︵2005 ᠤᠨ ᠤ 12 ᠳ᠋ᠤᠭᠠᠷ ᠰᠠᠷ᠎ᠠ ᠶᠢᠨ 29 ᠤ ᠡᠳᠤᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠ ᠶᠢᠰᠦᠳᠦᠭᠡᠷ | ᠬᠤᠷᠠᠯᠳᠤᠭᠠᠠ ᠠᠴᠠ ᠪᠠᠳᠤᠯᠠᠪᠠ︶ | ᠭᠠᠷᠴᠠᠭ | ᠨᠢᠭᠡᠳᠤᠭᠡᠷ ᠪᠦᠯᠦᠭ ᠶᠡᠷᠦᠩᠭᠡᠢ ᠲᠦᠷᠢᠮ | ᠬᠤᠶᠠᠳᠤᠭᠠᠷ ᠪᠦᠯᠦᠭ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ | ᠭᠤᠷᠪᠠᠳᠤᠭᠠᠷ ᠪᠦᠯᠦᠭ ᠦᠷ᠎ᠠ ᠶᠢᠨ ᠮᠠᠯ ᠵᠢᠬᠦᠷᠳᠡᠨ ᠤ ᠡᠬᠦᠯᠳᠡᠷ ᠢ ᠰᠤᠩᠭᠤᠨ ᠪᠤᠶᠢᠵᠢᠭᠤᠯᠬᠤ ᠪᠠ | ᠦᠢᠯᠡᠳᠪᠦᠷᠢᠯᠡᠵᠦ ᠡᠵᠡᠩᠨᠡᠬᠦ | ᠲᠦᠷᠪᠡᠳᠦᠬᠡᠷ ᠪᠦᠯᠦᠭ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ | ᠲᠠᠪᠤᠳᠤᠭᠠᠷ ᠪᠦᠯᠦᠭ ᠮᠠᠯ ᠵᠢᠬᠦᠷᠳᠡᠨ ᠢ ᠠᠷᠠᠯᠵᠢᠶᠠᠯᠠᠬᠤ ᠪᠠ ᠵᠦᠭᠡᠭᠡᠪᠦᠷᠢᠯᠡᠬᠦ | ᠵᠢᠷᠭᠤᠳᠤᠭᠠᠷ ᠪᠦᠯᠦᠭ ᠶᠠᠰᠦ ᠴᠢᠨᠠᠷ ᠤᠨ ᠠᠶᠤᠯᠬᠦᠢ ᠶᠢ ᠪᠠᠳᠤᠯᠠᠬᠤ | ᠲᠤᠯᠤᠳᠤᠭᠠᠷ ᠪᠦᠯᠦᠭ ᠬᠠᠦᠯᠢ ᠶᠢᠨ ᠬᠠᠷᠢᠭᠤᠴᠠᠯᠭ᠎ᠠ | ᠨᠠᠢᠮᠠᠳᠤᠭᠠᠷ ᠪᠦᠯᠦᠭ ᠲᠠᠭᠠᠯᠳᠤᠭᠤᠯᠤᠬᠰᠠᠨ ᠲᠦᠷᠢᠮ | ᠨᠢᠭᠡᠳᠦᠭᠡᠷ ᠪᠦᠯᠦᠭ ᠶᠡᠷᠦᠩᠭᠡᠢ ᠲᠦᠷᠢᠮ | ᠨᠢᠭᠡᠳᠦᠭᠡᠷ ᠵᠦᠢᠯ ᠮᠠᠯ ᠠᠵᠦ ᠠᠬᠤᠢ ᠶᠢᠨ ᠦᠢᠯᠡᠳᠪᠦᠷᠢᠯᠡᠯ ᠡᠵᠡᠩᠨᠡᠯᠳᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ | ᠮᠠᠯ ᠵᠢᠬᠦᠷᠳᠡᠨ ᠤ ᠪᠦᠳᠦᠭᠡᠭᠳᠡᠬᠦᠨ ᠤ ᠶᠠᠰᠦ ᠴᠢᠨᠠᠷ ᠤᠨ ᠠᠶᠤᠯᠭᠦᠢ ᠪᠠᠶᠢᠬᠤ ᠶᠢ ᠪᠠᠳᠤᠯᠠᠵᠦ᠂ ᠮᠠᠯ ᠵᠢᠬᠦᠷᠳᠡᠨ ᠤ | ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠤᠬᠢᠰᠳᠠᠢ ᠠᠰᠢᠬᠯᠠᠵᠦ᠂ ᠮᠠᠯ ᠠᠵᠦ ᠠᠬᠤᠢ ᠶᠢᠨ | ᠦᠢᠯᠡᠳᠪᠦᠷᠢᠯᠡᠭᠴᠢᠳ ᠡᠵᠡᠩᠨᠡᠭᠴᠢᠳ ᠤᠨ ᠬᠠᠦᠯᠢ ᠶᠤᠰᠤᠨ ᠤ ᠡᠷᠭᠡ ᠠᠰᠢᠭ ᠢ ᠬᠠᠮᠠᠭᠠᠯᠠᠨ᠂ ᠮᠠᠯ ᠠᠵᠦ ᠠᠬᠤᠢ ᠶᠢᠨ | ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠶᠢᠨ ᠲᠦᠯᠦᠭᠡ ᠲᠤᠰ ᠬᠠᠦᠯᠢ ᠶᠢ ᠲᠤᠭᠳᠠᠭᠠᠪᠠ᠃ | ᠬᠤᠶᠠᠳᠤᠭᠠᠷ ᠵᠦᠢᠯ ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠬᠢᠯᠢ ᠶᠢᠨ ᠲᠤᠳᠤᠷ᠎ᠠ ᠮᠠᠯ | ᠵᠢᠭᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠵᠦ ᠠᠰᠢᠭᠯᠠᠬᠤ᠂ ᠪᠤᠶᠢᠵᠢᠭᠤᠯᠤᠨ ᠦᠷᠡᠵᠢᠬᠦᠯᠬᠦ᠂ ᠠᠷᠠᠴᠢᠯᠠᠨ | ᠲᠡᠵᠢᠭᠡᠬᠦ᠂ ᠡᠵᠡᠩᠨᠡᠬᠦ᠂ ᠵᠦᠭᠡᠭᠡᠪᠦᠷᠢᠯᠡᠬᠦ ᠵᠡᠷᠭᠡ ᠠᠵᠢᠯᠯᠠᠭ᠎ᠠ ᠬᠢᠬᠦ ᠳᠤ ᠲᠤᠰ ᠬᠠᠦᠯᠢ ᠶᠢ ᠬᠡᠷᠡᠭᠯᠡᠨ᠎ᠠ᠃ | ᠲᠤᠰ ᠬᠠᠦᠯᠢ ᠳᠤ ᠬᠡᠯᠡᠵᠦ ᠪᠠᠶᠢᠭ᠎ᠠ ᠮᠠᠯ ᠵᠢᠬᠦᠷᠳᠡᠨ ᠭᠡᠳᠡᠭ ᠪᠤᠯ ᠲᠤᠰ ᠬᠠᠦᠯᠢ ᠶᠢᠨ ᠠᠷᠪᠠᠨ ᠨᠢᠭᠡᠳᠦᠭᠡᠷ ᠵᠦᠢᠯ ᠤᠨ | ᠲᠤᠭᠳᠠᠭᠠᠯ ᠶᠤᠰᠤᠭᠠᠷ ᠨᠡᠶᠢᠳᠡᠯᠡᠭᠰᠠᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ ᠲᠤ ᠤᠷᠤᠭᠤᠯᠤᠭᠰᠠᠨ | ᠮᠠᠯ ᠵᠢᠬᠦᠷᠳᠡᠨ ᠢ ᠬᠡᠯᠡᠵᠦ ᠪᠠᠶᠢᠨ᠎ᠠ᠃ ᠵᠦᠬᠡᠢ᠂ ᠬᠦᠷᠢ ᠶᠢᠨ ᠡᠬᠢ ᠪᠠᠶᠠᠯᠢᠭ ᠢ ᠬᠠᠮᠠᠭᠠᠯᠠᠵᠦ ᠠᠰᠢᠭᠯᠠᠬᠤ ᠪᠤᠯᠤᠨ | ᠦᠢᠯᠡᠳᠪᠦᠷᠢᠯᠡᠵᠦ ᠡᠵᠡᠩᠨᠡᠬᠦ ᠳᠤ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠬᠡᠷᠡᠭᠯᠡᠨ᠎ᠠ᠃ | ᠭᠤᠷᠪᠠᠳᠤᠭᠠᠷ ᠵᠦᠢᠯ ᠤᠯᠤᠰ ᠠᠴᠠ ᠮᠠᠯ ᠠᠵᠦ ᠠᠬᠤᠢ ᠶᠢᠨ ᠬᠦᠭᠵᠢᠯᠳᠡ ᠶᠢ ᠲᠡᠮᠵᠢᠵᠦ᠂ ᠲᠠᠷᠢᠶᠠᠯᠠᠩ᠂ ᠬᠦᠳᠡᠭᠡ | ᠲᠤᠰᠬᠤᠨ ᠤ ᠠᠵᠦ ᠠᠬᠤᠢ ᠶᠢ ᠬᠦᠭᠵᠢᠬᠦᠯᠬᠦ ᠪᠠ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠳᠤ ᠮᠠᠯ ᠠᠵᠦ ᠠᠬᠤᠢ ᠶᠢᠨ | ᠦᠵᠡᠬᠦᠯᠬᠦ ᠦᠢᠯᠡᠳᠦᠯ ᠢ ᠪᠠᠳᠠᠷᠠᠭᠤᠯᠤᠨ᠎ᠠ᠃ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠨᠤᠭᠤᠳ ᠠᠷᠭ᠎ᠠ ᠬᠡᠮᠵᠢᠶ᠎ᠠ ᠠᠪᠴᠦ ᠪᠠᠶᠢᠭᠠᠳ ᠮᠠᠯ ᠠᠵᠦ ᠠᠬᠤᠢ ᠶᠢᠨ ᠰᠠᠭᠤᠷᠢ ᠲᠦᠬᠦᠭᠡᠷᠤᠮᠵᠢ ᠶᠢᠨ ᠪᠦᠳᠦᠭᠡᠨ | ᠪᠠᠶᠢᠭᠤᠯᠤᠯᠳᠠ ᠶᠢ ᠴᠢᠩᠭᠠᠳᠬᠠᠨ᠂ ᠬᠡᠪᠴᠢᠶᠡᠵᠢᠬᠦᠯᠦᠨ ᠲᠡᠵᠢᠭᠡᠵᠦ ᠦᠷᠡᠵᠢᠭᠦᠯᠬᠦ ᠦᠢᠯᠡᠰ ᠤᠨ ᠬᠦᠭᠵᠢᠯᠳᠠ ᠶᠢ | ᠵᠤᠷᠢᠬᠵᠢᠭᠤᠯᠤᠨ ᠲᠡᠳᠬᠦᠵᠦ᠂ ᠮᠠᠯ ᠠᠵᠦ ᠠᠬᠤᠢ ᠶᠢᠨ ᠠᠵᠦ ᠦᠢᠯᠡᠰᠵᠢᠭᠰᠡᠨ ᠡᠵᠡᠩᠨᠡᠯᠳᠡ ᠶᠢ ᠠᠬᠢᠭᠤᠯᠵᠦ᠂ ᠮᠠᠯ ᠠᠵᠦ | ᠠᠬᠤᠢ ᠶᠢᠨ ᠶᠡᠷᠦᠩᠭᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠲᠡᠭᠡᠭᠰᠢᠯᠡᠬᠦᠯᠵᠦ᠂ ᠴᠢᠨᠠᠷ ᠰᠠᠶᠢᠳᠠᠢ᠂ ᠦᠨᠳᠦᠷ ᠦᠷ᠎ᠠ | ᠠᠰᠢᠭᠳᠠᠢ᠂ ᠠᠮᠢ ᠠᠬᠤᠢ ᠶᠢᠨ᠂ ᠠᠶᠤᠯᠬᠦᠢ ᠮᠠᠯ ᠠᠵᠦ ᠠᠬᠤᠢ ᠶᠢ ᠬᠦᠭᠵᠢᠬᠦᠯᠬᠦ ᠭᠡᠷᠡᠭᠳᠠᠢ᠃ | ᠤᠯᠤᠰ ᠠᠴᠠ ᠴᠦᠬᠡᠨ ᠲᠤᠭᠠᠳᠦ ᠦᠨᠳᠦᠰᠦᠳᠡᠨ ᠤ ᠭᠠᠵᠠᠷ ᠤᠷᠤᠨ᠂ ᠶᠠᠳᠠᠭᠤ ᠬᠦᠴᠢᠷᠳᠡᠯ ᠲᠠᠢ ᠭᠠᠵᠠᠷ ᠤᠷᠤᠨ ᠤ | ᠮᠠᠯ ᠠᠵᠦ ᠠᠬᠤᠢ ᠶᠢ ᠬᠦᠭᠵᠢᠬᠦᠯᠵᠦ᠂ ᠨᠤᠳᠤᠭ ᠪᠡᠯᠴᠢᠭᠡᠷ ᠢ ᠬᠠᠮᠠᠭᠠᠯᠠᠬᠤ ᠪᠠ ᠵᠦᠢ ᠵᠤᠬᠢᠰᠳᠠᠢ ᠠᠰᠢᠬᠯᠠᠬᠤ᠂ ᠮᠠᠯ ᠠᠵᠦ | ᠠᠬᠤᠢ ᠶᠢᠨ ᠦᠢᠯᠡᠳᠪᠦᠷᠢᠯᠡᠯ ᠤᠨ ᠨᠦᠬᠦᠴᠡᠯ ᠢ ᠰᠠᠶᠢᠵᠢᠷᠠᠭᠤᠯᠬᠤ ᠶᠢ ᠬᠠᠪᠰᠤᠷᠤᠨ ᠲᠡᠳᠬᠦᠨ᠎ᠠ᠃ | ᠲᠦᠷᠪᠡᠳᠦᠭᠡᠷ ᠵᠦᠢᠯ ᠤᠯᠤᠰ ᠠᠴᠠ ᠠᠷᠭ᠎ᠠ ᠬᠡᠮᠵᠢᠶ᠎ᠠ ᠠᠪᠴᠦ ᠪᠠᠶᠢᠭᠠᠳ ᠮᠠᠯ ᠠᠵᠦ ᠠᠬᠤᠢ ᠮᠠᠯ ᠡᠮᠨᠡᠯᠭᠡ ᠶᠢᠨ | ᠲᠤᠰᠬᠠᠢ ᠮᠡᠷᠭᠡᠵᠢᠯ ᠤᠨ ᠴᠢᠳᠠᠪᠤᠷᠢᠳᠠᠨ ᠢ ᠬᠦᠮᠦᠵᠢᠬᠦᠯᠦᠨ᠂ ᠮᠠᠯ ᠠᠵᠦ ᠠᠬᠤᠢ ᠮᠠᠯ ᠡᠮᠨᠡᠯᠭᠡ ᠶᠢᠨ ᠰᠢᠨᠵᠢᠯᠡᠬᠦ ᠤᠬᠠᠭᠠᠨ | ᠮᠡᠷᠭᠡᠵᠢᠯ ᠢ ᠰᠤᠳᠤᠯᠬᠤ ᠪᠠ ᠲᠡᠯᠭᠡᠷᠡᠬᠦᠯᠬᠦ ᠦᠢᠯᠡᠰ ᠢ ᠬᠦᠭᠵᠢᠬᠦᠯᠵᠦ᠂ ᠮᠠᠯ ᠠᠵᠦ ᠠᠬᠤᠢ ᠮᠠᠯ ᠡᠮᠨᠡᠯᠭᠡ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠮᠡᠳᠡᠯᠭᠡ ᠶᠢᠨ ᠬᠦᠮᠦᠵᠢᠯ ᠤᠬᠠᠭᠤᠯᠭ᠎ᠠ ᠶᠢᠨ ᠠᠵᠢᠯ ᠪᠤᠯᠤᠨ ᠮᠠᠯ ᠠᠵᠦ ᠠᠬᠤᠢ ᠮᠠᠯ ᠡᠮᠨᠡᠯᠭᠡ ᠶᠢᠨ | ᠮᠡᠳᠡᠭᠡ ᠵᠠᠩᠭᠢ ᠶᠢᠨ ᠦᠢᠯᠡᠴᠢᠯᠡᠭᠡ ᠶᠢ ᠦᠷᠨᠢᠬᠦᠯᠵᠦ᠂ ᠮᠠᠯ ᠠᠵᠦ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠠᠪᠰᠢᠯᠳᠠ ᠶᠢ ᠠᠬᠢᠭᠤᠯᠤᠨ᠎ᠠ᠃ | ᠲᠠᠪᠤᠳᠤᠭᠠᠷ ᠵᠦᠢᠯ ᠮᠠᠯ ᠠᠵᠦ ᠠᠬᠤᠢ ᠶᠢᠨ ᠦᠢᠯᠡᠳᠪᠦᠷᠢᠯᠡᠭᠴᠢᠳ ᠡᠵᠡᠩᠨᠡᠭᠴᠢᠳ ᠰᠠᠶᠢᠨ ᠲᠤᠷ᠎ᠠ ᠠᠴᠠ ᠪᠠᠨ | ᠬᠠᠦᠯᠢ ᠶᠤᠰᠤᠭᠠᠷ ᠠᠵᠢᠯ ᠲᠦᠷᠦᠯ ᠤᠨ ᠨᠡᠶᠢᠭᠡᠮᠯᠢᠭ ᠢ ᠪᠠᠶᠢᠭᠤᠯᠵᠦ᠂ ᠪᠦᠷᠢᠯᠳᠦᠬᠦᠨ ᠳᠡᠭᠡᠨ ᠮᠡᠳᠡᠭᠡ ᠵᠠᠩᠭᠢ᠂ ᠮᠡᠷᠭᠡᠵᠢᠯ᠂ | ᠡᠵᠡᠩᠨᠡᠯᠳᠡ᠂ ᠪᠤᠷᠤᠯᠠᠭᠤᠯᠭ᠎ᠠ᠂ ᠪᠤᠯᠪᠠᠰᠤᠷᠠᠭᠤᠯᠤᠯ ᠵᠡᠷᠭᠡ ᠳᠠᠯ᠎ᠠ ᠶᠢᠨ ᠦᠢᠯᠡᠴᠢᠯᠡᠭᠡ ᠬᠠᠨᠭ᠍ᠭᠠᠵᠦ᠂ ᠠᠵᠢᠯ ᠲᠦᠷᠤᠯ ᠤᠨ | ᠦᠪᠡᠷ ᠢ ᠪᠠᠨ ᠱᠠᠭᠠᠷᠳᠠᠬᠤ ᠶᠢ ᠴᠢᠩᠭᠠᠳᠬᠠᠵᠦ᠂ ᠪᠦᠷᠢᠯᠳᠦᠬᠦᠨ ᠪᠠ ᠠᠵᠢᠯ ᠲᠦᠷᠦᠯ ᠤᠨ ᠢᠶᠠᠨ ᠠᠰᠢᠭ ᠲᠤᠰᠠ ᠶᠢ | ᠬᠠᠮᠠᠭᠠᠯᠠᠵᠦ ᠪᠤᠯᠤᠨ᠎ᠠ᠃ | ᠵᠢᠷᠭᠤᠳᠤᠭᠠᠷ ᠵᠦᠢᠯ ᠮᠠᠯ ᠠᠵᠦ ᠠᠬᠤᠢ ᠶᠢᠨ ᠦᠢᠯᠡᠳᠪᠦᠷᠢᠯᠡᠭᠴᠢᠳ ᠡᠵᠡᠩᠨᠡᠭᠴᠢᠳ ᠠᠮᠢᠳᠠᠨ ᠤ ᠬᠢᠵᠢᠭ ᠢ | ᠰᠡᠷᠭᠡᠶᠢᠯᠡᠬᠦ ᠪᠠ ᠤᠷᠴᠢᠨ ᠠᠬᠤᠢ ᠶᠢ ᠬᠠᠮᠠᠭᠠᠯᠠᠬᠤ ᠡᠬᠦᠷᠭᠡ ᠪᠠᠨ ᠬᠠᠦᠯᠢ ᠶᠤᠰᠤᠭᠠᠷ ᠬᠦᠢᠴᠡᠳᠭᠡᠵᠦ᠂ ᠬᠤᠯᠪᠤᠭᠳᠠᠯ ᠪᠦᠭᠦᠢ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠬᠠᠦᠯᠢ ᠶᠤᠰᠤᠭᠠᠷ ᠶᠠᠪᠤᠭᠤᠯᠬᠤ ᠬᠢᠨᠠᠯᠳᠠ ᠪᠠᠶᠢᠴᠠᠭᠠᠯᠳᠠ ᠶᠢ ᠬᠦᠯᠢᠶᠡᠬᠦ | ᠬᠡᠷᠡᠭᠳᠠᠢ᠃ | ᠳᠣᠯᠣᠳᠣᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠪᠦᠬᠦ ᠤᠯᠤᠰ ᠤᠨ ᠮᠠᠯ ᠠᠵᠦ ᠠᠬᠤᠢ ᠶᠢᠨ ᠬᠢᠨᠠᠯᠳᠠ | ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ | ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠤᠳ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ ᠮᠠᠯ ᠠᠵᠦ ᠠᠬᠤᠢ ᠶᠢᠨ ᠬᠢᠨᠠᠯᠳᠠ ᠬᠠᠮᠢᠶᠠᠷᠤᠯᠳᠠ ᠶᠢᠨ | ᠠᠵᠢᠯ ᠢ ᠬᠠᠷᠢᠭᠤᠴᠠᠨ᠎ᠠ᠃ | ᠰᠢᠶᠠᠠ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠤᠳ ᠲᠤᠰ ᠲᠤᠰ ᠤᠨ ᠡᠬᠦᠷᠭᠡ ᠬᠠᠷᠢᠭᠤᠴᠠᠯᠭ᠎ᠠ ᠶᠢᠨ ᠬᠡᠪᠴᠢᠶᠠᠨ ᠳᠡᠭᠡᠨ ᠮᠠᠯ ᠠᠵᠦ | ᠠᠬᠤᠢ ᠶᠢᠨ ᠬᠦᠭᠵᠢᠯᠳᠠ ᠶᠢ ᠠᠬᠢᠭᠤᠯᠬᠤ ᠬᠤᠯᠪᠤᠭᠳᠠᠯ ᠪᠦᠭᠦᠢ ᠠᠵᠢᠯ ᠢ ᠬᠠᠷᠢᠭᠤᠴᠠᠨ᠎ᠠ᠃ | ᠨᠠᠢᠮᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠮᠠᠯ ᠠᠵᠦ ᠠᠬᠤᠢ ᠶᠢᠨ ᠦᠢᠯᠡᠳᠪᠦᠷᠢᠯᠡᠭᠴᠢᠳ ᠡᠵᠡᠩᠨᠡᠭᠴᠢᠳ ᠢ | ᠵᠢᠯᠤᠭᠤᠳᠴᠦ ᠪᠠᠶᠢᠭᠠᠳ ᠮᠠᠯ ᠵᠢᠬᠦᠷᠳᠡᠨ ᠢ ᠪᠤᠶᠢᠵᠢᠭᠤᠯᠤᠨ ᠦᠷᠡᠵᠢᠬᠦᠯᠬᠦ᠂ ᠠᠷᠠᠴᠢᠯᠠᠨ ᠲᠡᠵᠢᠭᠡᠬᠦ᠂ ᠵᠦᠭᠡᠭᠡᠪᠦᠷᠢᠯᠡᠬᠦ | ᠨᠦᠬᠦᠴᠡᠯ ᠪᠤᠯᠤᠨ ᠤᠷᠴᠢᠨ ᠲᠤᠭᠤᠷᠢᠨ ᠢ ᠨᠢ ᠰᠠᠶᠢᠵᠢᠷᠠᠭᠤᠯᠬᠤ ᠬᠡᠷᠡᠭᠳᠠᠢ᠃ | ᠬᠤᠶᠠᠳᠤᠭᠠᠷ ᠪᠦᠯᠦᠭ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ | ᠶᠢᠰᠦᠳᠦᠭᠡᠷ ᠵᠦᠢᠯ ᠤᠯᠤᠰ ᠠᠴᠠ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠲᠦᠷᠢᠮ ᠢ | ᠲᠤᠭᠳᠠᠭᠠᠨ᠎ᠠ᠃ ᠡᠯ᠎ᠠ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠠᠷᠭ᠎ᠠ ᠬᠡᠮᠵᠢᠶ᠎ᠠ ᠠᠪᠴᠦ ᠪᠠᠶᠢᠭᠠᠳ ᠮᠠᠯ | ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳᠠ ᠶᠢ ᠴᠢᠩᠭᠠᠳᠬᠠᠵᠦ᠂ ᠮᠠᠯ ᠵᠢᠬᠦᠷᠳᠡᠨ ᠤ ᠤᠳᠤᠮᠯᠠᠯ ᠤᠨ ᠡᠬᠢ | ᠪᠠᠶᠠᠯᠢᠭ ᠢ ᠬᠠᠮᠠᠭᠠᠯᠠᠬᠤ ᠵᠠᠷᠤᠳᠠᠯ ᠢ ᠡᠳ᠋ ᠤᠨ ᠵᠠᠰᠠᠭ ᠤᠨ ᠲᠦᠰᠦᠪ ᠲᠡᠭᠡᠨ ᠤᠷᠤᠭᠤᠯᠬᠤ ᠬᠡᠷᠡᠭᠳᠠᠢ᠃ | ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳᠠ ᠨᠢ ᠤᠯᠤᠰ ᠤᠨ ᠬᠢ ᠪᠠᠷ ᠭᠤᠤᠯ ᠪᠤᠯᠭᠠᠨ᠂ | ᠬᠤᠯᠪᠤᠭᠳᠠᠯ ᠪᠦᠬᠦᠢ ᠨᠢᠭᠡᠴᠢ᠂ ᠬᠤᠪᠢ ᠬᠦᠮᠦᠨ ᠤ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ | ᠦᠢᠯᠡᠰ ᠢ ᠬᠠᠤᠯᠢ ᠶᠤᠰᠤᠭᠠᠷ ᠬᠦᠭᠵᠢᠬᠦᠯᠬᠦ ᠶᠢ ᠵᠤᠷᠢᠬᠵᠢᠭᠤᠯᠤᠨ ᠲᠡᠮᠵᠢᠨ᠎ᠠ᠃ | ᠠᠷᠪᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠰᠬᠠᠢ ᠮᠡᠷᠭᠡᠵᠢᠯ ᠤᠨ ᠠᠵᠢᠯᠳᠠᠡ ᠢᠶᠠᠷ ᠪᠦᠷᠢᠯᠳᠦᠭᠰᠡᠨ | ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠢ ᠪᠠᠶᠢᠭᠤᠯᠵᠦ᠂ ᠮᠠᠯ ᠵᠢᠬᠦᠷᠳᠡᠨ ᠤ | ᠤᠳᠤᠮᠯᠠᠯ ᠤᠨ ᠡᠬᠢ ᠪᠠᠶᠠᠯᠢᠭ ᠢ ᠰᠢᠯᠭᠠᠨ ᠲᠤᠭᠳᠠᠭᠠᠬᠤ᠂ ᠦᠨᠡᠯᠡᠨ ᠵᠢᠱᠢᠬᠦ ᠪᠠ ᠮᠠᠯ ᠵᠢᠬᠦᠷᠳᠡᠨ ᠤ ᠰᠢᠨ᠎ᠠ ᠡᠬᠦᠯᠳᠡᠷ᠂ | ᠲᠦᠬᠦᠷᠵᠢᠭᠰᠡᠨ ᠤᠳᠤᠮ ᠢ ᠬᠢᠨᠠᠨ ᠲᠤᠭᠳᠠᠭᠠᠬᠤ ᠠᠵᠢᠯ ᠢ ᠬᠠᠷᠢᠭᠤᠴᠠᠨ᠂ ᠮᠠᠯ ᠵᠢᠬᠦᠷᠳᠡᠨ ᠤ ᠤᠳᠤᠮᠯᠠᠯ ᠤᠨ ᠡᠬᠢ | ᠪᠠᠶᠠᠯᠢᠭ ᠢ ᠬᠠᠮᠠᠭᠠᠯᠠᠨ ᠠᠰᠢᠬᠯᠠᠬᠤ ᠲᠦᠯᠦᠪᠵᠢᠬᠦᠯᠬᠡ ᠶᠢ ᠨᠤᠳᠠᠯᠠᠬᠤ ᠵᠢᠴᠢ ᠮᠠᠯ ᠵᠢᠭᠦᠷᠳᠡᠨ ᠤ ᠤᠳᠤᠮᠯᠠᠯ ᠤᠨ ᠡᠬᠢ | ᠪᠠᠶᠠᠯᠢᠭ ᠢ ᠬᠠᠮᠠᠭᠠᠯᠠᠬᠤ ᠲᠤᠬᠠᠢ ᠬᠤᠯᠪᠤᠬᠳᠠᠯ ᠪᠦᠬᠦᠢ ᠵᠦᠪᠯᠡᠯᠭᠡ ᠦᠭᠬᠦ ᠠᠵᠢᠯ ᠢ ᠡᠬᠦᠷᠭᠡᠯᠡᠨ᠎ᠠ᠃ | ᠠᠷᠪᠠᠨ ᠨᠢᠭᠡᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ | ᠪᠠᠶᠢᠴᠠᠭᠠᠯᠳᠠ ᠶᠢᠨ ᠠᠵᠢᠯ ᠢ ᠵᠤᠬᠢᠶᠠᠨ ᠪᠠᠶᠢᠭᠤᠯᠬᠤ᠂ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ | ᠪᠠᠶᠢᠳᠠᠯ ᠤᠨ ᠲᠤᠬᠠᠢ ᠮᠡᠳᠡᠬᠦᠯᠦᠯᠳᠠ ᠶᠢ ᠨᠡᠶᠢᠳᠡᠯᠡᠬᠦ᠂ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠡᠷᠡᠭᠦᠯᠦᠭᠰᠡᠨ ᠮᠠᠯ | ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ ᠢ ᠨᠡᠶᠢᠳᠡᠯᠡᠬᠦ ᠠᠵᠢᠯ ᠢ ᠬᠠᠷᠢᠭᠤᠴᠠᠨ᠎ᠠ᠃ | ᠠᠷᠪᠠᠨ ᠬᠤᠶᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ | ᠲᠠᠷᠬᠠᠴᠠ ᠶᠢᠨ ᠪᠠᠶᠢᠳᠠᠯ ᠢ ᠦᠨᠳᠦᠰᠦᠯᠡᠡ᠂ ᠪᠦᠬᠦ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ | ᠬᠠᠮᠠᠭᠠᠯᠠᠠ ᠠᠰᠢᠬᠯᠠᠬᠤ ᠲᠦᠯᠦᠪᠵᠢᠬᠦᠯᠭᠡ ᠶᠢ ᠲᠤᠭᠳᠠᠭᠠᠵᠦ᠂ ᠤᠯᠤᠰ ᠤᠨ ᠲᠡᠰ ᠤᠨ ᠮᠠᠯ ᠵᠢᠬᠦᠷᠳᠡᠨ ᠤ ᠤᠳᠤᠮᠯᠠᠯ ᠤᠨ | ᠡᠬᠢ ᠪᠠᠶᠠᠯᠢᠭ ᠤᠨ ᠬᠠᠮᠠᠭᠠᠯᠠᠯᠳᠠ ᠶᠢᠨ ᠲᠤᠪᠶᠤᠭ ᠢ ᠲᠤᠭᠳᠠᠭᠠᠨ ᠨᠡᠶᠢᠳᠡᠯᠡᠵᠦ᠂ ᠮᠠᠨ ᠤ ᠤᠯᠤᠰ ᠤᠨ ᠤᠭ ᠭᠠᠷᠤᠯ ᠲᠠᠢ | ᠦᠨᠡᠳᠦ᠂ ᠬᠤᠪᠤᠷ ᠴᠤᠬᠠᠭ᠂ ᠰᠦᠨᠦᠬᠦ ᠰᠢᠬᠠᠭᠰᠠᠨ ᠮᠠᠯ ᠵᠢᠬᠦᠷᠳᠡᠡ ᠤ ᠤᠳᠤᠮᠯᠠᠯ ᠤᠨ ᠡᠬᠢ ᠪᠠᠶᠠᠯᠢᠭ ᠢ | ᠭᠤᠤᠯᠳᠠᠯᠭ᠎ᠠ ᠲᠠᠢ ᠪᠠᠷ ᠬᠠᠮᠠᠭᠠᠯᠠᠨ᠎ᠠ᠃ | ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠪᠦᠬᠦ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ | ᠪᠠᠶᠠᠯᠢᠭ ᠢ ᠬᠠᠮᠠᠭᠠᠯᠠᠨ ᠠᠰᠢᠬᠯᠠᠬᠤ ᠲᠦᠯᠦᠪᠵᠢᠬᠦᠯᠭᠡ ᠵᠢᠴᠢ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ ᠮᠠᠯ | ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠪᠠᠶᠢᠳᠠᠯ ᠢ ᠦᠨᠳᠦᠰᠦᠯᠡᠵᠦ᠂ ᠮᠤᠵᠢ ᠶᠢᠨ ᠱᠠᠳᠤᠨ ᠤ ᠮᠠᠯ ᠵᠢᠬᠦᠷᠳᠡᠨ ᠤ | ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳᠠ ᠶᠢᠨ ᠲᠤᠪᠶᠤᠭ ᠢ ᠲᠤᠭᠳᠠᠭᠠᠨ ᠨᠡᠶᠢᠳᠡᠯᠡᠬᠦ ᠶᠢᠨ ᠬᠠᠮᠳᠦ ᠲᠦᠷᠦ ᠶᠢᠨ | ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠲᠤ ᠮᠡᠳᠡᠬᠦᠯᠤᠨ ᠲᠠᠩᠰᠠᠯᠠᠭᠤᠯᠤᠨ᠎ᠠ᠃ | ᠠᠷᠪᠠᠨ ᠭᠤᠷᠪᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠪᠦᠬᠦ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ | ᠪᠠᠶᠠᠯᠢᠭ ᠢ ᠬᠠᠮᠠᠭᠠᠯᠠᠨ ᠠᠰᠢᠬᠯᠠᠬᠤ ᠲᠦᠯᠦᠪᠵᠢᠬᠦᠯᠭᠡ ᠵᠢᠴᠢ ᠤᠯᠤᠰ ᠤᠨ ᠲᠡᠰ ᠤᠨ ᠮᠠᠯ ᠵᠢᠬᠦᠷᠳᠡᠡ ᠤ ᠤᠳᠤᠮᠯᠠᠯ ᠤᠨ ᠡᠬᠢ | ᠪᠠᠶᠠᠯᠢᠭ ᠤᠨ ᠬᠠᠮᠠᠭᠠᠯᠠᠯᠳᠠ ᠶᠢᠨ ᠲᠤᠪᠶᠤᠭ ᠢ ᠦᠨᠳᠦᠰᠦᠯᠡᠨ᠂ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ | ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠮᠤᠵᠢ ᠶᠢᠨ | ᠱᠠᠳᠤᠨ ᠤ ᠮᠠᠯ ᠵᠢᠬᠦᠷᠳᠡᠡ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳᠠ ᠶᠢᠨ ᠲᠤᠪᠶᠤᠭ ᠢ ᠦᠨᠳᠦᠰᠦᠯᠡᠵᠦ᠂ ᠮᠠᠯ | ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠦᠷ᠎ᠠ ᠶᠢᠨ ᠬᠠᠮᠠᠭᠠᠯᠠᠯᠳᠠ ᠶᠢᠨ ᠲᠠᠯᠠᠪᠠᠢ᠂ ᠬᠠᠮᠠᠭᠠᠯᠠᠯᠳᠠ ᠶᠢᠨ ᠤᠷᠤᠨ ᠪᠠ | ᠭᠧᠨ ᠤ ᠬᠦᠮᠦᠷᠭᠡ ᠶᠢ ᠲᠤᠰ ᠲᠤᠰ ᠪᠠᠶᠢᠭᠤᠯᠬᠤ ᠪᠤᠶᠤ ᠲᠤᠭᠳᠠᠭᠠᠵᠦ᠂ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ | ᠬᠠᠮᠠᠭᠠᠯᠠᠬᠤ ᠡᠬᠦᠷᠭᠡ ᠶᠢ ᠡᠬᠦᠷᠭᠡᠯᠡᠨ᠎ᠠ᠃ | ᠲᠦᠪ ᠤᠨ ᠪᠠ ᠮᠤᠵᠢ ᠶᠢᠨ ᠱᠠᠳᠤᠨ ᠤ ᠡᠳ᠋ ᠤᠨ ᠵᠠᠰᠠᠭ ᠤᠨ ᠪᠡᠯᠡ ᠮᠦᠡᠭᠭᠦᠨ ᠤ ᠲᠡᠮᠵᠢᠯᠭᠡ ᠶᠢ ᠬᠦᠷᠳᠡᠵᠦ ᠪᠠᠶᠢᠭ᠎ᠠ | ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠦᠷ᠎ᠠ ᠶᠢᠨ ᠬᠠᠮᠠᠭᠠᠯᠠᠯᠳᠠ ᠶᠢᠨ ᠲᠠᠯᠠᠪᠠᠢ᠂ ᠬᠠᠮᠠᠭᠠᠯᠠᠯᠳᠠ ᠶᠢᠨ ᠤᠷᠤᠨ | ᠪᠠ ᠭᠧᠨ ᠤ ᠬᠦᠮᠦᠷᠭᠡ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ | ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠠᠷᠡᠯ | ᠦᠬᠡᠢ ᠪᠠᠷ ᠬᠠᠮᠠᠭᠠᠯᠠᠯᠳᠠ ᠳᠤ ᠪᠠᠶᠢᠭ᠎ᠠ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠲᠤᠷ᠎ᠠ ᠪᠠᠷ ᠢᠶᠠᠨ | ᠰᠢᠢᠳᠪᠦᠷᠢᠯᠡᠵᠦ ᠪᠤᠯᠬᠤ ᠦᠭᠡᠢ᠃ | ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠭᠧᠨ ᠤ ᠬᠦᠮᠦᠷᠭᠡ ᠨᠢ ᠲᠦᠷᠦ ᠶᠢᠨ ᠶᠠᠪᠤᠳᠠᠯ ᠤᠨ | ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ | ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠯ ᠶᠤᠰᠤᠭᠠᠷ᠂ ᠮᠠᠯ ᠵᠢᠬᠦᠷᠳᠡᠨ ᠤ ᠤᠳᠤᠮᠯᠠᠯ ᠤᠨ ᠮᠠᠲ᠋ᠧᠷᠢᠶᠠᠯ ᠢ | ᠲᠤᠭᠳᠠᠮᠠᠯ ᠬᠤᠭᠤᠴᠠᠭ᠎ᠠ ᠲᠠᠢ ᠪᠠᠷ ᠴᠤᠬᠯᠠᠭᠤᠯᠤᠨ ᠰᠢᠨᠡᠳᠭᠡᠬᠦ ᠭᠡᠷᠡᠭᠳᠠᠢ᠃ ᠬᠤᠯᠪᠤᠬᠳᠠᠯ ᠪᠦᠬᠦᠢ ᠨᠢᠭᠡᠴᠢ᠂ ᠬᠤᠪᠢ | ᠬᠦᠮᠦᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠭᠧᠨ ᠤ ᠬᠦᠮᠦᠷᠭᠡ ᠯᠦᠭᠡ ᠬᠠᠮᠵᠢᠯᠴᠠᠨ ᠮᠠᠯ ᠵᠢᠬᠦᠷᠳᠡᠨ ᠤ | ᠤᠳᠤᠮᠯᠠᠯ ᠤᠨ ᠮᠠᠲ᠋ᠧᠷᠢᠶᠠᠯ ᠢ ᠴᠤᠬᠯᠠᠭᠤᠯᠬᠤ ᠶᠢᠨ ᠬᠠᠮᠳᠦ ᠵᠤᠬᠢᠬᠤ ᠬᠡᠮᠵᠢᠶᠠᠨ ᠤ ᠠᠵᠦ ᠠᠬᠤᠢ ᠶᠢᠨ ᠨᠦᠬᠦᠪᠦᠷᠢ ᠤᠯᠬᠤ | ᠡᠷᠭᠡ ᠲᠠᠢ᠃ | ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠦᠷ᠎ᠠ ᠶᠢᠨ ᠬᠠᠮᠠᠭᠠᠯᠠᠯᠳᠠ ᠶᠢᠨ ᠲᠠᠯᠠᠪᠠᠢ᠂ ᠬᠠᠮᠠᠭᠠᠯᠠᠯᠳᠠ ᠶᠢᠨ | ᠤᠷᠤᠨ ᠪᠠ ᠭᠧᠨ ᠤ ᠬᠦᠮᠦᠷᠭᠡ ᠶᠢᠨ ᠬᠠᠮᠢᠶᠠᠷᠤᠯᠳᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ | ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃ | ᠠᠷᠪᠠᠨ ᠲᠦᠷᠪᠡᠳᠦᠭᠡᠷ ᠵᠦᠢᠯ ᠰᠢᠨ᠎ᠠ ᠪᠠᠷ ᠢᠯᠡᠷᠡᠬᠦᠯᠦᠭᠰᠡᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ | ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠰᠢᠯᠭᠠᠨ ᠲᠤᠭᠳᠠᠭᠠᠬᠤ ᠠᠴᠠ ᠡᠮᠦᠨ᠎ᠠ᠂ | ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠬᠠᠮᠠᠭᠠᠯᠠᠯᠳᠠ ᠶᠢᠨ ᠲᠦᠰᠦᠯ ᠲᠤᠭᠳᠠᠭᠠᠵᠦ᠂ ᠲᠦᠷ ᠴᠠᠭ ᠤᠨ | ᠬᠠᠮᠠᠭᠠᠯᠠᠯᠳᠠ ᠶᠢᠨ ᠠᠷᠭ᠎ᠠ ᠬᠡᠮᠵᠢᠶ᠎ᠠ ᠠᠪᠬᠤ ᠶᠢᠨ ᠬᠠᠮᠳᠦ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ | ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ ᠲᠠᠩᠰᠠᠯᠠᠭᠤᠯᠬᠤ ᠬᠡᠷᠡᠭᠳᠠᠢ᠃ | ᠠᠷᠪᠠᠨ ᠲᠠᠪᠤᠳᠤᠭᠠᠷ ᠵᠦᠢᠯ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠶᠢᠨ ᠭᠠᠳᠠᠨ᠎ᠠ ᠠᠴᠠ | ᠤᠷᠤᠭᠤᠯᠵᠦ ᠢᠷᠡᠬᠦ ᠳᠤ ᠬᠦᠷᠪᠡᠯ᠂ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ | ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠬᠤ ᠭᠡᠷᠡᠭᠳᠠᠢ︔ | ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠠᠨ ᠠᠪᠤᠭᠰᠠᠨ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠢᠨᠠᠨ ᠪᠠᠶᠢᠴᠠᠭᠠᠭᠠᠳ᠂ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ | ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠤᠨ ᠦᠨᠡᠯᠡᠨ | ᠨᠤᠳᠠᠯᠠᠭᠤᠯᠤᠭᠰᠠᠨ ᠤ ᠲᠠᠷᠠᠭ᠎ᠠ ᠵᠦᠪᠰᠢᠶᠡᠷᠡᠨ᠎ᠠ᠃ ᠵᠦᠪᠰᠢᠶᠠᠷᠡᠭᠰᠡᠨ ᠪᠠᠶᠢᠪᠠᠯ᠂ ︽ᠪᠦᠬᠦᠳᠡ ᠨᠠᠶᠢᠷᠠᠮᠳᠠᠬᠤ ᠲᠤᠮᠳᠠᠳᠦ | ᠠᠷᠠᠳ ᠤᠯᠤᠰ ᠤᠨ ᠬᠢᠯᠢ ᠪᠠᠷ ᠤᠷᠤᠭᠤᠯᠵᠦ ᠭᠠᠷᠭᠠᠬᠤ ᠠᠮᠢᠳᠠᠨ ᠤᠷᠭᠤᠮᠠᠯ ᠤᠨ ᠬᠢᠵᠢᠭ ᠢ ᠪᠠᠶᠢᠴᠠᠭᠠᠬᠤ ᠬᠠᠦᠯᠢ︾ ᠶᠢᠨ | ᠲᠤᠭᠳᠠᠭᠠᠯ ᠶᠤᠰᠤᠭᠠᠷ ᠬᠤᠯᠪᠤᠭᠳᠠᠯ ᠪᠦᠬᠦᠢ ᠭᠠᠷ ᠬᠦᠢᠴᠡᠳᠭᠡᠯ ᠢ ᠬᠢᠬᠦ ᠶᠢᠨ ᠬᠠᠮᠳᠦ ᠬᠢᠵᠢᠭ ᠤᠨ ᠪᠠᠶᠢᠴᠠᠭᠠᠯᠳᠠ ᠬᠢᠨ᠎ᠠ᠃ | ᠬᠢᠯᠢ ᠶᠢᠨ ᠭᠠᠳᠠᠨ᠎ᠠ ᠠᠴᠠ ᠤᠷᠤᠭᠤᠯᠤᠬᠰᠠᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠨᠢ ᠬᠢᠯᠢ ᠶᠢᠨ | ᠲᠤᠳᠤᠷᠠᠬᠢ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ᠂ ᠠᠮᠢ ᠠᠬᠤᠢ ᠶᠢᠨ ᠤᠷᠴᠢᠨ ᠲᠤᠭᠤᠷᠢᠨ ᠳᠤ ᠬᠤᠤᠷ | ᠬᠦᠨᠦᠭᠡᠯ ᠤᠴᠠᠷᠠᠭᠤᠯᠬᠤ ᠪᠤᠶᠤ ᠬᠤᠤᠷ ᠬᠦᠨᠦᠭᠡᠯ ᠤᠴᠠᠷᠠᠭᠤᠯᠬᠤ ᠪᠤᠯᠤᠮᠵᠢ ᠲᠠᠢ ᠪᠠᠶᠢᠬᠤ ᠶᠢ ᠤᠯᠵᠦ ᠮᠡᠳᠡᠪᠠᠯ᠂ | ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠦᠴᠢᠷ ᠨᠢ ᠬᠤᠯᠪᠤᠬᠳᠠᠯ ᠪᠦᠬᠦᠢ ᠰᠠᠯᠠᠭ᠎ᠠ ᠮᠦᠴᠢᠷ ᠯᠦᠭᠡ ᠵᠦᠪᠳᠡᠵᠦ ᠪᠠᠶᠢᠭᠠᠳ ᠠᠶᠤᠯᠬᠦᠢ ᠶᠢᠨ ᠬᠢᠵᠠᠭᠠᠷᠯᠠᠬᠤ | ᠵᠤᠬᠢᠴᠠᠩᠭᠤᠢ ᠠᠷᠭ᠎ᠠ ᠬᠡᠮᠵᠢᠶ᠎ᠠ ᠠᠪᠬᠤ ᠭᠡᠷᠡᠭᠳᠠᠢ᠃ | ᠠᠷᠪᠠᠨ ᠵᠢᠷᠭᠤᠳᠤᠭᠠᠷ ᠵᠦᠢᠯ ᠬᠠᠮᠠᠭᠠᠯᠠᠯᠳᠠ ᠶᠢᠨ ᠲᠤᠪᠶᠤᠭ ᠲᠤ ᠤᠷᠤᠭᠤᠯᠤᠬᠰᠠᠨ ᠮᠠᠯ ᠵᠢᠬᠦᠷᠳᠡᠨ ᠤ ᠤᠳᠤᠮᠯᠠᠯ ᠤᠨ | ᠡᠬᠢ ᠪᠠᠶᠠᠯᠢᠭ ᠢ ᠬᠢᠯᠢ ᠶᠢᠨ ᠭᠠᠳᠠᠨ᠎ᠠ ᠭᠠᠷᠭᠠᠬᠤ ᠪᠤᠶᠤ ᠬᠢᠯᠢ ᠶᠢᠨ ᠲᠤᠳᠤᠷ᠎ᠠ ᠬᠢᠯᠢ ᠶᠢᠨ ᠭᠠᠳᠠᠨᠠᠬᠢ ᠪᠠᠶᠢᠭᠤᠯᠤᠮᠵᠢ᠂ ᠬᠤᠪᠢ | ᠬᠦᠮᠦᠨ ᠲᠠᠢ ᠬᠤᠷᠰᠢᠵᠦ ᠰᠤᠳᠤᠯᠤᠨ ᠠᠰᠢᠬᠯᠠᠬᠤ ᠳᠤ᠂ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ | ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ | ᠭᠠᠷᠭᠠᠬᠤ ᠶᠢᠨ ᠬᠠᠮᠳᠦ ᠠᠰᠢᠭ ᠲᠤᠰᠠ ᠶᠢ ᠤᠯᠤᠰ ᠤᠷᠤᠨ ᠬᠠᠮᠳᠦ ᠪᠠᠷ ᠬᠦᠷᠳᠡᠬᠦ ᠲᠦᠰᠦᠯ ᠢ ᠲᠤᠷᠠᠳᠬᠤ ᠭᠡᠷᠡᠭᠳᠠᠢ︔ | ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠠᠨ ᠠᠪᠤᠭᠰᠠᠨ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠢᠨᠠᠨ ᠪᠠᠶᠢᠴᠠᠭᠠᠭᠠᠳ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ | ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠤᠨ ᠵᠦᠪᠰᠢᠶᠠᠷᠡᠬᠦᠯᠦᠨᠠ᠃ | ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠶᠢᠨ ᠭᠠᠳᠠᠨ᠎ᠠ ᠭᠠᠷᠭᠠᠬᠤ ᠳᠤ ᠬᠦᠷᠪᠠᠯ᠂ ᠪᠠᠰᠠ | ︽ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠬᠢᠯᠢ ᠪᠠᠷ ᠤᠷᠤᠭᠤᠯᠵᠦ ᠭᠠᠷᠭᠠᠬᠤ ᠠᠮᠢᠳᠠᠨ ᠤᠷᠭᠤᠮᠠᠯ ᠤᠨ | ᠬᠢᠵᠢᠭ ᠢ ᠪᠠᠶᠢᠴᠠᠭᠠᠬᠤ ᠬᠠᠦᠯᠢ︾ ᠶᠢᠨ ᠲᠤᠭᠳᠠᠭᠠᠯ ᠶᠤᠰᠤᠭᠠᠷ ᠬᠤᠯᠪᠤᠬᠳᠠᠯ ᠪᠦᠬᠦᠢ ᠭᠠᠷ ᠬᠦᠢᠴᠡᠳᠭᠡᠯ ᠢ ᠬᠢᠬᠦ ᠶᠢᠨ ᠬᠠᠮᠳᠦ | ᠬᠢᠵᠢᠭ ᠤᠨ ᠪᠠᠶᠢᠴᠠᠭᠠᠯᠳᠠ ᠬᠢᠬᠦ ᠬᠡᠷᠡᠭᠳᠠᠢ᠃ | ᠰᠢᠨ᠎ᠠ ᠪᠠᠷ ᠢᠯᠡᠷᠡᠬᠦᠯᠦᠭᠰᠡᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠤᠯᠤᠰ ᠤᠨ ᠮᠠᠯ ᠵᠢᠬᠦᠷᠳᠡᠨ ᠤ | ᠤᠳᠤᠮᠯᠠᠯ ᠤᠨ ᠡᠬᠢ ᠪᠠᠶᠠᠯᠢᠭ ᠤᠨ ᠺᠤᠮᠢᠰ ᠬᠢᠨᠠᠨ ᠲᠤᠭᠳᠠᠭᠠᠬᠤ ᠠᠴᠠ ᠡᠮᠦᠨ᠎ᠠ ᠬᠢᠯᠢ ᠶᠢᠨ ᠭᠠᠳᠠᠨ᠎ᠠ ᠭᠠᠷᠭᠠᠵᠦ ᠪᠤᠯᠬᠤ | ᠦᠭᠡᠢ᠂ ᠬᠢᠯᠢ ᠶᠢᠨ ᠭᠠᠳᠠᠨᠠᠬᠢ ᠪᠠᠶᠢᠭᠤᠯᠤᠮᠵᠢ᠂ ᠬᠤᠪᠢ ᠬᠦᠮᠦᠨ ᠲᠠᠢ ᠬᠠᠮᠳᠤᠷᠠᠨ ᠲᠡᠬᠦᠨ ᠢ ᠰᠤᠳᠤᠯᠤᠨ ᠠᠰᠢᠬᠯᠠᠵᠦ | ᠪᠤᠯᠬᠤ ᠦᠬᠡᠢ᠃ | ᠠᠷᠪᠠᠨ ᠲᠤᠯᠤᠳᠤᠭᠠᠷ ᠵᠦᠢᠯ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠪᠠᠷ ᠤᠷᠤᠭᠤᠯᠵᠦ ᠭᠠᠷᠭᠠᠬᠤ | ᠪᠠ ᠭᠠᠳᠠᠭᠠᠳᠦ ᠲᠠᠢ ᠬᠤᠷᠰᠢᠵᠦ ᠰᠤᠳᠤᠯᠤᠨ ᠠᠰᠢᠬᠯᠠᠬᠤ ᠶᠢ ᠬᠢᠨᠠᠨ ᠵᠦᠪᠰᠢᠶᠡᠷᠡᠬᠦ ᠠᠷᠭ᠎ᠠ ᠶᠢ ᠲᠦᠷᠦ ᠶᠢᠨ ᠶᠠᠪᠤᠳᠠᠯ ᠤᠨ | ᠬᠤᠷᠢᠶ᠎ᠠ ᠠᠴᠠ ᠲᠤᠭᠳᠠᠭᠠᠨ᠎ᠠ᠃ | ᠭᠤᠷᠪᠠᠳᠤᠭᠠᠷ ᠪᠦᠯᠦᠭ ᠦᠷ᠎ᠠ ᠶᠢᠨ ᠮᠠᠯ ᠵᠢᠬᠦᠷᠳᠡᠨ ᠤ ᠡᠬᠦᠯᠳᠡᠷ ᠢ ᠰᠤᠩᠭᠤᠨ ᠪᠤᠶᠢᠵᠢᠭᠤᠯᠬᠤ ᠪᠠ | ᠦᠢᠯᠡᠳᠪᠦᠷᠢᠯᠡᠵᠦ ᠡᠵᠡᠩᠨᠡᠬᠦ | ᠠᠷᠪᠠᠨ ᠨᠠᠢᠮᠠᠳᠤᠭᠠᠷ ᠵᠦᠢᠯ ᠤᠯᠤᠰ ᠠᠴᠠ ᠮᠠᠯ ᠵᠢᠬᠦᠷᠳᠡᠨ ᠤ ᠡᠬᠦᠯᠳᠡᠷ ᠢ ᠰᠤᠩᠭᠤᠨ ᠪᠤᠶᠢᠵᠢᠭᠤᠯᠬᠤ ᠪᠠ ᠰᠠᠶᠢᠨ | ᠡᠬᠦᠯᠳᠡᠷ ᠢ ᠲᠡᠯᠭᠡᠷᠡᠬᠦᠯᠤᠨ ᠬᠡᠷᠡᠭᠯᠡᠬᠦ ᠶᠢ ᠲᠡᠳᠬᠦᠵᠦ᠂ ᠠᠵᠦ ᠠᠬᠤᠢᠢᠯᠠᠯ᠂ ᠲᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠬᠢᠭᠡᠳ ᠮᠡᠷᠬᠡᠵᠢᠯ ᠲᠡᠯᠭᠡᠷᠡᠬᠦᠯᠬᠦ ᠨᠢᠭᠡᠴᠢ ᠶᠢᠨ ᠬᠢᠨ ᠬᠤᠯᠪᠤᠭᠠᠯᠠᠵᠦ ᠪᠠᠶᠢᠭᠠᠳ ᠦᠷ᠎ᠠ | ᠪᠤᠶᠢᠵᠢᠭᠤᠯᠬᠤ ᠠᠵᠢᠯ ᠢ ᠦᠷᠨᠢᠬᠦᠯᠦᠨ᠂ ᠮᠠᠯ ᠵᠢᠬᠦᠷᠳᠡᠨ ᠤ ᠰᠠᠶᠢᠨ ᠡᠬᠦᠯᠳᠡᠷ ᠢ ᠦᠷᠡᠵᠢᠬᠦᠯᠦᠨ ᠪᠤᠶᠢᠵᠢᠭᠤᠯᠬᠤ ᠰᠢᠰᠲ᠋ᠧᠮ | ᠪᠠᠶᠢᠭᠤᠯᠬᠤ ᠶᠢ ᠲᠡᠮᠵᠢᠨ᠎ᠠ᠃ | ᠠᠷᠪᠠ ᠶᠢᠰᠦᠳᠦᠭᠡᠷ ᠵᠦᠢᠯ ᠪᠤᠶᠢᠵᠢᠭᠤᠯᠤᠬᠰᠠᠨ ᠮᠠᠯ ᠵᠢᠬᠦᠷᠳᠡᠨ ᠤ ᠰᠢᠨ᠎ᠠ ᠡᠬᠦᠯᠳᠡᠷ᠂ ᠲᠦᠭᠦᠷᠵᠢᠭᠰᠡᠨ ᠤᠳᠤᠮ | ᠬᠢᠭᠡᠳ ᠰᠢᠨ᠎ᠠ ᠪᠠᠷ ᠢᠯᠡᠷᠡᠬᠦᠯᠦᠭᠰᠡᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠲᠡᠯᠭᠡᠷᠡᠬᠦᠯᠬᠦ ᠠᠴᠠ ᠡᠮᠦᠨ᠎ᠠ᠂ | ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠢᠶᠠᠷ ᠬᠢᠨᠠᠨ ᠲᠤᠭᠳᠠᠭᠠᠯᠭᠠᠬᠤ ᠪᠤᠶᠤ ᠰᠢᠯᠭᠠᠨ | ᠲᠤᠭᠳᠠᠭᠠᠯᠭᠠᠬᠤ ᠶᠢᠨ ᠬᠠᠮᠳᠦ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠠᠨ ᠨᠡᠶᠢᠳᠡᠯᠡᠬᠦ ᠬᠡᠷᠡᠭᠳᠠᠢ᠃ ᠮᠠᠯ ᠵᠢᠬᠦᠷᠳᠡᠨ ᠤ ᠰᠢᠨ᠎ᠠ | ᠡᠬᠦᠯᠳᠡᠷ᠂ ᠲᠦᠬᠦᠷᠵᠢᠭᠰᠡᠨ ᠤᠳᠤᠮ ᠢ ᠬᠢᠨᠠᠨ ᠲᠤᠭᠳᠠᠭᠠᠬᠤ ᠠᠷᠭ᠎ᠠ ᠪᠠ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ | ᠰᠢᠯᠭᠠᠨ ᠲᠤᠭᠳᠠᠭᠠᠬᠤ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃ ᠬᠢᠨᠠᠨ ᠲᠤᠭᠳᠠᠭᠠᠬᠤ ᠪᠤᠶᠤ ᠰᠢᠯᠭᠠᠨ | ᠲᠤᠭᠳᠠᠭᠠᠬᠤ ᠳᠤ ᠬᠡᠷᠡᠭᠰᠡᠬᠦ ᠲᠤᠷᠰᠢᠯᠳᠠ ᠬᠢᠬᠦ᠂ ᠰᠢᠯᠭᠠᠨ ᠬᠡᠮᠵᠢᠬᠦ ᠵᠠᠷᠭᠡ ᠶᠢᠨ ᠵᠠᠷᠤᠳᠠᠯ ᠰᠦᠢᠳᠭᠡᠯ ᠢ ᠭᠤᠶᠤᠴᠢᠯᠠᠭᠴᠢ | ᠲᠠᠭᠠᠭᠠᠨ᠎ᠠ᠂ ᠵᠠᠷᠤᠳᠠᠯ ᠬᠤᠷᠢᠶᠠᠬᠤ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ᠂ ᠦᠨ᠎ᠠ | ᠬᠠᠨᠭ᠍ᠰᠢ ᠶᠢᠨ ᠰᠠᠯᠠᠭ᠎ᠠ ᠮᠦᠴᠢᠷ ᠤᠨ ᠬᠢᠨ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠷᠠᠠ ᠲᠤᠭᠳᠠᠭᠠᠨ᠎ᠠ᠃ | ᠮᠠᠯ ᠵᠢᠬᠦᠷᠳᠡᠨ ᠤ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ ᠢ ᠪᠤᠶᠢᠵᠢᠭᠤᠯᠬᠤ ᠶᠠᠪᠤᠴᠠ ᠲᠤᠮᠳᠠᠬᠢ | ᠲᠤᠷᠰᠢᠯᠳᠠ ᠶᠢ ᠬᠢᠬᠦ ᠳᠤ ᠲᠤᠷᠰᠢᠯᠳᠠ ᠬᠢᠵᠦ ᠪᠠᠶᠢᠭ᠎ᠠ ᠭᠠᠵᠠᠷ ᠤᠷᠤᠨ ᠤ ᠮᠤᠵᠢ ᠶᠢᠨ ᠱᠠᠳᠤᠨ ᠤ ᠠᠷᠠᠳ ᠤᠨ ᠵᠠᠰᠠᠭ ᠤᠨ | ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ | ᠵᠦᠪᠰᠢᠶᠠᠷᠡᠬᠦᠯᠬᠦ ᠭᠡᠷᠡᠭᠳᠠᠢ᠃ | ᠮᠠᠯ ᠵᠢᠬᠦᠷᠳᠡᠨ ᠤ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ ᠢ ᠪᠤᠶᠢᠵᠢᠭᠤᠯᠤᠭᠰᠡᠳ ᠤᠨ ᠬᠠᠦᠯᠢ ᠶᠤᠰᠤᠨ ᠤ | ᠡᠷᠭᠡ ᠠᠰᠢᠭ ᠢ ᠬᠠᠤᠯᠢ ᠪᠠᠷ ᠬᠠᠮᠠᠭᠠᠯᠠᠨ᠎ᠠ᠃ | ᠬᠤᠷᠢᠳᠤᠭᠠᠷ ᠵᠦᠢᠯ ᠭᠧᠨ ᠰᠢᠯᠵᠢᠬᠦᠯᠦᠭᠰᠠᠨ ᠮᠠᠯ ᠵᠢᠬᠦᠷᠳᠡᠨ ᠤ ᠡᠬᠦᠯᠳᠡᠷ ᠢ ᠪᠤᠶᠢᠵᠢᠭᠤᠯᠬᠤ᠂ ᠲᠤᠷᠰᠢᠯᠳᠠ ᠬᠢᠬᠦ᠂ | ᠬᠢᠨᠠᠨ ᠲᠤᠭᠳᠠᠭᠠᠬᠤ ᠪᠠ ᠲᠡᠯᠭᠡᠷᠡᠬᠦᠯᠬᠦ ᠳᠤ ᠤᠯᠤᠰ ᠤᠨ ᠲᠠᠷᠢᠶᠠᠯᠠᠩ ᠤᠨ ᠭᠧᠨ ᠰᠢᠯᠵᠢᠬᠦᠯᠬᠦ ᠠᠮᠢᠳᠦ ᠪᠤᠳᠠᠰ ᠤᠨ | ᠬᠠᠮᠢᠶᠠᠷᠤᠯᠳᠠ ᠶᠢᠨ ᠬᠤᠯᠪᠤᠭᠳᠠᠯ ᠪᠦᠬᠦᠢ ᠲᠤᠭᠳᠠᠭᠠᠯ ᠳᠤ ᠨᠡᠶᠢᠴᠡᠭᠰᠡᠨ ᠪᠠᠶᠢᠬᠤ ᠭᠡᠷᠡᠭᠳᠠᠢ᠃ | ᠬᠤᠷᠢᠨ ᠨᠢᠭᠡᠳᠦᠭᠡᠷ ᠵᠦᠢᠯ ᠮᠤᠵᠢ ᠶᠢᠨ ᠱᠠᠳᠤᠨ ᠠᠴᠠ ᠲᠡᠭᠡᠭᠰᠢᠬᠢ ᠮᠠᠯ ᠠᠵᠦ ᠠᠬᠤᠢ ᠮᠠᠯ ᠡᠮᠨᠡᠯᠭᠡ ᠶᠢᠨ ᠮᠡᠷᠭᠡᠵᠢᠯ | ᠲᠡᠯᠭᠡᠷᠡᠬᠦᠯᠬᠦ ᠪᠠᠶᠢᠭᠤᠯᠤᠮᠵᠢ ᠨᠤᠭᠤᠳ ᠦᠷ᠎ᠠ ᠶᠢᠨ ᠮᠠᠯ ᠤᠨ ᠰᠢᠯᠢᠳᠡᠭ ᠪᠤᠳᠠᠭᠠᠯᠢ ᠪᠠᠶ᠎ᠠ ᠶᠢ ᠲᠠᠩᠰᠠᠯᠠᠵᠦ᠂ ᠰᠢᠯᠢᠳᠡᠭ | ᠦᠷ᠎ᠠ ᠶᠢᠨ ᠮᠠᠯ ᠢ ᠨᠡᠶᠢᠭᠡᠮ ᠨᠡᠶᠢᠳᠡ ᠳᠤ ᠲᠠᠨᠢᠯᠴᠠᠭᠤᠯᠬᠤ ᠠᠵᠢᠯ ᠢ ᠵᠤᠬᠢᠶᠠᠨ ᠪᠠᠶᠢᠭᠤᠯᠤᠨ ᠦᠷᠨᠢᠬᠦᠯᠵᠦ ᠪᠤᠯᠤᠨ᠎ᠠ᠃ | ᠰᠢᠯᠢᠳᠡᠭ ᠦᠷ᠎ᠠ ᠶᠢᠨ ᠮᠠᠯ ᠢ ᠲᠠᠩᠰᠠᠯᠠᠬᠤ ᠲᠦᠷᠢᠮ ᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ | ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃ | ᠬᠤᠷᠢᠨ ᠬᠤᠶᠠᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠪᠤᠶᠤ ᠲᠠᠸᠠᠷ ᠤᠨ ᠲᠦᠯ | ᠮᠠᠯ᠂ ᠵᠢᠬᠦᠷᠳᠡᠨ ᠤ ᠴᠤᠷᠪᠠᠭ᠎ᠠ ᠶᠢ ᠪᠤᠶᠢᠵᠢᠭᠤᠯᠤᠨ ᠦᠢᠯᠡᠳᠪᠦᠷᠢᠯᠡᠬᠦ ᠠᠵᠢᠯ ᠢ ᠡᠷᠬᠢᠯᠡᠵᠦ ᠪᠠᠶᠢᠭ᠎ᠠ ᠨᠢᠭᠡᠴᠢ᠂ ᠬᠤᠪᠢ | ᠬᠦᠮᠦᠨ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠠᠷᠡᠯ ᠤᠨ ᠦᠨᠡᠮᠯᠡᠯ ᠢ ᠤᠯᠤᠬᠰᠠᠨ ᠪᠠᠶᠢᠬᠤ | ᠭᠡᠷᠡᠭᠳᠠᠢ᠃ ᠭᠤᠶᠤᠴᠢᠯᠠᠬᠴᠢᠳ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠠᠷᠡᠯ ᠤᠨ | ᠦᠨᠡᠮᠯᠡᠯ ᠢᠶᠠᠨ ᠠᠪᠴᠦ ᠦᠢᠯᠡᠳᠪᠦᠷᠢ ᠬᠤᠳᠠᠯᠳᠤᠭ᠎ᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠬᠠᠦᠯᠢ ᠶᠤᠰᠤᠭᠠᠷ | ᠲᠠᠩᠰᠠᠯᠠᠭᠤᠯᠵᠦ᠂ ᠡᠵᠡᠩᠨᠡᠯᠳᠡ ᠶᠢᠨ ᠦᠨᠡᠮᠯᠡᠯ ᠢ ᠤᠯᠤᠬᠰᠠᠨ ᠤ ᠪᠠᠨ ᠲᠠᠷᠠᠭ᠎ᠠ ᠰᠠᠶ᠋ᠢ ᠦᠢᠯᠡᠳᠪᠦᠷᠢᠯᠡᠵᠦ ᠡᠵᠡᠩᠨᠡᠬᠦ | ᠠᠵᠢᠯᠯᠠᠭ᠎ᠠ ᠬᠢᠵᠦ ᠪᠤᠯᠤᠨ᠎ᠠ᠃ | ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠠᠷᠡᠯ ᠤᠨ ᠦᠨᠡᠮᠯᠡᠯ ᠤᠯᠬᠤ ᠪᠠᠷ | ᠭᠤᠶᠤᠴᠢᠯᠠᠬᠤ ᠳᠤ ᠲᠤᠤᠷ᠎ᠠ ᠵᠢᠬᠰᠠᠭᠠᠭᠰᠠᠨ ᠨᠦᠬᠦᠴᠡᠯ ᠤᠳ ᠢ ᠪᠦᠷᠢᠯᠳᠦᠬᠦᠯᠦᠭᠰᠡᠨ ᠪᠠᠶᠢᠬᠤ ᠭᠡᠷᠡᠭᠳᠠᠢ᠄ | ︵ᠨᠢᠭᠡ︶ ᠦᠢᠯᠡᠳᠪᠦᠷᠢᠯᠡᠵᠦ ᠡᠵᠡᠩᠨᠡᠬᠦ ᠦᠷ᠎ᠠ ᠶᠢᠨ ᠮᠠᠯ ᠵᠢᠬᠦᠷᠳᠡᠨ ᠨᠢ ᠡᠷᠭᠡᠪᠰᠢ ᠤᠯᠤᠰ ᠤᠨ ᠮᠠᠯ ᠵᠢᠬᠦᠷᠳᠡᠨ ᠤ | ᠤᠳᠤᠮᠯᠠᠯ ᠤᠨ ᠡᠬᠢ ᠪᠠᠶᠠᠯᠢᠭ ᠤᠨ ᠺᠤᠮᠢᠰ ᠢᠶᠠᠷ ᠬᠢᠨᠠᠨ ᠲᠤᠭᠳᠠᠭᠠᠯᠭᠠᠭᠰᠠᠨ ᠪᠤᠶᠤ ᠰᠢᠯᠭᠠᠨ ᠲᠤᠭᠳᠠᠭᠠᠯᠭᠠᠭᠰᠠᠨ ᠡᠬᠦᠯᠳᠡᠷ᠂ | ᠲᠦᠬᠦᠷᠵᠢᠭᠰᠡᠨ ᠤᠳᠤᠮ ᠪᠠᠶᠢᠬᠤ ᠭᠡᠷᠡᠭᠳᠡᠢ᠂ ᠡᠰᠡᠬᠦᠯ᠎ᠠ ᠵᠦᠪᠰᠢᠶᠡᠷᠡᠬᠦᠯᠦᠭᠡᠳ ᠤᠷᠤᠭᠤᠯᠵᠦ ᠢᠷᠡᠭᠰᠠᠨ ᠬᠢᠯᠢ ᠶᠢᠨ | ᠭᠠᠳᠠᠨᠠᠬᠢ ᠡᠬᠦᠯᠳᠡᠷ᠂ ᠲᠦᠬᠦᠷᠵᠢᠭᠰᠡᠨ ᠤᠳᠤᠮ ᠪᠠᠶᠢᠬᠤ ᠬᠡᠷᠡᠭᠳᠠᠢ︔ | ︵ᠬᠤᠶᠠᠷ︶ ᠦᠢᠯᠡᠳᠪᠦᠷᠢᠯᠡᠵᠦ ᠡᠵᠡᠩᠨᠡᠬᠦ ᠬᠡᠪᠴᠢᠶ᠎ᠠ ᠳᠡᠭᠡᠨ ᠲᠤᠬᠢᠷᠠᠭᠰᠠᠨ ᠮᠠᠯ ᠠᠵᠦ ᠠᠬᠤᠢ ᠮᠠᠯ ᠡᠮᠨᠡᠯᠭᠡ ᠶᠢᠨ | ᠮᠡᠷᠭᠡᠵᠢᠯ ᠤᠨ ᠠᠵᠢᠯᠳᠠᠨ ᠲᠠᠢ ᠪᠠᠶᠢᠬᠤ︔ | ︵ᠭᠤᠷᠪᠠ︶ ᠦᠢᠯᠡᠳᠪᠦᠷᠢᠯᠡᠵᠦ ᠡᠵᠡᠩᠨᠡᠬᠦ ᠬᠡᠪᠴᠢᠶ᠎ᠠ ᠳᠡᠭᠡᠨ ᠲᠤᠬᠢᠷᠠᠭᠰᠠᠨ ᠦᠷᠡᠵᠢᠬᠦᠯᠦᠨ ᠪᠤᠶᠢᠵᠢᠭᠤᠯᠬᠤ | ᠪᠡᠯᠡᠳᠬᠡᠮᠵᠢ ᠲᠤᠨᠤᠭ ᠲᠦᠬᠦᠬᠡᠷᠤᠮᠵᠢ ᠲᠠᠢ ᠪᠠᠶᠢᠬᠤ︔ | ︵ᠲᠦᠷᠪᠡ︶ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠳᠤᠭᠳᠠᠭᠠᠯ ᠬᠢᠭᠡᠳ ᠲᠦᠷᠦ ᠶᠢᠨ ᠶᠠᠪᠤᠳᠠᠯ ᠤᠨ | ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ | ᠲᠤᠭᠳᠠᠭᠠᠭᠰᠠᠨ ᠦᠷ᠎ᠠ ᠶᠢᠨ ᠮᠠᠯ ᠵᠢᠬᠦᠷᠳᠡᠨ ᠤ ᠬᠢᠵᠢᠭ ᠰᠡᠷᠬᠡᠶᠢᠯᠡᠬᠦ ᠨᠦᠬᠦᠴᠡᠯ ᠢ ᠪᠦᠷᠢᠯᠳᠦᠬᠦᠯᠦᠭᠰᠡᠨ ᠪᠠᠶᠢᠬᠤ︔ | ︵ᠲᠠᠪᠤ︶ ᠪᠦᠷᠢᠨ ᠲᠡᠬᠦᠯᠳᠡᠷ ᠶᠠᠰᠦ ᠴᠢᠨᠠᠷ ᠤᠨ ᠬᠠᠮᠢᠶᠠᠷᠤᠯᠳᠠ ᠪᠠ ᠦᠷ᠎ᠠ ᠪᠤᠶᠢᠵᠢᠭᠤᠯᠬᠤ ᠲᠡᠮᠳᠡᠭᠯᠡᠯ ᠤᠨ | ᠲᠦᠷᠢᠮ ᠲᠠᠢ ᠪᠠᠶᠢᠬᠤ︔ | ︵ᠵᠢᠷᠭᠤᠭ᠎ᠠ︶ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠳᠤᠭᠳᠠᠭᠠᠯ ᠳᠤ ᠲᠤᠭᠳᠠᠭᠠᠨᠰᠠᠨ ᠪᠤᠰᠤᠳ | ᠨᠦᠬᠦᠴᠡᠯ ᠤᠳ ᠢ ᠪᠦᠷᠢᠯᠳᠦᠬᠦᠯᠦᠭᠰᠡᠨ ᠪᠠᠶᠢᠬᠤ᠃ | ᠬᠤᠷᠢᠨ ᠭᠤᠷᠪᠠᠳᠤᠭᠠᠷ ᠵᠦᠢᠯ ᠭᠡᠷ ᠤᠨ ᠲᠡᠵᠢᠭᠡᠪᠦᠷᠢ ᠶᠢᠨ ᠦᠨᠳᠡᠭᠡᠨ ᠡᠰ᠂ ᠢᠴᠡᠭᠡᠯ ᠦᠷ᠎ᠠ᠂ ᠬᠦᠪᠤᠷᠡᠯ ᠵᠡᠷᠭᠡ | ᠤᠳᠤᠮᠯᠠᠯ ᠤᠨ ᠮᠠᠲ᠋ᠧᠷᠢᠶᠠᠯ ᠢ ᠦᠢᠯᠡᠳᠪᠦᠷᠢᠯᠡᠬᠦ ᠦᠢᠯᠡᠳᠪᠦᠷᠢᠯᠡᠯ ᠡᠵᠡᠩᠨᠡᠯᠳᠠ ᠶᠢᠨ ᠵᠦᠪᠰᠢᠶᠡᠷᠡᠯ ᠤᠨ ᠦᠨᠡᠮᠯᠡᠯ ᠤᠯᠬᠤ ᠪᠠᠷ | ᠭᠤᠶᠤᠴᠢᠯᠠᠬᠤ ᠳᠤ ᠬᠦᠷᠪᠡᠯ᠂ ᠲᠤᠰ ᠬᠠᠦᠯᠢ ᠶᠢᠨ ᠬᠤᠷᠢᠨ ᠬᠤᠶᠠᠳᠤᠭᠠᠷ ᠵᠦᠢᠯ ᠤᠨ ᠬᠤᠶᠠᠳᠤᠭᠠᠷ ᠪᠠᠳᠠᠭ ᠲᠤ | ᠲᠤᠭᠳᠠᠭᠠᠭᠰᠠᠨ ᠨᠦᠬᠦᠴᠡᠯ ᠳᠤ ᠨᠡᠶᠢᠴᠡᠬᠦ ᠠᠴᠠ ᠭᠠᠳᠠᠨ᠎ᠠ ᠪᠠᠰᠠ ᠲᠤᠤᠷ᠎ᠠ ᠵᠢᠬᠰᠠᠭᠠᠬᠰᠠᠨ ᠨᠦᠬᠦᠴᠡᠯ ᠤᠳ ᠢ | ᠪᠦᠷᠢᠯᠳᠦᠬᠦᠯᠦᠭᠰᠡᠨ ᠪᠠᠶᠢᠬᠤ ᠬᠡᠷᠡᠭᠳᠠᠢ᠄ | ︵ᠨᠢᠭᠡ︶ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠲᠤᠷᠰᠢᠯᠳᠠ ᠶᠢᠨ ᠲᠠᠰᠤᠭ᠂ ᠬᠠᠳᠠᠭᠠᠯᠠᠬᠤ ᠪᠠ | ᠵᠦᠭᠡᠭᠡᠪᠦᠷᠢᠯᠡᠬᠦ ᠨᠦᠬᠦᠴᠡᠯ ᠳᠤ ᠨᠡᠶᠢᠴᠡᠭᠰᠡᠨ ᠪᠠᠶᠢᠬᠤ︔ | ︵ᠬᠤᠶᠠᠷ︶ ᠲᠦᠷᠦ ᠶᠢᠨ ᠶᠠᠪᠤᠳᠠᠯ ᠤᠨ ᠬᠤᠷᠢᠶᠠᠠ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠦᠷ᠎ᠠ ᠶᠢᠨ ᠮᠠᠯ ᠤᠨ ᠲᠤᠭ᠎ᠠ ᠲᠤᠯᠤᠭᠠᠢ ᠪᠤᠯᠤᠨ ᠶᠠᠰᠦ | ᠴᠢᠨᠠᠷ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔ | ︵ᠭᠤᠷᠪᠠ︶ ᠪᠡᠶ᠎ᠠ ᠶᠢᠨ ᠭᠠᠳᠠᠨ᠎ᠠ ᠦᠷ᠎ᠠ ᠲᠤᠭᠳᠠᠭᠠᠵᠦ ᠤᠯᠤᠭᠰᠠᠨ ᠬᠦᠪᠤᠷᠡᠯ᠂ ᠬᠡᠷᠡᠭᠯᠡᠭᠰᠡᠨ ᠦᠨᠳᠡᠭᠡᠨ ᠡᠰ ᠤᠨ | ᠢᠷᠡᠯᠳᠡ ᠨᠢ ᠲᠤᠳᠤᠷᠬᠠᠢ ᠪᠠᠶᠢᠵᠦ᠂ ᠦᠷ᠎ᠠ ᠲᠤᠭᠳᠠᠭᠠᠬᠤ ᠮᠠᠯ ᠨᠢ ᠤᠯᠤᠰ ᠤᠨ ᠲᠤᠭᠳᠠᠭᠠᠭᠰᠠᠨ ᠦᠷ᠎ᠠ ᠶᠢᠨ ᠮᠠᠯ ᠤᠨ | ᠡᠷᠡᠬᠦᠯ ᠤᠨ ᠪᠠᠷᠢᠮᠵᠢᠶ᠎ᠠ ᠪᠤᠯᠤᠨ ᠶᠠᠰᠦ ᠴᠢᠨᠠᠷ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔ | ︵ᠲᠦᠷᠪᠡ︶ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠪᠤᠰᠤᠳ ᠮᠠᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠰᠡᠨ | ᠪᠠᠶᠢᠬᠤ᠃ | ᠬᠤᠷᠢᠨ ᠲᠦᠷᠪᠡᠳᠦᠭᠡᠷ ᠵᠦᠢᠯ ᠭᠡᠷ ᠤᠨ ᠲᠡᠵᠢᠭᠡᠪᠤᠷᠢ ᠶᠢᠨ ᠦᠨᠳᠡᠭᠡᠨ ᠡᠰ᠂ ᠢᠴᠡᠭᠡᠯ ᠦᠷ᠎ᠠ᠂ ᠬᠦᠪᠦᠷᠡᠯ ᠵᠡᠷᠭᠡ | ᠤᠳᠤᠮᠯᠠᠯ ᠤᠨ ᠡᠬᠢ ᠪᠠᠶᠠᠯᠢᠭ ᠤᠨ ᠮᠠᠲ᠋ᠧᠷᠢᠶᠠᠯ ᠢ ᠦᠢᠯᠡᠳᠪᠦᠷᠢᠯᠡᠬᠦ ᠦᠢᠯᠡᠳᠪᠦᠷᠢᠯᠡᠯ ᠡᠵᠡᠩᠨᠡᠯᠳᠠ ᠶᠢᠨ ᠵᠦᠪᠰᠢᠶᠡᠷᠡᠯ ᠤᠨ | ᠦᠨᠡᠮᠯᠡᠯ ᠤᠯᠬᠤ ᠪᠠᠷ ᠭᠤᠶᠤᠴᠢᠯᠠᠬᠤ ᠳᠤ ᠬᠦᠷᠪᠡᠯ᠂ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ | ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠬᠤ | ᠬᠡᠷᠡᠭᠳᠠᠢ᠃ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠠᠨ ᠠᠪᠤᠭᠰᠠᠨ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠭᠤᠶᠤᠴᠢᠯᠠᠯ ᠢ ᠤᠯᠤᠭᠰᠠᠨ ᠡᠳᠦᠷ ᠠᠴᠠ ᠡᠬᠢᠯᠡᠭᠡᠳ ᠭᠤᠴᠢᠨ | ᠠᠵᠢᠯ ᠤᠨ ᠡᠳᠦᠷ ᠤᠨ ᠲᠤᠳᠤᠷ᠎ᠠ ᠬᠢᠨᠠᠨ ᠪᠠᠶᠢᠴᠠᠭᠠᠵᠦ ᠲᠠᠭᠤᠰᠬᠠᠬᠤ ᠶᠢᠨ ᠬᠠᠮᠳᠦ ᠲᠦᠷᠦ ᠶᠢᠨ ᠶᠠᠪᠤᠳᠠᠯ ᠤᠨ ᠬᠤᠷᠢᠶᠠᠨ ᠤ | ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ ᠬᠢᠨᠠᠨ | ᠵᠦᠪᠰᠢᠶᠠᠷᠡᠬᠦᠯᠬᠦ ᠭᠡᠷᠡᠭᠳᠠᠢ︔ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠭᠤᠶᠤᠴᠢᠯᠠᠯ ᠢ ᠤᠯᠤᠭᠰᠠᠨ ᠡᠳᠦᠷ ᠠᠴᠠ ᠡᠬᠢᠯᠡᠵᠦ ᠵᠢᠷᠠᠨ ᠠᠵᠢᠯ ᠤᠨ | ᠡᠳᠦᠷ ᠤᠨ ᠲᠤᠳᠤᠷ᠎ᠠ᠂ ᠦᠢᠯᠡᠳᠪᠦᠷᠢᠯᠡᠯ ᠡᠵᠡᠩᠨᠡᠯᠳᠠ ᠶᠢᠨ ᠵᠦᠪᠰᠢᠶᠠᠷᠡᠯ ᠤᠨ ᠦᠨᠡᠮᠯᠡᠯ ᠢ ᠤᠯᠭᠤᠬᠤ ᠡᠰᠡᠬᠦ ᠶᠢ ᠬᠠᠦᠯᠢ | ᠶᠤᠰᠤᠭᠠᠷ ᠲᠤᠭᠳᠠᠭᠠᠬᠤ ᠭᠡᠷᠡᠭᠳᠠᠢ᠃ | ᠪᠤᠰᠤᠳ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠢ ᠰᠢᠶᠠᠨ ᠤ | ᠱᠠᠳᠤᠨ ᠠᠴᠠ ᠲᠠᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ ᠪᠠᠶᠢᠴᠠᠭᠠᠵᠦ ᠤᠯᠭᠤᠨ᠎ᠠ᠂ ᠬᠢᠨᠠᠨ ᠪᠠᠶᠢᠴᠠᠭᠠᠵᠦ | ᠤᠯᠭᠤᠬᠤ ᠪᠤᠳᠠᠳᠠᠢ ᠠᠷᠭ᠎ᠠ ᠶᠢ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠲᠤᠭᠳᠠᠭᠠᠨ᠎ᠠ᠃ | ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠤᠨ ᠦᠯᠢᠭᠡᠷ ᠶᠠᠩᠵᠦ ᠶᠢ | ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠦᠴᠢᠷ ᠠᠴᠠ ᠲᠤᠭᠳᠠᠭᠠᠨ᠎ᠠ᠂ ᠵᠦᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠭᠤᠷᠪᠠᠨ ᠵᠢᠯ | ᠪᠤᠯᠤᠨ᠎ᠠ᠃ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠢ ᠤᠯᠭᠤᠬᠤ ᠳᠤ | ᠬᠦᠯᠦᠰᠦ ᠦᠷᠳᠡᠭ ᠤᠨ ᠵᠠᠷᠤᠳᠠᠯ ᠬᠤᠷᠢᠶᠠᠵᠦ ᠪᠤᠯᠤᠨ᠎ᠠ᠂ ᠵᠠᠷᠤᠳᠠᠯ ᠬᠤᠷᠢᠶᠠᠬᠤ ᠪᠤᠳᠠᠳᠠᠢ ᠬᠠᠮᠢᠶᠠᠷᠤᠯᠳᠠ ᠶᠢᠨ ᠠᠷᠭ᠎ᠠ ᠶᠢ | ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ᠂ ᠦᠨ᠎ᠠ ᠬᠠᠨᠭ᠍ᠰᠢ ᠶᠢᠨ ᠰᠠᠯᠠᠭ᠎ᠠ ᠮᠦᠴᠢᠷ ᠠᠴᠠ ᠲᠤᠭᠳᠠᠭᠠᠨ᠎ᠠ᠃ | ᠬᠤᠷᠢᠨ ᠲᠠᠪᠤᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ | ᠦᠨᠡᠮᠯᠡᠯ ᠳᠤ ᠦᠢᠯᠡᠳᠪᠦᠷᠢᠯᠡᠵᠦ ᠡᠵᠡᠩᠨᠡᠭᠴᠢ ᠶᠢᠨ ᠨᠡᠷᠡᠶᠢᠳᠤᠯ᠂ ᠲᠠᠯᠠᠪᠠᠢ ︵ᠦᠢᠯᠡᠳᠪᠤᠷᠢ︶ ᠶᠢᠨ ᠬᠠᠶ᠋ᠢᠭ᠂ | ᠦᠢᠯᠡᠳᠪᠦᠷᠢᠯᠡᠵᠦ ᠡᠵᠡᠩᠨᠡᠬᠦ ᠬᠡᠪᠴᠢᠶ᠎ᠠ ᠵᠢᠴᠢ ᠵᠦᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢᠨ ᠡᠬᠢᠯᠡᠵᠦ | ᠳᠠᠭᠤᠰᠬᠤ ᠡᠳᠦᠷ ᠬᠤᠭᠤᠴᠠᠭ᠎ᠠ ᠵᠡᠷᠭᠡ ᠶᠢ ᠲᠤᠳᠤᠷᠬᠠᠢᠢᠯᠠᠬᠤ ᠬᠡᠷᠡᠭᠳᠠᠢ᠃ | ᠶᠠᠮᠠᠷᠪᠠ ᠨᠢᠭᠡᠴᠢ᠂ ᠬᠤᠪᠢ ᠬᠦᠮᠦᠨ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ | ᠦᠨᠡᠮᠯᠡᠯ ᠦᠭᠡᠢ ᠪᠤᠶᠤ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠳᠠᠬᠢ | ᠲᠤᠭᠳᠠᠭᠠᠯ ᠢ ᠵᠦᠷᠢᠴᠡᠵᠦ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠶᠢ ᠴᠠᠭᠠᠵᠠᠯᠠᠨ᠎ᠠ᠃ ᠦᠷ᠎ᠠ ᠶᠢᠨ ᠮᠠᠯ | ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠢ ᠬᠠᠭᠤᠷᠮᠠᠬᠯᠠᠨ ᠵᠤᠬᠢᠶᠠᠬᠤ᠂ ᠦᠭᠡᠷᠡᠳᠡᠬᠦᠯᠦᠨ | ᠵᠤᠬᠢᠶᠠᠬᠤ᠂ ᠰᠢᠯᠵᠢᠬᠦᠯᠦᠨ ᠦᠭᠬᠦ᠂ ᠲᠦᠷᠢᠶᠡᠰᠦᠯᠡᠬᠦᠯᠵᠦ ᠵᠢᠭᠡᠯᠡᠬᠦᠯᠬᠦ ᠶᠢ ᠴᠠᠭᠠᠵᠠᠯᠠᠨ᠎ᠠ᠃ | ᠬᠤᠷᠢᠨ ᠵᠢᠷᠭᠤᠳᠤᠭᠠᠷ ᠵᠦᠢᠯ ᠲᠠᠷᠢᠶᠠᠴᠢᠨ ᠡᠷᠦᠭᠡ ᠶᠢᠨ ᠠᠷᠠᠴᠢᠯᠠᠨ ᠲᠡᠵᠢᠭᠡᠭᠰᠡᠨ ᠦᠷ᠎ᠠ ᠶᠢᠨ ᠮᠠᠯ ᠵᠢᠬᠦᠷᠳᠡᠨ ᠢᠶᠠᠨ | ᠦᠪᠡᠷ ᠢᠶᠠᠨ ᠦᠷᠡᠵᠢᠬᠦᠯᠦᠨ ᠲᠡᠵᠢᠭᠡᠬᠦ ᠪᠠ ᠦᠯᠡᠬᠦᠳᠡᠭᠰᠡᠨ ᠴᠦᠬᠡᠪᠤᠷᠢ ᠲᠦᠯ ᠮᠠᠯ᠂ ᠵᠢᠬᠦᠷᠳᠡᠨ ᠤ ᠴᠤᠷᠪᠠᠭ᠎ᠠ ᠪᠠᠨ | ᠬᠤᠳᠠᠯᠳᠤᠬᠤ ᠳᠤ᠂ ᠲᠠᠷᠢᠶᠠᠴᠢᠨ ᠡᠷᠦᠭᠡ ᠬᠡᠬᠡᠯᠳᠦᠬᠦᠯᠦᠭᠴᠢ ᠮᠠᠯ ᠲᠡᠵᠢᠬᠡᠭᠡᠳ ᠳᠤᠰᠠᠯᠠᠯᠴᠠᠬᠤ ᠬᠡᠬᠡᠯᠳᠦᠬᠦᠯᠭᠡ ᠬᠢᠬᠦ ᠳᠤ | ᠬᠦᠷᠪᠡᠯ᠂ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠠᠪᠬᠤ ᠭᠡᠷᠡᠭ ᠦᠭᠡᠢ᠃ | | ᠬᠤᠷᠢᠨ ᠲᠤᠯᠤᠳᠤᠭᠠᠷ ᠵᠦᠢᠯ ᠲᠤᠰᠬᠠᠢᠢᠯᠠᠨ ᠭᠡᠷ ᠤᠨ ᠲᠡᠵᠢᠬᠡᠪᠤᠷᠢ ᠶᠢᠨ ᠭᠠᠷ ᠬᠡᠬᠡᠯᠳᠦᠬᠦᠯᠭᠡ᠂ ᠬᠦᠪᠦᠷᠡᠯ | ᠰᠢᠯᠵᠢᠬᠦᠯᠬᠦ ᠵᠡᠷᠭᠡ ᠦᠷᠡᠵᠢᠬᠦᠯᠬᠦ ᠠᠵᠢᠯ ᠢ ᠬᠢᠵᠦ ᠪᠠᠶᠢᠭ᠎ᠠ ᠠᠵᠢᠯᠳᠠᠨ᠂ ᠤᠯᠤᠰ ᠤᠨ ᠠᠵᠢᠯ ᠮᠡᠷᠬᠡᠵᠢᠯ ᠤᠨ ᠵᠤᠬᠢᠴᠠᠩᠭᠤᠢ | ᠬᠢᠷᠢ ᠬᠡᠮ ᠤᠨ ᠦᠨᠡᠮᠯᠡᠯ ᠢ ᠤᠯᠤᠭᠰᠠᠨ ᠪᠠᠶᠢᠬᠤ ᠭᠡᠷᠡᠭᠳᠠᠢ᠃ | ᠬᠤᠷᠢᠨ ᠨᠡᠢᠮᠠᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠤ ᠲᠤᠬᠠᠢ ᠵᠠᠷ ᠨᠡᠶᠢᠳᠡᠯᠡᠬᠦ ᠳᠤ ᠬᠦᠷᠪᠡᠯ᠂ ᠵᠠᠷ | ᠨᠡᠶᠢᠳᠡᠯᠡᠬᠦᠯᠦᠭᠴᠢ ᠨᠢ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠪᠤᠯᠤᠨ | ᠡᠵᠡᠩᠨᠡᠯᠳᠡ ᠶᠢᠨ ᠦᠨᠡᠮᠯᠡᠯ ᠢᠶᠠᠨ ᠬᠠᠨᠭ᠍ᠭᠠᠬᠤ ᠭᠡᠷᠡᠭᠳᠠᠢ᠃ ᠵᠠᠷ ᠤᠨ ᠠᠭᠤᠯᠭ᠎ᠠ ᠨᠢ ᠬᠤᠯᠪᠤᠭᠳᠠᠯ ᠪᠦᠬᠦᠢ ᠬᠠᠦᠯᠢ ᠴᠠᠭᠠᠵᠠ᠂ | ᠵᠠᠰᠠᠭ ᠵᠠᠬᠢᠷᠭᠠᠨ ᠤ ᠬᠠᠦᠯᠢ ᠲᠦᠷᠢᠮ ᠤᠨ ᠲᠤᠭᠳᠠᠭᠠᠯ ᠳᠤ ᠨᠡᠶᠢᠴᠡᠭᠰᠡᠨ ᠪᠠᠶᠢᠬᠤ ᠬᠡᠷᠡᠭᠳᠠᠢ ᠪᠦᠭᠡᠳ ᠦᠷ᠎ᠠ ᠶᠢᠨ ᠮᠠᠯ | ᠵᠢᠬᠦᠷᠳᠡᠨ ᠤ ᠡᠬᠦᠯᠳᠡᠷ᠂ ᠲᠦᠬᠦᠷᠵᠢᠭᠰᠡᠨ ᠤᠳᠤᠮ ᠤᠨ ᠬᠢᠨᠠᠨ ᠲᠤᠭᠳᠠᠭᠠᠯᠳᠠ ᠪᠤᠶᠤ ᠰᠢᠯᠭᠠᠨ ᠲᠤᠭᠳᠠᠭᠠᠯᠳᠠ ᠶᠢᠨ ᠨᠡᠷ᠎ᠠ ᠶᠢ | ᠲᠤᠳᠤᠷᠬᠠᠢᠢᠯᠠᠨ ᠲᠡᠮᠳᠡᠭᠯᠡᠭᠰᠡᠨ ᠪᠠᠶᠢᠬᠤ ᠭᠡᠷᠡᠭᠳᠠᠢ︔ ᠭᠤᠤᠯ ᠰᠢᠨᠵᠢ ᠪᠠᠶᠢᠳᠠᠯ ᠤᠨ ᠲᠤᠬᠠᠢ ᠲᠦᠷᠰᠦᠯᠡᠨ ᠲᠤᠭᠠᠴᠢᠬᠰᠠᠨ ᠨᠢ | ᠲᠤᠰ ᠡᠬᠦᠯᠳᠡᠷ᠂ ᠲᠦᠬᠦᠷᠵᠢᠭᠰᠡᠨ ᠤᠳᠤᠮ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠭᠡᠷᠡᠭᠳᠠᠢ᠃ | ᠬᠤᠷᠢ ᠶᠢᠰᠦᠳᠦᠭᠡᠷ ᠵᠦᠢᠯ ᠪᠤᠷᠤᠯᠠᠭᠤᠯᠬᠤ ᠦᠷ᠎ᠠ ᠶᠢᠨ ᠮᠠᠯ ᠵᠢᠬᠦᠷᠳᠡᠨ ᠪᠠ ᠭᠡᠷ ᠤᠨ ᠲᠡᠵᠢᠬᠡᠪᠤᠷᠢ ᠶᠢᠨ | ᠬᠡᠬᠡᠯᠳᠦᠬᠦᠯᠭᠡ ᠶᠢᠨ ᠦᠷᠳᠡᠭᠡ ︵ᠴᠡᠭ︶ ᠳᠤ ᠬᠡᠷᠡᠭᠯᠡᠵᠦ ᠪᠠᠶᠢᠭ᠎ᠠ ᠬᠡᠬᠡᠯᠳᠦᠬᠦᠯᠦᠭᠴᠢ ᠮᠠᠯ ᠨᠢ ᠡᠷᠬᠡᠪᠰᠢ ᠭᠡᠭᠡᠯᠳᠦᠬᠦᠯᠭᠡ ᠳᠤ | ᠬᠡᠷᠡᠭᠯᠡᠬᠦ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠭᠡᠷᠡᠭᠳᠠᠢ᠃ ᠦᠷ᠎ᠠ ᠶᠢᠨ ᠮᠠᠯ ᠵᠢᠬᠦᠷᠳᠡᠨ ᠢ ᠪᠤᠷᠤᠯᠠᠭᠤᠯᠬᠤ ᠦᠶ᠎ᠠ ᠳᠤ᠂ | ᠦᠷ᠎ᠠ ᠶᠢᠨ ᠮᠠᠯ ᠵᠢᠬᠦᠷᠳᠡᠨ ᠤ ᠲᠠᠯᠠᠪᠠᠢ ᠠᠴᠠ ᠭᠠᠷᠭᠠᠵᠦ ᠦᠭᠬᠦᠭᠰᠡᠨ ᠦᠷ᠎ᠠ ᠶᠢᠨ ᠮᠠᠯ ᠵᠢᠬᠦᠷᠳᠡᠨ ᠤ ᠬᠢᠷᠢ ᠲᠡᠩᠴᠡᠭᠰᠡᠨ | ᠬᠡᠷᠡᠴᠢ᠂ ᠠᠮᠢᠳᠡᠠ ᠤ ᠬᠢᠵᠢᠭ ᠢ ᠰᠡᠷᠬᠡᠶᠢᠯᠡᠨ ᠬᠢᠨᠠᠬᠤ ᠪᠠᠶᠢᠭᠤᠯᠤᠮᠵᠢ ᠠᠴᠠ ᠭᠠᠷᠭᠠᠵᠦ ᠦᠭᠬᠦᠭᠰᠡᠨ ᠬᠢᠵᠢᠭ ᠤᠨ | ᠪᠠᠶᠢᠴᠠᠭᠠᠯᠳᠠ ᠳᠤ ᠬᠢᠷᠢ ᠲᠡᠩᠴᠡᠭᠰᠡᠨ ᠭᠡᠷᠡᠴᠢ ᠶᠢ ᠲᠠᠭᠠᠯᠳᠤᠭᠤᠯᠤᠭᠰᠠᠨ ᠪᠠᠶᠢᠬᠤ ᠭᠡᠷᠡᠭᠳᠠᠢ᠂ ᠪᠤᠷᠤᠯᠠᠭᠤᠯᠬᠤ ᠦᠷ᠎ᠠ ᠶᠢᠨ | ᠮᠠᠯ ᠳᠤ ᠪᠠᠰᠠ ᠦᠷ᠎ᠠ ᠶᠢᠨ ᠮᠠᠯ ᠵᠢᠬᠦᠷᠳᠡᠨ ᠤ ᠲᠠᠯᠠᠪᠠᠢ ᠠᠴᠠ ᠭᠠᠷᠭᠠᠵᠦ ᠦᠭᠬᠦᠭᠰᠡᠨ ᠭᠡᠷ ᠤᠨ ᠲᠡᠵᠢᠬᠡᠪᠦᠷᠢ ᠶᠢᠨ | ᠤᠳᠤᠮ ᠤᠨ ᠲᠡᠮᠳᠡᠭᠯᠡᠯ ᠢ ᠲᠠᠭᠠᠯᠳᠤᠭᠤᠯᠤᠭᠰᠠᠨ ᠪᠠᠶᠢᠬᠤ ᠭᠡᠷᠡᠭᠳᠠᠢ᠃ ᠭᠡᠷ ᠤᠨ ᠲᠡᠵᠢᠭᠡᠪᠤᠷᠢ ᠶᠢᠨ ᠦᠨᠳᠡᠭᠡᠨ ᠡᠰ᠂ | ᠢᠴᠡᠭᠡᠯ ᠦᠷ᠎ᠠ᠂ ᠬᠦᠪᠦᠷᠡᠯ ᠵᠠᠷᠭᠡ ᠤᠳᠤᠮᠯᠠᠯ ᠤᠨ ᠮᠠᠲ᠋ᠧᠷᠢᠶᠠᠯ ᠢ ᠦᠢᠯᠡᠳᠪᠦᠷᠢᠯᠡᠬᠦ ᠳᠡᠭᠡᠨ ᠦᠷ᠎ᠠ ᠠᠪᠤᠭᠰᠠᠨ᠂ | ᠪᠤᠷᠤᠯᠠᠭᠤᠯᠤᠭᠰᠠᠨ᠂ ᠰᠢᠯᠵᠢᠬᠦᠯᠵᠦ ᠰᠠᠭᠤᠯᠭᠠᠭᠰᠠᠨ ᠵᠡᠷᠭᠡ ᠲᠠᠯ᠎ᠠ ᠶᠢᠨ ᠪᠦᠷᠢᠨ ᠪᠦᠳᠦᠨ ᠲᠡᠮᠳᠡᠭᠯᠡᠯ ᠲᠠᠢ ᠪᠠᠶᠢᠵᠦ᠂ | ᠲᠡᠮᠳᠡᠭᠯᠡᠯ ᠢᠶᠠᠨ ᠬᠤᠶᠠᠷ ᠵᠢᠯ ᠬᠠᠳᠠᠭᠠᠯᠠᠬᠤ ᠭᠡᠷᠡᠭᠳᠠᠢ᠃ | ᠭᠤᠴᠢᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠢ ᠪᠤᠷᠤᠯᠠᠭᠤᠯᠬᠤ ᠳᠠᠭᠠᠨ ᠲᠤᠤᠷ᠎ᠠ ᠵᠢᠭᠰᠠᠭᠠᠭᠰᠠᠨ | ᠠᠵᠢᠯᠯᠠᠭ᠎ᠠ ᠨᠤᠭᠤᠳ ᠢ ᠬᠢᠵᠦ ᠪᠤᠯᠬᠤ ᠦᠭᠡᠢ᠄ | ︵ᠨᠢᠭᠡ︶ ᠪᠤᠰᠤᠳ ᠮᠠᠯ ᠵᠢᠬᠦᠷᠳᠡᠨ ᠤ ᠡᠬᠦᠯᠳᠡᠷ᠂ ᠲᠦᠬᠦᠷᠵᠢᠭᠰᠡᠨ ᠤᠳᠤᠮ ᠢᠶᠠᠷ ᠪᠤᠷᠤᠯᠠᠭᠤᠯᠤᠨ ᠬᠤᠳᠠᠯᠳᠤᠵᠦ | ᠪᠠᠶᠢᠭ᠎ᠠ ᠦᠷ᠎ᠠ ᠶᠢᠨ ᠮᠠᠯ ᠵᠢᠬᠦᠷᠳᠡᠨ ᠤ ᠡᠬᠦᠯᠳᠡᠷ᠂ ᠲᠦᠬᠦᠷᠵᠢᠭᠰᠡᠨ ᠤᠳᠤᠮ ᠢ ᠬᠠᠭᠤᠷᠮᠠᠭᠯᠠᠨ ᠤᠷᠤᠯᠠᠭᠤᠯᠬᠤ︔ | ︵ᠬᠤᠶᠠᠷ︶ ᠪᠤᠭᠤᠨᠢ ᠦᠶ᠎ᠠ ᠲᠠᠢ ᠤᠨᠳᠤᠤ ᠲᠦᠷᠦᠯ ᠤᠨ ᠦᠷ᠎ᠠ ᠶᠢᠨ ᠮᠠᠯ ᠵᠢᠬᠦᠷᠳᠡᠨ ᠢᠶᠠᠷ ᠦᠨᠳᠦᠷ ᠦᠶ᠎ᠠ ᠲᠠᠢ | ᠤᠨᠳᠤᠤ ᠲᠦᠷᠦᠯ ᠤᠨ ᠦᠷ᠎ᠠ ᠶᠢᠨ ᠮᠠᠯ ᠵᠢᠬᠦᠷᠳᠡᠨ ᠢ ᠬᠠᠭᠤᠷᠮᠠᠭᠯᠠᠨ ᠤᠷᠤᠯᠠᠭᠤᠯᠬᠤ︔ | ︵ᠭᠤᠷᠪᠠ︶ ᠭᠡᠭᠡᠯᠳᠦᠬᠦᠯᠭᠡ ᠳᠤ ᠭᠡᠷᠡᠭᠯᠡᠬᠦ ᠪᠠᠷᠢᠮᠵᠢᠶ᠎ᠠ ᠳᠤ ᠦᠯᠦ ᠨᠡᠶᠢᠴᠡᠬᠦ ᠮᠠᠯ ᠵᠢᠬᠦᠷᠳᠡᠨ ᠢᠶᠠᠷ ᠦᠷ᠎ᠠ ᠶᠢᠨ ᠮᠠᠯ | ᠵᠢᠬᠦᠷᠳᠡᠨ ᠢ ᠬᠠᠭᠤᠷᠮᠠᠭᠯᠠᠨ ᠤᠷᠤᠯᠠᠭᠤᠯᠬᠤ︔ | ︵ᠲᠦᠷᠪᠡ︶ ᠭᠠᠳᠠᠭᠠᠳᠦ ᠠᠴᠠ ᠤᠷᠤᠭᠤᠯᠬᠤ ᠵᠦᠪᠰᠢᠶᠡᠷᠡᠯ ᠠᠪᠤᠭᠰᠠᠨ ᠦᠭᠡᠢ ᠦᠷ᠎ᠠ ᠶᠢᠨ ᠮᠠᠯ ᠵᠢᠬᠦᠷᠳᠡᠨ ᠢ | ᠪᠤᠷᠤᠯᠠᠭᠤᠯᠬᠤ︔ | ︵ᠲᠠᠪᠤ︶ ᠲᠤᠰ ᠬᠠᠦᠯᠢ ᠶᠢᠨ ᠬᠤᠷᠢ ᠶᠢᠰᠦᠳᠦᠭᠡᠷ ᠵᠦᠢᠯ ᠳᠤ ᠲᠤᠭᠳᠠᠭᠠᠭᠰᠠᠨ ᠦᠷ᠎ᠠ ᠶᠢᠨ ᠮᠠᠯ ᠵᠢᠬᠦᠷᠳᠡᠨ ᠤ ᠬᠢᠷᠢ | ᠲᠡᠩᠴᠡᠭᠰᠡᠨ ᠬᠡᠷᠡᠴᠢ᠂ ᠬᠢᠵᠢᠭ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠬᠡᠷᠡᠴᠢ ᠶᠢ ᠲᠠᠭᠠᠯᠳᠤᠭᠤᠯᠤᠭᠰᠠᠨ ᠦᠭᠡᠢ | ᠦᠷ᠎ᠠ ᠶᠢᠨ ᠮᠠᠯ ᠵᠢᠬᠦᠷᠳᠡᠨ ᠪᠤᠶᠤ ᠭᠡᠷ ᠤᠨ ᠲᠡᠵᠢᠬᠡᠪᠤᠷᠢ ᠶᠢᠨ ᠤᠳᠤᠮ ᠤᠨ ᠲᠡᠮᠳᠡᠭᠯᠡᠯ ᠢ ᠲᠠᠭᠠᠯᠳᠤᠭᠤᠯᠤᠭᠰᠠᠨ ᠦᠭᠡᠢ | ᠦᠷ᠎ᠠ ᠶᠢᠨ ᠮᠠᠯ ᠢ ᠪᠤᠷᠤᠯᠠᠭᠤᠯᠬᠤ︔ | ︵ᠵᠢᠷᠭᠤᠭ᠎ᠠ︶ ᠬᠢᠨᠠᠨ ᠲᠤᠭᠳᠠᠭᠠᠯᠳᠠ ᠪᠤᠶᠤ ᠰᠢᠯᠭᠠᠨ ᠲᠤᠭᠳᠠᠭᠠᠯᠳᠠ ᠶᠢ ᠦᠡᠭᠭᠡᠷᠡᠭᠡᠭᠰᠡᠨ ᠦᠬᠡᠢ ᠦᠷ᠎ᠠ ᠶᠢᠨ ᠮᠠᠯ | ᠵᠢᠬᠦᠷᠳᠡᠨ ᠤ ᠡᠬᠦᠯᠳᠡᠷ᠂ ᠲᠦᠬᠦᠷᠵᠢᠭᠰᠡᠨ ᠤᠳᠤᠮ ᠢ ᠪᠤᠷᠤᠯᠠᠭᠤᠯᠬᠤ᠃ | ᠭᠤᠴᠢᠨ ᠨᠢᠬᠡᠳᠦᠭᠡᠷ ᠵᠦᠢᠯ ᠦᠷ᠎ᠠ ᠶᠢᠨ ᠮᠠᠯ ᠵᠢᠬᠦᠷᠳᠡᠨ ᠢ ᠭᠠᠳᠠᠭᠠᠳᠦ ᠠᠴᠠ ᠤᠷᠤᠭᠤᠯᠬᠤ ᠪᠠᠷ ᠭᠤᠶᠤᠴᠢᠯᠠᠬᠤ ᠳᠤ | ᠬᠦᠷᠪᠡᠯ᠂ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠪᠠᠶᠢᠬᠤ ᠭᠡᠷᠡᠭᠳᠠᠢ᠃ | ᠦᠷ᠎ᠠ ᠶᠢᠨ ᠮᠠᠯ ᠵᠢᠬᠦᠷᠳᠡᠨ ᠢ ᠭᠠᠳᠠᠭᠠᠳᠦ ᠠᠴᠠ ᠤᠷᠤᠭᠤᠯᠬᠤ ᠶᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ | ᠬᠤᠭᠤᠴᠠᠭ᠎ᠠ ᠨᠢ ᠵᠢᠷᠭᠤᠭᠠᠨ ᠰᠠᠷ᠎ᠠ ᠪᠤᠯᠤᠨ᠎ᠠ᠃ | ᠭᠠᠳᠠᠭᠠᠳᠦ ᠠᠴᠠ ᠤᠷᠤᠭᠤᠯᠬᠤ ᠦᠷ᠎ᠠ ᠶᠢᠨ ᠮᠠᠯ ᠵᠢᠬᠦᠷᠳᠡᠨ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ | ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠮᠡᠷᠬᠡᠵᠢᠯ ᠤᠨ | ᠱᠠᠭᠠᠷᠳᠠᠯᠭ᠎ᠠ ᠳᠤ ᠨᠡᠶᠢᠴᠡᠬᠦ ᠭᠡᠷᠡᠭᠳᠠᠢ᠃ ᠠᠩᠬ᠎ᠠ ᠤᠳᠠᠭ᠎ᠠ ᠭᠠᠳᠠᠭᠠᠳᠦ ᠠᠴᠠ ᠤᠷᠤᠭᠤᠯᠬᠤ ᠦᠷ᠎ᠠ ᠶᠢᠨ ᠮᠠᠯ ᠵᠢᠬᠦᠷᠳᠡᠨ ᠳᠤ | ᠪᠠᠰᠨ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠠᠴᠠ ᠬᠡᠭᠡᠯᠳᠦᠬᠦᠯᠭᠡ ᠳᠤ ᠭᠡᠷᠡᠭᠯᠡᠬᠦ | ᠴᠢᠳᠠᠪᠬᠢ ᠶᠢᠨ ᠦᠨᠡᠯᠡᠯᠳᠠ ᠬᠢᠨ᠎ᠠ᠃ | ᠦᠷ᠎ᠠ ᠶᠢᠨ ᠮᠠᠯ ᠵᠢᠬᠦᠷᠳᠡᠨ ᠢ ᠭᠠᠳᠠᠭᠠᠳᠦ ᠠᠴᠠ ᠤᠷᠤᠭᠤᠯᠵᠦ ᠭᠠᠳᠠᠭᠠᠳᠦ ᠳᠤ ᠭᠠᠷᠭᠠᠬᠤ ᠬᠠᠮᠢᠶᠠᠷᠤᠯᠳᠠ ᠳᠤ | ᠡᠮᠤᠨᠡᠬᠢ ᠬᠤᠶᠠᠷ ᠪᠠᠳᠠᠭ ᠤᠨ ᠲᠤᠭᠳᠠᠭᠠᠯ ᠢ ᠬᠡᠷᠡᠭᠯᠡᠬᠦ ᠠᠴᠠ ᠭᠠᠳᠠᠨ᠎ᠠ᠂ ᠪᠠᠰᠠ ᠲᠤᠰ ᠬᠠᠦᠯᠢ ᠶᠢᠨ ᠠᠷᠪᠠᠨ ᠲᠠᠪᠤᠳᠤᠭᠠᠷ | ᠵᠦᠢᠯ ᠪᠤᠯᠤᠨ ᠠᠷᠪᠠᠨ ᠵᠢᠷᠭᠤᠳᠤᠭᠠᠷ ᠵᠦᠢᠯ ᠤᠨ ᠬᠤᠯᠪᠤᠭᠳᠠᠯ ᠪᠦᠬᠦᠢ ᠲᠤᠭᠳᠠᠭᠠᠯ ᠢ ᠬᠡᠷᠡᠭᠯᠡᠨ᠎ᠠ᠃ | ᠤᠯᠤᠰ ᠠᠴᠠ ᠮᠠᠯ ᠵᠢᠬᠦᠷᠳᠡᠨ ᠢ ᠲᠡᠵᠢᠭᠡᠨ ᠦᠷᠡᠵᠢᠬᠦᠯᠦᠭᠴᠢᠳ ᠤᠨ ᠭᠠᠳᠠᠭᠠᠳᠦ ᠠᠴᠠ ᠤᠷᠤᠭᠤᠯᠤᠬᠰᠠᠨ ᠮᠠᠯ | ᠵᠢᠬᠦᠷᠳᠡᠨ ᠳᠤ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ ᠰᠤᠩᠭᠤᠨ ᠪᠤᠶᠢᠵᠢᠭᠤᠯᠬᠤ ᠶᠢ ᠵᠤᠷᠢᠬᠵᠢᠭᠤᠯᠤᠨ᠎ᠠ︔ | ᠰᠤᠩᠭᠤᠨ ᠪᠤᠶᠢᠵᠢᠭᠤᠯᠤᠭᠰᠠᠨ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ ᠢ ᠲᠡᠯᠭᠡᠷᠡᠬᠦᠯᠬᠦ ᠠᠴᠠ ᠡᠮᠦᠨ᠎ᠠ᠂ ᠤᠯᠤᠰ ᠤᠨ | ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠢᠶᠠᠷ ᠬᠢᠨᠠᠨ ᠲᠤᠭᠳᠠᠭᠠᠯᠭᠠᠬᠤ ᠭᠡᠷᠡᠭᠳᠠᠢ᠃ | ᠭᠤᠴᠢᠨ ᠬᠤᠶᠠᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠤ ᠲᠠᠯᠠᠪᠠᠢ ᠪᠠ ᠨᠡᠪᠴᠢᠭᠡᠬᠦ ᠲᠠᠯᠠᠪᠠᠢ ︵ᠦᠢᠯᠡᠳᠪᠦᠷᠢ︶ | ᠲᠠᠸᠠᠷ ᠤᠨ ᠲᠦᠯ ᠮᠠᠯ᠂ ᠵᠢᠬᠦᠷᠳᠡᠨ ᠤ ᠴᠤᠷᠪᠠᠭ᠎ᠠ ᠶᠢ ᠪᠤᠷᠤᠯᠠᠭᠤᠯᠬᠤ ᠳᠤ ᠬᠦᠷᠪᠡᠯ᠂ ᠬᠤᠳᠠᠯᠳᠤᠨ ᠠᠪᠤᠭᠴᠢ ᠳᠤ | ᠪᠤᠷᠤᠯᠠᠭᠤᠯᠬᠤ ᠲᠦᠯ ᠮᠠᠯ᠂ ᠵᠢᠬᠦᠷᠳᠡᠨ ᠤ ᠴᠤᠷᠪᠠᠭ᠎ᠠ ᠶᠢᠨ ᠢᠶᠠᠨ ᠦᠢᠯᠡᠳᠪᠦᠷᠢᠯᠡᠯ ᠤᠨ ᠴᠢᠳᠠᠪᠤᠷᠢ ᠶᠢᠨ ᠭᠤᠤᠯ | ᠭᠦᠢᠴᠡᠳᠬᠡᠬᠦ ᠲᠤᠭ᠎ᠠ᠂ ᠴᠠᠷᠤᠯᠳᠠ ᠶᠢᠨ ᠪᠠᠶᠢᠳᠠᠯ᠂ ᠠᠷᠠᠴᠢᠯᠠᠵᠦ ᠲᠡᠵᠢᠭᠡᠬᠦ ᠮᠡᠷᠬᠡᠵᠢᠯ ᠤᠨ ᠱᠠᠭᠠᠷᠳᠠᠯᠭ᠎ᠠ ᠪᠤᠯᠤᠨ | ᠬᠤᠯᠪᠤᠭᠳᠠᠯ ᠪᠦᠬᠦᠢ ᠵᠦᠪᠯᠡᠯᠭᠡ ᠦᠭᠬᠦ ᠦᠢᠯᠡᠴᠢᠯᠡᠭᠡ ᠵᠠᠷᠭᠡ ᠶᠢ ᠬᠠᠨᠭ᠍ᠭᠠᠬᠤ ᠶᠢᠨ ᠬᠠᠮᠳᠦ ᠠᠮᠢᠳᠠᠨ ᠤ ᠬᠢᠵᠢᠭ ᠢ ᠰᠡᠷᠭᠡᠶᠢᠯᠡᠨ | ᠬᠢᠨᠠᠬᠤ ᠪᠠᠶᠢᠭᠤᠯᠤᠮᠵᠢ ᠠᠴᠠ ᠭᠠᠷᠭᠠᠵᠦ ᠦᠭᠬᠦᠭᠰᠡᠨ ᠬᠢᠵᠢᠭ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠬᠡᠷᠡᠴᠢ ᠶᠢ | ᠲᠠᠭᠠᠯᠳᠤᠭᠤᠯᠤᠭᠰᠠᠨ ᠪᠠᠶᠢᠬᠤ ᠭᠡᠷᠡᠭᠳᠠᠢ᠃ | ᠦᠷ᠎ᠠ ᠶᠢᠨ ᠮᠠᠯ ᠵᠢᠬᠦᠷᠳᠡᠨ ᠪᠠ ᠲᠠᠸᠠᠷ ᠤᠨ ᠲᠦᠯ ᠮᠠᠯ᠂ ᠵᠢᠬᠦᠷᠳᠡᠨ ᠤ ᠴᠤᠷᠪᠠᠭ᠎ᠠ ᠶᠢ ᠪᠤᠷᠤᠯᠠᠭᠤᠯᠤᠭᠠᠳ᠂ ᠶᠠᠰᠦ | ᠴᠢᠨᠠᠷ ᠤᠨ ᠠᠰᠠᠭᠤᠳᠠᠯ ᠠᠴᠠ ᠪᠤᠯᠵᠦ ᠮᠠᠯ ᠵᠢᠬᠦᠷᠳᠡᠨ ᠢ ᠲᠡᠵᠢᠭᠡᠨ ᠦᠷᠡᠵᠢᠬᠦᠯᠦᠭᠴᠢᠳ ᠲᠤ ᠬᠤᠬᠢᠷᠠᠯ ᠤᠴᠠᠷᠠᠭᠤᠯᠤᠭᠰᠠᠨ | ᠪᠠᠶᠢᠪᠠᠯ᠂ ᠬᠠᠦᠯᠢ ᠶᠤᠰᠤᠭᠠᠷ ᠬᠤᠬᠢᠷᠠᠯ ᠢ ᠨᠢ ᠲᠦᠯᠦᠬᠦ ᠭᠡᠷᠡᠭᠳᠠᠢ᠃ | ᠭᠤᠴᠢᠨ ᠭᠤᠷᠪᠠᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ | ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠦᠷ᠎ᠠ ᠶᠢᠨ ᠮᠠᠯ | ᠵᠢᠬᠦᠷᠳᠡᠡ ᠤ ᠶᠠᠰᠦ ᠴᠢᠨᠠᠷ ᠤᠨ ᠠᠶᠤᠯᠬᠦᠢ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠦᠷ᠎ᠠ ᠶᠢᠨ ᠮᠠᠯ ᠵᠢᠬᠦᠷᠳᠡᠨ ᠤ | ᠶᠠᠰᠦ ᠴᠢᠨᠠᠷ ᠤᠨ ᠠᠶᠤᠯᠬᠦᠢ ᠶᠢᠨ ᠬᠢᠨᠠᠯᠳᠠ ᠪᠠᠶᠢᠴᠠᠭᠠᠯᠳᠠ ᠶᠢ ᠬᠠᠦᠯᠢ ᠪᠠᠷ ᠲᠤᠭᠳᠠᠭᠠᠭᠰᠠᠨ ᠬᠢᠷᠢ ᠬᠡᠮ ᠪᠦᠬᠦᠢ ᠦᠷ᠎ᠠ ᠶᠢᠨ | ᠮᠠᠯ ᠵᠢᠬᠦᠷᠳᠡᠨ ᠤ ᠶᠠᠰᠦ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠨᠠᠶᠢᠳᠠᠵᠦ ᠬᠢᠯᠭᠡᠬᠦ ᠭᠡᠷᠡᠭᠳᠠᠢ︔ ᠰᠢᠯᠭᠠᠨ | ᠪᠠᠶᠢᠴᠠᠭᠠᠬᠤ ᠳᠤ ᠭᠡᠷᠡᠭᠰᠡᠬᠦ ᠵᠠᠷᠤᠳᠠᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠯ ᠶᠤᠰᠤᠭᠠᠷ ᠭᠠᠷᠭᠠᠵᠦ᠂ | ᠰᠢᠯᠭᠠᠨ ᠪᠠᠶᠢᠴᠠᠭᠠᠯᠭᠠᠭᠴᠢ ᠠᠴᠠ ᠬᠤᠷᠢᠶᠠᠵᠦ ᠪᠤᠯᠬᠤ ᠦᠭᠡᠢ᠃ | ᠭᠤᠴᠢᠨ ᠲᠦᠷᠪᠡᠳᠦᠭᠡᠷ ᠵᠦᠢᠯ ᠬᠦᠷᠢ ᠶᠢᠨ ᠦᠷ᠎ᠠ ᠶᠢᠨ ᠡᠬᠢ ᠪᠠᠶᠠᠯᠢᠭ ᠢ ᠬᠠᠮᠠᠭᠠᠯᠠᠬᠤ᠂ ᠰᠢᠨ᠎ᠠ ᠡᠬᠦᠯᠳᠡᠷ ᠢ | ᠰᠤᠩᠭᠤᠨ ᠪᠤᠶᠢᠵᠢᠭᠤᠯᠬᠤ᠂ ᠦᠢᠯᠡᠳᠪᠦᠷᠢᠯᠡᠵᠦ ᠡᠵᠡᠩᠨᠡᠬᠦ ᠪᠠ ᠲᠡᠯᠭᠡᠷᠡᠬᠦᠯᠬᠦ ᠳᠤ ᠲᠤᠰ ᠬᠠᠦᠯᠢ ᠶᠢᠨ ᠬᠤᠯᠪᠤᠭᠳᠠᠯ ᠪᠦᠬᠦᠢ | ᠲᠤᠭᠳᠠᠭᠠᠯ ᠢ ᠭᠡᠷᠡᠭᠯᠡᠨ᠎ᠠ᠂ ᠪᠤᠳᠠᠳᠠᠢ ᠬᠠᠮᠢᠶᠠᠷᠤᠯᠳᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ | ᠲᠠᠷᠢᠶᠠᠯᠠᠩ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃ | ᠲᠦᠷᠪᠡᠳᠦᠭᠡᠷ ᠪᠦᠯᠦᠭ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ | ᠭᠤᠴᠢᠨ ᠲᠠᠪᠤᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ | ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠯᠠᠭ᠎ᠠ ᠮᠦᠴᠢᠷ ᠤᠳ ᠮᠠᠯ ᠠᠵᠦ ᠠᠬᠤᠢ ᠶᠢᠨ | ᠬᠦᠭᠵᠢᠯᠳᠠ ᠶᠢᠨ ᠲᠦᠯᠦᠪᠵᠢᠬᠦᠯᠭᠡ ᠪᠤᠯᠤᠨ ᠵᠠᠬ᠎ᠠ ᠲᠡᠯᠭᠡᠬᠦᠷ ᠤᠨ ᠭᠡᠷᠡᠭᠴᠡᠭᠡ ᠶᠢ ᠦᠨᠳᠦᠰᠦᠯᠡᠵᠦ᠂ ᠮᠠᠯ ᠠᠵᠦ ᠠᠬᠤᠢ ᠶᠢᠨ | ᠪᠦᠳᠦᠴᠠ ᠶᠢ ᠲᠤᠬᠢᠷᠠᠭᠤᠯᠬᠤ᠂ ᠲᠠᠪᠠᠭᠤᠯᠢᠭ ᠮᠠᠯ ᠵᠢᠬᠦᠷᠳᠡᠨ ᠤ ᠦᠢᠯᠡᠳᠪᠦᠷᠢᠯᠡᠯ ᠢ ᠬᠦᠭᠵᠢᠬᠦᠯᠬᠦ᠂ ᠮᠠᠯ ᠵᠢᠬᠦᠷᠳᠡᠨ ᠤ | ᠪᠦᠳᠦᠭᠡᠭᠳᠡᠬᠦᠨ ᠤ ᠵᠠᠬ᠎ᠠ ᠲᠡᠯᠭᠡᠬᠦᠷ ᠲᠠᠬᠢ ᠦᠷᠢᠰᠦᠯᠳᠦᠬᠦ ᠬᠦᠴᠦᠨ ᠢ ᠲᠡᠭᠡᠭᠰᠢᠯᠡᠬᠦᠯᠬᠦ ᠶᠢ ᠵᠢᠯᠤᠭᠤᠳᠤᠨ ᠲᠡᠮᠵᠢᠬᠦ ᠬᠡᠷᠡᠭᠳᠠᠢ᠃ | | ᠤᠯᠤᠰ ᠠᠴᠠ ᠲᠠᠯ᠎ᠠ ᠨᠤᠳᠤᠭ ᠤᠨ ᠮᠠᠯᠵᠢᠬᠤ ᠤᠷᠤᠨ ᠤ ᠨᠤᠳᠤᠭ ᠪᠡᠯᠴᠢᠭᠡᠷ ᠢ ᠬᠦᠷᠢᠶᠠᠯᠡᠨ ᠬᠠᠮᠠᠭᠠᠯᠠᠬᠤ᠂ ᠨᠤᠳᠤᠭ | ᠪᠡᠯᠴᠢᠭᠡᠷ ᠤᠨ ᠤᠰᠤᠨ ᠠᠰᠢᠭᠯᠠᠯᠳᠠ᠂ ᠨᠤᠳᠤᠭ ᠪᠡᠯᠴᠢᠭᠡᠷ ᠢ ᠰᠠᠶᠢᠵᠢᠷᠠᠭᠤᠯᠬᠤ᠂ ᠡᠪᠡᠰᠦ ᠪᠤᠷᠳᠤᠭᠠᠨ ᠤ ᠰᠠᠭᠤᠷᠢᠨ ᠵᠠᠷᠭᠡ | ᠨᠤᠳᠤᠭ ᠪᠡᠯᠴᠢᠭᠡᠷ ᠤᠨ ᠦᠨᠳᠤᠰᠦᠨ ᠪᠦᠳᠦᠭᠡᠨ ᠪᠠᠶᠢᠭᠤᠯᠤᠯᠳᠠ ᠬᠢᠬᠦ ᠶᠢ ᠳᠡᠮᠵᠢᠵᠦ᠂ ᠮᠠᠯ ᠰᠦᠷᠦᠭ ᠤᠨ ᠪᠦᠳᠦᠴᠠ ᠶᠢ | ᠰᠢᠯᠢᠳᠡᠭᠵᠢᠬᠦᠯᠦᠨ᠂ ᠮᠠᠯ ᠤᠨ ᠡᠬᠦᠯᠳᠡᠷ ᠢ ᠰᠠᠶᠢᠵᠢᠷᠠᠭᠤᠯᠵᠦ᠂ ᠦᠢᠯᠡᠳᠪᠦᠷᠢᠯᠡᠯ ᠤᠨ ᠠᠷᠭ᠎ᠠ ᠬᠡᠯᠪᠡᠷᠢ ᠪᠠᠨ ᠬᠤᠪᠢᠷᠠᠭᠤᠯᠵᠦ᠂ | ᠬᠠᠰᠢᠶᠠᠯᠠᠨ ᠲᠡᠵᠢᠭᠡᠵᠦ ᠠᠷᠠᠴᠢᠯᠠᠬᠤ᠂ ᠪᠡᠯᠴᠢᠭᠡᠷ ᠬᠤᠪᠢᠶᠠᠨ ᠡᠬᠡᠯᠵᠢᠯᠡᠨ ᠮᠠᠯᠵᠢᠬᠤ ᠶᠢ ᠬᠦᠭᠵᠢᠬᠦᠯᠵᠦ᠂ ᠮᠠᠯ ᠪᠤᠯᠤᠨ | ᠪᠡᠯᠴᠢᠬᠡᠷ ᠤᠨ ᠲᠡᠩᠴᠡᠬᠦᠷᠢ ᠶᠢ ᠠᠯᠬᠤᠮ ᠠᠯᠬᠤᠮ ᠢᠶᠠᠷ ᠪᠡᠶᠡᠯᠡᠬᠦᠯᠵᠦ᠂ ᠨᠤᠳᠤᠭ ᠪᠡᠯᠴᠢᠭᠡᠷ ᠤᠨ ᠠᠮᠢ ᠠᠬᠤᠢ ᠶᠢᠨ ᠤᠷᠴᠢᠨ | ᠨᠦᠬᠦᠴᠡᠯ ᠢ ᠦᠭᠡᠷᠡᠴᠢᠯᠡᠨ ᠰᠠᠶᠢᠵᠢᠷᠠᠭᠤᠯᠤᠨ᠎ᠠ᠃ | ᠭᠤᠴᠢᠨ ᠵᠢᠷᠭᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠠ ᠪᠠ ᠮᠤᠵᠢ ᠶᠢᠨ ᠱᠠᠳᠤᠨ ᠤ ᠠᠷᠠᠳ ᠤᠨ | ᠵᠠᠰᠠᠭ ᠤᠨ ᠤᠷᠳᠤᠨ ᠨᠤᠭᠤᠳ ᠮᠠᠯ ᠠᠵᠦ ᠠᠬᠤᠢ ᠶᠢᠨ ᠬᠦᠭᠵᠢᠯᠳᠠ ᠶᠢ ᠲᠡᠮᠵᠢᠬᠦ ᠰᠠᠶᠢᠨ ᠡᠬᠦᠯᠳᠡᠷ ᠤᠨ ᠨᠦᠬᠦᠪᠤᠷᠢ᠂ ᠲᠠᠮ | ᠬᠦᠦ ᠲᠠᠢ ᠨᠦᠬᠦᠪᠤᠷᠢ ᠵᠡᠷᠭᠡ ᠪᠡᠯᠨ ᠮᠦᠡᠭᠭᠦ ᠶᠢ ᠡᠳ᠋ ᠤᠨ ᠵᠠᠰᠠᠭ ᠤᠨ ᠲᠦᠰᠦᠪ ᠲᠡᠭᠡᠨ ᠲᠤᠬᠢᠷᠠᠭᠤᠯᠬᠤ ᠶᠢᠨ ᠬᠠᠮᠳᠦ᠂ | ᠬᠤᠯᠪᠤᠭᠳᠠᠯ ᠪᠦᠬᠦᠢ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠶᠢᠨ ᠵᠢᠬᠡᠯᠡᠯᠭᠡ ᠤᠯᠭᠤᠬᠤ᠂ ᠲᠠᠭᠠᠳᠬᠠᠯ ᠤᠨ ᠦᠢᠯᠡᠴᠢᠯᠡᠭᠡ | ᠬᠠᠨᠭ᠍ᠭᠠᠬᠤ ᠵᠡᠷᠭᠡ ᠬᠡᠯᠪᠡᠷᠢ ᠪᠠᠷ ᠲᠠᠮᠵᠢᠭᠤᠯᠤᠨ᠂ ᠮᠠᠯ ᠵᠢᠬᠦᠷᠳᠡᠨ ᠲᠡᠵᠢᠭᠡᠨ ᠦᠷᠡᠵᠢᠬᠦᠯᠦᠭᠴᠢᠳ ᠤᠨ ᠰᠢᠯᠢᠳᠡᠭ ᠰᠠᠶᠢᠨ ᠮᠠᠯ | ᠵᠢᠬᠦᠷᠳᠡᠨ ᠢ ᠬᠤᠳᠠᠯᠳᠤᠨ ᠠᠪᠬᠤ᠂ ᠰᠠᠶᠢᠨ ᠡᠬᠦᠯᠳᠡᠷ ᠢ ᠦᠷᠡᠵᠢᠬᠦᠯᠦᠨ ᠪᠤᠶᠢᠵᠢᠭᠤᠯᠬᠤ᠂ ᠦᠢᠯᠡᠳᠪᠤᠷᠢᠯᠡᠯ ᠤᠨ | ᠲᠦᠬᠦᠬᠡᠷᠤᠮᠵᠢ ᠪᠠᠨ ᠦᠭᠡᠷᠡᠴᠢᠯᠡᠨ ᠰᠠᠶᠢᠵᠢᠷᠠᠭᠤᠯᠬᠤ᠂ ᠲᠡᠵᠢᠬᠡᠵᠦ ᠦᠷᠡᠵᠢᠬᠦᠯᠬᠦ ᠭᠡᠪᠴᠢᠶ᠎ᠠ ᠪᠠᠨ ᠦᠷᠭᠡᠳᠭᠡᠬᠦ ᠶᠢ ᠲᠡᠮᠵᠢᠵᠦ᠂ | ᠲᠡᠵᠢᠭᠡᠵᠦ ᠦᠷᠡᠵᠢᠬᠦᠯᠬᠦ ᠦᠷ᠎ᠠ ᠠᠰᠢᠭ ᠢᠶᠠᠨ ᠲᠡᠭᠡᠭᠰᠢᠯᠡᠬᠦᠯᠬᠦ ᠶᠢ ᠵᠤᠷᠢᠬᠵᠢᠭᠤᠯᠤᠨ᠎ᠠ᠃ | ᠭᠤᠴᠢᠨ ᠲᠤᠯᠤᠳᠤᠭᠠᠷ ᠵᠦᠢᠯ ᠤᠯᠤᠰ ᠠᠴᠠ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ | ᠪᠠᠶᠢᠭᠤᠯᠤᠯᠳᠠ᠂ ᠲᠠᠷᠢᠶᠠᠴᠢᠨ ᠪᠠ ᠮᠠᠯ ᠠᠵᠦ ᠠᠬᠤᠢ ᠶᠢᠨ ᠬᠤᠷᠰᠢᠭᠰᠠᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ | ᠮᠠᠯ ᠵᠢᠬᠦᠷᠳᠡᠡ ᠲᠡᠵᠢᠭᠡᠨ ᠦᠷᠡᠵᠢᠬᠦᠯᠬᠦ ᠲᠠᠯᠠᠪᠠᠢ᠂ ᠲᠠᠵᠢᠭᠡᠨ ᠦᠷᠡᠵᠢᠬᠦᠯᠬᠦ ᠪᠠᠭ᠎ᠠ ᠲᠤᠭᠤᠷᠢᠭ ᠪᠠᠶᠢᠭᠤᠯᠬᠤ ᠶᠢ ᠲᠡᠮᠵᠢᠵᠦ᠂ | ᠭᠡᠪᠴᠢᠶᠠᠵᠢᠭ᠍ᠰᠡᠨ᠂ ᠪᠠᠷᠢᠮᠵᠢᠶᠠᠵᠢᠭᠰᠠᠨ ᠲᠡᠵᠢᠬᠡᠨ ᠦᠷᠡᠵᠢᠬᠦᠯᠬᠦ ᠦᠢᠯᠡᠰ ᠢ ᠬᠦᠭᠵᠢᠬᠦᠯᠤᠨ᠎ᠠ᠃ ᠰᠤᠮᠤ ︵ᠪᠠᠯᠭᠠᠰᠤ︶ ᠶᠢᠨ | ᠭᠠᠵᠠᠷ ᠰᠢᠷᠤᠢ ᠶᠢ ᠠᠰᠢᠬᠯᠠᠬᠤ ᠶᠡᠷᠦᠩᠭᠡᠢ ᠲᠦᠯᠦᠪᠵᠢᠬᠦᠯᠬᠡ ᠬᠢᠬᠦ ᠳᠡᠭᠡᠨ ᠲᠤᠬᠠᠢ ᠶᠢᠨ ᠭᠠᠵᠠᠷ ᠤᠨ ᠢᠶᠠᠨ ᠪᠤᠳᠠᠳᠦ | ᠪᠠᠶᠢᠳᠠᠯ ᠢᠶᠠᠨ ᠦᠨᠳᠦᠰᠦᠯᠡᠵᠦ᠂ ᠮᠠᠯ ᠵᠢᠬᠦᠷᠳᠡᠨ ᠢ ᠲᠡᠵᠢᠬᠡᠵᠦ ᠦᠷᠡᠵᠢᠬᠦᠯᠬᠦ ᠳᠤ ᠭᠡᠷᠡᠭᠯᠡᠬᠦ ᠭᠠᠵᠠᠷ ᠢ ᠲᠤᠬᠢᠷᠠᠭᠤᠯᠬᠤ | ᠭᠡᠷᠡᠭᠳᠠᠢ᠃ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ᠂ ᠲᠠᠷᠢᠶᠠᠴᠢᠨ᠂ ᠮᠠᠯ ᠠᠵᠦ | ᠠᠬᠤᠢ ᠶᠢᠨ ᠬᠤᠷᠰᠢᠬᠰᠠᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠰᠤᠮᠤ ︵ᠪᠠᠯᠭᠠᠰᠦ︶ ᠶᠢᠨ ᠭᠠᠵᠠᠷ ᠰᠢᠷᠤᠢ ᠶᠢ | ᠠᠰᠢᠬᠯᠠᠬᠤ ᠶᠡᠷᠦᠩᠭᠡᠢ ᠲᠦᠯᠦᠪᠵᠢᠬᠦᠯᠭᠡ ᠶᠢᠨ ᠶᠤᠰᠤᠭᠠᠷ ᠪᠠᠶᠢᠭᠤᠯᠤᠬᠰᠠᠨ ᠮᠠᠯ ᠵᠢᠬᠦᠷᠳᠡᠨ ᠢ ᠲᠡᠵᠢᠭᠡᠵᠦ ᠦᠷᠡᠵᠢᠬᠦᠯᠬᠦ | ᠲᠠᠯᠠᠪᠡᠢ᠂ ᠲᠠᠵᠢᠬᠡᠨ ᠦᠷᠡᠵᠢᠬᠦᠯᠬᠦ ᠪᠠᠭ᠎ᠠ ᠲᠤᠭᠤᠷᠢᠭ ᠤᠨ ᠭᠡᠷᠡᠭᠯᠡᠬᠦ ᠭᠠᠵᠠᠷ ᠢ ᠲᠠᠷᠢᠶᠠᠯᠠᠩ ᠳᠤ ᠭᠡᠷᠡᠭᠯᠡᠬᠦ ᠭᠠᠵᠠᠷ ᠤᠨ | ᠶᠤᠰᠤᠭᠠᠷ ᠬᠠᠮᠢᠶᠠᠷᠤᠨ᠎ᠠ᠃ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ | ᠲᠤᠭᠤᠷᠢᠭ ᠲᠤ ᠭᠡᠷᠡᠭᠯᠡᠬᠦ ᠭᠠᠵᠠᠷ ᠤᠨ ᠭᠡᠷᠡᠭᠯᠡᠬᠦ ᠡᠷᠭᠡ ᠶᠢᠨ ᠬᠤᠭᠤᠴᠠᠭ᠎ᠠ ᠨᠢ ᠲᠦᠬᠦᠷᠴᠦ᠂ ᠤᠤᠯ ᠤᠨ ᠬᠡᠷᠡᠭᠴᠡᠭᠡ ᠶᠢ ᠨᠢ | ᠰᠡᠷᠬᠦᠭᠡᠬᠦ ᠴᠢᠬᠤᠯᠨ ᠲᠠᠢ ᠪᠤᠯ᠂ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ | ᠲᠤᠭᠤᠷᠢᠭ ᠤᠨ ᠭᠠᠵᠠᠷ ᠬᠡᠷᠡᠭᠯᠡᠬᠦ ᠡᠷᠭᠡᠳᠦ ᠬᠦᠮᠦᠨ ᠬᠠᠷᠢᠭᠤᠴᠠᠵᠦ ᠲᠡᠬᠦᠨ ᠢ ᠰᠡᠷᠬᠦᠭᠡᠨ᠎ᠠ᠃ ᠮᠠᠯ ᠵᠢᠬᠦᠷᠳᠡᠨ ᠢ ᠲᠡᠵᠢᠭᠡᠨ | ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ ᠤᠨ ᠭᠡᠷᠡᠭᠯᠡᠬᠦ ᠭᠠᠵᠠᠷ ᠤᠨ ᠭᠡᠪᠴᠢᠶᠡᠨ ᠲᠤᠳᠤᠷ᠎ᠠ | ᠡᠬᠦᠷᠢᠳᠠ ᠶᠢᠨ ᠴᠢᠨᠠᠷᠳᠠᠢ ᠪᠠᠷᠢᠯᠭ᠎ᠠ ︵ᠪᠠᠷᠢᠯᠭ᠎ᠠ ᠶᠢᠨ ᠵᠦᠢᠯ︶ ᠪᠠᠶᠢᠭᠤᠯᠬᠤ ᠴᠢᠬᠤᠯᠨ ᠲᠠᠢ ᠪᠠᠶᠢᠵᠦ ᠲᠡᠷᠢᠶᠠᠯᠠᠩ ᠳᠤ | ᠭᠡᠷᠡᠭᠯᠡᠬᠦ ᠭᠠᠵᠠᠷ ᠢ ᠰᠢᠯᠵᠢᠬᠦᠯᠦᠨ ᠭᠡᠷᠡᠭᠯᠡᠬᠦ ᠲᠠᠢ ᠬᠤᠯᠪᠤᠭᠳᠠᠬᠤ ᠳᠤ ᠬᠦᠷᠪᠡᠯ᠂ ︽ᠪᠦᠬᠦᠳᠡ ᠨᠠᠶᠢᠷᠠᠮᠳᠠᠬᠤ ᠲᠤᠮᠳᠠᠳᠦ | ᠠᠷᠠᠳ ᠤᠯᠤᠰ ᠤᠨ ᠭᠠᠵᠠᠷ ᠰᠢᠷᠤᠢ ᠶᠢᠨ ᠬᠠᠮᠢᠶᠠᠷᠤᠯᠳᠠ ᠶᠢᠨ ᠬᠠᠦᠯᠢ︾ ᠶᠢᠨ ᠲᠤᠭᠳᠠᠭᠠᠯ ᠶᠤᠰᠤᠭᠠᠷ ᠰᠢᠢᠳᠪᠦᠷᠢᠯᠡᠨ᠎ᠠ᠃ | ᠭᠤᠴᠢᠨ ᠨᠠᠢᠮᠠᠳᠤᠭᠠᠷ ᠵᠦᠢᠯ ᠤᠯᠤᠰ ᠠᠴᠠ ᠪᠠᠶᠢᠭᠤᠯᠤᠭᠰᠠᠨ ᠮᠠᠯ ᠠᠵᠦ ᠠᠬᠤᠢ ᠮᠠᠯ ᠡᠮᠨᠡᠯᠭᠡ ᠶᠢᠨ ᠮᠡᠷᠭᠡᠵᠢᠯ | ᠲᠡᠯᠭᠡᠷᠡᠬᠦᠯᠬᠦ ᠪᠠᠶᠢᠭᠤᠯᠤᠮᠵᠢ ᠨᠤᠭᠤᠳ ᠲᠠᠷᠢᠶᠠᠴᠢᠳ ᠲᠤ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠮᠡᠷᠭᠡᠵᠢᠯ ᠤᠨ | ᠪᠤᠯᠪᠠᠰᠤᠷᠠᠯ᠂ ᠰᠠᠶᠢᠨ ᠡᠬᠦᠯᠳᠡᠷ ᠲᠡᠯᠭᠡᠷᠡᠬᠦᠯᠬᠦ᠂ ᠭᠡᠮ ᠬᠢᠵᠢᠭ ᠰᠡᠷᠬᠡᠶᠢᠯᠡᠨ ᠵᠠᠰᠠᠬᠤ ᠵᠡᠷᠭᠡ ᠦᠢᠯᠡᠴᠢᠯᠡᠭᠡ ᠶᠢ ᠬᠠᠨᠭ᠍ᠭᠠᠵᠦ | ᠦᠭᠬᠦ ᠭᠡᠷᠡᠭᠳᠠᠢ᠃ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠤᠭᠤᠳ ᠤᠯᠤᠰ ᠠᠴᠠ | ᠪᠠᠶᠢᠭᠤᠯᠤᠭᠰᠠᠨ ᠮᠠᠯ ᠠᠵᠦ ᠠᠬᠤᠢ ᠮᠠᠯ ᠡᠮᠨᠡᠯᠭᠡ ᠶᠢᠨ ᠮᠡᠷᠭᠡᠵᠢᠯ ᠲᠡᠯᠭᠡᠷᠡᠬᠦᠯᠬᠦ ᠪᠠᠶᠢᠭᠤᠯᠤᠮᠵᠢ ᠶᠢᠨ ᠨᠡᠶᠢᠳᠡ ᠶᠢᠨ | ᠠᠰᠠᠷᠠᠮᠵᠢ ᠶᠢᠨ ᠴᠢᠨᠠᠷᠳᠠᠢ ᠮᠠᠷᠭᠡᠵᠢᠯ ᠤᠨ ᠦᠢᠯᠡᠴᠢᠯᠡᠭᠡ ᠬᠢᠬᠦ ᠳᠤ ᠬᠡᠷᠡᠭᠰᠡᠬᠦ ᠠᠵᠢᠯ ᠤᠨ ᠵᠠᠷᠤᠳᠠᠯ ᠢ ᠪᠠᠳᠤᠯᠠᠬᠤ ᠭᠡᠷᠡᠭᠳᠠᠢ᠃ | | ᠤᠯᠤᠰ ᠠᠴᠠ ᠮᠠᠯ ᠵᠢᠬᠦᠷᠳᠡᠨ ᠤ ᠪᠦᠳᠦᠭᠡᠭᠳᠡᠬᠦᠨ ᠢ ᠡᠳ᠋ᠰᠢᠬᠦᠯᠬᠦ ᠠᠵᠦ ᠠᠬᠤᠢᠢᠯᠠᠯ ᠪᠤᠯᠤᠨ ᠪᠤᠰᠤᠳ ᠬᠤᠯᠪᠤᠭᠳᠠᠯ | ᠪᠦᠬᠦᠢ ᠦᠢᠯᠡᠳᠪᠦᠷᠢᠯᠡᠭᠴᠢ ᠡᠵᠡᠩᠨᠡᠭᠴᠢᠳ ᠤᠨ ᠮᠠᠯ ᠵᠢᠬᠦᠷᠳᠡᠨ ᠢ ᠲᠡᠵᠢᠭᠡᠨ ᠦᠷᠡᠵᠢᠬᠦᠯᠦᠭᠴᠢᠳ ᠲᠤ ᠭᠡᠷᠡᠭᠰᠡᠬᠦ | ᠦᠢᠯᠡᠴᠢᠯᠡᠭᠡ ᠬᠠᠨᠭ᠍ᠭᠠᠬᠤ ᠶᠢ ᠵᠤᠷᠢᠬᠵᠢᠭᠤᠯᠤᠨ᠎ᠠ᠃ | ᠭᠤᠴᠢ ᠶᠢᠰᠦᠳᠦᠭᠡᠷ ᠵᠦᠢᠯ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ | ᠲᠤᠭᠤᠷᠢᠭ ᠨᠢ ᠲᠤᠤᠷ᠎ᠠ ᠵᠢᠬᠰᠠᠭᠠᠭᠰᠠᠨ ᠨᠦᠬᠦᠴᠡᠯ ᠤᠳ ᠢ ᠪᠦᠷᠢᠯᠳᠦᠬᠦᠯᠦᠭᠰᠡᠨ ᠪᠠᠶᠢᠬᠤ ᠭᠡᠷᠡᠭᠳᠠᠢ᠄ | ︵ᠨᠢᠭᠡ︶ ᠠᠷᠠᠴᠢᠯᠠᠨ ᠲᠠᠵᠢᠭᠡᠬᠦ ᠭᠡᠪᠴᠢᠶ᠎ᠠ ᠲᠠᠢ ᠪᠠᠨ ᠲᠤᠬᠢᠷᠠᠭᠰᠠᠨ ᠦᠢᠯᠡᠳᠪᠦᠷᠢᠯᠡᠯ ᠤᠨ ᠳᠠᠯᠠᠪᠤᠷ ᠭᠠᠵᠠᠷ ᠪᠠ ᠢᠵᠢ | ᠪᠦᠷᠢᠳᠦᠭᠰᠡᠨ ᠦᠢᠯᠡᠳᠪᠦᠷᠢᠯᠡᠯ ᠤᠨ ᠲᠦᠬᠦᠭᠡᠷᠤᠮᠵᠢ ᠲᠠᠢ ᠪᠠᠶᠢᠬᠤ︔ | ︵ᠬᠤᠶᠠᠷ︶ ᠲᠡᠵᠢᠬᠡᠵᠦ ᠦᠷᠡᠵᠢᠬᠦᠯᠬᠦ ᠳᠤᠨᠢ ᠦᠢᠯᠡᠴᠢᠯᠡᠬᠦ ᠮᠠᠯ ᠠᠵᠦ ᠠᠬᠤᠢ ᠮᠠᠯ ᠡᠮᠨᠡᠯᠭᠡ ᠶᠢᠨ ᠮᠡᠷᠭᠡᠵᠢᠯᠳᠡᠨ ᠲᠠᠢ | ᠪᠠᠶᠢᠬᠤ︔ | ︵ᠭᠤᠷᠪᠠ︶ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠤᠭᠳᠠᠭᠠᠯ ᠪᠤᠯᠤᠨ ᠲᠦᠷᠦ ᠶᠢᠨ ᠶᠠᠪᠤᠳᠠᠯ ᠤᠨ | ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ | ᠲᠤᠭᠳᠠᠭᠠᠭᠰᠠᠨ ᠬᠢᠵᠢᠭ ᠢ ᠰᠡᠷᠭᠡᠶᠢᠯᠡᠬᠦ ᠨᠦᠬᠦᠴᠡᠯ ᠢ ᠪᠦᠷᠢᠯᠳᠦᠬᠦᠯᠦᠭᠰᠡᠨ ᠪᠠᠶᠢᠬᠤ︔ | ︵ᠲᠦᠷᠪᠠ︶ ᠮᠠᠯ ᠵᠢᠬᠦᠷᠳᠡᠨ ᠤ ᠪᠠᠭᠠᠰᠦ ᠰᠢᠬᠡᠰᠦ᠂ ᠬᠠᠶᠠᠭᠳᠠᠮᠠᠯ ᠤᠰᠦ ᠪᠠ ᠪᠤᠰᠤᠳ ᠬᠠᠳᠠᠭᠤ ᠪᠡᠶᠡᠳᠦ ᠬᠠᠶᠠᠭᠳᠠᠮᠠᠯ | ᠪᠤᠳᠠᠰ ᠢ ᠶᠡᠷᠦᠩᠭᠡᠶᠢᠯᠡᠨ ᠠᠰᠢᠬᠯᠠᠬᠤ ᠨᠠᠮᠤᠭ ᠤᠨ ᠬᠡᠢ ᠶᠢᠨ ᠲᠠᠳᠠᠭᠠᠯ ᠵᠡᠷᠭᠡ ᠲᠦᠬᠦᠭᠡᠷᠤᠮᠵᠢ ᠪᠤᠶᠤ ᠪᠤᠰᠤᠳ ᠬᠤᠤᠷ | ᠦᠭᠡᠶᠢᠵᠢᠬᠦᠯᠤᠨ ᠰᠢᠢᠳᠪᠦᠷᠢᠯᠡᠬᠦ ᠲᠦᠬᠦᠭᠡᠷᠤᠮᠵᠢ ᠲᠠᠢ ᠪᠠᠶᠢᠬᠤ︔ | ︵ᠲᠠᠪᠤ︶ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠤᠬᠳᠠᠭᠠᠯ ᠳᠤ ᠲᠤᠭᠳᠠᠭᠠᠭᠰᠠᠨ ᠪᠤᠰᠤᠳ | ᠨᠦᠬᠦᠴᠡᠯ ᠤᠳ ᠢ ᠪᠦᠷᠢᠯᠳᠦᠬᠦᠯᠦᠭᠰᠡᠨ ᠪᠠᠶᠢᠬᠤ᠃ | ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ ᠢ ᠪᠠᠶᠢᠭᠤᠯᠤᠭᠴᠢ ᠲᠡᠵᠢᠭᠡᠨ | ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ ᠤᠨ ᠨᠡᠷᠡᠶᠢᠳᠤᠯ᠂ ᠲᠡᠵᠢᠭᠡᠨ ᠦᠷᠡᠵᠢᠬᠦᠯᠬᠦ ᠭᠠᠵᠠᠷ ᠤᠨ | ᠬᠠᠶ᠋ᠢᠭ᠂ ᠮᠠᠯ ᠵᠢᠬᠦᠷᠳᠡᠨ ᠤ ᠡᠬᠦᠯᠳᠡᠷ ᠪᠤᠯᠤᠨ ᠲᠡᠵᠢᠭᠡᠨ ᠦᠷᠡᠵᠢᠬᠦᠯᠬᠦ ᠭᠡᠪᠴᠢᠶ᠎ᠠ ᠶᠢ ᠲᠡᠵᠢᠭᠡᠨ ᠦᠷᠡᠵᠢᠬᠦᠯᠬᠦ ᠲᠠᠯᠠᠪᠠᠢ᠂ | ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ ᠤᠨ ᠪᠠᠶᠢᠭ᠎ᠠ ᠭᠠᠵᠠᠷ ᠤᠨ ᠰᠢᠶᠠᠨ ᠤ ᠱᠠᠳᠤᠨ ᠤ ᠠᠷᠠᠳ ᠤᠨ ᠵᠠᠰᠠᠭ ᠤᠨ | ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ | ᠮᠡᠳᠡᠬᠦᠯᠦᠨ ᠲᠠᠩᠰᠠᠯᠠᠭᠤᠯᠵᠦ᠂ ᠮᠠᠯ ᠵᠢᠬᠦᠷᠳᠡᠨ ᠢ ᠢᠯᠭᠠᠬᠤ ᠲᠡᠮᠳᠡᠭ ᠤᠨ ᠲᠦᠯᠦᠭᠡᠨ ᠤ ᠨᠤᠮᠧᠷ ᠢ ᠤᠯᠬᠤ ᠭᠡᠷᠡᠭᠳᠠᠢ᠃ | ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠲᠤᠰ ᠵᠠᠰᠠᠭ ᠵᠠᠬᠢᠷᠭᠠᠨ ᠤ ᠤᠷᠤᠨ ᠤ ᠪᠠᠨ ᠮᠠᠯ | ᠠᠵᠦ ᠠᠬᠤᠢ ᠶᠢᠨ ᠬᠦᠭᠵᠢᠯᠳᠠ ᠶᠢᠨ ᠪᠠᠶᠢᠳᠠᠯ ᠢ ᠦᠨᠳᠦᠰᠦᠯᠡᠵᠦ᠂ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ | ᠲᠡᠵᠢᠭᠡᠨ ᠦᠷᠡᠵᠢᠬᠦᠯᠬᠦ ᠪᠠᠭ᠎ᠠ ᠳᠤᠭᠤᠷᠢᠭ ᠤᠨ ᠬᠡᠪᠴᠢᠶᠠᠨ ᠤ ᠪᠠᠷᠢᠮᠵᠢᠶ᠎ᠠ ᠪᠠ ᠲᠠᠩᠰᠠᠯᠠᠭᠤᠯᠬᠤ ᠵᠢᠷᠤᠮ ᠢ ᠲᠤᠭᠳᠠᠭᠠᠨ᠎ᠠ᠃ | ᠲᠦᠴᠢᠳᠦᠭᠡᠷ ᠵᠦᠢᠯ ᠲᠤᠤᠷ᠎ᠠ ᠵᠢᠭᠰᠠᠭᠠᠬᠰᠠᠨ ᠤᠷᠤᠨ ᠤ ᠲᠤᠳᠤᠷ᠎ᠠ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ | ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ ᠪᠠᠶᠢᠭᠤᠯᠬᠤ ᠶᠢ ᠴᠠᠭᠠᠵᠠᠯᠠᠨ᠎ᠠ᠄ | ︵ᠨᠢᠭᠡ︶ ᠠᠮᠢᠳᠤᠷᠠᠯ ᠤᠨ ᠤᠤᠭᠤᠬᠤ ᠤᠰᠦ ᠶᠢᠨ ᠤᠰᠤᠨ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ᠂ ᠨᠡᠷᠡᠳᠦ | ᠦᠵᠡᠮᠵᠢᠳᠦ ᠤᠷᠤᠨ ᠵᠢᠴᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠭᠤᠤᠯ ᠤᠷᠤᠨ ᠪᠤᠯᠤᠨ ᠵᠠᠪᠰᠠᠷ ᠤᠨ ᠤᠷᠤᠨ︔ | ︵ᠬᠤᠶᠠᠷ︶ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠲᠤᠭᠤᠷᠢᠭ᠂ ᠰᠤᠶᠤᠯ ᠰᠤᠷᠭᠠᠨ ᠬᠦᠮᠦᠵᠢᠯ ᠰᠢᠨᠵᠢᠯᠡᠬᠦ | ᠤᠬᠠᠭᠠᠨ ᠤ ᠰᠤᠳᠤᠯᠭᠠᠨ ᠤ ᠤᠷᠤᠨ ᠵᠡᠷᠭᠡ ᠬᠦᠮᠦᠨ ᠠᠮᠠ ᠲᠦᠪᠯᠡᠷᠡᠭᠰᠡᠨ ᠤᠷᠤᠨ︔ | ︵ᠭᠤᠷᠪᠠ︶ ᠬᠠᠦᠯᠢ ᠴᠠᠭᠠᠵᠠ᠂ ᠬᠠᠦᠯᠢ ᠳᠤᠭᠳᠠᠭᠠᠯ ᠳᠤ ᠲᠤᠭᠳᠠᠭᠠᠭᠰᠠᠨ ᠲᠡᠵᠢᠬᠡᠬᠦ ᠶᠢ ᠴᠠᠭᠠᠵᠠᠯᠠᠬᠤ ᠪᠤᠰᠤᠳ | ᠤᠷᠤᠨ᠃ | ᠲᠦᠴᠢᠨ ᠨᠢᠭᠡᠳᠦᠭᠡᠷ ᠵᠦᠢᠯ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠡᠢ ᠨᠢ ᠲᠡᠵᠢᠭᠡᠨ ᠦᠷᠡᠵᠢᠬᠦᠯᠬᠦ | ᠲᠠᠩᠰᠠ ᠡᠪᠭᠡᠮᠡᠯ ᠪᠠᠶᠢᠭᠤᠯᠵᠦ᠂ ᠲᠤᠤᠷᠠᠬᠢ ᠠᠭᠤᠯᠭ᠎ᠠ ᠨᠤᠭᠤᠳ ᠢ ᠲᠤᠳᠤᠷᠬᠠᠢ ᠲᠡᠮᠳᠡᠭᠯᠡᠭᠰᠡᠨ ᠪᠠᠶᠢᠬᠤ ᠭᠡᠷᠡᠭᠳᠠᠢ᠄ | ︵ᠨᠢᠭᠡ︶ ᠮᠠᠯ ᠵᠢᠬᠦᠷᠳᠡᠨ ᠤ ᠡᠬᠦᠯᠳᠡᠷ᠂ ᠲᠤᠭ᠎ᠠ ᠲᠤᠯᠤᠭᠠᠢ᠂ ᠦᠷᠡᠵᠢᠯᠳᠠ ᠶᠢᠨ ᠲᠡᠮᠳᠡᠭᠯᠡᠯ᠂ ᠢᠯᠭᠠᠬᠤ ᠲᠡᠮᠳᠡᠭ ᠤᠨ | ᠪᠠᠶᠢᠳᠠᠯ᠂ ᠢᠷᠡᠯᠳᠡ ᠪᠤᠯᠤᠨ ᠲᠠᠯᠠᠪᠠᠢ ᠳᠤ ᠤᠷᠤᠭᠤᠯᠵᠦ ᠲᠠᠯᠠᠪᠡᠢ ᠠᠴᠠ ᠭᠠᠷᠭᠠᠭᠰᠠᠨ ᠡᠳᠦᠷ ᠬᠤᠭᠤᠴᠠᠭ᠎ᠠ︔ | ︵ᠬᠤᠶᠠᠷ︶ ᠲᠡᠵᠢᠭᠡᠯ ᠪᠤᠷᠳᠤᠭ᠎ᠠ᠂ ᠪᠤᠷᠳᠤᠭ᠎ᠠ ᠶᠢᠨ ᠨᠡᠮᠡᠯᠳᠠ ᠡᠳ᠋᠂ ᠮᠠᠯ ᠤᠨ ᠡᠮ ᠵᠡᠷᠭᠡ ᠤᠷᠤᠭᠤᠯᠤᠯᠳᠠ ᠶᠢᠨ | ᠡᠳ᠋ ᠤᠨ ᠢᠷᠡᠯᠳᠠ᠂ ᠨᠡᠷᠡᠶᠢᠳᠤᠯ᠂ ᠬᠡᠷᠡᠭᠯᠡᠬᠦ ᠡᠳᠡᠭᠡᠳ᠂ ᠭᠡᠷᠡᠭᠯᠡᠬᠦ ᠴᠠᠭ ᠪᠤᠯᠤᠨ ᠬᠡᠷᠡᠭᠯᠡᠬᠦ ᠭᠡᠮᠵᠢᠶ᠎ᠠ︔ | ︵ᠭᠤᠷᠪᠠ︶ ᠬᠢᠵᠢᠭ ᠪᠠᠶᠢᠴᠠᠭᠠᠭᠰᠠᠨ᠂ ᠴᠠᠷᠤᠯᠳᠠ ᠬᠢᠭᠰᠡᠨ᠂ ᠠᠷᠢᠭᠤᠳᠬᠠᠬᠰᠠᠨ ᠪᠠᠶᠢᠳᠠᠯ︔ | ︵ᠲᠦᠷᠪᠡ︶ ᠮᠠᠯ ᠵᠢᠬᠦᠷᠳᠡᠨ ᠤ ᠡᠪᠡᠳᠴᠢᠨ ᠤᠯᠤᠭᠰᠠᠨ᠂ ᠦᠬᠦᠭᠰᠡᠨ ᠪᠠ ᠬᠤᠤᠷ ᠦᠭᠡᠶᠢᠵᠢᠬᠦᠯᠦᠨ | ᠰᠢᠢᠳᠪᠦᠷᠢᠯᠡᠭᠰᠡᠨ ᠪᠠᠶᠢᠳᠠᠯ︔ | ︵ᠲᠠᠪᠤ︶ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠪᠤᠰᠤᠳ ᠠᠭᠤᠯᠭ᠎ᠠ ᠨᠤᠭᠤᠳ᠃ | ᠲᠦᠴᠢᠨ ᠬᠤᠶᠠᠳᠤᠭᠠᠷ ᠵᠦᠢᠯ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠡᠢ ᠨᠤᠭᠤᠳ ᠠᠷᠠᠴᠢᠯᠠᠨ ᠲᠡᠵᠢᠭᠡᠵᠦ | ᠪᠠᠶᠢᠭ᠎ᠠ ᠮᠠᠯ ᠵᠢᠬᠦᠷᠳᠡᠨ ᠳᠡᠭᠡᠨ ᠲᠤᠬᠢᠷᠡᠮᠵᠢᠳᠠᠢ ᠦᠷᠡᠵᠢᠯᠳᠠ ᠶᠢᠨ ᠨᠦᠬᠦᠴᠡᠯ ᠪᠠ ᠤᠷᠤᠰᠢᠨ ᠠᠮᠢᠳᠤᠷᠠᠬᠤ᠂ ᠦᠰᠦᠨ | ᠪᠤᠶᠢᠵᠢᠬᠤ ᠤᠷᠴᠢᠨ ᠲᠤᠭᠤᠷᠢᠨ ᠢ ᠬᠠᠨᠭ᠍ᠭᠠᠵᠦ ᠦᠭᠬᠦ ᠭᠡᠷᠡᠭᠳᠠᠢ᠃ | ᠲᠦᠴᠢᠨ ᠭᠤᠷᠪᠠᠳᠤᠭᠠᠷ ᠵᠦᠢᠯ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠳᠡᠭᠡᠨ ᠲᠤᠤᠷ᠎ᠠ ᠵᠢᠭᠰᠠᠭᠠᠭᠰᠠᠨ | ᠠᠵᠢᠯᠯᠠᠭ᠎ᠠ ᠨᠤᠭᠤᠳ ᠢ ᠬᠢᠵᠦ ᠪᠤᠯᠬᠤ ᠦᠭᠡᠢ᠄ | ︵ᠨᠢᠭᠡ︶ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠳᠤᠭᠳᠠᠭᠠᠯ ᠤᠨ ᠲᠤᠭᠳᠠᠭᠠᠯ ᠪᠠ ᠤᠯᠤᠰ ᠤᠨ | ᠮᠠᠷᠭᠡᠵᠢᠯ ᠤᠨ ᠲᠦᠷᠢᠮᠵᠢᠯ ᠤᠨ ᠠᠯᠪᠠᠳᠠᠯᠭ᠎ᠠ ᠶᠢᠨ ᠴᠢᠨᠠᠷᠳᠠᠢ ᠱᠠᠭᠠᠷᠳᠠᠯᠭ᠎ᠠ ᠶᠢ ᠵᠦᠷᠢᠴᠡᠵᠦ᠂ ᠲᠡᠵᠢᠭᠡᠯ ᠪᠤᠷᠳᠤᠭ᠎ᠠ᠂ | ᠪᠤᠷᠳᠤᠭ᠎ᠠ ᠶᠢᠨ ᠨᠡᠮᠡᠯᠳᠠ ᠡᠳ᠋᠂ ᠮᠠᠯ ᠤᠨ ᠡᠮ ᠢ ᠭᠡᠷᠡᠭᠯᠡᠬᠦ︔ | ︵ᠬᠤᠶᠠᠷ︶ ᠭᠤᠸᠠᠩᠵᠠ᠂ ᠬᠤᠭᠤᠯᠠᠨ ᠭᠡᠷ ᠤᠨ ᠦᠨᠳᠦᠷ ᠬᠠᠯᠠᠭᠤᠨ ᠢᠶᠠᠷ ᠰᠢᠢᠳᠪᠦᠷᠢᠯᠡᠬᠦ ᠶᠠᠪᠤᠴᠠ ᠶᠢ | ᠦᠡᠭᠭᠡᠷᠡᠭᠡᠭᠰᠡᠨ ᠦᠭᠡᠢ ᠤᠬᠢᠶᠠᠳᠠᠰᠦ ᠪᠠᠷ ᠭᠡᠷ ᠤᠨ ᠲᠡᠵᠢᠭᠡᠪᠤᠷᠢ ᠶᠢ ᠲᠡᠵᠢᠭᠡᠬᠦ︔ | ︵ᠭᠤᠷᠪᠠ︶ ᠬᠤᠭ ᠨᠤᠪᠰᠢ ᠶᠢᠨ ᠲᠠᠯᠠᠪᠠᠢ ᠳᠤ ᠪᠤᠶᠤ ᠬᠤᠭ ᠨᠤᠪᠰᠢ ᠶᠢᠨ ᠲᠠᠯᠠᠪᠠᠢ ᠳᠠᠬᠢ ᠪᠤᠳᠠᠰ ᠢᠶᠠᠷ ᠮᠠᠯ | ᠵᠢᠬᠦᠷᠳᠡᠨ ᠢ ᠠᠷᠠᠴᠢᠯᠠᠨ ᠲᠡᠵᠢᠭᠡᠬᠦ︔ | ︵ᠲᠦᠷᠪᠡ︶ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠳᠤᠭᠳᠠᠭᠠᠯ ᠪᠤᠯᠤᠨ ᠲᠦᠷᠦ ᠶᠢᠨ ᠶᠠᠪᠤᠳᠠᠯ ᠤᠨ | ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ | ᠲᠤᠭᠳᠠᠭᠠᠭᠰᠠᠨ ᠬᠦᠮᠦᠨ ᠪᠠ ᠮᠠᠯ ᠵᠢᠬᠦᠷᠳᠡᠨ ᠤ ᠡᠷᠡᠬᠦᠯ ᠮᠡᠨᠳᠦ ᠳᠤ ᠬᠤᠤᠷ ᠬᠦᠨᠦᠭᠡᠯ ᠲᠠᠢ ᠪᠤᠰᠤᠳ ᠠᠵᠢᠯᠯᠠᠭ᠎ᠠ ᠨᠤᠭᠤᠳ᠃ | | ᠲᠦᠴᠢᠨ ᠲᠦᠷᠪᠡᠳᠦᠭᠡᠷ ᠵᠦᠢᠯ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠠᠵᠢᠯ ᠢ ᠬᠢᠬᠦ ᠳᠡᠭᠡᠨ ︽ᠪᠦᠬᠦᠳᠡ | ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠠᠮᠢᠳᠠᠨ ᠤ ᠬᠢᠵᠢᠭ ᠢ ᠰᠡᠷᠭᠡᠶᠢᠯᠡᠬᠦ ᠬᠠᠦᠯᠢ︾ ᠶᠢᠨ ᠲᠤᠭᠳᠠᠭᠠᠯ ᠶᠤᠰᠤᠭᠠᠷ | ᠮᠠᠯ ᠵᠢᠬᠦᠷᠳᠡᠨ ᠤ ᠬᠢᠵᠢᠭ ᠢ ᠰᠡᠷᠬᠡᠶᠢᠯᠡᠨ ᠵᠠᠰᠠᠬᠤ ᠠᠵᠢᠯ ᠢ ᠰᠠᠶᠢᠳᠤᠷ ᠬᠢᠬᠦ ᠭᠡᠷᠡᠭᠳᠠᠢ᠃ | ᠲᠦᠴᠢᠨ ᠲᠠᠪᠤᠳᠤᠭᠠᠷ ᠵᠦᠢᠯ ᠮᠠᠯ ᠵᠢᠬᠦᠷᠳᠡᠨ ᠢ ᠲᠡᠵᠢᠭᠡᠨ ᠦᠷᠡᠵᠢᠬᠦᠯᠦᠭᠴᠢᠳ ᠤᠯᠤᠰ ᠤᠨ ᠮᠠᠯ ᠵᠢᠬᠦᠷᠳᠡᠨ ᠤ | ᠢᠯᠭᠠᠬᠤ ᠲᠡᠮᠳᠡᠭ ᠤᠨ ᠬᠠᠮᠢᠶᠠᠷᠤᠯᠳᠠ ᠶᠢᠨ ᠲᠤᠭᠳᠠᠭᠠᠯ ᠶᠤᠰᠤᠭᠠᠷ᠂ ᠢᠯᠭᠠᠬᠤ ᠲᠡᠮᠳᠡᠭ ᠬᠢᠬᠦ ᠴᠢᠬᠤᠯᠠᠳᠠᠢ ᠮᠠᠯ | ᠵᠢᠬᠦᠷᠳᠡᠨ ᠤ ᠲᠤᠭᠳᠠᠭᠰᠠᠨ ᠤᠷᠤᠨ ᠪᠠᠶᠢᠷᠢ ᠳᠤᠨᠢ ᠢᠯᠭᠠᠬᠤ ᠲᠡᠮᠳᠡᠭ ᠳᠠᠯᠪᠢᠬᠤ ᠭᠡᠷᠡᠭᠳᠠᠢ᠃ ᠮᠠᠯ ᠠᠵᠦ ᠠᠬᠤᠢ ᠮᠠᠯ | ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠯᠭᠠᠬᠤ ᠲᠡᠮᠳᠡᠭ ᠬᠠᠨᠭ᠍ᠭᠠᠬᠤ ᠳᠠᠭᠠᠨ | ᠰᠦᠢᠳᠭᠡᠯ ᠬᠤᠷᠢᠶᠠᠵᠦ ᠪᠤᠯᠬᠤ ᠦᠭᠡᠢ᠂ ᠬᠡᠷᠡᠭᠰᠡᠬᠦ ᠵᠠᠷᠤᠳᠠᠯ ᠢ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ | ᠡᠳ᠋ ᠤᠨ ᠵᠠᠰᠠᠭ ᠤᠨ ᠲᠦᠰᠦᠪ ᠲᠤ ᠤᠷᠤᠭᠤᠯᠤᠨ᠎ᠠ᠃ | ᠮᠠᠯ ᠵᠢᠬᠦᠷᠳᠡᠨ ᠤ ᠢᠯᠭᠠᠬᠤ ᠲᠡᠮᠳᠡᠭ ᠢ ᠲᠠᠪᠳᠠᠨ ᠭᠡᠷᠡᠭᠯᠡᠵᠦ ᠪᠤᠯᠬᠤ ᠦᠭᠡᠢ᠃ | ᠲᠦᠴᠢᠨ ᠵᠢᠷᠭᠤᠳᠤᠭᠠᠷ ᠵᠦᠢᠯ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ | ᠲᠤᠭᠤᠷᠢᠭ ᠨᠢ ᠮᠠᠯ ᠵᠢᠬᠦᠷᠳᠡᠨ ᠤ ᠪᠠᠭᠠᠰᠦ ᠰᠢᠭᠡᠰᠦ᠂ ᠬᠠᠶᠠᠭᠳᠠᠮᠠᠯ ᠤᠰᠦ ᠪᠤᠯᠤᠨ ᠪᠤᠰᠤᠳ ᠬᠠᠳᠠᠭᠤ ᠪᠡᠶᠡᠳᠦ ᠬᠠᠶᠠᠭᠳᠠᠮᠠᠯ | ᠪᠤᠳᠠᠰ ᠢ ᠶᠡᠷᠦᠩᠭᠡᠶᠢᠯᠡᠨ ᠠᠰᠢᠭᠯᠠᠬᠤ ᠪᠤᠶᠤ ᠬᠤᠤᠷ ᠦᠭᠡᠶᠢᠵᠢᠬᠦᠯᠦᠨ ᠰᠢᠢᠳᠪᠦᠷᠢᠯᠡᠬᠦ ᠲᠦᠬᠦᠭᠡᠷᠤᠮᠵᠢ ᠶᠢᠨ ᠬᠡᠪ ᠤᠨ | ᠶᠤᠰᠤᠭᠠᠷ ᠠᠵᠢᠯᠯᠠᠬᠤ ᠶᠢ ᠪᠠᠳᠤᠯᠠᠵᠦ᠂ ᠪᠤᠬᠢᠷᠳᠤᠯ ᠪᠤᠳᠠᠰ ᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ | ᠪᠠᠳᠤᠯᠠᠵᠦ᠂ ᠤᠷᠴᠢᠨ ᠲᠤᠭᠤᠷᠢᠨ ᠢ ᠪᠤᠬᠢᠷᠳᠤᠭᠤᠯᠬᠤ ᠶᠢ ᠰᠡᠷᠬᠡᠶᠢᠯᠡᠬᠦ ᠭᠡᠷᠡᠭᠳᠠᠢ᠃ | ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠳᠤᠭᠤᠷᠢᠭ ᠨᠢ ᠬᠠᠦᠯᠢ ᠠᠴᠠ | ᠵᠦᠷᠢᠴᠠᠵᠦ ᠮᠠᠯ ᠵᠢᠬᠦᠷᠳᠡᠨ ᠤ ᠪᠠᠭᠠᠰᠤ ᠰᠢᠭᠡᠰᠦ᠂ ᠬᠠᠶᠠᠭᠳᠠᠮᠠᠯ ᠤᠰᠤ ᠪᠤᠯᠤᠨ ᠪᠤᠰᠤᠳ ᠬᠠᠳᠠᠭᠤ ᠪᠡᠶᠡᠳᠦ ᠬᠠᠶᠠᠭᠳᠠᠮᠠᠯ | ᠪᠤᠳᠠᠰ ᠢ ᠭᠠᠳᠠᠭᠰᠢᠯᠠᠭᠤᠯᠤᠭᠠᠳ᠂ ᠤᠷᠴᠢᠨ ᠲᠤᠭᠤᠷᠢᠨ ᠢ ᠪᠤᠬᠢᠷᠳᠤᠭᠤᠯᠬᠤ ᠬᠤᠤᠷ ᠬᠦᠨᠦᠭᠡᠯ ᠭᠠᠷᠭᠠᠭᠰᠠᠨ ᠪᠠᠶᠢᠪᠠᠯ᠂ | ᠬᠤᠤᠷ ᠬᠦᠨᠦᠬᠡᠯ ᠢ ᠠᠷᠢᠯᠭᠠᠨ᠂ ᠬᠠᠦᠯᠢ ᠶᠤᠰᠤᠭᠠᠷ ᠬᠤᠬᠢᠷᠠᠯ ᠢ ᠲᠦᠯᠦᠬᠦ ᠭᠡᠷᠡᠭᠳᠠᠢ᠃ | ᠤᠯᠤᠰ ᠠᠴᠠ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠳᠤᠭᠤᠷᠢᠭ ᠤᠨ | ᠮᠠᠯ ᠵᠢᠬᠦᠷᠳᠡᠨ ᠤ ᠪᠠᠭᠠᠰᠦ ᠰᠢᠭᠡᠰᠦ᠂ ᠬᠠᠶᠠᠭᠳᠠᠮᠠᠯ ᠤᠰᠦ ᠪᠤᠯᠤᠨ ᠪᠤᠰᠤᠳ ᠬᠠᠳᠠᠭᠤ ᠪᠡᠶᠡᠳᠦ ᠬᠠᠶᠠᠭᠳᠠᠮᠠᠯ ᠪᠤᠳᠠᠰ ᠢ | ᠶᠡᠷᠦᠩᠭᠡᠶᠢᠯᠡᠨ ᠠᠰᠢᠭᠯᠠᠬᠤ ᠲᠦᠬᠦᠬᠡᠷᠤᠮᠵᠢ ᠪᠠᠶᠢᠭᠤᠯᠬᠤ ᠶᠢ ᠲᠡᠮᠵᠢᠨ᠎ᠠ᠃ | ᠲᠦᠴᠢᠨ ᠲᠤᠯᠤᠳᠤᠭᠠᠷ ᠵᠦᠢᠯ ᠤᠯᠤᠰ ᠠᠴᠠ ᠵᠦᠭᠡᠢ ᠲᠡᠵᠢᠭᠡᠬᠦ ᠦᠢᠯᠡᠰ ᠢ ᠬᠦᠭᠵᠢᠬᠦᠯᠬᠦ ᠶᠢ ᠵᠤᠷᠢᠬᠵᠢᠭᠤᠯᠤᠨ᠂ | ᠵᠦᠬᠡᠢ ᠲᠡᠵᠢᠬᠡᠬᠦ ᠦᠢᠯᠡᠳᠪᠦᠷᠢᠯᠡᠭᠴᠢᠳ ᠤᠨ ᠬᠠᠦᠯᠢ ᠶᠤᠰᠤᠨ ᠤ ᠡᠷᠭᠡ ᠠᠰᠢᠭ ᠢ ᠬᠠᠮᠠᠭᠠᠯᠨᠠ᠃ | ᠬᠤᠯᠪᠤᠬᠳᠠᠯ ᠪᠦᠬᠦᠢ ᠰᠠᠯᠠᠭ᠎ᠠ ᠮᠦᠴᠢᠷ ᠤᠳ ᠪᠠᠯᠳᠦ ᠵᠦᠬᠡᠢ ᠶᠢᠨ ᠲᠤᠭᠤᠰᠤ ᠬᠦᠷᠳᠡᠬᠡᠬᠦ ᠲᠠᠷᠢᠶᠠᠯᠠᠩ ᠤᠨ ᠤᠷ᠎ᠠ | ᠮᠡᠷᠬᠡᠵᠢᠯ ᠤᠨ ᠠᠷᠭ᠎ᠠ ᠬᠡᠮᠵᠢᠶ᠎ᠠ ᠶᠢ ᠢᠳᠡᠪᠬᠢᠳᠠᠢ ᠪᠠᠷ ᠤᠬᠠᠭᠤᠯᠤᠨ ᠲᠡᠯᠭᠡᠷᠡᠬᠦᠯᠬᠦ ᠭᠡᠷᠡᠭᠳᠠᠢ᠃ | ᠲᠦᠴᠢᠨ ᠨᠠᠢᠮᠠᠳᠤᠭᠠᠷ ᠵᠦᠢᠯ ᠵᠦᠭᠡᠢ ᠲᠡᠵᠢᠭᠡᠬᠦ ᠦᠢᠯᠡᠳᠪᠦᠷᠢᠯᠡᠭᠴᠢᠳ ᠦᠢᠯᠡᠳᠪᠦᠷᠢᠯᠡᠯ ᠤᠨ ᠶᠠᠪᠤᠴᠨ ᠳᠠᠭᠠᠨ | ᠵᠦᠬᠡᠢ ᠶᠢᠨ ᠪᠦᠳᠦᠭᠡᠭᠳᠡᠬᠦᠨ ᠤ ᠶᠠᠰᠦ ᠴᠢᠨᠠᠷ ᠤᠨ ᠠᠶᠤᠯᠬᠦᠢ ᠪᠠᠶᠢᠳᠠᠯ ᠳᠤ ᠬᠤᠤᠷ ᠬᠦᠨᠦᠭᠡᠯ ᠤᠴᠠᠷᠠᠭᠤᠯᠬᠤ ᠡᠮ ᠤᠨ | ᠵᠦᠢᠯ ᠪᠠ ᠰᠠᠪᠠ ᠭᠡᠷᠡᠭᠰᠡᠯ ᠢ ᠭᠡᠷᠡᠭᠯᠡᠵᠦ ᠪᠤᠯᠬᠤ ᠦᠭᠡᠢ᠂ ᠵᠦᠭᠡᠢ ᠶᠢᠨ ᠪᠦᠳᠦᠭᠡᠭᠳᠡᠬᠦᠨ ᠤ ᠴᠢᠨᠠᠷ ᠢ ᠦᠨᠡᠨᠬᠦ ᠪᠠᠳᠤᠯᠠᠬᠤ | ᠭᠡᠷᠡᠭᠳᠠᠢ᠃ ᠵᠦᠬᠡᠢ ᠲᠡᠵᠢᠬᠡᠬᠦ ᠰᠠᠪᠠ ᠬᠡᠷᠡᠭᠰᠡᠯ ᠨᠢ ᠤᠯᠤᠰ ᠤᠨ ᠮᠡᠷᠭᠡᠵᠢᠯ ᠤᠨ ᠲᠦᠷᠢᠮᠵᠢᠯ ᠤᠨ ᠠᠯᠪᠠᠳᠠᠯᠭ᠎ᠠ ᠶᠢᠨ ᠴᠢᠨᠠᠷᠳᠠᠢ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠭᠡᠷᠡᠭᠳᠠᠢ᠃ | ᠲᠦᠴᠢ ᠶᠢᠰᠦᠳᠤᠭᠡᠷ ᠵᠦᠢᠯ ᠵᠦᠬᠡᠢ ᠲᠠᠵᠢᠬᠡᠬᠦ ᠦᠢᠯᠡᠳᠪᠦᠷᠢᠯᠡᠭᠴᠢᠳ ᠭᠠᠵᠠᠷ ᠰᠢᠯᠵᠢᠨ ᠵᠦᠬᠡᠢ ᠪᠠᠨ ᠲᠠᠯᠪᠢᠬᠤ | ᠦᠶ᠎ᠠ ᠳᠤ᠂ ᠲᠤᠬᠠᠢ ᠶᠢᠨ ᠭᠠᠵᠠᠷ ᠤᠨ ᠲᠤᠳᠤᠭᠠᠳᠦ ᠶᠢ ᠬᠠᠮᠠᠭᠠᠯᠠᠬᠤ᠂ ᠵᠠᠮ ᠲᠡᠭᠡᠭᠡᠪᠤᠷᠢ᠂ ᠮᠠᠯ ᠠᠵᠦ ᠠᠬᠤᠢ ᠮᠠᠯ ᠡᠮᠨᠡᠯᠭᠡ | ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠴᠢᠬᠤᠯᠠ ᠪᠦᠬᠦᠢ ᠲᠦᠬᠦᠮ ᠦᠵᠡᠬᠦᠯᠬᠦ ᠭᠡᠷᠡᠭᠳᠠᠢ᠃ | ᠵᠦᠭᠡᠢ ᠲᠡᠵᠢᠬᠡᠬᠦ ᠦᠢᠯᠡᠳᠪᠦᠷᠢᠯᠡᠭᠴᠢᠳ ᠤᠯᠤᠰ ᠤᠨ ᠲᠤᠳᠤᠭᠠᠳᠦ ᠳᠤ ᠭᠠᠵᠠᠷ ᠰᠢᠯᠵᠢᠨ ᠵᠦᠭᠡᠢ ᠪᠠᠨ | ᠲᠠᠯᠪᠢᠬᠤ ᠳᠠᠭᠠᠨ᠂ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠨᠢᠭᠡᠳᠦᠯᠳᠠᠢ ᠵᠠᠬᠪᠤᠷ ᠢᠶᠠᠷ ᠲᠠᠷᠤᠮᠠᠯᠯᠠᠠ ᠦᠢᠯᠡᠳᠦᠭᠰᠡᠨ ᠬᠢᠵᠢᠭ ᠤᠨ | ᠪᠠᠶᠢᠴᠠᠭᠠᠯᠳᠠ ᠶᠢᠨ ᠬᠢᠷᠢ ᠲᠡᠩᠴᠡᠭᠰᠡᠨ ᠬᠡᠷᠡᠴᠢ ᠪᠠᠷ ᠪᠠᠷᠢᠮᠳᠠ ᠪᠤᠯᠭᠠᠨ ᠵᠦᠭᠡᠢ ᠪᠠᠨ ᠲᠡᠭᠡᠭᠡᠪᠦᠷᠢᠯᠡᠨᠠ᠂ ᠬᠢᠵᠢᠭ ᠤᠨ | ᠪᠠᠶᠢᠴᠠᠭᠠᠯᠳᠠ ᠳᠤ ᠬᠢᠷᠢ ᠲᠡᠩᠴᠡᠭᠰᠡᠨ ᠬᠡᠷᠡᠴᠢ ᠶᠢᠨ ᠬᠦᠴᠦᠨ ᠲᠠᠢ ᠬᠤᠭᠤᠴᠠᠭᠠᠨ ᠳᠤ ᠲᠠᠬᠢᠨ ᠲᠠᠪᠳᠠᠨ ᠬᠢᠵᠢᠭ | ᠪᠠᠶᠢᠴᠠᠭᠠᠵᠦ ᠪᠤᠯᠬᠤ ᠦᠭᠡᠢ᠃ | ᠲᠠᠪᠤᠳᠤᠭᠠᠷ ᠪᠦᠯᠦᠭ ᠮᠠᠯ ᠵᠢᠬᠦᠷᠳᠡᠨ ᠢ ᠠᠷᠠᠯᠵᠢᠶᠠᠯᠠᠬᠤ ᠪᠠ ᠵᠦᠭᠡᠭᠡᠪᠦᠷᠢᠯᠡᠬᠦ | ᠲᠠᠪᠢᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠤᠭᠤᠳ | ᠨᠡᠭᠡᠭᠡᠯᠳᠠ ᠲᠠᠢ ᠪᠦᠭᠡᠳ ᠨᠢᠭᠡᠳᠦᠯᠳᠠᠢ᠂ ᠦᠷᠢᠰᠦᠯᠳᠦᠭᠡᠨ ᠲᠠᠢ ᠪᠦᠭᠡᠳ ᠡᠮᠬᠢ ᠵᠢᠷᠤᠮ ᠲᠠᠢ ᠮᠠᠯ ᠵᠢᠬᠦᠷᠳᠡᠨ ᠤ | ᠠᠷᠠᠯᠵᠢᠶᠠᠨ ᠤ ᠵᠠᠬ᠎ᠠ ᠲᠡᠯᠭᠡᠬᠦᠷ ᠤᠨ ᠪᠠᠶᠢᠭᠤᠯᠤᠯᠳᠠ ᠶᠢ ᠠᠬᠢᠭᠤᠯᠬᠤ ᠭᠡᠷᠡᠭᠳᠠᠢ᠃ | ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠪᠤᠰᠤᠳ ᠬᠤᠯᠪᠤᠭᠳᠠᠯ ᠪᠦᠬᠦᠢ ᠡᠷᠬᠢᠯᠡᠨ ᠬᠠᠮᠢᠶᠠᠷᠬᠤ | ᠰᠠᠯᠠᠭ᠎ᠠ ᠮᠦᠴᠢᠷ ᠤᠳ ᠮᠠᠯ ᠵᠢᠬᠦᠷᠳᠡᠨ ᠤ ᠦᠢᠯᠡᠳᠪᠦᠷᠢᠯᠡᠯ ᠪᠤᠷᠤᠯᠠᠭᠤᠯᠭ᠎ᠠ ᠶᠢᠨ ᠮᠡᠳᠡᠭᠡ ᠵᠠᠩᠭᠢ ᠶᠢ ᠴᠤᠬᠯᠠᠭᠤᠯᠬᠤ᠂ | ᠡᠮᠬᠢᠳᠭᠡᠬᠦ᠂ ᠨᠡᠶᠢᠳᠡᠯᠡᠬᠦ ᠠᠵᠢᠯ ᠢ ᠵᠤᠬᠢᠶᠠᠨ ᠪᠠᠶᠢᠭᠤᠯᠵᠦ᠂ ᠦᠢᠯᠡᠳᠪᠦᠷᠢᠯᠡᠭᠴᠢᠳ ᠲᠤ ᠮᠠᠳᠡᠭᠡ ᠵᠠᠩᠭᠢ ᠶᠢᠨ ᠦᠢᠯᠡᠴᠢᠯᠡᠭᠡ | ᠬᠠᠨᠭ᠍ᠭᠠᠬᠤ ᠭᠡᠷᠡᠭᠳᠠᠢ᠃ | ᠲᠠᠪᠢᠨ ᠨᠢᠭᠡᠳᠦᠭᠡᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ | ᠤᠷᠳᠤᠨ ᠨᠤᠭᠤᠳ ᠲᠠᠷᠢᠶᠠᠯᠠᠩ ᠤᠨ ᠪᠦᠳᠦᠭᠡᠭᠳᠡᠬᠦᠨ ᠢ ᠪᠦᠭᠡᠮ ᠢᠶᠠᠷ ᠬᠤᠳᠠᠯᠳᠤᠬᠤ ᠵᠠᠬ᠎ᠠ ᠲᠡᠯᠭᠡᠬᠦᠷ ᠤᠨ ᠬᠦᠭᠵᠢᠯᠳᠠ ᠶᠢᠨ | ᠲᠦᠯᠦᠪᠵᠢᠬᠦᠯᠭᠡ ᠶᠢ ᠦᠨᠳᠦᠰᠦᠯᠡᠨ᠂ ᠮᠠᠯ ᠵᠢᠬᠦᠷᠳᠡᠨ ᠢ ᠳᠦᠪᠯᠡᠷᠡᠬᠦᠯᠵᠦ ᠲᠡᠷᠬᠠᠭᠠᠬᠤ ᠭᠠᠵᠠᠷ ᠲᠤ ᠮᠠᠯ ᠵᠢᠬᠦᠷᠳᠡᠨ ᠢ | ᠪᠦᠭᠡᠮ ᠢᠶᠠᠷ ᠬᠤᠳᠠᠯᠳᠤᠬᠤ ᠵᠠᠬ᠎ᠠ ᠲᠡᠯᠭᠡᠬᠦᠷ ᠪᠠᠶᠢᠭᠤᠯᠬᠤ ᠳᠤ ᠲᠡᠮᠵᠢᠯᠭᠡ ᠦᠵᠡᠬᠦᠯᠦᠨ᠎ᠠ᠃ | ᠮᠠᠯ ᠵᠢᠬᠦᠷᠳᠡᠨ ᠢ ᠪᠦᠭᠡᠮ ᠢᠶᠠᠷ ᠬᠤᠳᠠᠯᠳᠤᠬᠤ ᠵᠠᠬ᠎ᠠ ᠲᠡᠯᠭᠡᠬᠦᠷ ᠪᠠᠶᠢᠭᠤᠯᠬᠤ ᠭᠠᠵᠠᠷ ᠢ ᠰᠤᠩᠭᠤᠬᠤ ᠳᠠᠭᠠᠨ ᠬᠠᠦᠯᠢ | ᠴᠠᠭᠠᠵᠠ᠂ ᠵᠠᠰᠠᠭ ᠵᠠᠬᠢᠷᠭᠠᠨ ᠤ ᠬᠠᠦᠯᠢ ᠲᠤᠭᠳᠠᠭᠠᠯ ᠪᠤᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ | ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠠᠮᠢᠳᠠᠨ ᠤ ᠬᠢᠵᠢᠭ ᠢ | ᠰᠡᠷᠭᠡᠶᠢᠯᠡᠬᠦ ᠨᠦᠬᠦᠴᠡᠯ ᠳᠤ ᠨᠡᠶᠢᠴᠡᠬᠦᠯᠬᠦ ᠭᠡᠷᠡᠭᠳᠠᠢ ᠪᠦᠭᠡᠳ ᠦᠷ᠎ᠠ ᠶᠢᠨ ᠮᠠᠯ ᠵᠢᠬᠦᠷᠳᠡᠨ ᠤ ᠲᠠᠯᠠᠪᠠᠢ ᠪᠠ ᠲᠤᠮᠤ | ᠬᠡᠯᠪᠡᠷᠢ ᠶᠢᠨ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ ᠠᠴᠠ ᠭᠤᠷᠪᠠᠨ ᠺᠢᠯᠣᠮᠧᠲᠷ ᠵᠠᠶᠢᠳᠠᠢ ᠪᠠᠶᠢᠯᠭᠠᠬᠤ ᠭᠡᠷᠡᠭᠳᠡᠢ᠃ | | ᠲᠠᠪᠢᠨ ᠬᠤᠶᠠᠳᠤᠭᠠᠷ ᠵᠦᠢᠯ ᠠᠷᠠᠯᠵᠢᠶᠠᠯᠠᠬᠤ ᠮᠠᠯ ᠵᠢᠬᠦᠷᠳᠡᠨ ᠨᠢ ᠡᠷᠭᠡᠪᠰᠢ ᠤᠯᠤᠰ ᠤᠨ ᠮᠡᠷᠭᠡᠵᠢᠯ ᠤᠨ | ᠲᠦᠷᠢᠮᠵᠢᠯ ᠤᠨ ᠠᠯᠪᠠᠳᠠᠯᠭ᠎ᠠ ᠶᠢᠨ ᠴᠢᠨᠠᠷᠳᠠᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠳᠠᠢ᠃ | ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠯ ᠶᠤᠰᠤᠭᠠᠷ ᠢᠯᠭᠠᠬᠤ ᠲᠡᠮᠳᠡᠭ ᠳᠠᠯᠪᠢᠬᠤ ᠶᠤᠰᠤᠳᠠᠢ ᠮᠠᠯ ᠵᠢᠬᠦᠷᠳᠡᠨ ᠳᠤ | ᠢᠯᠭᠠᠬᠤ ᠲᠡᠮᠳᠡᠭ ᠳᠠᠯᠪᠢᠭᠰᠠᠨ ᠦᠭᠡᠢ ᠪᠤᠯ ᠲᠡᠬᠦᠨ ᠢ ᠪᠤᠷᠤᠯᠠᠭᠤᠯᠬᠤ ᠪᠤᠶᠤ ᠬᠤᠳᠠᠯᠳᠤᠨ ᠠᠪᠴᠦ ᠪᠤᠯᠬᠤ ᠦᠭᠡᠢ᠃ | ᠲᠠᠪᠢᠨ ᠭᠤᠷᠪᠠᠳᠤᠭᠠᠷ ᠵᠦᠢᠯ ᠮᠠᠯ ᠵᠢᠬᠦᠷᠳᠡᠨ ᠢ ᠵᠦᠭᠡᠭᠡᠪᠦᠷᠢᠯᠡᠬᠦ ᠳᠤ ᠡᠷᠬᠡᠪᠰᠢ ᠬᠠᠦᠯᠢ ᠴᠠᠭᠠᠵᠠ᠂ ᠵᠠᠰᠠᠭ | ᠵᠠᠬᠢᠷᠭᠠᠨ ᠤ ᠬᠠᠦᠯᠢ ᠲᠤᠭᠳᠠᠭᠠᠯ ᠪᠤᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠠᠮᠢᠳᠠᠨ ᠤ ᠬᠢᠵᠢᠭ ᠢ ᠰᠡᠷᠭᠡᠶᠢᠯᠡᠬᠦ | ᠨᠦᠬᠦᠴᠡᠯ ᠳᠤ ᠨᠡᠶᠢᠴᠡᠬᠦᠯᠵᠦ᠂ ᠠᠷᠭ᠎ᠠ ᠬᠡᠮᠵᠢᠶ᠎ᠠ ᠠᠪᠴᠦ ᠪᠠᠶᠢᠭᠠᠳ ᠮᠠᠯ ᠵᠢᠬᠦᠷᠳᠡᠨ ᠤ ᠠᠶᠤᠯᠬᠦᠢ ᠪᠠᠶᠢᠳᠠᠯ ᠢ | ᠬᠠᠮᠠᠭᠠᠯᠠᠬᠤ ᠶᠢᠨ ᠬᠠᠮᠳᠦ ᠵᠦᠭᠡᠭᠡᠪᠦᠷᠢᠯᠡᠵᠦ ᠪᠠᠶᠢᠭ᠎ᠠ ᠮᠠᠯ ᠵᠢᠬᠦᠷᠳᠡᠨ ᠳᠡᠭᠡᠨ ᠴᠢᠬᠤᠯᠨ ᠪᠦᠬᠦᠢ ᠤᠷᠤᠨ ᠵᠠᠢ ᠪᠤᠯᠤᠨ | ᠲᠡᠵᠢᠭᠡᠵᠦ ᠤᠰᠤᠯᠠᠬᠤ ᠨᠦᠬᠦᠴᠡᠯ ᠢ ᠪᠦᠷᠢᠯᠳᠦᠬᠦᠯᠵᠦ ᠦᠭᠬᠦ ᠭᠡᠷᠡᠭᠳᠠᠢ᠃ | ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠵᠦᠬᠡᠭᠡᠪᠦᠷᠢᠯᠡᠵᠦ ᠪᠠᠶᠢᠭ᠎ᠠ ᠮᠠᠯ ᠵᠢᠬᠦᠷᠳᠡᠡ ᠳᠤ ᠪᠠᠶᠢᠴᠠᠭᠠᠯᠳᠠ | ᠬᠢᠬᠦ ᠳᠡᠭᠡᠨ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠳᠤᠭᠳᠠᠭᠠᠯ ᠤᠨ ᠦᠨᠳᠦᠰᠦᠯᠡᠯ ᠲᠠᠢ ᠪᠠᠶᠢᠬᠤ ᠬᠡᠷᠡᠭᠳᠠᠢ᠃ | ᠵᠢᠷᠭᠤᠳᠤᠭᠠᠷ ᠪᠦᠯᠦᠭ ᠶᠠᠰᠦ ᠴᠢᠨᠠᠷ ᠤᠨ ᠠᠶᠤᠯᠬᠦᠢ ᠶᠢ ᠪᠠᠳᠤᠯᠠᠬᠤ | ᠲᠠᠪᠢᠨ ᠲᠦᠷᠪᠡᠳᠦᠭᠡᠷ ᠵᠦᠢᠯ ᠰᠢᠶᠠᠨ ᠤ ᠱᠠᠳᠤᠨ ᠠᠴᠠ ᠲᠠᠭᠡᠭᠰᠢᠬᠢ ᠠᠷᠠᠳ ᠤᠨ ᠵᠠᠰᠠᠭ ᠤᠨ ᠤᠷᠳᠤᠨ ᠨᠤᠭᠤᠳ | ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠬᠤᠯᠪᠤᠭᠳᠠᠯ | ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠦ᠂ ᠲᠤᠰ ᠬᠠᠦᠯᠢ ᠪᠤᠯᠤᠨ ᠬᠤᠯᠪᠤᠭᠳᠠᠯ ᠪᠦᠬᠦᠢ | ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠤᠭᠳᠠᠭᠠᠯ ᠤᠨ ᠲᠤᠭᠳᠠᠭᠠᠯ ᠶᠤᠰᠤᠭᠠᠷ ᠮᠠᠯ ᠵᠢᠬᠦᠷᠳᠡᠨ ᠢ ᠠᠷᠠᠴᠢᠯᠠᠨ | ᠲᠡᠵᠢᠬᠡᠬᠦ ᠤᠷᠴᠢᠨ ᠲᠤᠭᠤᠷᠢᠨ᠂ ᠦᠷ᠎ᠠ ᠶᠢᠨ ᠮᠠᠯ ᠵᠢᠬᠦᠷᠳᠡᠨ ᠤ ᠶᠠᠰᠤ ᠴᠢᠨᠠᠷ᠂ ᠲᠡᠵᠢᠭᠡᠯ ᠪᠤᠷᠳᠤᠭ᠎ᠠ ᠪᠤᠯᠤᠨ ᠮᠠᠯ ᠤᠨ ᠡᠮ | ᠵᠠᠷᠭᠡ ᠤᠷᠤᠭᠤᠯᠤᠯᠳᠠ ᠶᠢᠨ ᠪᠤᠳᠠᠰ ᠤᠨ ᠬᠡᠷᠡᠭᠯᠡᠭᠡ ᠵᠢᠴᠢ ᠮᠠᠯ ᠵᠢᠬᠦᠷᠳᠡᠨ ᠢ ᠠᠷᠠᠯᠵᠢᠶᠠᠯᠠᠬᠤ ᠪᠠ ᠵᠦᠭᠡᠭᠡᠪᠦᠷᠢᠯᠡᠬᠦ ᠶᠢᠨ | ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠬᠤ ᠭᠡᠷᠡᠭᠳᠠᠢ᠃ | ᠲᠠᠪᠢᠨ ᠲᠠᠪᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠮᠠᠯ ᠵᠢᠬᠦᠷᠳᠡᠨ ᠤ ᠢᠯᠭᠠᠬᠤ ᠲᠡᠮᠳᠡᠭ ᠪᠤᠯᠤᠨ ᠲᠡᠵᠢᠭᠡᠨ | ᠦᠷᠡᠵᠢᠬᠦᠯᠬᠦ ᠲᠠᠩᠰᠠ ᠡᠪᠭᠡᠮᠡᠯ ᠢ ᠬᠠᠮᠢᠶᠠᠷᠬᠤ ᠠᠷᠭ᠎ᠠ ᠶᠢ ᠲᠤᠭᠳᠠᠭᠠᠵᠦ᠂ ᠠᠷᠭ᠎ᠠ ᠬᠡᠮᠵᠢᠶ᠎ᠠ ᠠᠪᠴᠦ ᠪᠠᠶᠢᠭᠠᠳ ᠮᠠᠯ | ᠵᠢᠬᠦᠷᠳᠡᠨ ᠤ ᠪᠦᠳᠦᠭᠡᠭᠳᠡᠬᠦᠨ ᠤ ᠶᠠᠰᠦ ᠴᠢᠨᠠᠷ ᠤᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠨᠠᠶᠢᠳᠠᠪᠤᠷᠢᠵᠢᠭᠤᠯᠬᠤ ᠭᠡᠷᠡᠭᠳᠠᠢ᠃ | | ᠲᠠᠪᠢᠨ ᠵᠢᠷᠭᠤᠳᠤᠭᠠᠷ ᠵᠦᠢᠯ ᠰᠢᠶᠠᠨ ᠤ ᠱᠠᠳᠤᠨ ᠠᠴᠠ ᠲᠠᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ | ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠮᠠᠯ ᠵᠢᠬᠦᠷᠳᠡᠨ ᠤ ᠶᠠᠰᠤ | ᠴᠢᠨᠠᠷ ᠤᠨ ᠠᠶᠤᠯᠬᠦᠢ ᠶᠢ ᠬᠢᠨᠠᠨ ᠪᠠᠶᠢᠴᠠᠭᠠᠬᠤ ᠲᠦᠯᠦᠪᠯᠡᠭᠡ ᠲᠤᠭᠳᠠᠭᠠᠵᠦ᠂ ᠲᠦᠯᠦᠪᠯᠡᠭᠡ ᠶᠤᠰᠤᠭᠠᠷ ᠬᠢᠨᠠᠯᠳᠠ ᠲᠠᠯᠪᠢᠵᠦ | ᠰᠤᠩᠭᠤᠨ ᠪᠠᠶᠢᠴᠠᠭᠠᠬᠤ ᠠᠵᠢᠯ ᠢ ᠦᠷᠨᠢᠬᠦᠯᠬᠦ ᠭᠡᠷᠡᠭᠳᠠᠢ᠃ | ᠲᠡᠪᠢᠨ ᠲᠤᠯᠤᠳᠤᠭᠠᠷ ᠵᠦᠢᠯ ᠮᠤᠵᠢ ᠶᠢᠨ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ | ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠮᠠᠯ ᠵᠢᠬᠦᠷᠳᠡᠨ ᠤ | ᠦᠢᠯᠡᠳᠪᠦᠷᠢᠯᠡᠯ ᠤᠨ ᠲᠦᠷᠢᠮᠵᠢᠯ ᠢ ᠵᠤᠬᠢᠶᠠᠨ ᠪᠠᠶᠢᠭᠤᠯᠤᠨ ᠲᠤᠭᠳᠠᠭᠠᠵᠦ᠂ ᠮᠠᠯ ᠵᠢᠬᠦᠷᠳᠡᠨ ᠤ ᠠᠶᠤᠯᠬᠦᠢ ᠦᠢᠯᠡᠳᠪᠦᠷᠢᠯᠡᠯ ᠢ | ᠵᠢᠯᠤᠭᠤᠳᠬᠤ ᠭᠡᠷᠡᠭᠳᠠᠢ᠃ | ᠲᠤᠯᠤᠳᠤᠭᠠᠷ ᠪᠦᠯᠦᠭ ᠬᠠᠦᠯᠢ ᠶᠢᠨ ᠬᠠᠷᠢᠭᠤᠴᠠᠯᠭ᠎ᠠ | ᠲᠠᠪᠢᠨ ᠨᠠᠢᠮᠠᠳᠤᠭᠠᠷ ᠵᠦᠢᠯ ᠲᠤᠰ ᠬᠠᠦᠯᠢ ᠶᠢᠨ ᠠᠷᠪᠠᠨ ᠭᠤᠷᠪᠠᠳᠤᠭᠠᠷ ᠵᠦᠢᠯ ᠤᠨ ᠬᠤᠶᠠᠳᠤᠭᠠᠷ ᠪᠠᠳᠠᠭ ᠤᠨ | ᠲᠤᠭᠳᠠᠭᠠᠯ ᠢ ᠵᠦᠷᠢᠴᠡᠡ᠂ ᠬᠠᠮᠠᠭᠠᠯᠠᠯᠳᠠ ᠲᠠᠢ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠲᠤᠷ᠎ᠠ ᠪᠠᠷ ᠢᠶᠠᠨ | ᠰᠢᠢᠳᠪᠦᠷᠢᠯᠡᠭᠡᠳ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ | ᠮᠤᠵᠢ ᠶᠢᠨ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠠᠪᠤᠨ ᠲᠦᠮᠡᠨ ᠲᠦᠬᠦᠷᠢᠭ ᠠᠴᠠ ᠲᠡᠭᠡᠭᠰᠢ ᠲᠠᠪᠢᠨ ᠲᠦᠮᠡᠨ | ᠲᠦᠭᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠰᠢᠢᠳᠭᠡᠨ᠎ᠡ᠃ | ᠲᠠᠪᠢ ᠶᠢᠰᠦᠳᠤᠭᠡᠷ ᠵᠦᠢᠯ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠨ᠂ ᠲᠤᠤᠷ᠎ᠠ | ᠵᠢᠬᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠶᠢ ᠭᠢᠭᠰᠡᠨ ᠪᠠᠶᠢᠪᠠᠯ᠂ ᠮᠤᠵᠢ ᠶᠢᠨ ᠱᠠᠳᠤᠨ ᠠᠴᠠ ᠲᠡᠭᠡᠭᠰᠢᠬᠢ ᠠᠷᠠᠳ ᠤᠨ | ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠠᠴᠠ ᠬᠠᠦᠯᠢ ᠶᠢ ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠦ᠂ ᠮᠠᠯ ᠵᠢᠬᠦᠷᠳᠡᠨ ᠤ ᠤᠳᠤᠮᠯᠠᠯ ᠤᠨ | ᠡᠬᠢ ᠪᠠᠶᠠᠯᠢᠭ ᠪᠠ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠬᠤ ᠶᠢᠨ ᠬᠠᠮᠳᠦ ᠨᠢᠭᠡ | ᠲᠦᠮᠡᠨ ᠲᠦᠬᠦᠷᠢᠭ ᠠᠴᠠ ᠲᠡᠭᠡᠭᠰᠢ ᠲᠠᠪᠤᠨ ᠲᠦᠮᠡᠨ ᠲᠦᠭᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ | ᠨᠡᠶᠢᠯᠡᠬᠦᠯᠦᠨ ᠰᠢᠢᠳᠭᠡᠨ᠎ᠡ᠃ | ︵ᠨᠢᠭᠡ︶ ᠬᠢᠨᠠᠨ ᠪᠠᠶᠢᠴᠠᠭᠠᠵᠦ ᠵᠦᠪᠰᠢᠶᠡᠷᠡᠬᠦᠯᠦᠭᠰᠡᠨ ᠦᠭᠡᠢ ᠪᠠᠷ ᠬᠢᠯᠢ ᠶᠢᠨ ᠭᠠᠳᠠᠨ᠎ᠠ ᠠᠴᠠ ᠮᠠᠯ ᠵᠢᠬᠦᠷᠳᠡᠨ ᠤ | ᠤᠳᠤᠮᠯᠠᠯ ᠤᠨ ᠡᠬᠢ ᠪᠠᠶᠠᠯᠢᠭ ᠢ ᠤᠷᠤᠭᠤᠯᠤᠭᠰᠠᠨ︔ | ︵ᠬᠤᠶᠠᠷ︶ ᠬᠢᠨᠠᠨ ᠪᠠᠶᠢᠴᠠᠭᠠᠵᠦ ᠵᠦᠪᠰᠢᠶᠠᠷᠡᠬᠦᠯᠦᠭᠰᠡᠨ ᠦᠭᠡᠢ ᠪᠠᠷ ᠬᠢᠯᠢ ᠶᠢᠨ ᠲᠤᠳᠤᠷ᠎ᠠ ᠪᠠᠨ ᠬᠢᠯᠢ ᠶᠢᠨ ᠭᠠᠳᠠᠨᠠᠬᠢ | ᠪᠠᠶᠢᠭᠤᠯᠤᠮᠵᠢ᠂ ᠬᠤᠪᠢ ᠬᠦᠮᠦᠨ ᠲᠠᠢ ᠬᠤᠷᠰᠢᠨ ᠬᠠᠮᠠᠭᠠᠯᠠᠯᠳᠠ ᠶᠢᠨ ᠲᠤᠪᠶᠤᠭ ᠲᠤ ᠵᠢᠭᠰᠠᠭᠠᠭᠰᠠᠨ ᠮᠠᠯ ᠵᠢᠬᠦᠷᠳᠡᠨ ᠤ | ᠤᠳᠤᠮᠯᠠᠯ ᠤᠨ ᠡᠬᠢ ᠪᠠᠶᠠᠯᠢᠭ ᠢ ᠰᠤᠳᠤᠯᠵᠦ ᠠᠰᠢᠬᠯᠠᠭᠰᠠᠨ︔ | ︵ᠭᠤᠷᠪᠠ︶ ᠬᠢᠯᠢ ᠶᠢᠨ ᠲᠤᠳᠤᠷ᠎ᠠ ᠪᠠᠨ ᠬᠢᠯᠢ ᠶᠢᠨ ᠭᠠᠳᠠᠨᠠᠬᠢ ᠪᠠᠶᠢᠭᠤᠯᠤᠮᠵᠢ᠂ ᠬᠤᠪᠢ ᠬᠦᠮᠦᠨ ᠲᠠᠢ ᠬᠤᠷᠰᠢᠨ | ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠤᠨ ᠬᠢᠨᠠᠨ ᠲᠤᠭᠳᠠᠭᠠᠯᠳᠠ ᠶᠢ ᠦᠡᠭᠭᠡᠷᠡᠬᠦᠯᠦᠭᠡ | ᠦᠭᠡᠢ ᠰᠢᠨ᠎ᠠ ᠪᠠᠷ ᠢᠯᠡᠷᠡᠬᠦᠯᠦᠭᠰᠡᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠰᠤᠳᠤᠯᠵᠦ ᠠᠰᠢᠬᠯᠠᠬᠰᠠᠨ᠃ | ᠵᠢᠷᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠦᠭᠰᠡᠨ ᠦᠭᠡᠢ ᠪᠠᠷ ᠮᠠᠯ ᠵᠢᠬᠦᠷᠳᠡᠨ ᠤ | ᠤᠳᠤᠮᠯᠠᠯ ᠤᠨ ᠡᠬᠢ ᠪᠠᠶᠠᠯᠢᠭ ᠢ ᠬᠢᠯᠢ ᠠᠴᠠ ᠭᠠᠳᠠᠭᠰᠢ ᠭᠠᠷᠭᠠᠭᠰᠠᠨ ᠪᠠᠶᠢᠪᠠᠯ᠂ ︽ᠪᠦᠭᠦᠳᠡ ᠨᠠᠶᠢᠷᠠᠮᠳᠠᠬᠤ ᠲᠤᠮᠳᠠᠳᠦ | ᠠᠷᠠᠳ ᠤᠯᠤᠰ ᠤᠨ ᠪᠤᠭᠤᠮᠳᠠ ᠶᠢᠨ ᠬᠠᠦᠯᠢ︾ ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠠᠦᠯᠢ ᠶᠢᠨ | ᠬᠠᠷᠢᠭᠤᠴᠠᠯᠭ᠎ᠠ ᠨᠡᠭᠡᠮᠵᠢᠯᠡᠨ᠎ᠠ᠃ ᠪᠤᠭᠤᠮᠳᠠ ᠨᠢ ᠬᠤᠷᠢᠶᠠᠵᠦ ᠠᠪᠤᠭᠰᠠᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ | ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠰᠢᠯᠵᠢᠬᠦᠯᠦᠨ ᠬᠦᠷᠭᠡᠵᠦ ᠰᠢᠢᠳᠪᠦᠷᠢᠯᠡᠬᠦᠯᠬᠦ ᠭᠡᠷᠡᠭᠳᠠᠢ᠃ | ᠵᠢᠷᠡᠨ ᠨᠢᠭᠡᠳᠦᠭᠡᠷ ᠵᠦᠢᠯ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠵᠦ᠂ ᠬᠢᠨᠠᠨ | ᠲᠤᠭᠳᠠᠭᠠᠯᠳᠠ ᠪᠤᠶᠤ ᠰᠢᠯᠭᠠᠨ ᠲᠤᠭᠳᠠᠭᠠᠯᠳᠠ ᠶᠢ ᠦᠡᠭᠭᠡᠷᠡᠬᠦᠯᠦᠭᠰᠡᠨ ᠦᠭᠡᠢ ᠮᠠᠯ ᠵᠢᠬᠦᠷᠳᠡᠨ ᠤ ᠡᠬᠦᠯᠳᠡᠷ ᠢ ᠪᠤᠷᠤᠯᠠᠭᠤᠯᠵᠦ | ᠲᠡᠯᠭᠡᠷᠡᠬᠦᠯᠦᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ | ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠠᠦᠯᠢ ᠶᠢ ᠵᠦᠷᠢᠴᠡᠭᠰᠡᠨ | ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠦ᠂ ᠮᠠᠯ ᠵᠢᠬᠦᠷᠳᠡᠨ ᠪᠠ ᠬᠠᠦᠯᠢ ᠶᠢ ᠵᠦᠷᠢᠴᠡᠵᠦ ᠤᠯᠤᠭᠰᠠᠨ ᠤᠯᠵᠠ | ᠠᠰᠢᠭ ᠢ ᠨᠢ ᠬᠤᠷᠢᠶᠠᠨ ᠠᠪᠤᠨ᠎ᠠ︔ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠨᠢ ᠲᠠᠪᠤᠨ ᠲᠦᠮᠡᠨ | ᠲᠦᠬᠦᠷᠢᠭ ᠠᠴᠠ ᠲᠡᠭᠡᠭᠰᠢ ᠪᠠᠶᠢᠪᠠᠯ᠂ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠤᠨ ᠬᠢᠨᠢ ᠨᠢᠭᠡ ᠲᠠᠬᠢᠨ ᠠᠴᠠ | ᠲᠡᠭᠡᠭᠰᠢ ᠭᠤᠷᠪᠠᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠢᠳᠭᠡᠨ᠎ᠡ︔ ᠬᠠᠦᠯᠢ ᠶᠢ | ᠵᠦᠷᠢᠴᠡᠵᠦ ᠤᠯᠤᠭᠰᠠᠨ ᠤᠯᠵᠠ ᠠᠰᠢᠭ ᠪᠠᠶᠢᠬᠤ ᠦᠭᠡᠢ ᠪᠤᠶᠤ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠨᠢ | ᠲᠠᠪᠤᠨ ᠲᠦᠮᠡᠨ ᠲᠦᠬᠦᠷᠢᠭ ᠲᠤ ᠬᠦᠷᠬᠦ ᠦᠭᠡᠢ ᠪᠠᠶᠢᠪᠠᠯ᠂ ᠲᠠᠪᠤᠨ ᠮᠢᠩᠭᠠᠨ ᠲᠦᠬᠦᠷᠢᠭ ᠠᠴᠠ ᠲᠡᠭᠡᠭᠰᠢ ᠲᠠᠪᠤᠨ ᠲᠦᠮᠡᠨ | ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠢᠳᠭᠡᠨ᠎ᠡ᠃ | ᠵᠢᠷᠡᠨ ᠬᠤᠶᠠᠳᠤᠭᠠᠷ ᠵᠦᠢᠯ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠵᠦ᠂ ᠦᠷ᠎ᠠ ᠶᠢᠨ ᠮᠠᠯ | ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠠᠷᠡᠯ ᠤᠨ ᠦᠨᠡᠮᠯᠡᠯ ᠦᠭᠡᠢ ᠪᠤᠶᠤ ᠦᠷ᠎ᠠ ᠶᠢᠨ ᠮᠠᠯ ᠵᠢᠬᠦᠷᠳᠡᠨ ᠢ | ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠤᠨ ᠲᠤᠭᠳᠠᠭᠠᠯ ᠢ ᠵᠦᠷᠢᠴᠡᠵᠦ ᠦᠷ᠎ᠠ ᠶᠢᠨ ᠮᠠᠯ ᠵᠢᠬᠦᠷᠳᠡᠨ ᠢ | ᠦᠢᠯᠡᠳᠪᠦᠷᠢᠯᠡᠵᠦ ᠡᠵᠡᠩᠨᠡᠭᠰᠡᠨ᠂ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠢ | ᠰᠢᠯᠵᠢᠬᠦᠯᠦᠨ ᠦᠭᠬᠦᠭᠰᠡᠨ᠂ ᠲᠦᠷᠢᠶᠡᠰᠦᠯᠡᠬᠦᠯᠦᠨ ᠵᠢᠭᠡᠯᠡᠬᠦᠯᠦᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ | ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠦᠴᠢᠷ ᠠᠴᠠ ᠬᠠᠦᠯᠢ ᠶᠢ ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠦ᠂ ᠬᠠᠦᠯᠢ ᠶᠢ ᠵᠦᠷᠢᠴᠡᠵᠦ | ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠤᠨ᠎ᠠ︔ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠨᠢ ᠭᠤᠷᠪᠠᠨ | ᠲᠦᠮᠡᠨ ᠲᠦᠬᠦᠷᠢᠭ ᠠᠴᠠ ᠲᠡᠭᠡᠭᠰᠢ ᠪᠠᠶᠢᠪᠠᠯ᠂ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠤᠨ ᠬᠢᠨᠢ ᠨᠢᠭᠡ | ᠲᠠᠬᠢᠨ ᠠᠴᠠ ᠲᠡᠭᠡᠭᠰᠢ ᠭᠤᠷᠪᠠᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠢᠳᠭᠡᠨ᠎ᠡ︔ | ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠪᠠᠶᠢᠬᠤ ᠦᠭᠡᠢ ᠪᠤᠶᠤ ᠬᠠᠦᠯᠢ ᠶᠢ ᠵᠦᠷᠢᠴᠡᠵᠦ ᠤᠯᠤᠭᠰᠠᠨ ᠤᠯᠵᠠ | ᠠᠰᠢᠭ ᠨᠢ ᠭᠤᠷᠪᠠᠨ ᠲᠦᠮᠡᠨ ᠲᠦᠬᠦᠷᠢᠭ ᠲᠤ ᠬᠦᠷᠬᠦ ᠦᠭᠡᠢ ᠪᠠᠶᠢᠪᠠᠯ᠂ ᠭᠤᠷᠪᠠᠨ ᠮᠢᠩᠭᠠᠨ ᠲᠦᠬᠦᠷᠢᠭ ᠠᠴᠠ ᠲᠡᠭᠡᠭᠰᠢ | ᠭᠤᠷᠪᠠᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠢᠳᠭᠡᠨ᠎ᠡ᠃ ᠦᠷ᠎ᠠ ᠶᠢᠨ | ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠠᠷᠡᠯ ᠤᠨ ᠦᠨᠡᠮᠯᠡᠯ ᠤᠨ ᠲᠤᠭᠳᠠᠭᠠᠯ ᠢ ᠵᠦᠷᠢᠴᠡᠨ᠂ ᠦᠷ᠎ᠠ ᠶᠢᠨ | ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠭᠰᠡᠨ ᠪᠤᠶᠤ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ | ᠵᠦᠪᠰᠢᠶᠠᠷᠡᠯ ᠤᠨ ᠦᠨᠡᠮᠯᠡᠯ ᠢ ᠰᠢᠯᠵᠢᠬᠦᠯᠦᠨ ᠦᠭᠬᠦᠭᠰᠡᠨ᠂ ᠲᠦᠷᠢᠶᠡᠰᠦᠯᠡᠬᠦᠯᠦᠨ ᠵᠢᠭᠡᠯᠡᠬᠦᠯᠦᠭᠰᠡᠨ ᠪᠦᠭᠡᠳ ᠦᠢᠯᠡ | ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ | ᠦᠨᠡᠮᠯᠡᠯ ᠢ ᠨᠢ ᠬᠤᠷᠢᠶᠠᠨ ᠠᠪᠴᠦ ᠬᠦᠴᠦᠨ ᠦᠭᠡᠢ ᠪᠤᠯᠭᠠᠬᠤ ᠪᠠᠷ ᠨᠡᠶᠢᠯᠡᠬᠦᠯᠤᠨ ᠰᠢᠢᠳᠭᠡᠨ᠎ᠡ᠃ | ᠵᠢᠷᠠᠨ ᠭᠤᠷᠪᠠᠳᠤᠭᠠᠷ ᠵᠦᠢᠯ ᠲᠤᠰ ᠬᠠᠦᠯᠢ ᠶᠢᠨ ᠬᠤᠷᠢᠨ ᠨᠠᠢᠮᠠᠳᠤᠭᠠᠷ ᠵᠦᠢᠯ ᠤᠨ ᠲᠤᠭᠳᠠᠭᠠᠯ ᠢ ᠵᠦᠷᠢᠴᠡᠭᠰᠡᠨ | ᠪᠠᠶᠢᠪᠠᠯ᠂ ︽ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠵᠠᠷ ᠤᠨ ᠬᠠᠦᠯᠢ︾ ᠶᠢᠨ ᠬᠤᠯᠪᠤᠭᠳᠠᠯ ᠪᠦᠬᠦᠢ | ᠲᠤᠭᠳᠠᠭᠠᠯ ᠶᠤᠰᠤᠭᠠᠷ ᠬᠠᠦᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠠ᠃ | ᠵᠢᠷᠡᠨ ᠲᠦᠷᠪᠡᠳᠦᠭᠡᠷ ᠵᠦᠢᠯ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠨ᠂ ᠬᠡᠷᠡᠭᠯᠡᠭᠰᠡᠨ | ᠦᠷ᠎ᠠ ᠶᠢᠨ ᠮᠠᠯ ᠵᠢᠬᠦᠷᠳᠡᠨ ᠨᠢ ᠭᠡᠭᠡᠯᠳᠦᠬᠦᠯᠭᠡ ᠳᠤ ᠭᠡᠷᠡᠭᠯᠡᠬᠦ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ᠂ ᠰᠢᠶᠠᠨ ᠤ | ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠠᠦᠯᠢ ᠶᠢ ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ | ᠵᠤᠭᠰᠤᠭᠠᠵᠦ᠂ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠤᠨ᠎ᠠ︔ ᠬᠠᠦᠯᠢ ᠶᠢ ᠵᠦᠷᠢᠴᠡᠵᠦ | ᠤᠯᠤᠭᠰᠠᠨ ᠤᠯᠵᠠ ᠠᠰᠢᠭ ᠨᠢ ᠲᠠᠪᠤᠨ ᠮᠢᠩᠭᠠᠨ ᠲᠦᠬᠦᠷᠢᠭ ᠠᠴᠠ ᠲᠠᠭᠡᠭᠰᠢ ᠪᠠᠶᠢᠪᠠᠯ᠂ ᠬᠠᠦᠯᠢ ᠶᠢ ᠵᠦᠷᠢᠴᠡᠵᠦ ᠤᠯᠤᠭᠰᠠᠨ | ᠤᠯᠵᠠ ᠠᠰᠢᠭ ᠤᠨ ᠬᠢᠨᠢ ᠨᠢᠭᠡ ᠲᠠᠬᠢᠨ ᠠᠴᠠ ᠲᠡᠭᠡᠭᠰᠢ ᠬᠤᠶᠠᠷ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ | ᠨᠡᠶᠢᠯᠡᠬᠦᠯᠤᠨ ᠰᠢᠢᠳᠭᠡᠨ᠎ᠡ︔ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠪᠠᠶᠢᠬᠤ ᠦᠭᠡᠢ ᠪᠤᠶᠤ ᠬᠠᠦᠯᠢ ᠶᠢ | ᠵᠦᠷᠢᠴᠡᠵᠦ ᠤᠯᠤᠭᠰᠠᠨ ᠤᠯᠵᠠ ᠠᠰᠢᠭ ᠨᠢ ᠲᠠᠪᠤᠨ ᠮᠢᠩᠭᠠᠨ ᠲᠦᠬᠦᠷᠢᠭ ᠲᠤ ᠬᠦᠷᠬᠦ ᠦᠭᠡᠢ ᠪᠠᠶᠢᠪᠠᠯ᠂ ᠨᠢᠭᠡ ᠮᠢᠩᠭᠠᠨ | ᠲᠦᠬᠦᠷᠢᠭ ᠠᠴᠠ ᠲᠠᠭᠡᠭᠰᠢ ᠲᠠᠪᠤᠨ ᠮᠢᠩᠭᠠᠨ ᠲᠦᠭᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ | ᠰᠢᠢᠳᠭᠡᠨ᠎ᠡ᠃ | ᠵᠢᠷᠡᠠ ᠲᠠᠪᠤᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠢ ᠪᠤᠷᠤᠯᠠᠭᠤᠯᠤᠨ ᠬᠤᠳᠠᠯᠳᠤᠬᠤ ᠳᠠᠭᠠᠨ ᠲᠤᠰ ᠬᠠᠦᠯᠢ ᠶᠢᠨ | ᠭᠤᠴᠢᠳᠤᠭᠠᠷ ᠵᠦᠢᠯ ᠤᠨ ᠨᠢᠭᠡᠳᠦᠭᠡᠷ ᠵᠤᠷᠪᠤᠰ ᠠᠴᠠ ᠲᠦᠷᠪᠡᠳᠦᠭᠡᠷ ᠵᠤᠷᠪᠤᠰ ᠲᠠᠬᠢ ᠬᠠᠦᠯᠢ ᠶᠢ ᠵᠦᠷᠢᠴᠡᠭᠰᠡᠨ | ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ | ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠪᠤᠷᠤᠯᠠᠭᠤᠯᠤᠨ | ᠬᠤᠳᠠᠯᠳᠤᠬᠤ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠦ᠂ ᠬᠠᠦᠯᠢ ᠶᠢ ᠵᠦᠷᠢᠴᠡᠵᠦ ᠪᠤᠷᠤᠯᠠᠭᠤᠯᠤᠨ ᠬᠤᠳᠠᠯᠳᠤᠭᠰᠠᠨ ᠮᠠᠯ | ᠵᠢᠬᠦᠷᠳᠡᠨ ᠪᠤᠯᠤᠨ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠤᠨ᠎ᠠ︔ ᠬᠠᠦᠯᠢ ᠶᠢ | ᠵᠦᠷᠢᠴᠡᠵᠦ ᠤᠯᠤᠭᠰᠠᠨ ᠤᠯᠵᠠ ᠠᠰᠢᠭ ᠨᠢ ᠲᠠᠪᠤᠨ ᠲᠦᠮᠡᠨ ᠲᠦᠬᠦᠷᠢᠭ ᠠᠴᠠ ᠲᠠᠭᠡᠭᠰᠢ ᠪᠠᠶᠢᠪᠠᠯ᠂ ᠬᠠᠦᠯᠢ ᠶᠢ ᠵᠦᠷᠢᠴᠡᠵᠦ | ᠤᠯᠤᠭᠰᠠᠨ ᠤᠯᠵᠠ ᠠᠰᠢᠭ ᠤᠨ ᠬᠢᠨᠢ ᠨᠢᠭᠡ ᠲᠠᠬᠢᠨ ᠠᠴᠠ ᠲᠡᠭᠡᠭᠰᠢ ᠲᠠᠪᠤᠨ ᠲᠠᠬᠢᠨ ᠠᠴᠠ ᠲᠤᠭᠤᠭᠰᠢ ᠵᠤᠭᠤᠰ ᠢᠶᠠᠷ | ᠲᠤᠷᠭᠠᠬᠤ ᠪᠠᠷ ᠨᠡᠶᠢᠯᠡᠬᠦᠯᠦᠨ ᠰᠢᠢᠳᠭᠡᠨ᠎ᠡ︔ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠪᠠᠶᠢᠬᠤ ᠦᠭᠡᠢ ᠪᠤᠶᠤ | ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠨᠢ ᠲᠠᠪᠤᠨ ᠲᠦᠮᠡᠨ ᠲᠦᠬᠦᠷᠢᠭ ᠲᠤ ᠬᠦᠷᠬᠦ ᠦᠭᠡᠢ ᠪᠠᠶᠢᠪᠠᠯ᠂ ᠲᠠᠪᠤᠨ | ᠮᠢᠩᠭᠠᠨ ᠲᠦᠬᠦᠷᠢᠭ ᠠᠴᠠ ᠲᠡᠭᠡᠭᠰᠢ ᠲᠠᠪᠤᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ | ᠨᠡᠶᠢᠯᠡᠬᠦᠯᠦᠨ ᠰᠢᠢᠳᠭᠡᠨ᠎ᠡ︔ ᠦᠢᠯᠨ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠦᠷ᠎ᠠ ᠶᠢᠨ ᠮᠠᠯ ᠵᠢᠬᠦᠷᠳᠡᠨ ᠢ | ᠦᠢᠯᠡᠳᠪᠦᠷᠢᠯᠡᠵᠦ ᠡᠵᠨᠩᠨᠡᠬᠦ ᠵᠦᠪᠰᠢᠶᠡᠷᠡᠯ ᠤᠨ ᠦᠨᠡᠮᠯᠡᠯ ᠪᠤᠶᠤ ᠡᠵᠡᠩᠨᠡᠯᠳᠠ ᠶᠢᠨ ᠦᠨᠡᠮᠯᠡᠯ ᠢ ᠨᠢ ᠬᠤᠷᠢᠶᠠᠨ ᠠᠪᠴᠦ | ᠬᠦᠴᠦᠨ ᠦᠭᠡᠢ ᠪᠤᠯᠭᠠᠬᠤ ᠪᠠᠷ ᠨᠡᠶᠢᠯᠡᠬᠦᠯᠦᠨ ᠰᠢᠢᠳᠭᠡᠨ᠎ᠡ᠃ | ᠵᠢᠷᠠᠨ ᠵᠢᠷᠭᠤᠳᠤᠭᠠᠷ ᠵᠦᠢᠯ ᠲᠤᠰ ᠬᠠᠦᠯᠢ ᠶᠢᠨ ᠲᠦᠴᠢᠨ ᠨᠢᠭᠡᠳᠦᠭᠡᠷ ᠵᠦᠢᠯ ᠤᠨ ᠲᠤᠭᠳᠠᠭᠠᠯ ᠢ ᠵᠦᠷᠢᠴᠡᠨ᠂ ᠮᠠᠯ | ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ ᠨᠢ ᠲᠡᠵᠢᠭᠡᠨ ᠦᠷᠡᠵᠢᠬᠦᠯᠬᠦ ᠲᠠᠩᠰᠠ ᠡᠪᠭᠡᠮᠡᠯ ᠵᠤᠬᠢᠶᠠᠭᠰᠠᠨ ᠦᠭᠡᠢ ᠡᠰᠡᠬᠦᠯ᠎ᠠ | ᠲᠡᠵᠢᠭᠡᠨ ᠦᠷᠡᠵᠢᠬᠦᠯᠬᠦ ᠲᠠᠩᠰᠠ ᠡᠪᠭᠡᠮᠡᠯ ᠢ ᠲᠤᠭᠳᠠᠭᠠᠯ ᠶᠤᠰᠤᠭᠠᠷ ᠬᠠᠳᠠᠭᠠᠯᠠᠭᠰᠠᠨ ᠦᠭᠡᠢ ᠪᠠᠶᠢᠪᠠᠯ᠂ ᠰᠢᠶᠠᠨ ᠤ | ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠵᠦ᠂ | ᠨᠢᠭᠡ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠰᠢᠢᠳᠭᠡᠵᠦ ᠪᠤᠯᠤᠨ᠎ᠠ᠃ | ᠵᠢᠷᠠᠨ ᠲᠤᠯᠤᠳᠤᠭᠠᠷ ᠵᠦᠢᠯ ᠲᠤᠰ ᠬᠠᠦᠯᠢ ᠶᠢᠨ ᠲᠦᠴᠢᠨ ᠭᠤᠷᠪᠠᠳᠤᠭᠠᠷ ᠵᠦᠢᠯ ᠤᠨ ᠲᠤᠭᠳᠠᠭᠠᠯ ᠢ ᠵᠦᠷᠢᠴᠡᠵᠦ ᠮᠠᠯ | ᠵᠢᠬᠦᠷᠳᠡᠨ ᠢ ᠲᠡᠵᠢᠭᠡᠨ ᠦᠷᠡᠵᠢᠬᠦᠯᠦᠭᠰᠡᠨ ᠪᠠᠶᠢᠪᠠᠯ᠂ ᠬᠤᠯᠪᠤᠭᠳᠠᠯ ᠪᠦᠬᠦᠢ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ | ᠲᠤᠭᠳᠠᠭᠠᠯ ᠤᠨ ᠲᠤᠭᠳᠠᠭᠠᠯ ᠶᠤᠰᠤᠭᠠᠷ ᠰᠢᠢᠳᠭᠡᠨ᠎ᠡ᠃ | ᠵᠢᠷᠠᠨ ᠨᠠᠢᠮᠠᠳᠤᠭᠠᠷ ᠵᠦᠢᠯ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠵᠦ᠂ ᠪᠤᠷᠤᠯᠠᠭᠤᠯᠤᠨ | ᠬᠤᠳᠠᠯᠳᠤᠭᠰᠠᠨ ᠦᠷ᠎ᠠ ᠶᠢᠨ ᠮᠠᠯ ᠵᠢᠬᠦᠷᠳᠡᠨ ᠨᠢ ᠦᠷ᠎ᠠ ᠶᠢᠨ ᠮᠠᠯ ᠵᠢᠬᠦᠷᠳᠡᠨ ᠤ ᠬᠢᠷᠢ ᠲᠡᠩᠴᠡᠭᠰᠡᠨ ᠬᠡᠷᠡᠴᠢ᠂ ᠬᠢᠵᠢᠭ ᠤᠨ | ᠪᠠᠶᠢᠴᠠᠭᠠᠯᠳᠠ ᠳᠤ ᠬᠢᠷᠢ ᠲᠡᠩᠴᠡᠭᠰᠡᠨ ᠬᠡᠷᠡᠴᠢ᠂ ᠭᠡᠷ ᠤᠨ ᠲᠡᠵᠢᠭᠡᠪᠤᠷᠢ ᠶᠢᠨ ᠤᠳᠤᠮ ᠤᠨ ᠲᠡᠮᠳᠡᠭᠯᠡᠯ ᠢ | ᠲᠠᠭᠠᠯᠳᠤᠭᠤᠯᠤᠭᠰᠠᠨ ᠦᠭᠡᠢ ᠪᠠᠶᠢᠪᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠯ ᠶᠤᠰᠤᠭᠠᠷ ᠢᠯᠭᠠᠬᠤ ᠲᠡᠮᠳᠡᠭ ᠳᠠᠯᠪᠢᠬᠤ | ᠶᠤᠰᠤᠳᠠᠢ ᠪᠠᠶᠢᠳᠠᠯ᠎ᠠ ᠢᠯᠭᠠᠬᠤ ᠲᠡᠮᠳᠡᠭ ᠳᠠᠯᠪᠢᠬᠰᠠᠨ ᠦᠭᠡᠢ ᠮᠠᠯ ᠵᠢᠬᠦᠷᠳᠡᠨ ᠢ ᠪᠤᠷᠤᠯᠠᠭᠤᠯᠤᠭᠰᠠᠨ᠂ ᠬᠤᠳᠠᠯᠳᠤᠨ | ᠠᠪᠤᠭᠰᠠᠨ᠂ ᠡᠰᠡᠬᠦᠯ᠎ᠠ ᠮᠠᠯ ᠵᠢᠬᠦᠷᠳᠡᠨ ᠤ ᠢᠯᠭᠠᠬᠤ ᠲᠡᠮᠳᠡᠭ ᠢ ᠲᠠᠬᠢᠨ ᠲᠠᠪᠳᠠᠨ ᠭᠡᠷᠡᠭᠯᠡᠭᠰᠡᠨ ᠪᠠᠶᠢᠪᠠᠯ᠂ ᠰᠢᠶᠠᠨ ᠤ | ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ | ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠵᠠᠷᠯᠢᠭᠳᠠᠠ ᠵᠠᠯᠠᠷᠠᠭᠤᠯᠤᠭᠤᠯᠵᠦ᠂ ᠬᠤᠶᠠᠷ ᠮᠢᠩᠭᠠᠨ ᠲᠦᠬᠦᠷᠢᠭ ᠠᠴᠠ | ᠲᠤᠭᠤᠭᠰᠢ ᠵᠤᠭᠤᠰ ᠢᠶᠠᠷ ᠲᠤᠷᠭᠠᠬᠤ ᠪᠠᠷ ᠰᠢᠢᠳᠭᠡᠵᠦ ᠪᠤᠯᠤᠨ᠎ᠠ᠃ | ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠵᠦ᠂ ᠬᠠᠭᠤᠷᠮᠠᠭᠯᠠᠨ ᠵᠤᠬᠢᠶᠠᠭᠰᠠᠨ᠂ | ᠦᠭᠡᠷᠡᠳᠡᠬᠦᠯᠦᠨ ᠵᠤᠬᠢᠶᠠᠭᠰᠠᠨ ᠮᠠᠯ ᠵᠢᠬᠦᠷᠳᠡᠨ ᠤ ᠢᠯᠭᠠᠬᠤ ᠲᠡᠮᠳᠡᠭ ᠢ ᠭᠡᠷᠡᠭᠯᠡᠭᠰᠡᠨ ᠪᠠᠶᠢᠪᠠᠯ᠂ ᠰᠢᠶᠠᠨ ᠤ ᠱᠠᠳᠤᠨ ᠠᠴᠠ | ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠠᠴᠠ ᠬᠠᠭᠤᠷᠮᠠᠭᠯᠠᠨ ᠵᠤᠬᠢᠶᠠᠭᠰᠠᠨ᠂ ᠦᠭᠡᠷᠡᠳᠡᠬᠦᠯᠦᠨ ᠵᠤᠬᠢᠶᠠᠭᠰᠠᠨ ᠮᠠᠯ ᠵᠢᠬᠦᠷᠳᠡᠨ ᠤ | ᠢᠯᠭᠠᠬᠤ ᠲᠡᠮᠳᠡᠭ ᠪᠠ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠴᠦ᠂ ᠭᠤᠷᠪᠠᠨ ᠮᠢᠩᠭᠠᠨ | ᠲᠦᠬᠦᠷᠢᠭ ᠠᠴᠠ ᠲᠡᠭᠡᠭᠰᠢ ᠭᠤᠷᠪᠠᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ | ᠰᠢᠢᠳᠭᠡᠨ᠎ᠡ᠃ | ᠵᠢᠷᠠ ᠶᠢᠰᠦᠳᠦᠭᠡᠷ ᠵᠦᠢᠯ ᠤᠯᠤᠰ ᠤᠨ ᠮᠡᠷᠭᠡᠵᠢᠯ ᠤᠨ ᠲᠦᠷᠢᠮᠵᠢᠯ ᠤᠨ ᠠᠯᠪᠠᠳᠠᠯᠭ᠎ᠠ ᠶᠢᠨ ᠴᠢᠨᠠᠷᠳᠠᠢ | ᠱᠠᠭᠠᠷᠳᠠᠯᠭ᠎ᠠ ᠳᠤ ᠨᠡᠶᠢᠴᠡᠬᠦ ᠦᠭᠡᠢ ᠮᠠᠯ ᠵᠢᠬᠦᠷᠳᠡᠨ ᠢ ᠪᠤᠷᠤᠯᠠᠭᠤᠯᠤᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ | ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ | ᠰᠠᠯᠠᠭ᠎ᠠ ᠮᠦᠴᠢᠷ ᠠᠴᠠ ᠬᠠᠦᠯᠢ ᠶᠢ ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠦ᠂ ᠬᠠᠦᠯᠢ ᠶᠢ ᠵᠦᠷᠢᠴᠡᠵᠦ | ᠪᠤᠷᠤᠯᠠᠭᠤᠯᠤᠭᠰᠠᠨ ᠮᠠᠯ ᠵᠢᠬᠦᠷᠳᠡᠨ ᠪᠤᠯᠤᠨ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠴᠦ᠂ | ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠤᠨ ᠬᠢᠨᠢ ᠨᠢᠭᠡ ᠲᠠᠬᠢᠨ ᠠᠴᠠ ᠲᠡᠭᠡᠭᠰᠢ ᠭᠤᠷᠪᠠᠨ ᠲᠠᠬᠢᠨ ᠠᠴᠠ | ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠢᠳᠭᠡᠨ᠎ᠡ︔ ᠦᠢᠯᠨ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ | ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠡᠵᠡᠩᠨᠡᠯᠳᠠ ᠶᠢᠨ | ᠦᠨᠡᠮᠯᠡᠯ ᠢ ᠨᠢ ᠬᠤᠷᠢᠶᠠᠨ ᠠᠪᠴᠦ ᠬᠦᠴᠦᠨ ᠦᠭᠡᠢ ᠪᠤᠯᠭᠠᠬᠤ ᠪᠠᠷ ᠨᠡᠶᠢᠯᠡᠬᠦᠯᠦᠨ ᠰᠢᠢᠳᠭᠡᠨ᠎ᠡ᠃ | ᠲᠠᠯᠠᠳᠤᠭᠠᠷ ᠵᠦᠢᠯ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠤᠨ ᠠᠵᠢᠯᠳᠠᠨ ᠲᠤᠰᠢᠶᠠᠯ ᠤᠨ ᠢᠶᠠᠨ ᠲᠦᠬᠦᠮ ᠢ ᠠᠰᠢᠬᠯᠠᠨ ᠪᠤᠰᠤᠳ ᠤᠨ ᠵᠤᠭᠤᠰ ᠮᠦᠡᠭᠬᠦ ᠡᠳ᠋ ᠪᠤᠳᠠᠰ ᠢ | ᠬᠦᠯᠢᠶᠡᠨ ᠠᠪᠤᠭᠰᠠᠨ ᠪᠤᠶᠤ ᠪᠤᠰᠤᠳ ᠠᠰᠢᠭ ᠳᠤᠰᠠ ᠤᠯᠤᠭᠰᠠᠨ᠂ ᠬᠠᠦᠯᠢ ᠪᠠᠷ ᠲᠤᠭᠳᠠᠭᠠᠭᠰᠠᠨ ᠨᠦᠬᠦᠴᠡᠯ ᠳᠤ ᠨᠡᠶᠢᠴᠡᠬᠦ | ᠦᠭᠡᠢ ᠪᠠᠶᠢᠭᠤᠯᠭ᠎ᠠ᠂ ᠬᠤᠪᠢ ᠬᠦᠮᠦᠨ ᠳᠤ ᠵᠦᠪᠰᠢᠶᠡᠷᠡᠯ ᠤᠨ ᠦᠨᠡᠮᠯᠡᠯ ᠪᠤᠶᠤ ᠬᠤᠯᠪᠤᠭᠳᠠᠯ ᠪᠦᠬᠦᠢ ᠵᠦᠪᠰᠢᠶᠡᠷᠡᠯ ᠤᠨ | ᠪᠢᠴᠢᠭ ᠮᠠᠲ᠋ᠧᠷᠢᠶᠠᠯ ᠢ ᠵᠦᠪᠰᠢᠶᠡᠷᠡᠨ ᠤᠯᠭᠤᠭᠰᠠᠨ᠂ ᠬᠢᠨᠠᠯᠳᠠ ᠲᠠᠯᠪᠢᠬᠤ ᠬᠠᠷᠢᠭᠤᠴᠠᠯᠭ᠎ᠠ ᠪᠠᠨ ᠡᠰᠠ ᠬᠦᠢᠴᠡᠳᠬᠡᠭᠰᠡᠨ᠂ | ᠡᠰᠡᠬᠦᠯ᠎ᠠ ᠬᠠᠦᠯᠢ ᠶᠢ ᠵᠦᠷᠢᠴᠡᠭᠰᠡᠨ ᠠᠵᠢᠯᠯᠠᠭ᠎ᠠ ᠶᠢ ᠤᠯᠵᠦ ᠮᠡᠳᠡᠭᠡᠳ ᠪᠠᠶᠢᠴᠠᠭᠠᠨ ᠰᠢᠢᠳᠭᠡᠭᠰᠡᠨ ᠦᠬᠡᠢ ᠪᠠᠶᠢᠪᠠᠯ᠂ | ᠬᠠᠦᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠦᠭᠬᠦᠨ᠎ᠠ᠃ | ᠲᠠᠯᠠᠨ ᠨᠢᠭᠡᠳᠦᠭᠡᠷ ᠵᠦᠢᠯ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠨ ᠡᠵᠡᠩᠨᠡᠭᠴᠢ ᠨᠢ ᠦᠷ᠎ᠠ ᠶᠢᠨ ᠮᠠᠯ | ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠢᠶᠠᠨ ᠬᠤᠷᠢᠶᠠᠬᠳᠠᠨ ᠬᠦᠴᠦᠨ ᠦᠭᠡᠢ | ᠪᠤᠯᠭᠠᠭᠳᠠᠭᠰᠠᠨ ᠪᠠᠶᠢᠪᠠᠯ᠂ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠨᠢ ᠵᠦᠪᠰᠢᠶᠡᠷᠡᠯ ᠤᠨ ᠦᠨᠡᠮᠯᠡᠯ ᠢ ᠬᠤᠷᠢᠶᠠᠨ ᠠᠪᠴᠦ ᠬᠦᠴᠦᠨ ᠦᠭᠡᠢ ᠪᠤᠯᠭᠠᠭᠰᠠᠨ ᠡᠳᠦᠷ ᠠᠴᠠ ᠡᠬᠢᠯᠡᠵᠦ | ᠠᠷᠪᠠᠨ ᠡᠳᠦᠷ ᠤᠨ ᠲᠤᠳᠤᠷ᠎ᠠ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ | ᠮᠦᠴᠢᠷ ᠲᠤ ᠮᠡᠳᠡᠭᠳᠡᠨ᠎ᠠ᠃ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠨ ᠡᠵᠡᠩᠨᠡᠭᠴᠢ ᠨᠢ ᠬᠠᠦᠯᠢ ᠶᠤᠰᠤᠭᠠᠷ | ᠦᠢᠯᠡᠳᠪᠤᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠬᠦᠷᠴᠦ ᠲᠠᠩᠰᠠᠯᠠᠯᠳᠠ ᠪᠠᠨ | ᠬᠤᠪᠢᠷᠠᠭᠤᠯᠬᠤ ᠪᠤᠶᠤ ᠲᠠᠩᠰᠠᠯᠠᠯᠳᠠ ᠠᠴᠠ ᠬᠠᠰᠤᠬᠤ ᠭᠠᠷ ᠬᠦᠢᠴᠡᠳᠭᠡᠯ ᠬᠢᠬᠦ ᠭᠡᠷᠡᠭᠳᠠᠢ᠃ | ᠲᠠᠯᠠᠨ ᠬᠤᠶᠠᠳᠤᠭᠠᠷ ᠵᠦᠢᠯ ᠲᠤᠰ ᠬᠠᠦᠯᠢ ᠶᠢᠨ ᠲᠤᠭᠳᠠᠭᠠᠯ ᠢ ᠵᠦᠷᠢᠴᠡᠵᠦ᠂ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ | ᠬᠠᠦᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠠ᠃ | ᠨᠠᠢᠮᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠲᠠᠯᠠᠨ ᠭᠤᠷᠪᠠᠳᠤᠭᠠᠷ ᠵᠦᠢᠯ ᠲᠤᠰ ᠬᠠᠦᠯᠢ ᠳᠤ ᠬᠡᠯᠡᠵᠦ ᠪᠠᠶᠢᠭ᠎ᠠ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ | ᠬᠡᠳᠡᠭ ᠨᠢ ᠮᠠᠯ ᠵᠢᠬᠦᠷᠳᠡᠨ ᠪᠠ ᠲᠡᠬᠦᠨ ᠤ ᠦᠨᠳᠡᠭᠡᠨ ᠡᠰ ︵ᠦᠨᠳᠡᠭᠡ︶᠂ ᠬᠦᠪᠦᠷᠡᠯ᠂ ᠦᠷ᠎ᠠ ᠶᠢᠨ ᠰᠢᠩᠭᠡᠨ᠂ ᠭᠧᠨ ᠤ | ᠡᠳ᠋ ᠵᠡᠷᠭᠡ ᠤᠳᠤᠮᠯᠠᠯ ᠤᠨ ᠮᠠᠲ᠋ᠧᠷᠢᠶᠠᠯ ᠢ ᠵᠢᠭᠠᠵᠦ ᠪᠠᠶᠢᠨ᠎ᠠ᠃ | ᠲᠤᠰ ᠬᠠᠦᠯᠢ ᠳᠤ ᠬᠡᠯᠡᠵᠦ ᠪᠠᠶᠢᠭ᠎ᠠ ᠦᠷ᠎ᠠ ᠶᠢᠨ ᠮᠠᠯ ᠵᠢᠬᠦᠷᠳᠡᠨ ᠭᠡᠳᠡᠭ ᠨᠢ ᠰᠤᠩᠭᠤᠨ ᠪᠤᠶᠢᠵᠢᠭᠤᠯᠤᠯᠳᠠ ᠶᠢ | ᠦᠡᠭᠭᠡᠷᠡᠭᠡᠭᠰᠡᠨ᠂ ᠭᠡᠭᠡᠯᠳᠦᠬᠦᠯᠭᠡ ᠳᠤ ᠭᠡᠷᠡᠭᠯᠡᠬᠦ ᠦᠨ᠎ᠠ ᠦᠷᠳᠡᠭ ᠲᠠᠢ᠂ ᠬᠤᠶᠢᠴᠢ ᠦᠶ᠎ᠠ ᠶᠢ ᠦᠷᠡᠵᠢᠬᠦᠯᠬᠦ ᠳᠤ ᠲᠤᠬᠢᠷᠠᠬᠤ | ᠮᠠᠯ ᠵᠢᠬᠦᠷᠳᠡᠨ ᠵᠢᠴᠢ ᠲᠡᠬᠦᠨ ᠤ ᠦᠨᠳᠡᠭᠡᠨ ᠡᠰ ︵ᠦᠨᠳᠡᠭᠡ︶᠂ ᠬᠦᠪᠦᠷᠡᠯ᠂ ᠦᠷ᠎ᠠ ᠶᠢᠨ ᠰᠢᠩᠭᠡᠨ ᠵᠡᠷᠭᠡ ᠶᠢ ᠵᠢᠭᠠᠵᠦ | ᠪᠠᠶᠢᠨ᠎ᠠ᠃ | ᠲᠠᠯᠠᠨ ᠲᠦᠷᠪᠡᠳᠦᠭᠡᠷ ᠵᠦᠢᠯ ᠲᠤᠰ ᠬᠠᠦᠯᠢ ᠶᠢ 2006 ᠤᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠵᠦ ᠭᠡᠷᠡᠭᠵᠢᠬᠦᠯᠦᠨ᠎ᠠ᠃ |