ᠰᠠᠭᠠᠯᠢ ᠶᠢᠨ ᠦᠨᠢᠶ᠎ᠡ ᠶᠢ ᠰᠢᠨᠵᠢᠯᠡᠬᠦ ᠤᠬᠠᠭᠠᠨᠴᠢ ᠪᠠᠷ ᠮᠠᠯᠵᠢᠬᠤ ︵ᠠᠷᠪᠠᠨ ᠳᠣᠯᠤᠭ᠎ᠠ︶
ᠨᠡᠶᠢᠲᠡᠯᠡᠭᠰᠡᠨ ᠴᠠᠭ᠄
2020/9/12
     ᠬᠦᠬᠡ ᠳᠠᠷᠤᠰᠢ ᠶᠢ ᠶᠠᠭᠠᠬᠢᠵᠤ ᠠᠪᠴᠤ ᠬᠡᠷᠡᠭᠯᠡᠬᠦ ᠪᠣᠢ︖ ᠦᠨᠢᠶ᠎ᠡ ᠪᠦᠷᠢ ᠶᠢ ᠡᠳᠦᠷ ᠲᠤ ᠬᠡᠳᠦᠢ ᠲᠡᠵᠢᠭᠡᠪᠡᠯ ᠲᠤᠬᠢᠷᠠᠮᠵᠢᠲᠠᠢ ᠪᠣᠢ︖      ᠬᠦᠬᠡ ᠳᠠᠷᠤᠰᠢ ᠪᠤᠷᠳᠤᠭ᠎ᠠ ᠶᠢ ᠵᠣᠭᠤᠷᠢᠨ ᠳᠤᠨᠢ ᠨᠢᠭᠲᠠ ᠪᠢᠲᠡᠭᠦᠮᠵᠢᠯᠡᠨ ᠳᠠᠷᠤᠵᠤ᠂ 45  ᠬᠤᠨᠤᠭ ᠪᠣᠯᠣᠭᠰᠠᠨ ᠤ ᠳᠠᠷᠠᠭ᠎ᠠ ᠨᠡᠬᠡᠬᠡᠨ ᠬᠡᠷᠡᠭᠯᠡᠵᠦ ᠪᠣᠯᠣᠨ᠎ᠠ᠃ ᠨᠡᠬᠡᠬᠡᠬᠦ ᠳᠡᠭᠡᠨ ᠪᠢᠲᠡᠭᠦᠮᠵᠢᠯᠡᠬᠦ ᠦᠶᠡᠰ ᠳᠡᠭᠡᠷ᠎ᠡ ᠨᠢ ᠳᠠᠷᠤᠭᠰᠠᠨ ᠰᠢᠷᠤᠢ᠂ ᠡᠪᠡᠰᠦ ᠶᠢ ᠰᠠᠶᠢᠲᠤᠷ ᠴᠡᠪᠡᠷᠯᠡᠬᠦ ᠬᠡᠷᠡᠭᠲᠡᠢ᠃ ᠳᠠᠷᠤᠰᠢᠭᠤᠯᠤᠭᠰᠠᠨ ᠪᠤᠷᠳᠤᠭ᠎ᠠ ᠶᠢ ᠠᠪᠴᠤ ᠬᠡᠷᠡᠭᠯᠡᠬᠦ ᠳᠡᠭᠡᠨ ᠨᠢᠭᠡ ᠯᠡ ᠲᠠᠯ᠎ᠠ ᠠᠴᠠ ᠨᠢ ᠡᠬᠢᠯᠡᠵᠦ᠂ ᠳᠡᠭᠡᠷ᠎ᠡ ᠠᠴᠠ ᠨᠢ ᠳᠤᠷᠤᠭᠰᠢ ᠪᠠᠨ ᠠᠪᠴᠣ᠂ ᠠᠪᠬᠤ ᠶᠢᠨ ᠳᠠᠭᠠᠣ ᠲᠡᠵᠢᠭᠡᠵᠦ ᠪᠣᠯᠣᠨ᠎ᠠ᠃ ᠠᠪᠤᠭᠰᠠᠨ ᠤ ᠪᠠᠨ ᠳᠠᠷᠠᠭ᠎ᠠ ᠲᠡᠷᠡ ᠳᠠᠷᠤᠢ ᠳᠤᠨᠢ ᠳᠠᠬᠢᠨ ᠰᠠᠶᠢᠲᠤᠷ ᠳᠠᠷᠤᠵᠤ ᠪᠢᠲᠡᠭᠦᠮᠵᠢᠯᠡᠵᠦ᠂ ᠨᠠᠷᠠᠨ ᠳᠤ ᠰᠢᠷᠠᠭᠳᠠᠬᠤ᠂ ᠪᠤᠷᠤᠭᠠᠨ ᠳᠤ ᠨᠣᠷᠬᠤ ᠪᠠ ᠬᠤᠶᠠᠷᠳᠡᠬᠢ ᠤᠳᠠᠭ᠎ᠠ ᠢᠰᠦᠯᠳᠦᠬᠦ ᠠᠴᠠ ᠰᠡᠷᠭᠡᠶᠢᠯᠡᠬᠦ ᠬᠡᠷᠡᠭᠲᠡᠢ᠃ ᠬᠦᠬᠡ ᠪᠠᠷ ᠳᠠᠷᠤᠰᠢᠭᠤᠯᠣᠭᠰᠠᠨ ᠪᠤᠷᠳᠤᠭ᠎ᠠ ᠪᠣᠯ ᠡᠪᠦᠯ ᠬᠠᠪᠤᠷ ᠤᠨ ᠤᠯᠠᠷᠢᠯ ᠳᠤ ᠦᠨᠢᠶᠡᠨ ᠳᠤ ᠳᠤᠲᠠᠭᠳᠠᠵᠤ ᠪᠤᠯᠤᠰᠢ ᠦᠭᠡᠢ ᠴᠢᠨᠠᠷ ᠰᠠᠶᠢᠲᠠᠢ ᠪᠦᠳᠦᠭᠦᠯᠢᠭ ᠪᠤᠷᠳᠤᠭ᠎ᠠ ᠪᠣᠯᠣᠨ᠎ᠠ᠃ ᠡᠪᠦᠯ ᠬᠠᠪᠤᠷ ᠤᠨ ᠤᠯᠠᠷᠢᠯ ᠳᠤ ᠰᠦᠨ ᠤ ᠭᠠᠷᠤᠯᠲᠠ ᠶᠢ ᠳᠡᠭᠡᠭᠰᠢᠯᠡᠭᠦᠯᠬᠦ ᠪᠠ ᠦᠨᠢᠶᠡᠨ ᠤ ᠡᠷᠡᠭᠦᠯ ᠮᠡᠨᠳᠦ ᠶᠢ ᠬᠠᠮᠠᠭᠠᠯᠠᠬᠤ ᠳᠤ ᠮᠠᠰᠢ ᠴᠢᠬᠤᠯᠠ ᠦᠢᠯᠡᠳᠦᠯ ᠲᠠᠢ ᠶᠣᠮ᠃ ᠶᠡᠷᠦ ᠶᠢᠨ ᠪᠠᠶᠢᠳᠠᠯ ᠳᠤᠤᠷ᠎ᠠ 6 ᠰᠠᠷ᠎ᠠ ᠪᠣᠯᠣᠭᠠᠳᠤᠢ ᠲᠤᠭᠤᠯ ᠳᠤ ᠪᠣᠯ ᠡᠷᠬᠡᠪᠰᠢ ᠲᠤᠰᠬᠠᠢ ᠪᠤᠷᠳᠤᠭ᠎ᠠ ᠬᠡᠷᠡᠭᠯᠡᠵᠦ᠂ 6 ᠰᠠᠷ᠎ᠠ ᠠᠴᠠ ᠳᠡᠭᠡᠭᠰᠢᠬᠢ ᠳᠤᠨᠢ ᠪᠣᠯ ᠪᠦᠳᠦᠭᠦᠨ ᠮᠠᠯ ᠤᠨ ᠴᠢᠨᠠᠷ ᠰᠠᠶᠢᠲᠠᠢ ᠳᠠᠷᠤᠰᠢᠭᠤᠯᠤᠭᠰᠠᠨ ᠪᠣᠷᠳᠤᠭ᠎ᠠ ᠶᠢ ᠬᠡᠷᠡᠭᠯᠡᠬᠦ ᠬᠡᠷᠡᠭᠲᠡᠢ᠃ ᠨᠢᠯᠬ᠎ᠠ ᠲᠤᠭᠤᠯ ᠢ ᠪᠣᠯ ᠨᠢᠭᠡ ᠰᠠᠷ᠎ᠠ ᠪᠣᠯᠣᠭᠰᠠᠨ ᠤ ᠰᠡᠭᠦᠯᠡᠷ ᠡᠬᠢᠯᠡᠨ ᠪᠤᠷᠳᠤᠵᠤ᠂ ᠡᠳᠦᠷ ᠲᠤ ᠲᠤᠭᠤᠯ ᠪᠦᠷᠢ ᠶᠢ 100~200g ᠤᠨ ᠬᠡᠮᠵᠢᠶ᠎ᠡ ᠪᠠᠷ ᠲᠡᠵᠢᠭᠡᠵᠦ᠂ 5~6 ᠰᠠᠷ᠎ᠠ ᠪᠣᠯᠬᠤ ᠦᠶᠡᠰ ᠲᠤᠭᠤᠯ ᠪᠦᠷᠢ ᠶᠢ ᠡᠳᠦᠷ ᠲᠤ 8~15kg ᠢᠶᠠᠷ ᠲᠡᠵᠢᠭᠡᠬᠦ ᠬᠡᠷᠡᠭᠲᠡᠢ᠃ ᠲᠤᠭᠤᠯ ᠪᠦᠷᠢ ᠳᠤ ᠡᠪᠦᠯ ᠳᠡᠭᠡᠨ 600~700kg ᠳᠠᠷᠤᠰᠢᠭᠤᠯᠤᠭᠰᠠᠨ ᠲᠤᠰᠬᠠᠢ ᠪᠤᠷᠳᠤᠭ᠎ᠠ ᠪᠡᠯᠡᠳᠭᠡᠬᠦ ᠬᠡᠷᠡᠭᠲᠡᠢ᠃ ᠪᠦᠳᠦᠭᠦᠨ ᠦᠨᠢᠶ᠎ᠡ ᠪᠣᠯ ᠦᠨᠢᠶ᠎ᠡ ᠪᠦᠷᠢ ᠶᠢ ᠡᠳᠦᠷ ᠲᠤ 8kg ᠢᠶᠠᠷ ᠲᠡᠵᠢᠭᠡᠨ᠎ᠡ᠃ ᠭᠡᠪᠡᠴᠦ ᠦᠢᠯᠡᠳᠦᠯᠭᠡ ᠶᠢᠨ ᠳᠤᠮᠳᠠ ᠡᠳᠦᠷ ᠲᠤ 15~20kg ᠲᠡᠵᠢᠭᠡᠳᠡᠭ ᠪᠠ ᠬᠠᠮᠤᠭ ᠠᠷᠪᠢᠨ ᠳᠠᠭᠠᠨ ᠡᠳᠦᠷ ᠲᠤ 60kg ᠲᠡᠵᠢᠭᠡᠳᠡᠭ ᠪᠠᠶᠢᠨ᠎ᠠ᠃ ᠬᠡᠭᠡᠯ ᠲᠠᠢ ᠦᠨᠢᠶ᠎ᠡ ᠶᠢᠨ ᠬᠠᠮᠤᠭ ᠤᠨ ᠰᠡᠭᠦᠯᠴᠢ ᠶᠢᠨ ᠨᠢᠭᠡ ᠰᠠᠷ᠎ᠠ ᠳᠤ ᠦᠨᠢᠶ᠎ᠡ ᠪᠦᠷᠢ ᠶᠢ ᠡᠳᠦᠷ ᠲᠤ 10~12kg ᠢᠶᠠᠷ ᠲᠡᠵᠢᠭᠡᠵᠦ᠂ ᠲᠤᠭᠤᠯᠯᠠᠬᠤ ᠠᠴᠠ ᠨᠢ ᠡᠮᠦᠨ᠎ᠡ 10~12 ᠬᠤᠨᠤᠭ ᠲᠤ ᠪᠤᠷᠳᠤᠬᠤ ᠪᠠᠨ ᠵᠤᠭᠰᠤᠭᠠᠬᠤ ᠬᠡᠷᠡᠭᠲᠡᠢ᠃ ᠲᠤᠭᠤᠯᠯᠠᠭᠠᠳ 10~15 ᠬᠤᠨᠤᠭᠰᠠᠨ ᠤ ᠳᠠᠷᠠᠭ᠎ᠠ᠂ ᠬᠤᠨᠤᠭ ᠤᠨ ᠲᠡᠵᠢᠭᠡᠯ ᠳᠤᠨᠢ ᠳᠠᠷᠤᠰᠢᠭᠤᠯᠤᠭᠰᠠᠨ ᠪᠤᠷᠳᠤᠭ᠎ᠠ ᠨᠡᠮᠡᠵᠦ ᠦᠭᠬᠦ ᠬᠡᠷᠡᠭᠲᠡᠢ᠃ ᠨᠢᠭᠡ ᠪᠦᠳᠦᠭᠦᠨ ᠦᠨᠢᠶᠡᠨ ᠳᠤ ᠡᠪᠦᠯ ᠳᠡᠭᠡᠨ 5~6t ᠳᠠᠷᠤᠰᠢᠭᠤᠯᠤᠭᠰᠠᠨ ᠪᠤᠷᠳᠤᠭ᠎ᠠ ᠪᠡᠯᠡᠳᠭᠡᠬᠦ ᠴᠢᠬᠤᠯᠠ ᠲᠠᠢ᠃      ︵ᠢᠷᠡᠯᠲᠡ᠄ ᠪᠦᠷᠢᠨᠪᠠᠶᠡᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠨ ᠤᠷᠴᠢᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠠᠯᠵᠢᠯ ᠤᠨ ᠮᠡᠳᠡᠯᠭᠡ ᠮᠡᠷᠭᠡᠵᠢᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号