ᠰᠠᠭᠠᠯᠢ ᠶᠢᠨ ᠦᠨᠢᠶ᠎ᠡ ᠶᠢ ᠰᠢᠨᠵᠢᠯᠡᠬᠦ ᠤᠬᠠᠭᠠᠨᠴᠢ ᠪᠠᠷ ᠮᠠᠯᠵᠢᠬᠤ ︵ᠠᠷᠪᠠᠨ ᠳᠦᠷᠪᠡ︶
ᠨᠡᠶᠢᠲᠡᠯᠡᠭᠰᠡᠨ ᠴᠠᠭ᠄
2020/9/10
     ᠰᠠᠭᠠᠯᠢ ᠶᠢᠨ ᠦᠨᠢᠶ᠎ᠡ ᠶᠢ ᠶᠠᠮᠠᠷ ᠤᠭᠤᠷᠠᠭᠲᠤ ᠪᠣᠷᠳᠤᠭ᠎ᠠ ᠪᠠᠷ ᠲᠡᠵᠢᠭᠡᠪᠡᠯ ᠲᠣᠬᠢᠷᠠᠮᠵᠢᠲᠠᠢ ᠪᠣᠢ︖      ᠰᠠᠭᠠᠯᠢ ᠶᠢᠨ ᠦᠨᠢᠶᠡᠨ ᠳᠤ ᠤᠷᠭᠤᠮᠠᠯ ᠤᠨ ᠤᠭᠤᠷᠠᠭᠲᠤ ᠪᠤᠷᠳᠤᠭ᠎ᠠ ᠪᠤᠯᠤᠨ ᠠᠮᠢᠲᠠᠨ ᠤ ᠤᠭᠤᠷᠠᠭᠲᠤ ᠪᠤᠷᠳᠤᠭ᠎ᠠ ᠪᠠ ᠳᠠᠩ ᠡᠰᠲᠦ ᠤᠭᠤᠷᠠᠭᠲᠤ ᠪᠤᠷᠳᠤᠭ᠎ᠠ ᠶᠢ ᠬᠡᠷᠡᠭᠯᠡᠵᠦ ᠪᠣᠯᠣᠨ᠎ᠠ᠃ ᠭᠡᠪᠡᠴᠦ ᠠᠮᠢᠲᠠᠨ ᠤ ᠤᠭᠤᠷᠠᠭᠲᠤ ᠪᠤᠷᠳᠤᠭ᠎ᠠ ᠶᠢ ᠪᠤᠯᠪᠠᠰᠤᠷᠠᠭᠤᠯᠤᠨ ᠨᠠᠶᠢᠷᠠᠭᠤᠯᠬᠤ ᠨᠢ ᠲᠤᠬᠢᠲᠠᠢ ᠪᠢᠰᠢ ᠪᠣᠯ ᠬᠠᠷᠢᠨ ᠠᠮᠢᠲᠠᠨ ᠤ ᠦᠨᠦᠷ ᠠᠮᠲᠠ ᠲᠠᠢ ᠪᠠᠶᠢᠵᠤ᠂ ᠰᠠᠭᠠᠯᠢ ᠶᠢᠨ ᠦᠨᠢᠶᠡᠨ ᠤ ᠢᠳᠡᠬᠦ ᠳᠤᠷᠠᠰᠢᠯ ᠢ ᠨᠢ ᠨᠦᠯᠦᠭᠡᠯᠡᠨ᠎ᠡ᠃ ᠡᠶᠢᠮᠦ ᠠᠴᠠ ᠶᠡᠷᠦ ᠶᠢᠨ ᠪᠠᠶᠢᠳᠠᠯ ᠳᠤᠤᠷ᠎ᠠ ᠰᠠᠭᠠᠯᠢ ᠶᠢᠨ ᠦᠨᠢᠶ᠎ᠡ ᠶᠢ ᠠᠮᠢᠲᠠᠨ ᠤ ᠤᠭᠤᠷᠠᠭᠲᠤ ᠪᠤᠷᠳᠤᠭ᠎ᠠ ᠪᠠᠷ ᠲᠡᠵᠢᠭᠡᠬᠦ ᠦᠭᠡᠢ ᠬᠠᠷᠢᠨ ᠤᠷᠭᠤᠮᠠᠯ ᠤᠨ ᠤᠭᠤᠷᠠᠭᠲᠤ ᠪᠤᠷᠳᠤᠭ᠎ᠠ ᠪᠠᠷ ᠭᠤᠣᠯ ᠪᠣᠯᠭᠠᠬᠤ ᠬᠡᠷᠡᠭᠲᠡᠢ᠃ ᠡᠭᠦᠨ ᠠᠴᠠ ᠭᠠᠳᠠᠨ᠎ᠠ ᠦᠨᠢᠶᠡᠨ ᠳᠤ ᠪᠠᠰᠠ ᠤᠭᠤᠷᠠᠭᠲᠤ ᠪᠣᠰᠣ ᠠᠽᠣᠲ ᠢ ᠠᠰᠢᠭᠯᠠᠨ᠂ ᠭᠦᠵᠡᠭᠡᠨ ᠤ ᠮᠢᠨᠧᠷᠡᠯ ᠪᠤᠳᠠᠰ ᠤᠨ ᠨᠡᠶᠢᠯᠡᠮᠡᠯ ᠤᠭᠤᠷᠠᠭ ᠤᠨ ᠲᠦᠭᠦᠬᠡᠢ ᠮᠠᠲ᠋ᠧᠷᠢᠶᠠᠯ ᠪᠣᠯᠭᠠᠪᠠᠯ᠂ ᠭᠦᠵᠡᠭᠡᠨ ᠤ ᠮᠢᠨᠧᠷᠡᠯ ᠪᠤᠳᠠᠰ ᠨᠢ ᠳᠦᠷᠪᠡᠳᠦᠭᠡᠷ ᠬᠤᠳᠤᠭᠤᠳᠤ ᠪᠠ ᠭᠡᠳᠡᠰᠦᠨ ᠳᠤ ᠣᠷᠣᠨ ᠰᠢᠩᠭᠡᠵᠦ᠂ ᠰᠠᠭᠠᠯᠢ ᠶᠢᠨ ᠦᠨᠢᠶ᠎ᠡ ᠡᠭᠦᠨ ᠢᠶᠠᠷ ᠳᠠᠮᠵᠢᠨ ᠤᠭᠤᠷᠠᠭᠲᠤ ᠡᠳ᠋ ᠢ ᠳᠠᠮ ᠢᠶᠠᠷ ᠣᠯᠵᠣ ᠪᠣᠯᠣᠨ᠎ᠠ᠃      ︵ᠢᠷᠡᠯᠲᠡ᠄ ᠪᠦᠷᠢᠨᠪᠠᠶᠡᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠨ ᠤᠷᠴᠢᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠠᠯᠵᠢᠯ ᠤᠨ ᠮᠡᠳᠡᠯᠭᠡ ᠮᠡᠷᠭᠡᠵᠢᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号