ᠰᠠᠭᠠᠯᠢ ᠶᠢᠨ ᠦᠨᠢᠶ᠎ᠡ ᠶᠢ ᠰᠢᠨᠵᠢᠯᠡᠬᠦ ᠤᠬᠠᠭᠠᠨᠴᠢ ᠪᠠᠷ ᠮᠠᠯᠵᠢᠬᠤ ︵ᠠᠷᠪᠠᠨ ᠲᠠᠪᠤ︶
ᠨᠡᠶᠢᠲᠡᠯᠡᠭᠰᠡᠨ ᠴᠠᠭ᠄
2020/9/11
     ᠬᠤᠨᠤᠭ ᠤᠨ ᠪᠤᠷᠳᠤᠭ᠎ᠠ ᠶᠢ ᠶᠠᠮᠠᠷ ᠵᠠᠷᠴᠢᠮ ᠢᠶᠠᠷ ᠨᠠᠶᠢᠷᠠᠭᠤᠯᠪᠠᠯ ᠵᠤᠬᠢᠬᠤ ᠪᠤᠢ︖      ᠬᠤᠨᠤᠭ ︵ᠡᠳᠦᠷ ᠰᠦᠨᠢ︶ ᠤᠨ ᠲᠡᠵᠢᠭᠡᠯ ᠳᠤ ᠬᠦᠬᠡ ᠪᠤᠷᠳᠤᠭ᠎ᠠ᠂ ᠪᠦᠳᠦᠭᠦᠯᠢᠭ ᠪᠤᠷᠳᠤᠭ᠎ᠠ᠂ ᠨᠠᠷᠢᠯᠢᠭ ᠪᠤᠷᠳᠤᠭ᠎ᠠ᠂ ᠨᠡᠮᠡᠯᠲᠡ ᠡᠳ᠋ ᠤᠨ ᠪᠤᠷᠳᠤᠭ᠎ᠠ ᠪᠠᠭᠲᠠᠨ᠎ᠠ᠃ ᠰᠠᠭᠠᠯᠢ ᠶᠢᠨ ᠦᠨᠢᠶᠡᠨ ᠤ ᠬᠤᠨᠤᠭ ᠤᠨ ᠲᠡᠵᠢᠭᠡᠯ ᠢ ᠨᠠᠶᠢᠷᠠᠭᠤᠯᠬᠤ ᠳᠠᠭᠠᠨ ︽ᠰᠠᠭᠠᠯᠢ ᠶᠢᠨ ᠦᠨᠢᠶ᠎ᠡ ᠶᠢ ᠲᠡᠵᠢᠭᠡᠬᠦ ᠪᠠᠷᠢᠮᠵᠢᠶ᠎ᠠ︾ ᠪᠠᠷ ᠯᠠᠪᠯᠠᠯᠲᠠ ᠪᠤᠯᠭᠠᠵᠤ᠂ ᠳᠤᠤᠷᠠᠬᠢ ᠮᠡᠲᠦ ᠵᠠᠷᠴᠢᠮ ᠢᠶᠠᠷ ᠨᠠᠶᠢᠷᠠᠭᠤᠯᠬᠤ ᠬᠡᠷᠡᠭᠲᠡᠢ᠃      ︵1︶ ᠬᠤᠨᠤᠭ ᠤᠨ ᠲᠡᠵᠢᠭᠡᠯ ᠢ ᠨᠠᠶᠢᠷᠠᠭᠤᠯᠬᠤ ᠳᠠᠭᠠᠨ ᠡᠷᠬᠡᠪᠰᠢ ᠰᠠᠭᠠᠯᠢ ᠶᠢᠨ ᠦᠨᠢᠶ᠎ᠡ ᠶᠢ ᠲᠡᠵᠢᠭᠡᠬᠦ ᠪᠠᠷᠢᠮᠵᠢᠶ᠎ᠠ ᠪᠠᠷ ᠰᠠᠭᠤᠷᠢ ᠪᠣᠯᠭᠠᠵᠤ᠂ ᠰᠠᠭᠠᠯᠢ ᠶᠢᠨ ᠦᠨᠢᠶᠡᠨ ᠤ ᠠᠳᠠᠯᠢ ᠪᠤᠰᠤ ᠹᠢᠽᠢᠣᠯᠣᠭᠢ ᠶᠢᠨ ᠱᠠᠲᠤᠨ ᠤ ᠡᠯ᠎ᠡ ᠵᠦᠢᠯ ᠤᠨ ᠰᠢᠮ᠎ᠡ ᠲᠡᠵᠢᠭᠡᠯ ᠤᠨ ᠬᠡᠷᠡᠭᠴᠡᠭᠡ ᠶᠢ ᠭᠦᠢᠴᠡᠳ ᠬᠠᠩᠭᠠᠬᠤ ᠬᠡᠷᠡᠭᠲᠡᠢ᠃      ︵2︶ ᠲᠡᠵᠢᠭᠡᠯ ᠪᠤᠷᠳᠤᠭᠠᠨ ᠤ ᠲᠦᠷᠦᠯ ᠵᠦᠢᠯ ᠢ ᠠᠯᠢ ᠴᠢᠳᠠᠬᠤ ᠪᠠᠷ ᠤᠯᠠᠨ ᠶᠠᠩᠵᠤ ᠲᠦᠷᠦᠯ ᠲᠠᠢ ᠪᠠᠶᠢᠯᠭᠠᠪᠠᠯ᠂ ᠬᠤᠨᠤᠭ ᠤᠨ ᠲᠡᠵᠢᠭᠡᠯ ᠤᠨ ᠰᠢᠮ᠎ᠡ ᠲᠡᠵᠢᠭᠡᠯ ᠤᠨ ᠦᠷᠲᠡᠭᠲᠦ ᠴᠢᠨᠠᠷ ᠪᠤᠯᠤᠨ ᠪᠤᠷᠳᠤᠭᠠᠨ ᠤ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ ᠪᠣᠯᠣᠨ᠎ᠠ᠃      ︵3︶ ᠰᠠᠭᠠᠯᠢ ᠶᠢᠨ ᠦᠨᠢᠶ᠎ᠡ ᠶᠢᠨ ᠴᠠᠳᠲᠠᠯ᠎ᠠ ᠢᠳᠡᠬᠦ ᠬᠡᠮᠵᠢᠶ᠎ᠡ ᠪᠣᠯᠣᠨ ᠰᠢᠩᠭᠡᠭᠡᠯᠲᠡ ᠶᠢᠨ ᠴᠢᠳᠠᠪᠤᠷᠢ ᠶᠢᠨ ᠬᠡᠪ ᠤᠨ ᠪᠠᠶᠢᠬᠤ ᠶᠢ ᠪᠠᠲᠤᠯᠠᠬᠤ ᠶᠢᠨ ᠲᠤᠰᠠᠳᠠ ᠬᠤᠨᠤᠭ ᠤᠨ ᠲᠡᠵᠢᠭᠡᠯ ᠢ ᠭᠦᠢᠴᠡᠳ ᠪᠠᠭᠲᠠᠭᠠᠮᠵᠢ ᠲᠠᠢ ᠪᠠ ᠬᠠᠭᠤᠷᠠᠢ ᠪᠤᠳᠠᠰ ᠤᠨ ᠠᠭᠤᠯᠤᠭᠳᠠᠴᠠ ᠲᠠᠢ ᠪᠠᠶᠢᠯᠭᠠᠬᠤ ᠬᠡᠷᠡᠭᠲᠡᠢ᠃ ᠬᠠᠭᠤᠷᠠᠢ ᠪᠤᠳᠠᠰ ᠤᠨ ᠬᠡᠷᠡᠭᠴᠡᠭᠡᠨ ᠤ ᠬᠡᠮᠵᠢᠶ᠎ᠡ ᠶᠢᠨ ᠲᠠᠯ᠎ᠠ ᠪᠠᠷ ᠰᠦ ᠰᠠᠶᠢᠲᠠᠢ ᠦᠨᠢᠶᠡᠨ ᠤ ᠪᠡᠶ᠎ᠡ ᠶᠢᠨ ᠬᠦᠨᠳᠦ ᠶᠢᠨ 3.3%~3.6% ᠪᠠᠷ᠂ ᠨᠡᠯᠢᠶᠡᠳ ᠰᠦ ᠲᠠᠢ ᠦᠨᠢᠶᠡᠨ ᠤ ᠪᠡᠶ᠎ᠡ ᠶᠢᠨ ᠬᠦᠨᠳᠦ ᠶᠢᠨ 2.8%~3.3% ᠪᠠᠷ᠂ ᠰᠦ ᠮᠠᠭᠤᠲᠠᠢ ᠦᠨᠢᠶᠡᠨ ᠤ ᠪᠡᠶ᠎ᠡ ᠶᠢᠨ ᠬᠦᠨᠳᠦ ᠶᠢᠨ 2.5%~2.8% ᠪᠠᠷ ᠲᠤᠬᠢᠷᠠᠭᠤᠯᠬᠤ ᠬᠡᠷᠡᠭᠲᠡᠢ᠃      ︵4︶ ᠬᠤᠨᠤᠭ ᠤᠨ ᠪᠤᠷᠳᠤᠭᠠᠨ ᠳᠤ ᠪᠦᠳᠦᠭᠦᠯᠢᠭ ᠰᠢᠷᠬᠡᠭᠯᠢᠭ ᠤᠨ ᠠᠭᠤᠯᠤᠭᠳᠠᠴᠠ ᠶᠢ ᠬᠤᠨᠤᠭ ᠤᠨ ᠪᠤᠷᠳᠤᠭ᠎ᠠ ᠳᠠᠬᠢ ᠬᠠᠭᠤᠷᠠᠢ ᠪᠤᠳᠠᠰ ᠤᠨ 15%~24% ᠶᠢ ᠡᠵᠡᠯᠡᠬᠦ ᠬᠡᠷᠡᠭᠲᠡᠢ᠃ ᠲᠡᠶᠢᠮᠦ ᠪᠢᠰᠢ ᠪᠣᠯ ᠰᠠᠭᠠᠯᠢ ᠶᠢᠨ ᠦᠨᠢᠶᠡᠨ ᠤ ᠰᠢᠩᠭᠡᠭᠡᠯᠲᠡ ᠪᠣᠯᠣᠨ ᠰᠢᠨ᠎ᠡ ᠬᠠᠭᠤᠴᠢᠨ ᠤ ᠰᠤᠯᠢᠭᠳᠠᠯ ᠤᠨ ᠶᠠᠪᠤᠴᠠ ᠶᠢ ᠨᠦᠯᠦᠭᠡᠯᠡᠬᠦ ᠪᠣᠯᠣᠨ᠎ᠠ᠃ ᠲᠡᠷᠡᠴᠢᠯᠡᠨ ᠬᠠᠭᠤᠷᠠᠢ ᠡᠪᠡᠰᠦ ᠪᠣᠯᠣᠨ ᠬᠦᠬᠡ ᠪᠠᠷ ᠳᠠᠷᠤᠰᠢᠭᠤᠯᠣᠭᠰᠠᠨ ᠪᠤᠷᠳᠤᠭ᠎ᠠ ᠶᠢ ᠬᠤᠨᠤᠭ ᠤᠨ ᠲᠡᠵᠢᠭᠡᠯ ᠤᠨ ᠬᠠᠭᠤᠷᠠᠢ ᠪᠤᠳᠠᠰ ᠤᠨ ᠳᠤᠲᠤᠷ᠎ᠠ 60% ᠠᠴᠠ ᠳᠤᠤᠷ᠎ᠠ ᠪᠠᠶᠢᠯᠭᠠᠵᠤ ᠪᠣᠯᠬᠤ ᠦᠭᠡᠢ᠃      ︵5︶ ᠨᠠᠷᠢᠯᠢᠭ ᠪᠤᠷᠳᠤᠭ᠎ᠠ ᠪᠣᠯ ᠬᠤᠨᠤᠭ ᠤᠨ ᠲᠡᠵᠢᠭᠡᠯ ᠳᠤ ᠳᠤᠲᠠᠭᠳᠠᠵᠤ ᠪᠤᠯᠤᠰᠢ ᠦᠭᠡᠢ ᠰᠢᠮ᠎ᠡ ᠲᠡᠵᠢᠭᠡᠯ ᠤᠨ ᠪᠤᠳᠠᠰ ᠪᠣᠯᠣᠨ᠎ᠠ᠃ ᠲᠡᠭᠦᠨ ᠢᠶᠠᠷ ᠲᠡᠵᠢᠭᠡᠬᠦ ᠬᠡᠮᠵᠢᠶ᠎ᠡ ᠶᠢ ᠰᠦᠨ ᠤ ᠭᠠᠷᠤᠯᠲᠠ ᠶᠢᠨ ᠬᠡᠮᠵᠢᠶ᠎ᠡ ᠪᠠᠷ ᠲᠤᠭᠲᠠᠭᠠᠨ᠎ᠠ᠃ ᠶᠡᠷᠦᠩᠬᠡᠢ ᠳᠡᠭᠡᠨ 3kg ᠰᠦ ᠪᠦᠷᠢ ᠳᠤ 1kg ᠨᠠᠷᠢᠯᠢᠭ ᠪᠤᠷᠳᠤᠭ᠎ᠠ ᠪᠠᠷ ᠲᠡᠵᠢᠭᠡᠪᠡᠯ ᠵᠤᠬᠢᠨ᠎ᠠ᠃      ︵6︶ ᠬᠤᠨᠤᠭ ᠤᠨ ᠲᠡᠵᠢᠭᠡᠯ ᠢ ᠨᠠᠶᠢᠷᠠᠭᠤᠯᠬᠤ ᠳᠠᠭᠠᠨ ᠲᠤᠬᠠᠢ ᠶᠢᠨ ᠭᠠᠵᠠᠷ ᠤᠨ ᠪᠠᠶᠢᠳᠠᠯ ᠳᠤ ᠲᠤᠬᠢᠷᠠᠭᠤᠯᠤᠨ᠂ ᠲᠤᠰ ᠭᠠᠵᠠᠷ ᠤᠨ ᠲᠡᠵᠢᠭᠡᠯ ᠪᠤᠷᠳᠤᠭᠠᠨ ᠤ ᠡᠬᠢ ᠪᠠᠶᠠᠯᠢᠭ ᠢ ᠭᠦᠢᠴᠡᠳ ᠠᠰᠢᠭᠯᠠᠵᠤ᠂ ᠲᠡᠵᠢᠭᠡᠯ ᠪᠤᠷᠳᠤᠭᠠᠨ ᠤ ᠦᠪᠡᠷ ᠤᠨ ᠦᠷᠲᠡᠭ ᠢ ᠪᠠᠭᠤᠷᠠᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃      ︵ᠢᠷᠡᠯᠲᠡ᠄ ᠪᠦᠷᠢᠨᠪᠠᠶᠡᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠨ ᠤᠷᠴᠢᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠠᠯᠵᠢᠯ ᠤᠨ ᠮᠡᠳᠡᠯᠭᠡ ᠮᠡᠷᠭᠡᠵᠢᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号