ ᠭᠠᠳᠠᠭᠰᠢ 10 ᠺᠢᠯᠤᠮᠧᠲᠷ ᠲᠡᠯᠡᠭᠰᠡᠨ ᠭᠠᠵᠠᠷ ᠣᠷᠣᠨ ᠢ ᠵᠢᠭᠠᠨ᠎ᠠ᠃ ᠵᠡᠷᠯᠢᠭ ᠭᠠᠭ᠋ᠠᠢ ᠶᠢᠨ ᠬᠥᠳᠡᠯᠭᠡᠭᠡᠨ ᠳᠤ ᠣᠷᠣᠰᠢᠬᠤ ᠭᠠᠵᠠᠷ ᠣᠷᠣᠨ ᠤ ᠰᠦᠷᠳᠡᠭᠦᠯᠦᠯ ᠳᠤ ᠤᠴᠠᠷᠠᠵᠤ ᠮᠡᠳᠡᠬᠦ ᠣᠷᠣᠨ ᠢ ᠬᠢᠵᠢᠭ ᠤᠨ ᠣᠷᠣᠨ ᠠᠴᠠ ᠭᠠᠳᠠᠭᠰᠢ 50 ᠺᠢᠯᠤᠮᠧᠲᠷ ᠲᠡᠯᠡᠭᠰᠡᠨ ᠭᠠᠵᠠᠷ ᠣᠷᠣᠨ ᠢᠶᠠᠷ ᠲᠣᠭᠲᠠᠭᠠᠨ᠎ᠠ᠃ ᠬᠢᠵᠢᠭ ᠤᠨ ᠴᠢᠭ᠂ ᠬᠢᠵᠢᠭ ᠤᠨ ᠣᠷᠣᠨ ᠪᠣᠯᠣᠨ ᠰᠦᠷᠳᠡᠭᠦᠯᠦᠯ ᠳᠤ ᠤᠴᠠᠷᠠᠵᠤ ᠮᠡᠳᠡᠬᠦ ᠣᠷᠣᠨ ᠢ ᠵᠠᠭᠠᠭᠯᠠᠨ ᠲᠣᠭᠲᠠᠭᠠᠬᠤ ᠳᠤ ᠲᠤᠬᠠᠢ ᠶᠢᠨ ᠭᠠᠵᠠᠷ ᠤᠨ ᠪᠠᠶᠢᠭᠠᠯᠢ ᠶᠢᠨ ᠬᠠᠯᠬᠠᠪᠴᠢ ︵ᠵᠢᠱᠢᠶᠡᠯᠡᠪᠡᠯ ᠭᠤᠣᠯ ᠭᠤᠷᠤᠬ᠎ᠠ᠂ ᠠᠭᠤᠯᠠ ᠨᠢᠷᠤᠭᠤ ᠵᠡᠷᠭᠡ︶᠂ ᠬᠥᠮᠥᠨ ᠤ ᠬᠦᠴᠦ ᠪᠠᠷ ᠭᠠᠷᠭᠠᠭᠰᠠᠨ ᠬᠠᠯᠬᠠᠪᠴᠢ ︵ᠵᠠᠮ᠂ ᠲᠣᠣᠷ ᠬᠠᠰᠢᠶ᠎ᠠ ᠵᠡᠷᠭᠡ︶᠂ ᠵᠡᠷᠯᠢᠭ ᠭᠠᠭ᠋ᠠᠢ ᠶᠢᠨ ᠲᠠᠷᠬᠠᠯᠲᠠ ᠶᠢᠨ ᠪᠠᠶᠢᠳᠠᠯ᠂ ᠲᠡᠭᠦᠨᠴᠢᠯᠡᠨ ᠬᠢᠵᠢᠭ ᠤᠨ ᠪᠠᠶᠢᠳᠠᠯ ᠤᠨ ᠮᠥᠷᠳᠡᠨ ᠪᠠᠶᠢᠴᠠᠭᠠᠯᠲᠠ ᠪᠣᠯᠣᠨ ᠡᠷᠡᠰᠳᠡᠯ ᠤᠨ ᠰᠢᠨᠵᠢᠯᠡᠭᠡᠨ ᠤ ᠦᠷ᠎ᠡ ᠳ᠋ᠦᠩ ᠵᠡᠷᠭᠡ ᠲᠠᠯ᠎ᠠ ᠠᠴᠠ ᠶᠡᠷᠦᠩᠬᠡᠢ ᠦᠨᠡᠯᠡᠭᠡ ᠬᠢᠭᠰᠡᠨ ᠤ ᠳᠠᠷᠠᠭ᠎ᠠ ᠵᠠᠭᠠᠭᠯᠠᠨ ᠲᠣᠭᠲᠠᠭᠠᠨ᠎ᠠ᠃      5.2.2 ᠪᠢᠲᠡᠭᠦᠮᠵᠢᠯᠡᠬᠦ ᠬᠢᠵᠢᠭ ᠤᠨ ᠪᠠᠶᠢᠳᠠᠯ ᠢᠯᠡᠷᠡᠭᠰᠡᠨ ᠭᠠᠵᠠᠷ ᠣᠷᠣᠨ ᠤ ᠰᠢᠶᠠᠨ ᠤ ᠱᠠᠲᠤᠨ ᠠᠴᠠ ᠳᠡᠭᠡᠭᠰᠢᠬᠢ ᠮᠠᠯ ᠡᠮᠨᠡᠯᠭᠡ ᠶᠢᠨ ᠭᠤᠣᠯ ᠪᠣᠯᠬᠤ ᠠᠯᠪᠠᠨ ᠨᠢ ᠠᠳᠠᠯᠢ ᠲᠦᠪᠰᠢᠨ ᠤ ᠠᠷᠠᠳ ᠤᠨ ᠵᠠᠰᠠᠭ ᠤᠨ ᠣᠷᠳᠣᠨ ᠳᠤ ᠬᠢᠵᠢᠭ ᠤᠨ ᠣᠷᠣᠨ ᠢ ᠪᠢᠲᠡᠭᠦᠮᠵᠢᠯᠡᠭᠦᠯᠬᠦ ᠪᠠᠷ ᠮᠡᠳᠡᠭᠦᠯᠦᠨ᠎ᠡ᠂ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠢ ᠬᠠᠤᠯᠢ ᠶᠣᠰᠣ ᠪᠠᠷ ᠪᠢᠲᠡᠭᠦᠮᠵᠢᠯᠡᠬᠦ ᠵᠠᠷᠯᠢᠭ ᠪᠠᠭᠤᠯᠭᠠᠨ᠎ᠠ᠃ ᠬᠢᠵᠢᠭ ᠤᠨ ᠪᠠᠶᠢᠳᠠᠯ ᠨᠢ ᠵᠠᠰᠠᠭ ᠵᠠᠬᠢᠷᠭᠠᠨ ᠤ ᠭᠠᠵᠠᠷ ᠠᠯᠤᠰᠯᠠᠭᠰᠠᠨ ᠪᠣᠯ ᠬᠤᠯᠪᠣᠭᠳᠠᠬᠤ ᠵᠠᠰᠠᠭ ᠵᠠᠬᠢᠷᠭᠠᠨ ᠤ ᠣᠷᠣᠨ ᠤ ᠬᠠᠮᠲᠤ ᠶᠢᠨ ᠳᠡᠭᠡᠳᠦ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠢᠵᠢᠭ ᠤᠨ ᠣᠷᠣᠨ ᠢ ᠪᠢᠲᠡᠭᠦᠮᠵᠢᠯᠡᠨ᠎ᠡ᠂ ᠡᠰᠡᠬᠦᠯ᠎ᠡ ᠬᠤᠯᠪᠣᠭᠳᠠᠬᠤ ᠵᠠᠰᠠᠭ ᠵᠠᠬᠢᠷᠭᠠᠨ ᠤ ᠣᠷᠣᠨ ᠤ ᠳᠡᠭᠡᠳᠦ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠮᠲᠤᠷᠠᠵᠤ ᠬᠢᠵᠢᠭ ᠤᠨ ᠣᠷᠣᠨ ᠢ ᠪᠢᠲᠡᠭᠦᠮᠵᠢᠯᠡᠨ᠎ᠡ᠃ ᠱᠠᠭᠠᠷᠳᠠᠯᠭ᠎ᠠ ᠲᠠᠢ ᠪᠣᠯ ᠳᠡᠭᠡᠳᠦ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠱᠠᠭᠠᠷᠳᠠᠵᠤ ᠪᠠᠶᠢᠭᠠᠳ ᠳᠣᠣᠷᠠᠳᠤ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠵᠢᠭ ᠤᠨ ᠣᠷᠣᠨ ᠢ ᠪᠢᠲᠡᠭᠦᠮᠵᠢᠯᠡᠭᠦᠯᠵᠦ ᠪᠣᠯᠣᠨ᠎ᠠ᠃      5.2.3 ᠬᠢᠵᠢᠭ ᠤᠨ ᠴᠢᠭ ᠲᠤ ᠠᠪᠬᠤ ᠶᠣᠰᠣᠲᠠᠢ ᠠᠷᠭ᠎ᠠ ᠬᠡᠮᠵᠢᠶ᠎ᠡ ᠬᠢᠵᠢᠭ ᠤᠨ ᠪᠠᠶᠢᠳᠠᠯ ᠢᠯᠡᠷᠡᠭᠰᠡᠨ ᠭᠠᠵᠠᠷ ᠣᠷᠣᠨ ᠳᠠᠬᠢ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠤᠯᠢ ᠲᠣᠭᠲᠠᠭᠠᠮᠵᠢ ᠶᠢᠨ ᠳᠠᠭᠠᠤ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ᠂ ᠬᠢᠵᠢᠭ ᠤᠨ ᠴᠢᠭ ᠲᠠᠬᠢ ᠪᠤᠢ ᠪᠦᠬᠦᠢ ᠭᠠᠭ᠋ᠠᠢ ᠶᠢ ᠠᠯᠠᠨ ᠤᠰᠠᠳᠬᠠᠨ᠎ᠠ᠂ ᠲᠡᠭᠦᠨᠴᠢᠯᠡᠨ ᠡᠪᠡᠳᠴᠢᠯᠡᠵᠦ ᠦᠬᠦᠭᠰᠡᠨ ᠪᠦᠬᠦ ᠭᠠᠭ᠋ᠠᠢ᠂ ᠤᠰᠠᠳᠬᠠᠬᠤ ᠭᠡᠵᠤ ᠪᠤᠢ ᠭᠠᠭ᠋ᠠᠢ ᠪᠤᠶᠤ ᠪᠦᠲᠦᠭᠡᠭᠳᠡᠬᠦᠨ ᠤ ᠵᠦᠢᠯ ᠢ ᠬᠤᠣᠷᠳᠠᠯ ᠦᠭᠡᠢ ᠰᠢᠢᠳᠪᠦᠷᠢᠯᠡᠬᠦ ᠬᠡᠷᠡᠭᠲᠡᠢ᠃  ᠪᠣᠬᠢᠷᠲᠤᠭᠰᠠᠨ ᠪᠤᠶᠤ ᠪᠤᠬᠢᠷᠲᠤᠵᠤ ᠮᠡᠳᠡᠬᠦ ᠡᠳ᠋ ᠵᠦᠢᠯ᠂ ᠵᠠᠮ ᠲᠡᠭᠡᠭᠡᠪᠦᠷᠢ ᠶᠢᠨ ᠪᠠᠭᠠᠵᠢ᠂ ᠡᠳ᠋ᠯᠡᠯ ᠬᠡᠷᠡᠭᠯᠡᠯ᠂ ᠭᠠᠭ᠋ᠠᠢ ᠶᠢᠨ ᠪᠠᠶᠢᠷᠢ᠂ ᠲᠠᠯᠠᠪᠤᠷ ᠲᠤ ᠴᠢᠩᠭ᠎ᠠ ᠬᠢᠨᠠᠮᠠᠭᠠᠢ ᠪᠦᠷᠢᠨ ᠭᠦᠢᠴᠡᠳ ᠠᠷᠢᠭᠤᠳᠬᠠᠯ ᠬᠢᠨ᠎ᠡ᠃ ᠣᠷᠣᠵᠤ ᠭᠠᠷᠬᠤ ᠬᠥᠮᠥᠨ᠂ ᠲᠡᠷᠭᠡ ᠤᠨᠤᠭ᠎ᠠ ᠪᠣᠯᠣᠨ ᠬᠤᠯᠪᠣᠭ᠎ᠠ ᠲᠠᠢ ᠲᠣᠨᠤᠭ ᠲᠥᠬᠦᠭᠡᠷᠦᠮᠵᠢ ᠶᠢ ᠵᠢᠷᠤᠮ ᠤᠨ ᠳᠠᠭᠠᠤ ᠠᠷᠢᠭᠤᠳᠬᠠᠯ ᠬᠢᠨ᠎ᠡ᠃ ᠬᠠᠯᠳᠠᠪᠤᠷᠢ ᠳᠤ ᠠᠮᠠᠷᠬᠠᠨ ᠨᠡᠷᠪᠡᠭᠳᠡᠳᠡᠭ ᠠᠮᠢᠲᠠᠨ ᠢ ᠣᠷᠣᠭᠤᠯᠵᠤ ᠭᠠᠷᠭᠠᠬᠤ ᠪᠣᠯᠣᠨ ᠬᠤᠯᠪᠣᠭᠳᠠᠬᠤ ᠪᠠᠷᠠᠭ᠎ᠠ ᠪᠦᠲᠦᠭᠡᠭᠳᠡᠬᠦᠨ ᠢ ᠭᠠᠷᠭᠠᠬᠤ ᠶᠢ ᠬᠤᠷᠢᠭᠯᠠᠨ᠎ᠠ᠃      5.2.4 ᠬᠢᠵᠢᠭ ᠤᠨ ᠣᠷᠣᠨ ᠳᠤ ᠠᠪᠬᠤ ᠶᠣᠰᠣᠲᠠᠢ ᠠᠷᠭ᠎ᠠ ᠬᠡᠮᠵᠢᠶ᠎ᠡ ᠬᠢᠵᠢᠭ ᠤᠨ ᠪᠠᠶᠢᠳᠠᠯ ᠢᠯᠡᠷᠡᠭᠰᠡᠨ ᠭᠠᠵᠠᠷ ᠣᠷᠣᠨ ᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯ ᠪᠣᠯᠬᠤ ᠠᠯᠪᠠᠨ ᠨᠢ ᠵᠢᠷᠤᠮ ᠤᠨ ᠳᠠᠭᠠᠤ ᠪᠤᠶᠤ ᠱᠠᠭᠠᠷᠳᠠᠯᠭ᠎ᠠ ᠶᠣᠰᠣ ᠪᠠᠷ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠳᠤ ᠰᠡᠷᠡᠮᠵᠢᠯᠡᠯ ᠤᠨ ᠫᠠᠶᠢᠰᠠ ᠢᠯᠡᠷᠬᠡᠶᠢᠯᠡᠯ ᠵᠣᠬᠢᠶᠠᠬᠤ᠂ ᠬᠢᠵᠢᠭ ᠤᠨ ᠣᠷᠣᠨ ᠳᠤ ᠣᠷᠣᠵᠤ ᠭᠠᠷᠬᠤ ᠵᠠᠮ ᠤᠨ ᠠᠭᠤᠯᠵᠠᠷ ᠲᠤ ᠲᠦᠷ ᠴᠠᠭ ᠤᠨ ᠠᠷᠢᠭᠤᠳᠬᠠᠯ ᠤᠨ ᠭᠠᠵᠠᠷ ᠭᠠᠷᠭᠠᠬᠤ᠂ ᠬᠢᠨᠠᠵᠤ ᠪᠠᠶᠢᠴᠠᠭᠠᠬᠤ ᠠᠵᠢᠯ ᠢ ᠭᠦᠢᠴᠡᠳᠬᠡᠵᠦ᠂ ᠣᠷᠣᠵᠤ ᠭᠠᠷᠬᠤ ᠬᠥᠮᠥᠨ ᠪᠣᠯᠣᠨ ᠲᠡᠷᠭᠡ ᠤᠨᠤᠭ᠎ᠠ ᠳᠤ ᠠᠷᠢᠭᠤᠳᠬᠠᠯ ᠬᠢᠨ᠎ᠡ᠃ ᠬᠠᠯᠳᠠᠪᠤᠷᠢ ᠳᠤ ᠠᠮᠠᠷᠬᠠᠨ ᠨᠡᠷᠪᠡᠭᠳᠡᠳᠡᠭ ᠠᠮᠢᠲᠠᠨ ᠢ ᠣᠷᠣᠭᠤᠯᠵᠤ ᠭᠠᠷᠭᠠᠬᠤ ᠪᠣᠯᠣᠨ ᠬᠤᠯᠪᠣᠭᠳᠠᠬᠤ ᠪᠠᠷᠠᠭ᠎ᠠ ᠪᠦᠲᠦᠭᠡᠭᠳᠡᠬᠦᠨ ᠢ ᠭᠠᠷᠭᠠᠬᠤ ᠶᠢ ᠬᠤᠷᠢᠭᠯᠠᠨ᠎ᠠ᠃ ᠠᠮᠢᠳᠤ ᠭᠠᠭ᠋ᠠᠢ ᠶᠢᠨ ᠬᠤᠳᠠᠯᠳᠤᠭᠠᠨ ᠤ ᠵᠠᠬ᠎ᠠ ᠪᠣᠯᠣᠨ ᠨᠢᠲᠤᠯᠭᠠᠨ ᠤ ᠲᠠᠯᠠᠪᠤᠷ ᠢ ᠬᠠᠭᠠᠨ᠎ᠠ᠃ ᠭᠠᠭ᠋ᠠᠢ ᠶᠢᠨ ᠠᠷᠠᠴᠢᠯᠠᠵᠤ ᠲᠡᠵᠢᠭᠡᠬᠦ ᠹᠤᠷᠮ ︵ᠡᠷᠦᠬᠡ︶ ᠵᠡᠷᠭᠡ ᠳᠤ ᠴᠢᠩᠭ᠎ᠠ ᠠᠷᠢᠭᠤᠳᠬᠠᠯ ᠬᠢᠨ᠎ᠡ᠂ ᠲᠡᠭᠦᠨᠴᠢᠯᠡᠨ ᠳᠡᠭᠡᠵᠢ ᠠᠪᠴᠤ ᠰᠢᠯᠭᠠᠨ ᠲᠣᠭᠲᠠᠭᠠᠬᠤ ᠪᠣᠯᠣᠨ ᠲᠦᠷᠭᠡᠨ ᠬᠠᠯᠳᠠᠪᠤᠷᠢᠲᠤ ᠡᠪᠡᠳᠴᠢᠨ ᠲᠠᠷᠬᠠᠯᠠᠯ ᠤᠨ ᠤᠬᠠᠭᠠᠨ ᠤ ᠪᠠᠶᠢᠴᠠᠭᠠᠨ ᠰᠤᠳᠤᠯᠤᠯᠲᠠ ᠶᠢᠨ ᠠᠵᠢᠯ ᠢ ᠰᠠᠶᠢᠲᠤᠷ ᠬᠢᠨ᠎ᠡ᠂ ᠰᠢᠯᠭᠠᠨ ᠲᠣᠭᠲᠠᠭᠠᠬᠤ ᠪᠤᠶᠤ ᠪᠠᠶᠢᠴᠠᠭᠠᠨ ᠰᠤᠳᠤᠯᠤᠯᠲᠠ ᠶᠢᠨ ᠦᠷ᠎ᠡ ᠳ᠋ᠦᠩ ᠢ ᠦᠨᠳᠦᠰᠦᠯᠡᠵᠦ ᠤᠰᠠᠳᠬᠠᠨ ᠴᠡᠪᠡᠷᠯᠡᠬᠦ ᠬᠦᠷᠢᠶ᠎ᠡ ᠬᠡᠪᠴᠢᠶ᠎ᠡ ᠶᠢ ᠲᠣᠭᠲᠠᠭᠠᠨ᠎ᠠ᠃      5.2.5 ᠰᠦᠷᠳᠡᠭᠦᠯᠦᠯ ᠳᠤ ᠤᠴᠠᠷᠠᠵᠤ ᠮᠡᠳᠡᠬᠦ ᠣᠷᠣᠨ ᠳᠤ ᠠᠪᠬᠤ ᠶᠣᠰᠣᠲᠠᠢ ᠠᠷᠭ᠎ᠠ ᠬᠡᠮᠵᠢᠶ᠎ᠡ      ᠬᠠᠯᠳᠠᠪᠤᠷᠢ ᠳᠤ ᠠᠮᠠᠷᠬᠠᠨ ᠨᠡᠷᠪᠡᠭᠳᠡᠳᠡᠭ ᠠᠮᠢᠲᠠᠨ ᠢ ᠣᠷᠣᠭᠤᠯᠵᠤ ᠭᠠᠷᠭᠠᠬᠤ ᠪᠣᠯᠣᠨ ᠬᠤᠯᠪᠣᠭᠳᠠᠬᠤ ᠪᠠᠷᠠᠭ᠎ᠠ ᠪᠦᠲᠦᠭᠡᠭᠳᠡᠬᠦᠨ ᠢ ᠭᠠᠷᠭᠠᠬᠤ ᠶᠢ ᠬᠤᠷᠢᠭᠯᠠᠨ᠎ᠠ᠃ ᠠᠮᠢᠳᠤ ᠭᠠᠭ᠋ᠠᠢ ᠶᠢᠨ ᠬᠤᠳᠠᠯᠳᠤᠭᠠᠨ ᠤ ᠵᠠᠬ᠎ᠠ ᠶᠢ ᠬᠠᠭᠠᠨ᠎ᠠ᠃ ᠬᠢᠵᠢᠭ ᠤᠨ ᠪᠠᠶᠢᠳᠠᠯ ᠢᠯᠡᠷᠡᠭᠰᠡᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠴᠠᠭ ᠲᠤᠬᠠᠢ ᠳᠤ ᠨᠢ ᠭᠠᠭ᠋ᠠᠢ ᠶᠢᠨ ᠠᠷᠠᠴᠢᠯᠠᠵᠤ ᠲᠡᠵᠢᠭᠡᠬᠦ ᠹᠤᠷᠮ ︵ᠡᠷᠦᠬᠡ︶᠂ ᠨᠢᠲᠤᠯᠭᠠᠨ ᠤ ᠲᠠᠯᠠᠪᠤᠷ ᠲᠤ ᠪᠦᠬᠦ ᠲᠠᠯ᠎ᠠ ᠺᠯᠢᠨᠢᠺ ᠤᠨ ᠬᠢᠨᠠᠯᠲᠠ ᠲᠠᠯᠪᠢᠵᠤ᠂ ᠬᠢᠵᠢᠭ ᠤᠨ ᠪᠠᠶᠢᠳᠠᠯ ᠤᠨ ᠬᠠᠨᠳᠤᠰᠢ ᠶᠢ ᠴᠠᠭ ᠳᠠᠷᠤᠢ ᠳᠤ ᠨᠢ ᠡᠵᠡᠮᠳᠡᠵᠦ᠂ ᠤᠷᠢᠳᠴᠢᠯᠠᠨ ᠰᠡᠷᠭᠡᠶᠢᠯᠡᠵᠦ ᠬᠢᠵᠠᠭᠠᠷᠯᠠᠬᠤ ᠠᠷᠭ᠎ᠠ ᠬᠡᠮᠵᠢᠶ᠎ᠡ ᠶᠢ ᠡᠷᠴᠢᠮᠵᠢᠭᠦᠯᠦᠨ᠎ᠡ᠃      5.3 ᠵᠡᠷᠯᠢᠭ ᠠᠮᠢᠲᠠᠨ ᠪᠣᠯᠣᠨ ᠰᠢᠪᠠᠵᠢ ᠶᠢ ᠬᠢᠵᠠᠭᠠᠯᠠᠬᠤ ᠡᠯ᠎ᠡ ᠭᠠᠵᠠᠷ ᠤᠨ ᠮᠠᠯ ᠡᠮᠨᠡᠯᠭᠡ ᠶᠢᠨ ᠠᠯᠪᠠᠨ ᠨᠢ ᠣᠢ ᠰᠢᠭᠤᠢ ᠶᠢᠨ ᠪᠠᠶᠢᠭᠤᠯᠤᠯᠭ᠎ᠠ ᠲᠠᠢ ᠵᠣᠬᠢᠴᠠᠵᠤ ᠬᠢᠵᠢᠭ ᠤᠨ ᠣᠷᠣᠨ᠂ ᠰᠦᠷᠳᠡᠭᠦᠯᠦᠯ ᠳᠤ ᠤᠴᠠᠷᠠᠵᠤ ᠮᠡᠳᠡᠬᠦ ᠣᠷᠣᠨ ᠳᠠᠬᠢ ᠵᠡᠷᠯᠢᠭ ᠭᠠᠭ᠋ᠠᠢ ᠶᠢᠨ ᠲᠠᠷᠬᠠᠴᠠ ᠳᠤ ᠪᠠᠶᠢᠴᠠᠭᠠᠯᠲᠠ ᠪᠣᠯᠣᠨ ᠬᠢᠨᠠᠨ ᠬᠡᠮᠵᠢᠯᠲᠡ ᠬᠢᠨ᠎ᠡ᠃ ᠲᠡᠵᠢᠭᠡᠪᠦᠷᠢ ᠶᠢᠨ ᠹᠤᠷᠮ ᠡᠷᠦᠬᠡ ᠨᠢ ᠠᠷᠭ᠎ᠠ ᠬᠡᠮᠵᠢᠶ᠎ᠡ ᠠᠪᠴᠤ ᠭᠡᠷ ᠤᠨ ᠲᠡᠵᠢᠭᠡᠪᠦᠷᠢ ᠭᠠᠭ᠋ᠠᠢ ᠪᠣᠯᠣᠨ ᠵᠡᠷᠯᠢᠭ ᠭᠠᠭ᠋ᠠᠢ ᠶᠢᠨ ᠣᠶᠢᠷᠠᠳᠠᠬᠤ ᠶᠢ ᠰᠡᠷᠭᠡᠶᠢᠯᠡᠨ᠎ᠡ᠃ ᠬᠤᠪᠢᠯᠵᠠ ᠲᠠᠢ ᠭᠠᠵᠠᠷ ᠤᠨ ᠬᠢᠵᠢᠭ ᠤᠨ ᠴᠢᠭ᠂ ᠬᠢᠵᠢᠭ ᠤᠨ ᠣᠷᠣᠨ᠂ ᠰᠦᠷᠳᠡᠭᠦᠯᠦᠯ ᠳᠤ ᠤᠴᠠᠷᠠᠵᠤ ᠮᠡᠳᠡᠬᠦ ᠣᠷᠣᠨ ᠤ ᠭᠠᠭ᠋ᠠᠢ ᠶᠢᠨ ᠲᠡᠵᠢᠭᠡᠪᠦᠷᠢ ᠶᠢᠨ ᠹᠤᠷᠮ ︵ᠡᠷᠦᠬᠡ︶ ᠨᠢ ᠬᠤᠪᠢᠯᠵᠠ ᠵᠡᠷᠭᠡ ᠬᠤᠷᠣᠬᠠᠢ ᠰᠢᠪᠠᠵᠢ ᠤᠰᠠᠳᠬᠠᠬᠤ ᠠᠷᠭ᠎ᠠ ᠬᠡᠮᠵᠢᠶ᠎ᠡ ᠠᠪᠴᠤ᠂ ᠮᠠᠯ ᠡᠮᠨᠡᠯᠭᠡ ᠶᠢᠨ ᠠᠯᠪᠠᠨ ᠨᠢ ᠬᠢᠨᠠᠨ ᠰᠢᠨᠵᠢᠯᠡᠭᠡ ᠪᠣᠯᠣᠨ ᠡᠷᠡᠰᠳᠡᠯ ᠤᠨ ᠦᠨᠡᠯᠡᠭᠡ ᠶᠢᠨ ᠠᠵᠢᠯ ᠲᠥᠷᠥᠯ ᠢ ᠰᠠᠶᠢᠲᠤᠷ ᠬᠢᠬᠦ ᠬᠡᠷᠡᠭᠲᠡᠢ᠃ ᠲᠤᠬᠠᠢ ᠶᠢᠨ ᠭᠠᠵᠠᠷ ᠤᠨ ᠮᠠᠯ ᠡᠮᠨᠡᠯᠭᠡ ᠶᠢᠨ ᠠᠯᠪᠠᠨ ᠨᠢ ᠣᠢ ᠰᠢᠭᠤᠢ ᠶᠢᠨ ᠪᠠᠶᠢᠭᠤᠯᠭ᠎ᠠ ᠨᠢᠭᠡᠴᠢ ᠲᠠᠢ ᠲᠣᠭᠲᠠᠭᠰᠠᠨ ᠬᠤᠭᠤᠴᠠᠭᠠᠨ ᠳᠤ ᠬᠤᠯᠪᠣᠭᠳᠠᠬᠤ ᠮᠡᠳᠡᠭᠡᠯᠡᠯ ᠢᠶᠠᠨ ᠰᠣᠯᠢᠯᠴᠠᠵᠤ ᠵᠠᠷᠯᠠᠵᠤ ᠪᠠᠶᠢᠬᠤ ᠬᠡᠷᠡᠭᠲᠡᠢ᠃      5.4 ᠬᠢᠵᠢᠭ ᠤᠨ ᠪᠠᠶᠢᠳᠠᠯ ᠢ ᠲᠠᠭᠠᠨ ᠮᠥᠷᠳᠡᠬᠦ ᠪᠣᠯᠣᠨ ᠤᠭ ᠢ ᠨᠢ ᠮᠥᠰᠬᠢᠬᠦ ᠬᠢᠵᠢᠭ ᠤᠨ ᠪᠠᠶᠢᠳᠠᠯ ᠢᠯᠡᠷᠡᠬᠦ ᠠᠴᠠ 30 ᠬᠤᠨᠤᠭ ᠤᠨ ᠳᠣᠲᠣᠷ᠎ᠠ ᠪᠤᠶᠤ ᠬᠢᠵᠢᠭ ᠢᠯᠡᠷᠡᠭᠰᠡᠨ ᠠᠴᠠ ᠬᠤᠶᠢᠰᠢᠬᠢ ᠲᠤᠰᠠᠭᠠᠷᠯᠠᠬᠤ ᠠᠷᠭ᠎ᠠ ᠬᠡᠮᠵᠢᠶ᠎ᠡ ᠠᠪᠬᠤ ᠠᠴᠠ ᠡᠮᠦᠨ᠎ᠡ᠂ ᠬᠢᠵᠢᠭ ᠤᠨ ᠴᠢᠭ ᠠᠴᠠ ᠭᠠᠷᠭᠠᠭᠰᠠᠨ ᠬᠠᠯᠳᠠᠪᠤᠷᠢ ᠳᠤ ᠠᠮᠠᠷᠬᠠᠨ ᠨᠡᠷᠪᠡᠭᠳᠡᠳᠡᠭ ᠠᠮᠢᠲᠠᠨ᠂ ᠬᠤᠯᠪᠣᠭᠳᠠᠬᠤ ᠪᠠᠷᠠᠭ᠎ᠠ ᠪᠦᠲᠦᠭᠡᠭᠳᠡᠬᠦᠨ᠂ ᠲᠡᠭᠡᠭᠡᠪᠦᠷᠢ ᠶᠢᠨ ᠪᠠᠭᠠᠵᠢ ᠬᠡᠷᠡᠭᠰᠡᠯ ᠬᠢᠭᠡᠳ ᠡᠳᠡᠭᠡᠷ ᠲᠠᠢ ᠨᠢᠭᠲᠠ ᠣᠶᠢᠷᠠᠲᠤᠭᠰᠠᠨ ᠬᠥᠮᠥᠨ ᠤ ᠶᠠᠪᠤᠭᠰᠠᠨ ᠵᠦᠭ ᠴᠢᠭᠯᠡᠯ ᠵᠡᠷᠭᠡ ᠶᠢ ᠮᠥᠷᠳᠡᠵᠦ ᠰᠢᠯᠭᠠᠨ᠎ᠠ᠂ ᠬᠠᠯᠳᠠᠪᠤᠷᠢᠲᠤ ᠡᠪᠡᠳᠴᠢᠨ ᠲᠠᠷᠬᠠᠯᠠᠯ ᠤᠨ ᠤᠬᠠᠭᠠᠨ ᠲᠠᠢ ᠬᠤᠯᠪᠣᠭᠳᠠᠭᠰᠠᠨ ᠲᠡᠵᠢᠭᠡᠪᠦᠷᠢ ᠶᠢᠨ ᠹᠤᠷᠮ ᠡᠷᠦᠬᠡ ᠠᠴᠠ ᠳᠡᠭᠡᠵᠢ ᠠᠪᠴᠤ ᠰᠢᠯᠭᠠᠨ ᠲᠣᠭᠲᠠᠭᠠᠯᠲᠠ ᠬᠢᠵᠦ ᠬᠢᠵᠢᠭ ᠤᠨ ᠤᠭ ᠢᠷᠡᠯᠲᠡ ᠶᠢ ᠨᠢᠭᠲᠠᠯᠠᠨ ᠰᠢᠨᠵᠢᠯᠡᠨ᠎ᠡ᠃      5.5 ᠪᠢᠲᠡᠭᠦᠮᠵᠢᠯᠡᠯ ᠠᠴᠠ ᠴᠢᠯᠦᠭᠡᠯᠡᠬᠦ ᠬᠢᠵᠢᠭ ᠤᠨ ᠴᠢᠭ ᠪᠣᠯᠣᠨ ᠬᠢᠵᠢᠭ ᠤᠨ ᠣᠷᠣᠨ ᠤ ᠠᠯᠠᠨ ᠤᠰᠠᠳᠬᠠᠬᠤ ᠶᠣᠰᠣᠲᠠᠢ ᠬᠦᠷᠢᠶ᠎ᠡ ᠬᠡᠪᠴᠢᠶᠡᠨ ᠤ ᠳᠣᠲᠣᠷᠠᠬᠢ ᠪᠦᠬᠦ ᠭᠠᠭ᠋ᠠᠢ ᠳᠤ ᠤᠰᠠᠳᠬᠠᠯᠲᠠ ᠬᠢᠭᠰᠡᠨ ᠤ ᠳᠠᠷᠠᠭ᠎ᠠ ᠵᠢᠷᠤᠮ ᠤᠨ ᠳᠠᠭᠠᠤ ᠠᠷᠢᠭᠤᠳᠬᠠᠯ ᠪᠣᠯᠣᠨ ᠬᠤᠣᠷᠳᠠᠯ ᠦᠭᠡᠢ ᠰᠢᠢᠳᠪᠦᠷᠢᠯᠡᠭᠰᠡᠨ ᠤ 6 ᠭᠠᠷᠠᠭ ᠤᠨ ᠳᠠᠷᠠᠭ᠎ᠠ ᠬᠢᠵᠢᠭ ᠤᠨ ᠪᠠᠶᠢᠳᠠᠯ ᠢᠯᠡᠷᠡᠭᠰᠡᠨ ᠭᠠᠵᠠᠷ ᠣᠷᠣᠨ ᠤ ᠳᠡᠭᠡᠳᠦ ᠨᠢᠭᠡ ᠱᠠᠲᠤᠨ ᠤ ᠮᠠᠯ ᠡᠮᠨᠡᠯᠭᠡ ᠶᠢᠨ ᠭᠤᠣᠯ ᠪᠣᠯᠬᠤ ᠠᠯᠪᠠᠨ ᠨᠢ ᠦᠵᠡᠯᠭᠡ ᠬᠢᠵᠦ ᠬᠢᠷᠢ ᠳᠤ ᠬᠦᠷᠦᠭᠰᠡᠨ ᠬᠤᠶᠢᠨ᠎ᠠ ᠪᠠᠶᠢᠭ᠎ᠠ ᠭᠠᠵᠠᠷ ᠣᠷᠣᠨ ᠤ ᠰᠢᠶᠠᠨ ᠤ ᠱᠠᠲᠤᠨ ᠠᠴᠠ ᠳᠡᠭᠡᠭᠰᠢᠬᠢ ᠮᠠᠯ ᠡᠮᠨᠡᠯᠭᠡ ᠶᠢᠨ ᠭᠤᠣᠯ ᠪᠣᠯᠬᠤ ᠠᠯᠪᠠᠨ ᠨᠢ ᠤᠭ ᠤᠨ ᠪᠢᠲᠡᠭᠦᠮᠵᠢᠯᠡᠬᠦ ᠵᠠᠷᠯᠢᠭ ᠭᠠᠷᠭᠠᠭᠤᠯᠤᠭᠰᠠᠨ ᠠᠷᠠᠳ ᠤᠨ ᠵᠠᠰᠠᠭ ᠤᠨ ᠣᠷᠳᠣᠨ ᠳᠤ ᠪᠢᠲᠡᠭᠦᠮᠵᠢᠯᠡᠯ ᠢ ᠲᠠᠯᠪᠢᠬᠤ ᠪᠠᠷ ᠡᠷᠭᠦᠳᠡᠯ ᠭᠠᠷᠭᠠᠨ᠎ᠠ᠂ ᠲᠤᠰ ᠵᠠᠰᠠᠭ ᠤᠨ ᠣᠷᠳᠣᠨ ᠨᠢ ᠪᠢᠲᠡᠭᠦᠮᠵᠢᠯᠡᠯ ᠠᠴᠠ ᠴᠢᠯᠦᠭᠡᠯᠡᠬᠦ ᠵᠠᠷᠯᠠᠯ ᠨᠡᠶᠢᠲᠡᠯᠡᠵᠦ ᠲᠡᠭᠦᠨᠴᠢᠯᠡᠨ ᠬᠠᠶᠠᠭ᠎ᠠ ᠵᠡᠷᠭᠡᠯᠡᠳᠡᠭᠡ ᠭᠠᠵᠠᠷ ᠣᠷᠣᠨ ᠪᠣᠯᠣᠨ ᠬᠤᠯᠪᠣᠭᠳᠠᠬᠤ ᠪᠠᠶᠢᠭᠤᠯᠭ᠎ᠠ ᠨᠢᠭᠡᠴᠢ ᠳᠤ ᠮᠡᠳᠡᠭᠳᠡᠨ᠎ᠡ᠃ ᠪᠢᠲᠡᠭᠦᠮᠵᠢᠯᠡᠯ ᠠᠴᠠ ᠴᠢᠯᠦᠭᠡᠯᠡᠭᠰᠡᠨ ᠤ ᠳᠠᠷᠠᠭ᠎ᠠ ᠬᠢᠵᠢᠭ ᠤᠨ ᠴᠢᠭ ᠪᠣᠯᠣᠨ ᠬᠢᠵᠢᠭ ᠤᠨ ᠣᠷᠣᠨ ᠤ ᠠᠯᠠᠨ ᠤᠰᠠᠳᠬᠠᠯᠲᠠ ᠬᠢᠭᠰᠡᠨ ᠬᠦᠷᠢᠶ᠎ᠡ ᠬᠡᠪᠴᠢᠶᠡᠨ ᠤ ᠳᠣᠲᠣᠷᠠᠬᠢ ᠬᠠᠰᠢᠶ᠎ᠠ ᠰᠠᠷᠠᠪᠴᠢ ᠶᠢ ᠨᠠᠭᠠᠲᠤ ᠵᠠᠬ᠎ᠠ ᠳᠠᠭᠠᠨ 6 ᠰᠠᠷ᠎ᠠ ᠶᠢᠨ ᠬᠤᠭᠤᠴᠠᠭ᠎ᠠ ᠲᠠᠢ ᠬᠤᠭᠤᠰᠤᠨ ᠪᠠᠶᠢᠯᠭᠠᠨ᠎ᠠ᠃      5.6 ᠠᠯᠠᠨ ᠤᠰᠠᠳᠬᠠᠯᠲᠠ ᠳᠤ ᠣᠯᠭᠤᠬᠤ ᠨᠥᠬᠦᠪᠦᠷᠢ ᠠᠹᠷᠢᠺᠠ ᠶᠢᠨ ᠭᠠᠭ᠋ᠠᠢ ᠶᠢᠨ ᠬᠢᠵᠢᠭ ᠢ ᠬᠢᠵᠠᠭᠠᠯᠠᠬᠤ᠂ ᠤᠰᠠᠳᠬᠠᠬᠤ ᠶᠠᠪᠤᠴᠠ ᠶᠢᠨ ᠳᠤᠮᠳᠠ ᠬᠦᠴᠦ ᠪᠠᠷ ᠤᠰᠠᠳᠬᠠᠭᠰᠠᠨ ᠠᠮᠢᠲᠠᠨ᠂ ᠠᠮᠢᠲᠠᠨ ᠤ ᠭᠠᠷᠤᠯ ᠲᠠᠢ ᠪᠦᠲᠦᠭᠡᠭᠳᠡᠬᠦᠨ ᠳᠤ ᠬᠦᠨᠳᠦ ᠨᠣᠴᠢᠲᠠᠢ ᠬᠢᠵᠢᠭ ᠲᠠᠢ ᠠᠮᠢᠲᠠᠨ ᠢ ᠤᠰᠠᠳᠬᠠᠬᠤ ᠳᠤ ᠣᠯᠭᠤᠬᠤ ᠨᠥᠬᠦᠪᠦᠷᠢ ᠶᠢᠨ ᠲᠤᠬᠠᠢ ᠬᠤᠯᠪᠣᠭᠳᠠᠯ ᠪᠦᠬᠦᠢ ᠲᠣᠭᠲᠠᠭᠠᠯ ᠤᠨ ᠳᠠᠭᠠᠤ ᠨᠥᠬᠦᠪᠦᠷᠢ ᠣᠯᠭᠤᠨ᠎ᠠ᠃      6 ᠪᠠᠲᠤᠯᠭᠠᠵᠢᠭᠤᠯᠬᠤ ᠠᠷᠭ᠎ᠠ ᠬᠡᠮᠵᠢᠶ᠎ᠡ      6.1 ᠵᠣᠬᠢᠶᠠᠨ ᠪᠠᠶᠢᠭᠤᠯᠵᠤ ᠤᠳᠤᠷᠢᠳᠬᠤ      ᠤᠯᠤᠰ ᠤᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠮᠵᠢ ᠶᠢᠨ ᠳᠠᠭᠠᠤ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠷᠢᠶᠠᠲᠤ ᠭᠠᠵᠠᠷ ᠣᠷᠣᠨ ᠤ ᠪᠠᠨ ᠠᠹᠷᠢᠺᠠ ᠶᠢᠨ ᠭᠠᠭ᠋ᠠᠢ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠶᠡᠷᠦᠩᠬᠡᠢ ᠳᠤ ᠨᠢ ᠬᠠᠷᠢᠭᠤᠴᠠᠨ᠎ᠠ᠃ ᠡᠯ᠎ᠡ ᠭᠠᠵᠠᠷ ᠤᠨ ᠮᠠᠯ ᠡᠮᠨᠡᠯᠭᠡ ᠶᠢᠨ ᠭᠤᠣᠯ ᠪᠣᠯᠬᠤ ᠠᠯᠪᠠᠨ ᠨᠢ ᠴᠠᠭ ᠳᠠᠷᠤᠢ ᠳᠠᠭᠠᠨ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠳᠡᠵᠦ᠂ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠵᠤ ᠲᠤᠰ ᠭᠠᠵᠠᠷ ᠣᠷᠣᠨ ᠤ ᠪᠠᠨ ᠠᠹᠷᠢᠺᠠ ᠶᠢᠨ ᠭᠠᠭ᠋ᠠᠢ ᠶᠢᠨ ᠬᠢᠵᠢᠭ ᠢ ᠪᠠᠴᠢᠮ ᠠᠷᠭᠠᠴᠠᠭᠠᠬᠤ ᠤᠷᠢᠳᠴᠢᠯᠠᠭᠰᠠᠨ ᠲᠥᠰᠥᠯ ᠢ ᠬᠡᠷᠡᠭᠵᠢᠭᠦᠯᠬᠦ ᠲᠥᠯᠥᠪᠯᠡᠭᠡ ᠪᠣᠯᠪᠠᠰᠤᠷᠠᠭᠤᠯᠤᠨ᠎ᠠ᠃ ᠡᠯ᠎ᠡ ᠭᠠᠵᠠᠷ ᠣᠷᠣᠨ ᠤ ᠮᠠᠯ ᠡᠮᠨᠡᠯᠭᠡ ᠶᠢᠨ ᠠᠯᠪᠠᠨ ᠨᠢ ᠲᠤᠬᠠᠢ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯ ᠲᠠᠢ ᠤᠳᠤᠷᠢᠳᠤᠯᠭ᠎ᠠ ᠳᠣᠣᠷ᠎ᠠ ᠬᠤᠯᠪᠣᠭᠳᠠᠬᠤ ᠡᠯ᠎ᠡ ᠪᠠᠶᠢᠭᠤᠯᠭ᠎ᠠ ᠨᠢᠭᠡᠴᠢ ᠲᠠᠢ ᠬᠠᠮᠲᠤ ᠶᠢᠨ ᠠᠵᠢᠯᠯᠠᠭ᠎ᠠ ᠪᠠᠨ ᠪᠠᠬᠢᠵᠢᠭᠦᠯᠵᠦ᠂ ᠴᠠᠭ ᠠᠯᠳᠠᠯ ᠦᠭᠡᠢ ᠬᠢᠵᠢᠭ ᠤᠨ ᠪᠠᠶᠢᠳᠠᠯ ᠪᠣᠯᠣᠨ ᠠᠵᠢᠯ ᠤᠨ ᠠᠬᠢᠴᠠ ᠶᠢ ᠮᠡᠳᠡᠭᠳᠡᠵᠦ᠂ ᠴᠠᠭ ᠠᠯᠳᠠᠯ ᠦᠭᠡᠢ ᠤᠷᠢᠳᠴᠢᠯᠠᠨ ᠰᠡᠷᠭᠡᠶᠢᠯᠡᠬᠦ ᠠᠷᠭ᠎ᠠ ᠪᠣᠳᠣᠯᠭ᠎ᠠ ᠪᠣᠯᠣᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠪᠦᠷᠢᠨᠰᠢᠭᠦᠯᠵᠦ᠂ ᠠᠹᠷᠢᠺᠠ ᠶᠢᠨ ᠭᠠᠭ᠋ᠠᠢ ᠶᠢᠨ ᠬᠢᠵᠢᠭ ᠢ ᠪᠠᠴᠢᠮ ᠠᠷᠭᠠᠴᠠᠭᠠᠬᠤ ᠠᠵᠢᠯ ᠢ ᠬᠠᠮᠲᠤ ᠪᠠᠷ ᠢᠶᠠᠨ ᠰᠠᠶᠢᠨ ᠬᠢᠬᠦ ᠬᠡᠷᠡᠭᠲᠡᠢ᠃      6.2 ᠬᠠᠤᠯᠢ ᠶᠢᠨ ᠪᠠᠲᠤᠯᠠᠭ᠎ᠠ      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠬᠦ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠣᠷᠣᠭᠤᠯᠵᠤ ᠭᠠᠷᠭᠠᠬᠤ ᠠᠮᠢᠲᠠᠨ ᠤᠷᠭᠤᠮᠠᠯ ᠤᠨ ᠬᠢᠵᠢᠭ ᠪᠠᠶᠢᠴᠠᠭᠠᠯᠲᠠ ᠶᠢᠨ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠲᠣᠭᠲᠠᠭᠠᠮᠵᠢ ᠪᠣᠯᠣᠨ ᠲᠤᠰ ᠤᠷᠢᠳᠴᠢᠯᠠᠭᠰᠠᠨ ᠲᠥᠰᠥᠪ ᠢ ᠴᠢᠩᠭ᠎ᠠ ᠮᠥᠷᠳᠡᠵᠦ᠂ ᠤᠷᠢᠳᠴᠢᠯᠠᠨ ᠰᠡᠷᠭᠡᠶᠢᠯᠡᠬᠦ᠂ ᠬᠢᠵᠠᠭᠠᠷᠯᠠᠬᠤ ᠠᠵᠢᠯ ᠢ ᠰᠠᠶᠢᠲᠤᠷ ᠬᠢᠵᠦ ᠤᠷᠢᠳᠴᠢᠯᠠᠨ ᠰᠡᠷᠭᠡᠶᠢᠯᠡᠵᠦ᠂ ᠬᠢᠵᠠᠭᠠᠷᠯᠠᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠣᠳᠠᠲᠠᠶᠢᠵᠢᠭᠤᠯᠤᠨ᠎ᠠ᠃ ᠬᠦᠯᠢᠶᠡᠭᠰᠡᠨ ᠡᠭᠦᠷᠭᠡ ᠪᠠᠨ ᠪᠡᠶᠡᠯᠡᠭᠦᠯᠬᠦ ᠳᠤ ᠢᠳᠡᠪᠬᠢᠲᠡᠢ ᠪᠢᠰᠢ᠂ ᠬᠢᠵᠢᠭ ᠤᠨ ᠪᠠᠶᠢᠳᠠᠯ ᠢ ᠤᠷᠢᠳᠴᠢᠯᠠᠨ ᠰᠡᠷᠭᠡᠶᠢᠯᠡᠵᠦ ᠬᠢᠵᠠᠭᠠᠷᠯᠠᠬᠤ ᠳᠤ ᠰᠦᠷᠭᠦ ᠨᠥᠯᠥᠭᠡ ᠪᠣᠯᠪᠠᠯ ᠬᠠᠤᠯᠢ ᠶᠢᠨ ᠳᠠᠭᠠᠤ ᠲᠤᠬᠠᠢ ᠶᠢᠨ ᠬᠥᠮᠥᠨ ᠤ ᠬᠠᠷᠢᠭᠤᠴᠠᠯᠭ᠎ᠠ ᠶᠢ ᠨᠡᠬᠡᠨ᠎ᠡ᠃      6.3 ᠨᠥᠬᠦᠴᠡᠯ ᠤᠨ ᠪᠠᠲᠤᠯᠠᠭ᠎ᠠ ᠡᠯ᠎ᠡ ᠱᠠᠲᠤᠨ ᠤ ᠮᠠᠯ ᠡᠮᠨᠡᠯᠭᠡ ᠶᠢᠨ ᠭᠤᠣᠯ ᠪᠣᠯᠬᠤ ᠠᠯᠪᠠᠨ ᠨᠢ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠪᠠᠴᠢᠮ ᠬᠡᠷᠡᠭᠰᠡᠬᠦ ᠡᠳ᠋ ᠪᠣᠳᠠᠰ ᠤᠨ ᠪᠡᠯᠡᠳᠬᠡᠯ ᠤᠨ ᠵᠠᠷᠤᠳᠠᠯ ᠮᠥᠩᠭᠦᠨ ᠤ ᠪᠠᠲᠤᠯᠠᠭ᠎ᠠ ᠪᠣᠯᠣᠨ ᠡᠳ᠋ ᠪᠣᠳᠠᠰ ᠤᠨ ᠬᠠᠩᠭᠠᠮᠵᠢ ᠶᠢᠨ ᠠᠵᠢᠯ ᠢ ᠰᠠᠶᠢᠲᠤᠷ ᠬᠢᠨ᠎ᠡ᠃ ᠡᠳ᠋ ᠤᠨ ᠵᠠᠰᠠᠭ ᠤᠨ ᠪᠠᠶᠢᠭᠤᠯᠭ᠎ᠠ ᠨᠢᠭᠡᠴᠢ ᠲᠠᠢ ᠢᠳᠡᠪᠬᠢᠲᠡᠢ ᠵᠣᠬᠢᠴᠠᠵᠤ᠂ ᠬᠢᠵᠢᠭ ᠤᠨ ᠪᠠᠶᠢᠳᠠᠯ ᠤᠨ ᠬᠢᠨᠠᠨ ᠰᠢᠨᠵᠢᠯᠡᠯᠲᠡ᠂ ᠡᠪᠡᠳᠴᠢᠨ ᠤ ᠣᠨᠣᠰᠢᠯᠠᠭ᠎ᠠ᠂ ᠬᠠᠯᠳᠠᠪᠤᠷᠢᠲᠤ ᠡᠪᠡᠳᠴᠢᠨ ᠲᠠᠷᠬᠠᠯᠠᠯ ᠤᠨ ᠤᠬᠠᠭᠠᠨ ᠤ ᠪᠠᠶᠢᠴᠠᠭᠠᠯᠲᠠ᠂ ᠠᠯᠠᠨ ᠤᠰᠠᠳᠬᠠᠯᠲᠠ᠂ ᠬᠤᠣᠷᠳᠠᠯ ᠦᠭᠡᠢ ᠰᠢᠢᠳᠪᠦᠷᠢᠯᠡᠬᠦ᠂ ᠠᠷᠢᠭᠤᠳᠬᠠᠬᠤ᠂ ᠬᠤᠷᠣᠬᠠᠢ ᠰᠢᠪᠠᠵᠢ ᠶᠢ ᠦᠨᠳᠦᠰᠦᠨ ᠠᠴᠠ ᠨᠢ ᠤᠰᠠᠳᠬᠠᠬᠤ᠂ ᠬᠥᠮᠥᠨ ᠤ ᠰᠡᠷᠭᠡᠶᠢᠯᠡᠨ ᠬᠠᠮᠠᠭᠠᠯᠠᠯᠲᠠ ᠵᠡᠷᠭᠡ ᠰᠡᠷᠭᠡᠶᠢᠯᠡᠨ ᠬᠢᠵᠠᠭᠠᠷᠯᠠᠬᠤ ᠵᠠᠷᠤᠳᠠᠯ ᠢ ᠡᠯ᠎ᠡ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ ᠬᠡᠷᠡᠭᠲᠡᠢ᠃ ᠠᠯᠠᠨ ᠤᠰᠠᠳᠬᠠᠯᠲᠠ ᠠᠴᠠ ᠪᠣᠯᠣᠭᠰᠠᠨ ᠨᠥᠬᠦᠪᠦᠷᠢ ᠮᠥᠩᠭᠦ ᠶᠢ ᠲᠥᠪ ᠤᠨ ᠪᠣᠯᠣᠨ ᠣᠷᠣᠨ ᠨᠤᠲᠤᠭ ᠤᠨ ᠡᠳ᠋ ᠤᠨ ᠵᠠᠰᠠᠭ ᠠᠴᠠ ᠲᠣᠭᠲᠠᠭᠰᠠᠨ ᠬᠠᠷᠢᠴᠠᠯ ᠤᠨ ᠳᠠᠭᠠᠤ ᠡᠭᠦᠷᠭᠡᠯᠡᠨ᠎ᠡ᠃      6.4 ᠮᠡᠷᠭᠡᠵᠢᠯ ᠤᠨ ᠪᠠᠲᠤᠯᠠᠭ᠎ᠠ      ᠳᠤᠮᠳᠠᠳᠤ ᠤᠯᠤᠰ ᠤᠨ ᠠᠮᠢᠲᠠᠨ ᠤ ᠡᠷᠡᠭᠦᠯ ᠬᠠᠮᠠᠭᠠᠯᠠᠯ ᠪᠣᠯᠣᠨ ᠬᠠᠯᠳᠠᠪᠤᠷᠢᠲᠤ ᠡᠪᠡᠳᠴᠢᠨ ᠲᠠᠷᠬᠠᠯᠠᠯ ᠤᠨ ᠤᠬᠠᠭᠠᠨ ᠤ ᠲᠥᠪ ᠡᠰᠡᠬᠦᠯ᠎ᠡ ᠲᠠᠷᠢᠶᠠᠯᠠᠩ ᠤᠨ ᠶᠠᠮᠤᠨ ᠤ ᠲᠣᠭᠲᠠᠭᠠᠭᠰᠠᠨ ᠭᠠᠭ᠋ᠠᠢ ᠶᠢᠨ ᠬᠢᠵᠢᠭ ᠤᠨ ᠪᠤᠰᠤᠳ ᠯᠠᠪᠤᠷᠠᠲ᠋ᠣᠷᠢ ᠶᠢᠨ ᠰᠢᠨᠵᠢᠯᠡᠭᠡᠨ ᠤ ᠰᠡᠷᠭᠡᠶᠢᠯᠡᠨ ᠬᠢᠵᠠᠭᠠᠷᠯᠠᠬᠤ ᠮᠡᠷᠭᠡᠵᠢᠯ ᠪᠣᠯᠣᠨ ᠬᠤᠯᠪᠣᠭᠳᠠᠬᠤ ᠣᠨᠣᠰᠢᠯᠠᠭ᠎ᠠ ᠮᠡᠷᠭᠡᠵᠢᠯ ᠲᠤᠷᠰᠢᠯᠲᠠ ᠶᠢᠨ ᠡᠮ ᠤᠨ ᠰᠤᠳᠤᠯᠭ᠎ᠠ ᠶᠢ ᠴᠢᠩᠭᠠᠭᠠᠵᠤ ᠮᠡᠷᠭᠡᠵᠢᠯ ᠤᠨ ᠬᠠᠩᠭᠠᠮᠵᠢ ᠶᠢᠨ ᠠᠵᠢᠯ ᠢ ᠰᠠᠶᠢᠲᠤᠷ ᠬᠢᠨ᠎ᠡ︔ ᠬᠢᠯᠢ ᠬᠢᠵᠠᠭᠠᠷ ᠣᠷᠣᠨ ᠤ ᠮᠤᠵᠢ ᠵᠡᠷᠭᠡ ᠥᠨᠳᠥᠷ ᠡᠷᠡᠰᠳᠡᠯ ᠲᠠᠢ ᠭᠠᠵᠠᠷ ᠣᠷᠣᠨ ᠯᠠᠪᠤᠷᠠᠲ᠋ᠣᠷᠢ ᠶᠢᠨ ᠬᠢᠨᠠᠨ ᠰᠢᠨᠵᠢᠯᠡᠭᠡᠨ ᠤ ᠮᠡᠷᠭᠡᠵᠢᠯ ᠤᠨ ᠵᠢᠯᠣᠭᠤᠳᠤᠯᠭ᠎ᠠ ᠶᠢ ᠪᠠᠬᠢᠵᠢᠭᠦᠯᠦᠨ᠎ᠡ᠃ ᠠᠹᠷᠢᠺᠠ ᠶᠢᠨ ᠭᠠᠭ᠋ᠠᠢ ᠶᠢᠨ ᠬᠢᠵᠢᠭ ᠤᠨ ᠡᠬᠢ ᠡᠭᠦᠰᠦᠯ ᠤᠨ ᠰᠤᠳᠤᠯᠭᠠᠨ ᠤ ᠯᠠᠪᠤᠷᠠᠲ᠋ᠣᠷᠢ ᠠᠮᠢᠳᠤ ᠪᠣᠳᠠᠰ ᠤᠨ ᠠᠶᠤᠯ ᠦᠭᠡᠢ ᠪᠠᠶᠢᠳᠠᠯ ᠤᠨ ᠭᠤᠷᠪᠠᠳᠤᠭᠠᠷ ᠵᠡᠷᠭᠡᠯᠡᠯ ᠤᠨ ᠲᠦᠪᠰᠢᠨ ᠳᠤ ᠬᠦᠷᠬᠦ ᠶᠣᠰᠣᠲᠠᠢ᠂ ᠲᠡᠭᠦᠨᠴᠢᠯᠡᠨ ᠲᠣᠭᠲᠠᠭᠠᠯ ᠵᠢᠷᠤᠮ ᠤᠨ ᠳᠠᠭᠠᠤ ᠬᠤᠯᠪᠣᠭᠳᠠᠬᠤ ᠲᠤᠷᠰᠢᠯᠲᠠ ᠶᠢᠨ ᠦᠢᠯᠡ ᠠᠵᠢᠯᠯᠠᠭᠠᠨ ᠤ ᠵᠥᠪᠰᠢᠶᠡᠷᠡᠯ ᠠᠪᠤᠨ᠎ᠠ᠃ ᠳᠤᠮᠳᠠᠳᠤ ᠤᠯᠤᠰ ᠤᠨ ᠠᠮᠢᠲᠠᠨ ᠤ ᠡᠷᠡᠭᠦᠯ ᠬᠠᠮᠠᠭᠠᠯᠠᠯ ᠪᠣᠯᠣᠨ ᠬᠠᠯᠳᠠᠪᠤᠷᠢᠲᠤ ᠡᠪᠡᠳᠴᠢᠨ ᠲᠠᠷᠬᠠᠯᠠᠯ ᠤᠨ ᠤᠬᠠᠭᠠᠨ ᠤ ᠲᠥᠪ ᠨᠢ ᠮᠤᠵᠢ ᠬᠤᠲᠠ ᠰᠢᠶᠠᠨ ᠤ ᠱᠠᠲᠤᠨ ᠤ ᠮᠠᠯ ᠡᠮᠨᠡᠯᠭᠡ ᠶᠢᠨ ᠯᠠᠪᠤᠷᠠᠲ᠋ᠣᠷᠢ ᠤᠳ ᠲᠤ ᠮᠡᠷᠭᠡᠵᠢᠯ ᠤᠨ ᠰᠤᠷᠭᠠᠯᠲᠠ ᠪᠣᠯᠣᠨ ᠳᠡᠮᠵᠢᠯᠭᠡ ᠥᠭᠭᠦᠨ᠎ᠡ᠃      6.5 ᠭᠠᠳᠠᠭᠠᠳᠤ ᠠᠴᠠ ᠣᠷᠣᠭᠤᠯᠬᠤ ᠬᠤᠳᠠᠯᠳᠤᠭ᠎ᠠ ᠪᠣᠯᠣᠨ ᠬᠢᠯᠢ ᠶᠢᠨ ᠬᠢᠵᠢᠭ ᠪᠠᠶᠢᠴᠠᠭᠠᠯᠲᠠ      ᠲᠠᠷᠢᠶᠠᠯᠠᠩ ᠤᠨ ᠶᠠᠮᠤᠨ ᠠᠴᠠ ᠤᠯᠤᠰ ᠤᠨ ᠴᠢᠨᠠᠷ ᠤᠨ ᠰᠢᠯᠭᠠᠯᠲᠠ ᠶᠢᠨ ᠲᠣᠪᠴᠢᠶ᠎ᠠ ᠲᠠᠢ ᠬᠤᠯᠪᠣᠭᠠᠯᠠᠵᠤ ᠴᠠᠭ ᠲᠤᠬᠠᠢ ᠳᠤ ᠨᠢ ᠮᠡᠳᠡᠭᠳᠡᠯ ᠪᠠᠭᠤᠯᠭᠠᠵᠤ ᠬᠢᠵᠢᠭ ᠳᠡᠯᠭᠡᠷᠡᠭᠰᠡᠨ ᠤᠯᠤᠰ ᠣᠷᠣᠨ ᠪᠣᠯᠣᠨ ᠭᠠᠵᠠᠷ ᠨᠤᠲᠤᠭ ᠤᠨ ᠭᠠᠭ᠋ᠠᠢ᠂ ᠵᠡᠷᠯᠢᠭ ᠭᠠᠭ᠋ᠠᠢ ᠵᠢᠴᠢ ᠬᠤᠯᠪᠣᠭᠳᠠᠬᠤ ᠪᠠᠷᠠᠭ᠎ᠠ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠶᠢ ᠲᠦᠷ ᠵᠣᠭᠰᠣᠭᠠᠨ᠎ᠠ᠃ ᠰᠠᠯᠪᠤᠷᠢ ᠬᠤᠭᠤᠷᠣᠨᠳᠤ ᠶᠢᠨ ᠵᠣᠬᠢᠴᠠᠭᠤᠯᠤᠯᠲᠠ ᠶᠢ ᠪᠠᠬᠢᠵᠢᠭᠦᠯᠵᠦ᠂ ᠬᠤᠯᠪᠣᠭᠳᠠᠬᠤ ᠪᠠᠶᠢᠭᠤᠯᠭ᠎ᠠ ᠨᠢᠭᠡᠴᠢ ᠲᠠᠢ ᠬᠤᠷᠰᠢᠨ ᠵᠠᠰᠠᠮᠠᠯ ᠵᠠᠮ ᠤᠨ ᠪᠣᠭᠤᠮᠲᠠ᠂ ᠲᠡᠮᠦᠷ ᠵᠠᠮ ᠤᠨ ᠪᠣᠭᠤᠮᠲᠠ ᠪᠣᠯᠣᠨ ᠭᠠᠷᠠᠮ ᠤᠨ ᠪᠣᠭᠤᠮᠲᠠ ︵ᠠᠭᠠᠷ ᠤᠨ ᠪᠣᠭᠤᠮᠲᠠ᠂ ᠳᠠᠯᠠᠢ ᠶᠢᠨ ᠪᠣᠭᠤᠮᠲᠠ︶ ᠶᠢᠨ ᠬᠢᠵᠢᠭ ᠤᠨ ᠪᠠᠶᠢᠴᠠᠭᠠᠯᠲᠠ ᠶᠢᠨ ᠠᠵᠢᠯ᠂ ᠲᠡᠭᠦᠨᠴᠢᠯᠡᠨ ᠤᠯᠤᠰ ᠬᠤᠭᠤᠷᠣᠨᠳᠤ ᠶᠢᠨ ᠨᠢᠰᠦᠯᠭᠡ᠂ ᠤᠰᠤᠨ ᠣᠩᠭᠤᠴᠠᠨ ᠤ ᠤᠬᠢᠶᠠᠳᠠᠰᠤ ᠵᠡᠷᠭᠡ ᠬᠠᠶᠠᠭᠳᠠᠯ ᠪᠣᠳᠠᠰ ᠢ ᠬᠤᠣᠷᠳᠠᠯ ᠦᠭᠡᠢ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃      6.6 ᠤᠬᠠᠭᠤᠯᠭ᠎ᠠ ᠬᠥᠮᠥᠵᠢᠯ      ᠡᠯ᠎ᠡ ᠭᠠᠵᠠᠷ ᠣᠷᠣᠨ ᠨᠢ ᠡᠩᠨᠡᠭᠡ ᠪᠠᠨ ᠪᠦᠲᠦᠭᠡᠨ ᠪᠠᠶᠢᠭᠤᠯᠬᠤ ᠶᠢ ᠴᠢᠩᠭᠠᠳᠬᠠᠵᠤ᠂ ᠲᠣᠭᠲᠠᠮᠠᠯ ᠬᠤᠭᠤᠴᠠᠭᠠᠨ ᠳᠤ ᠰᠡᠷᠭᠡᠶᠢᠯᠡᠨ ᠬᠢᠵᠠᠭᠠᠷᠯᠠᠬᠤ ᠮᠡᠷᠭᠡᠵᠢᠯ ᠤᠨ ᠪᠣᠯᠪᠠᠰᠤᠷᠠᠯ ᠬᠢᠵᠦ ᠭᠤᠣᠯᠳᠠᠯᠭ᠎ᠠ ᠲᠠᠢ ᠪᠠᠷ ᠡᠪᠡᠳᠴᠢᠨ ᠤ ᠢᠯᠡᠷᠡᠯ ᠢ ᠮᠡᠳᠡᠬᠦ᠂ ᠢᠯᠭᠠᠵᠤ ᠮᠡᠳᠡᠬᠦ᠂ ᠮᠡᠳᠡᠭᠦᠯᠬᠦ᠂ ᠬᠢᠨᠠᠨ ᠬᠡᠮᠵᠢᠬᠦ᠂ ᠠᠷᠢᠭᠤᠳᠬᠠᠬᠤ ᠪᠣᠯᠣᠨ ᠬᠤᠣᠷᠳᠠᠯ ᠦᠭᠡᠢ ᠰᠢᠢᠳᠪᠦᠷᠢᠯᠡᠬᠦ ᠵᠡᠷᠭᠡ ᠬᠤᠯᠪᠣᠭᠳᠠᠯ ᠪᠦᠬᠦᠢ ᠰᠤᠷᠭᠠᠯᠲᠠ ᠶᠢ ᠴᠢᠩᠭᠠᠳᠬᠠᠨ᠎ᠠ᠃ ᠬᠢᠵᠢᠭ ᠠᠴᠠ ᠰᠡᠷᠭᠡᠶᠢᠯᠡᠬᠦ ᠰᠤᠷᠲᠠᠯ ᠤᠬᠠᠭᠤᠯᠭ᠎ᠠ ᠶᠢ ᠴᠢᠩᠭᠠᠳᠬᠠᠵᠤ᠂ ᠲᠥᠷᠥᠯ ᠪᠦᠷᠢ ᠶᠢᠨ ᠬᠡᠪᠯᠡᠯ ᠮᠡᠳᠡᠭᠡᠯᠡᠯ ᠤᠨ ᠬᠡᠷᠡᠭᠰᠡᠯ ᠢᠶᠠᠷ ᠳᠠᠮᠵᠢᠭᠤᠯᠤᠨ ᠠᠹᠷᠢᠺᠠ ᠶᠢᠨ ᠭᠠᠭ᠋ᠠᠢ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠣᠯᠣᠨ ᠪᠠᠴᠢᠮ ᠰᠢᠢᠳᠪᠦᠷᠢᠯᠡᠬᠦ ᠮᠡᠳᠡᠯᠭᠡ ᠶᠢ ᠲᠦᠭᠡᠮᠡᠯᠵᠢᠭᠦᠯᠵᠦ᠂ ᠨᠡᠶᠢᠭᠡᠮ ᠤᠨ ᠬᠦᠴᠦᠨ ᠢ ᠳᠠᠶᠢᠴᠢᠯᠠᠵᠤ᠂ ᠡᠯ᠎ᠡ ᠲᠥᠷᠥᠯ ᠤᠨ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠡᠪ ᠤᠨ ᠦᠢᠯᠡᠳᠪᠦᠷᠢᠯᠡᠯ ᠪᠣᠯᠣᠨ ᠡᠮᠬᠢ ᠳᠢᠭᠯᠢᠮ ᠢ ᠬᠠᠮᠠᠭᠠᠯᠠᠨ᠎ᠠ᠃      6.7 ᠣᠯᠠᠨ ᠤᠯᠤᠰ ᠤᠨ ᠬᠠᠷᠢᠯᠴᠠᠭ᠎ᠠ ᠬᠠᠮᠲᠤ ᠶᠢᠨ ᠠᠵᠢᠯᠯᠠᠭ᠎ᠠ      ᠭᠠᠳᠠᠭᠠᠳᠤ ᠳᠤ ᠬᠠᠨᠳᠤᠭᠤᠯᠤᠭᠰᠠᠨ ᠮᠡᠷᠭᠡᠵᠢᠯ ᠤᠨ ᠰᠣᠯᠢᠯᠴᠠᠭ᠎ᠠ ᠪᠣᠯᠣᠨ ᠬᠠᠮᠲᠤ ᠶᠢᠨ ᠠᠵᠢᠯᠯᠠᠭ᠎ᠠ ᠶᠢ ᠪᠠᠬᠢᠵᠢᠭᠦᠯᠬᠦ᠂ ᠣᠯᠠᠨ ᠤᠯᠤᠰ ᠤᠨ ᠳᠡᠮᠵᠢᠯᠭᠡ ᠶᠢ ᠠᠪᠬᠤ ᠶᠢ ᠬᠢᠴᠢᠶᠡᠬᠦ᠂ ᠬᠢᠵᠢᠭ ᠤᠨ ᠪᠠᠶᠢᠳᠠᠯ ᠮᠠᠨ ᠤ ᠤᠯᠤᠰ ᠤᠨ ᠡᠳ᠋ ᠤᠨ ᠵᠠᠰᠠᠭ᠂ ᠬᠤᠳᠠᠯᠳᠤᠭ᠎ᠠ᠂ ᠠᠶᠠᠯᠠᠯ ᠵᠢᠭᠤᠯᠴᠢᠯᠠᠯ ᠳᠤ ᠮᠠᠭᠤ ᠪᠠᠷ ᠨᠥᠯᠥᠭᠡᠯᠡᠬᠦ ᠶᠢ ᠪᠠᠭᠠᠰᠬᠠᠨ᠎ᠠ᠃      7 ᠨᠡᠮᠡᠯᠲᠡ ᠳᠦᠷᠢᠮ      7.1 ᠲᠤᠰ ᠤᠷᠢᠳᠴᠢᠯᠠᠭᠰᠠᠨ ᠲᠥᠰᠥᠪ ᠢ ᠲᠠᠷᠢᠶᠠᠯᠠᠩ ᠤᠨ ᠶᠠᠮᠤᠨ ᠠᠴᠠ ᠬᠠᠷᠢᠭᠤᠴᠠᠵᠤ ᠲᠠᠶᠢᠯᠪᠤᠷᠢᠯᠠᠨ᠎ᠠ᠃      7.2 ᠲᠤᠰ ᠤᠷᠢᠳᠴᠢᠯᠠᠭᠰᠠᠨ ᠲᠥᠰᠥᠪ ᠨᠡᠶᠢᠲᠡᠯᠡᠭᠳᠡᠭᠰᠡᠨ ᠡᠳᠦᠷ ᠠᠴᠠ ᠡᠬᠢᠯᠡᠵᠦ ᠬᠦᠴᠦᠨ ᠲᠡᠭᠦᠯᠳᠡᠷ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号