7 ᠰᠠᠷ᠎ᠠ ᠶᠢᠨ 14 ᠤ ᠡᠳᠦᠷ᠂ ᠪᠤᠭᠤᠲᠤ ᠬᠤᠲᠠ ᠶᠢᠨ ᠤᠷᠭᠤᠮᠠᠯ ᠢ ᠬᠠᠮᠠᠭᠠᠯᠠᠨ ᠪᠠᠶᠢᠴᠠᠭᠠᠬᠤ ᠦᠷᠲᠡᠭᠡ ᠶᠢᠨ | ᠳᠠᠷᠤᠭ᠎ᠠ ᠫᠧᠩ ᠰᠢᠤ ᡁᠢ ᠲᠤᠰᠬᠠᠶ ᠮᠡᠷᠭᠡᠵᠢᠯᠲᠡᠨ ᠢ ᠳᠠᠭᠠᠭᠤᠯᠤᠨ ᠠᠵᠢᠯ ᠲᠥᠷᠥᠯ ᠢᠶᠠᠷ ᠬᠠᠪᠰᠤᠷᠤᠨ ᠲᠡᠳᠬᠦᠬᠦ | ᠰᠢᠶᠠᠩ ᠪᠠᠯᠭᠠᠰᠤᠨ ᠳᠤ ᠮᠡᠷᠭᠡᠵᠢᠯ ᠤᠨ ᠵᠢᠯᠣᠭᠤᠳᠣᠯᠭ᠎ᠠ ᠬᠦᠷᠭᠡᠪᠡ᠃ | ᠰᠤᠪᠤᠷᠭ᠎ᠠ ᠰᠢᠶᠠᠩ ᠤᠨ ᠪᠧᠶ ᠭᠤᠸᠠᠨ ᠳ᠋ᠢ ᠲᠣᠰᠬᠤᠨ ᠤ ᠬᠤᠷᠰᠢᠶ᠎ᠠ ᠨᠢ ᠡᠷᠳᠡᠨᠢ ᠰᠢᠰᠢ ᠪᠣᠯᠣᠨ ᠰᠢᠷ᠎ᠠ | ᠪᠤᠷᠴᠠᠭ ᠢ ᠪᠦᠰᠡ ᠬᠡᠯᠪᠡᠷᠢ ᠪᠠᠷ ᠠᠯᠠᠭᠯᠠᠨ ᠲᠠᠷᠢᠬᠤ ᠨᠡᠶᠢᠯᠡᠮᠡᠯ ᠦᠢᠯᠡᠳᠪᠦᠷᠢᠯᠡᠯ ᠤᠨ ᠬᠡᠯᠪᠡᠷᠢ ᠳᠤ ᠲᠦᠰᠢᠭᠯᠡᠨ᠂ ᠪᠸᠢ | ᠭᠤᠸᠠᠨ ᠳ᠋ᠢ ᠲᠣᠰᠬᠤᠨ ᠤ ᠲᠠᠷᠢᠮᠠᠯ ᠤᠨ ᠦᠢᠯᠡᠰ ᠢ ᠬᠥᠭᠵᠢᠭᠦᠯᠦᠨ ᠪᠣᠵᠠᠭᠠᠶᠢᠷᠠᠭᠤᠯᠪᠠ᠃ ᠪᠣᠭᠤᠲᠣ ᠬᠤᠲᠠ ᠶᠢᠨ | ᠤᠷᠭᠤᠮᠠᠯ ᠤᠨ ᠬᠠᠮᠠᠭᠠᠯᠠᠯᠲᠠ ᠶᠢᠨ ᠥᠷᠲᠡᠭᠡ ᠨᠢ ᠠᠵᠢᠯ ᠲᠥᠷᠥᠯ ᠢᠶᠠᠷ ᠬᠠᠪᠰᠤᠷᠤᠨ ᠲᠡᠳᠬᠦᠬᠦ ᠨᠢᠭᠡᠴᠢ ᠮᠦᠷᠲᠡᠭᠡᠨ | ᠲᠤᠰᠬᠠᠢ ᠮᠡᠷᠭᠡᠵᠢᠯ ᠤᠨ ᠨᠢᠭᠡᠴᠢ ᠪᠣᠯᠤᠭᠰᠠᠨ ᠤ ᠬᠤᠪᠢ ᠳᠤ᠂ ᠭᠠᠴᠠᠭᠠᠨ ᠤ ᠵᠥᠪᠯᠡᠯ ᠲᠠᠢ ᠢᠳᠡᠪᠬᠢᠲᠡᠢ ᠬᠠᠷᠢᠴᠠᠭ᠎ᠠ | ᠪᠠᠶᠢᠭᠤᠯᠤᠨ᠂ ᠴᠠᠭ ᠲᠤᠬᠠᠶ ᠳᠤ ᠨᠢ ᠪᠠᠶᠢᠴᠠᠭᠠᠯᠲᠠ ᠬᠢᠵᠦ᠂ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃ ᠲᠣᠰ | ᠤᠳᠠᠭ᠎ᠠ ᠶᠢᠨ ᠮᠡᠷᠭᠡᠵᠢᠯ ᠬᠦᠷᠭᠡᠬᠦ ᠠᠵᠢᠯᠯᠠᠭ᠎ᠠ ᠨᠢ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢ | ᠵᠢᠯᠤᠭᠤᠳᠬᠤ ᠠᠴᠠ ᠭᠠᠳᠠᠨ᠎ᠠ᠂ ᠮᠡᠷᠭᠡᠵᠢᠯ ᠤᠨ ᠲᠤᠰᠬᠠᠶ ᠮᠡᠷᠭᠡᠵᠢᠯᠲᠡᠨ ᠪᠠᠰᠠ ᠣᠳᠣᠬᠠᠨ ᠤ ᠡᠷᠳᠡᠨᠢ ᠰᠢᠰᠢ ᠪᠠ | ᠰᠢᠷ᠎ᠠ ᠪᠤᠷᠴᠠᠭ ᠤᠨ ᠤᠷᠭᠤᠴᠠ ᠶᠢᠨ ᠪᠠᠶᠢᠳᠠᠯ ᠳᠤ ᠴᠢᠭᠯᠡᠭᠦᠯᠦᠨ ᠪᠣᠷᠳᠣᠭᠤᠷ ᠣᠷᠣᠭᠤᠯᠬᠤ ᠨᠠᠶᠢᠷᠠᠯᠭ᠎ᠠ ᠭᠠᠷᠭᠠᠵᠤ᠂ | ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠶ ᠲᠠᠷᠢᠮᠠᠯ ᠤᠨ ᠰᠠᠨᠠᠭᠤᠯᠭ᠎ᠠ ᠬᠠᠩᠭᠠᠪᠠ᠃ | ᠳᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ ᠶᠢᠨ ᠤᠷᠭᠤᠮᠠᠯ ᠤᠨ ᠬᠠᠮᠠᠭᠠᠯᠠᠯᠲᠠ ᠶᠢᠨ ᠥᠷᠲᠡᠭᠡ ᠲᠤᠰᠬᠠᠶ | ᠮᠡᠷᠭᠡᠵᠢᠯ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠨᠡᠪᠲᠡᠷᠡᠯᠴᠡᠭᠡ ᠶᠢ ᠰᠢᠯᠤᠭᠤᠳᠬᠠᠨ᠂ ᠪᠦᠬᠦ | ᠶᠠᠪᠤᠴᠠ ᠳᠤ ᠦᠢᠯᠡᠴᠢᠯᠡᠵᠦ᠂ ᠰᠢᠶᠠᠩ ᠪᠠᠯᠭᠠᠰᠤᠨ ᠤ ᠠᠵᠤ ᠦᠢᠯᠡᠰ ᠤᠨ ᠬᠥᠭᠵᠢᠯᠲᠡ ᠶᠢ ᠬᠠᠪᠰᠤᠷᠤᠨ | ᠲᠡᠳᠭᠦᠬᠦ ᠪᠠᠷ ᠪᠣᠢ᠃ |