ᠰᠠᠭᠠᠯᠢ ᠶᠢᠨ ᠦᠨᠢᠶ᠎ᠡ ᠶᠢ ᠰᠢᠨᠵᠢᠯᠡᠬᠦ ᠤᠬᠠᠭᠠᠨᠴᠢ ᠪᠠᠷ ᠮᠠᠯᠵᠢᠬᠤ ︵ᠭᠤᠷᠪᠠ︶
ᠨᠡᠶᠢᠲᠡᠯᠡᠭᠰᠡᠨ ᠴᠠᠭ᠄
2020/8/31
     ᠪᠦᠳᠦᠭᠦᠯᠢᠭ ᠨᠠᠷᠢᠯᠢᠭ ᠪᠤᠷᠳᠤᠭ᠎ᠠ ᠶᠢ ᠲᠤᠬᠢᠷᠠᠭᠤᠯᠬᠤ ᠬᠠᠷᠢᠴᠠᠯ ᠢ ᠶᠠᠭᠠᠬᠢᠵᠤ ᠡᠵᠡᠮᠰᠢᠬᠦ ᠪᠣᠢ︖      ᠰᠠᠭᠠᠯᠢ ᠶᠢᠨ ᠦᠨᠢᠶᠡᠨ ᠤ ᠰᠢᠮ᠎ᠡ ᠲᠡᠵᠢᠭᠡᠯ ᠤᠨ ᠬᠡᠷᠡᠭᠴᠡᠭᠡ ᠶᠢ ᠬᠠᠩᠭᠠᠭᠰᠠᠨ ᠤᠷᠢᠳᠠᠯ ᠳᠤᠤᠷ᠎ᠠ ᠴᠢᠨᠠᠷ ᠰᠠᠶᠢᠲᠠᠢ ᠪᠦᠳᠦᠭᠦᠯᠢᠭ ᠪᠤᠷᠳᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠠᠰᠢᠭᠯᠠᠵᠤ᠂ ᠰᠦ ᠱᠦᠭᠦᠷᠡᠯᠲᠡ ᠶᠢᠨ ᠬᠤᠭᠤᠴᠠᠭᠠᠨ ᠳᠤᠨᠢ ᠪᠦᠳᠦᠭᠦᠯᠢᠭ ᠰᠢᠷᠬᠡᠭᠯᠢᠭ ᠢ 15% ᠠᠴᠠ ᠳᠤᠤᠷ᠎ᠠ ᠪᠠᠶᠢᠯᠭᠠᠬᠤ ᠦᠭᠡᠢ ᠪᠠᠶᠢᠪᠠᠯ ᠵᠤᠬᠢᠨ᠎ᠠ᠃ ᠲᠡᠷᠡᠴᠢᠯᠡᠨ ᠵᠣᠬᠢᠬᠤ ᠬᠠᠲᠠᠭᠤᠯᠢᠭ ᠵᠦᠢᠯ ᠲᠠᠢ ᠪᠠᠶᠢᠯᠭᠠᠵᠤ᠂ ᠭᠦᠵᠡᠭᠡᠨ ᠤ ᠬᠠᠨᠠᠨ ᠳᠤ ᠰᠡᠲᠦᠯᠲᠡ ᠦᠭᠴᠦ᠂ ᠬᠡᠪᠢᠯᠲᠡ  ᠳᠤᠨᠢ ᠲᠤᠰᠠᠯᠠᠮᠵᠢ ᠦᠵᠡᠭᠦᠯᠬᠦ ᠬᠡᠷᠡᠭᠲᠡᠢ᠃ ᠰᠠᠭᠠᠯᠢ ᠶᠢᠨ ᠦᠨᠢᠶᠡᠨ ᠤ ᠰᠦ ᠱᠦᠭᠦᠷᠡᠯᠲᠡ ᠶᠢᠨ ᠡᠯ᠎ᠡ ᠠᠳᠠᠯᠢ ᠪᠣᠰᠣ ᠬᠤᠭᠤᠴᠠᠭ᠎ᠠ ᠶᠢ ᠦᠨᠳᠦᠰᠦᠯᠡᠵᠦ᠂ ᠨᠠᠷᠢᠯᠢᠭ ᠪᠣᠷᠳᠤᠭ᠎ᠠ ᠦᠭᠬᠦ ᠳᠡᠭᠡᠨ ᠰᠦ ᠱᠦᠭᠦᠷᠡᠯᠲᠡ ᠶᠢᠨ ᠡᠬᠢᠨ ᠤ ᠬᠤᠭᠤᠴᠠᠭᠠᠨ ᠳᠤ ︵11~ 100 ᠡᠳᠦᠷ︶ ᠶᠡᠷᠦᠩᠬᠡᠢ ᠲᠡᠵᠢᠭᠡᠬᠦ ᠬᠡᠮᠵᠢᠶᠡᠨ ᠤ 50%~ 60% ᠶᠢ ᠡᠵᠡᠯᠡᠭᠦᠯᠵᠦ᠂ ᠰᠦ ᠱᠦᠭᠦᠷᠡᠯᠲᠡ ᠶᠢᠨ ᠳᠤᠮᠳᠠ ᠬᠤᠭᠤᠴᠠᠭᠠᠨ ︵101~ 200 ᠡᠳᠦᠷ︶ ᠳᠤ 40%~ 50% ᠶᠢ ᠡᠵᠡᠯᠡᠭᠦᠯᠵᠦ᠂ ᠰᠦ ᠱᠦᠭᠦᠷᠡᠯᠲᠡ ᠶᠢᠨ ᠰᠡᠭᠦᠯ ᠤᠨ ᠬᠤᠭᠤᠴᠠᠭᠠᠨ ︵201~ 305 ᠡᠳᠦᠷ︶ ᠳᠤ 30% ᠶᠢ ᠡᠵᠡᠯᠡᠭᠦᠯᠬᠦ ᠬᠡᠷᠡᠭᠲᠡᠢ᠃      ︵ᠢᠷᠡᠯᠲᠡ᠄ ᠪᠦᠷᠢᠨᠪᠠᠶᠡᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠨ ᠤᠷᠴᠢᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠠᠯᠵᠢᠯ ᠤᠨ ᠮᠡᠳᠡᠯᠭᠡ ᠮᠡᠷᠭᠡᠵᠢᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号