ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠥᠷᠲᠡᠭᠡ ᠶᠢᠨ ᠬᠢᠨ ᠬᠤᠸᠠᠳᠧ ᠰᠢᠶᠠᠨ ᠳᠤ ᠬᠦᠷᠴᠦ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2020/9/18
     9 ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠥᠷᠲᠡᠭᠡ᠂ ᠤᠯᠠᠭᠠᠨᠴᠠᠪ ᠬᠤᠲᠠ ᠶᠢᠨ ᠲᠠᠷᠢᠶᠠᠯᠠᠩ ᠤᠨ ᠮᠠᠰᠢᠨ ᠤ ᠪᠦᠲᠦᠭᠡᠭᠳᠡᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠥᠷᠲᠡᠭᠡ ᠪᠠ ᠤᠯᠠᠭᠠᠨᠴᠠᠪ ᠬᠤᠲᠠ ᠶᠢᠨ ᠬᠤᠸᠠᠳᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠭᠤᠷᠪᠠᠨ ᠱᠠᠲᠤᠨ ᠤ ᠰᠠᠯᠠᠭ᠎ᠠ ᠮᠥᠴᠢᠷ ᠤᠨ ᠬᠠᠮᠲᠤᠷᠠᠨ ᠡᠷᠬᠢᠯᠡᠭᠰᠡᠨ ᠬᠤᠸᠠᠳᠧ ᠰᠢᠶᠠᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠢᠭᠠᠨ ᠵᠢᠯᠣᠭᠤᠳᠣᠭᠴᠢ ᠶᠢᠨ ᠪᠤᠯᠪᠠᠰᠤᠷᠠᠭᠤᠯᠤᠯ ᠤᠨ ᠠᠩᠭᠢ ᠶᠢ ᠤᠯᠠᠭᠠᠨᠴᠠᠪ ᠬᠤᠲᠠ ᠶᠢᠨ ᠬᠤᠸᠠᠳᠧ ᠰᠢᠶᠠᠨ ᠤ ᠨᠠᠮ ᠤᠨ ᠰᠤᠷᠭᠠᠭᠤᠯᠢ ᠳᠤ ᠠᠮᠵᠢᠯᠲᠠ ᠲᠠᠢ ᠡᠷᠬᠢᠯᠡᠪᠡ᠃ ᠲᠤᠰ ᠤᠳᠠᠭ᠎ᠠ ᠶᠢᠨ ᠪᠤᠯᠪᠠᠰᠤᠷᠠᠭᠤᠯᠤᠯ ᠤᠨ ᠠᠩᠭᠢ ᠳᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠤᠨ ᠨᠡᠶᠢᠲᠡ 121 ᠵᠢᠭᠠᠨ ᠵᠢᠯᠤᠭᠤᠳᠤᠭᠴᠢ ᠤᠷᠤᠯᠴᠠᠵᠤ᠂ 242 ᠳᠡᠪᠲᠡᠷ ᠪᠤᠯᠪᠠᠰᠤᠷᠠᠭᠤᠯᠤᠯ ᠤᠨ ᠮᠠᠲ᠋ᠧᠷᠢᠶᠠᠯ ᠲᠠᠷᠬᠠᠭᠠᠪᠠ᠃ ᠶᠠᠳᠠᠭᠤ ᠶᠢ ᠲᠡᠳᠬᠦᠬᠦ ᠵᠢᠭᠠᠨ ᠵᠢᠯᠣᠭᠤᠳᠣᠭᠴᠢ ᠨᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠶ ᠶᠢᠨ ᠠᠵᠢᠯ ᠤᠨ ᠥᠷᠲᠡᠭᠡ ᠶᠢᠨ ᠳᠡᠯᠭᠡᠷᠡᠭᠦᠯᠦᠯᠲᠡ ᠶᠢᠨ ᠰᠤᠳᠤᠯᠤᠭᠴᠢ ᠪᠤᠤ ᠬᠦᠭᠵᠢᠯᠲᠦ ᠶᠢᠨ ᠵᠢᠭᠠᠭᠰᠠᠨ ᠢᠳᠡᠰᠢᠨ ᠦᠬᠡᠷ ᠤᠨ ᠥᠨᠳᠥᠷ ᠦᠷ᠎ᠡ ᠠᠰᠢᠭᠲᠤ ᠲᠡᠵᠢᠭᠡᠨ ᠦᠷᠡᠵᠢᠭᠦᠯᠬᠦ ᠬᠡᠷᠡᠭᠯᠡᠭᠡᠨ ᠤ ᠮᠡᠷᠭᠡᠵᠢᠯ᠂ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠶ ᠶᠢᠨ ᠠᠵᠢᠯ ᠤᠨ ᠥᠷᠲᠡᠭᠡ ᠶᠢᠨ ᠳᠡᠯᠭᠡᠷᠡᠭᠦᠯᠦᠯᠲᠡ ᠶᠢᠨ ᠰᠤᠳᠤᠯᠤᠭᠴᠢ ᠰᠢᠩ ᠢᠦᠢ ᠮᠧᠶ ᠶᠢᠨ ᠵᠢᠭᠠᠭᠰᠠᠨ ᠢᠳᠡᠰᠢᠨ ᠬᠤᠨᠢ ᠲᠡᠵᠢᠭᠡᠨ ᠦᠷᠡᠵᠢᠭᠦᠯᠬᠦ ᠮᠡᠷᠭᠡᠵᠢᠯ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠳᠡᠳ᠋ ᠫᠷᠤᠹᠧᠰᠰᠤᠷ ᠵᠠᠩ ᠰᠢᠨ ᠵᠤᠸᠠᠩ ᠤᠨ ᠵᠢᠭᠠᠭᠰᠠᠨ ᠡᠯᠵᠢᠭᠡ ᠶᠢᠨ ᠲᠡᠵᠢᠭᠡᠨ ᠦᠷᠡᠵᠢᠭᠦᠯᠬᠦ ᠮᠡᠷᠭᠡᠵᠢᠯ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠸᠠᠩ ᠰᠢᠶᠤᠤ ᠪᠢᠩ ᠤᠨ ᠵᠢᠭᠠᠭᠰᠠᠨ ᠪᠤᠭᠤᠳᠠᠶ ᠶᠢᠨ ᠰᠢᠨ᠎ᠡ ᠡᠭᠦᠯᠳᠡᠷ ᠵᠢᠴᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭᠲᠤ ᠲᠠᠷᠢᠵᠤ ᠪᠤᠶᠢᠵᠢᠭᠤᠯᠬᠤ ᠮᠡᠷᠭᠡᠵᠢᠯ ᠢ ᠰᠣᠨᠣᠰᠪᠠ᠃      ᠥᠷᠲᠡᠭᠡᠨ ᠳᠠᠷᠤᠭ᠎ᠠ ᠰᠤᠷᠤᠨ᠎ᠠ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠢᠭᠠᠨ ᠵᠢᠯᠣᠭᠤᠳᠣᠭᠴᠢ ᠶᠢᠨ ᠪᠤᠯᠪᠠᠰᠤᠷᠠᠭᠤᠯᠤᠯ ᠤᠨ ᠠᠩᠭᠢ ᠶᠢᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠠᠴᠠ ᠢᠷᠡᠭᠰᠡᠨ ᠬᠤᠸᠠᠳᠧ ᠰᠢᠶᠠᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠢᠭᠠᠨ ᠵᠢᠯᠣᠭᠤᠳᠣᠭᠴᠢ ᠨᠠᠷ ᠲᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠶᠠᠳᠠᠭᠤ ᠶᠢ ᠲᠡᠳᠬᠦᠬᠦ ᠠᠵᠢᠯ ᠤᠨ ᠶᠡᠷᠦᠩᠬᠡᠶ ᠪᠠᠶᠢᠷᠢᠯᠠᠭᠤᠯᠤᠯᠲᠠ᠂ ᠠᠵᠢᠯ ᠤᠨ ᠬᠤᠪᠢᠶᠠᠷᠢᠯᠠᠯ ᠤᠨ ᠪᠠᠶᠢᠳᠠᠯ ᠪᠣᠯᠤᠨ ᠠᠵᠢᠯ ᠤᠨ ᠲᠥᠰᠦᠯ ᠢ ᠲᠠᠨᠢᠯᠴᠠᠭᠤᠯᠵᠤ᠂ ᠵᠢᠭᠠᠨ ᠵᠢᠯᠣᠭᠤᠳᠣᠭᠴᠢ ᠳᠤ ᠬᠡᠳᠦᠨ ᠱᠠᠭᠠᠷᠳᠠᠯᠭ᠎ᠠ ᠳᠤᠷᠠᠳᠴᠠᠢ᠂ 2020 ᠤᠨ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠣᠯᠬᠤ ᠤᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠠᠵᠤ ᠦᠢᠯᠡᠰ ᠤᠨ ᠵᠢᠭᠠᠨ ᠵᠢᠯᠣᠭᠤᠳᠣᠭᠴᠢ ᠨᠠᠷ ᠪᠤᠯᠪᠠᠰᠤᠷᠠᠭᠤᠯᠤᠯ ᠢᠶᠠᠷ ᠳᠠᠮᠵᠢᠨ ᠲᠠᠷᠢᠬᠢ ᠲᠣᠯᠣᠭᠠᠶ ᠪᠠᠨ ᠵᠡᠪᠰᠡᠭᠯᠡᠨ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠦᠨᠡᠨ ᠬᠦ ᠪᠤᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠳᠡᠭᠡᠳᠦ ᠳᠣᠣᠷᠠᠳᠤ ᠱᠠᠲᠤᠨ ᠤ ᠬᠢᠨ ᠬᠤᠯᠪᠣᠭᠠᠯᠠᠨ ᠬᠥᠳᠡᠯᠦᠯᠴᠡᠬᠦ ᠪᠠᠷ ᠳᠠᠮᠵᠢᠨ᠂ ᠵᠡᠷᠭᠡᠪᠡᠷ ᠠᠳᠬᠤᠨ ᠬᠠᠮᠲᠤ ᠪᠠᠷ ᠬᠠᠮᠢᠶᠠᠷᠴᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠴᠦᠰ ᠤᠨ ᠡᠨᠡ ᠬᠦ ᠴᠢᠬᠤᠯᠠ ᠨᠢᠭᠡ ᠺᠢᠯᠤᠮᠧᠲᠷ ᠢᠶᠠᠷ ᠰᠠᠶᠢᠲᠤᠷ ᠵᠠᠮᠨᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠦᠬᠦᠯᠢ ᠴᠣᠭᠴᠠ ᠶᠢᠨ ᠠᠵᠢᠯ ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠳᠡᠭᠡᠷ᠎ᠡ᠂ ᠬᠤᠸᠠᠳᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠠᠷᠤᠭ᠎ᠠ ᠯᠢ ᠰᠢᠶᠤᠤ ᠹᠧᠩ ᠠᠵᠤ ᠦᠢᠯᠡᠰ ᠤᠨ ᠵᠢᠭᠠᠨ ᠵᠢᠯᠣᠭᠤᠳᠣᠭᠴᠢ ᠳᠤ ᠰᠤᠷᠤᠯᠴᠠᠬᠤ ᠱᠠᠭᠠᠷᠳᠠᠯᠭ᠎ᠠ ᠪᠠ ᠬᠦᠰᠡᠯ ᠡᠷᠡᠮᠡᠯᠵᠡᠯ ᠳᠤᠷᠠᠳᠴᠤ᠂ ᠰᠤᠷᠤᠯᠴᠠᠬᠤ ᠶᠢᠨ ᠴᠢᠬᠤᠯᠠ ᠦᠢᠯᠡᠳᠦᠯ ᠪᠠ ᠠᠴᠢ ᠬᠤᠯᠪᠣᠭᠳᠠᠯ ᠢ ᠴᠢᠬᠤᠯᠠᠴᠢᠯᠠᠪᠠ᠃      ᠲᠤᠰ ᠤᠳᠠᠭ᠎ᠠ ᠶᠢᠨ ᠪᠤᠯᠪᠠᠰᠤᠷᠠᠭᠤᠯᠤᠯ ᠨᠢ ᠲᠤᠬᠠᠶ ᠶᠢᠨ ᠭᠠᠵᠠᠷ ᠤᠨ ᠠᠵᠤ ᠦᠢᠯᠡᠰ ᠤᠨ ᠵᠢᠭᠠᠨ ᠵᠢᠯᠣᠭᠤᠳᠣᠭᠴᠢ ᠶᠢᠨ ᠬᠦᠷᠢᠶᠡᠯᠡᠯ ᠢ ᠣᠯᠵᠤ᠂ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠲᠤᠰᠬᠠᠶ ᠮᠡᠷᠭᠡᠵᠢᠯᠲᠡᠨ ᠤ ᠵᠢᠭᠠᠭᠰᠠᠨ ᠠᠭᠤᠯᠭ᠎ᠠ ᠨᠢ ᠭᠦᠨᠵᠡᠭᠡᠢ ᠪᠦᠭᠡᠳ ᠤᠶᠢᠯᠠᠭᠠᠮᠵᠢᠲᠠᠢ ᠪᠠᠶᠢᠵᠤ᠂ ᠪᠤᠲᠠᠲᠤ ᠬᠡᠷᠡᠭᠴᠡᠭᠡᠲᠦ ᠴᠢᠨᠠᠷ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠪᠤᠯᠤᠨ᠎ᠠ᠃ ᠬᠢᠴᠢᠶᠡᠯ ᠤᠨ ᠲᠠᠩᠬᠢᠮ ᠳᠤ ᠬᠢᠴᠢᠶᠡᠯ ᠵᠢᠭᠠᠬᠤ᠂ ᠬᠢᠴᠢᠶᠡᠯ ᠤᠨ ᠳᠤᠮᠳᠠ ᠠᠰᠠᠭᠤᠯᠲᠠ ᠤᠷᠤᠬᠤ᠂ ᠬᠢᠴᠢᠶᠡᠯ ᠤᠨ ᠳᠠᠷᠠᠭ᠎ᠠ ᠨᠡᠪᠲᠡᠷᠡᠯᠴᠡᠬᠦ ᠪᠠᠷ ᠳᠠᠮᠵᠢᠭᠤᠯᠤᠨ ᠠᠵᠤ ᠦᠢᠯᠡᠰ ᠤᠨ ᠵᠢᠭᠠᠨ ᠵᠢᠯᠣᠭᠤᠳᠣᠭᠴᠢ ᠶᠢᠨ ᠦᠢᠯᠡᠳᠪᠦᠷᠢᠯᠡᠯ ᠤᠨ ᠦᠢᠯᠡᠳᠦᠯᠭᠡ ᠳᠠᠬᠢ ᠪᠣᠳᠠᠲᠠᠶ ᠠᠰᠠᠭᠤᠳᠠᠯ ᠢ ᠲᠠᠶᠢᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠢᠭᠠᠨ ᠵᠢᠯᠣᠭᠤᠳᠣᠭᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠦᠨ᠂ ᠠᠵᠤ ᠦᠢᠯᠡᠰ ᠤᠨ ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠲᠡᠳᠬᠦᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠠᠯᠬᠤᠴᠠ ᠶᠢ ᠲᠦᠷᠭᠡᠳᠬᠡᠬᠦ ᠳᠤ ᠰᠠᠭᠤᠷᠢ ᠲᠠᠯᠪᠢᠪᠠ᠃ ᠰᠤᠷᠤᠭᠴᠢᠳ ᠢᠯᠡᠷᠬᠡᠶᠢᠯᠡᠭᠰᠡᠨ ᠨᠢ᠂ ᠰᠤᠷᠤᠯᠴᠠᠪᠠᠯ ᠰᠡᠳᠬᠢᠮᠵᠢ ᠲᠠᠢ ᠪᠠᠶᠢᠵᠤ᠂ ᠰᠣᠷᠣᠭᠰᠠᠨ ᠢᠶᠠᠨ ᠬᠡᠷᠡᠭᠯᠡᠬᠦ ᠬᠡᠷᠡᠭᠲᠡᠶ᠂ ᠰᠣᠷᠣᠭᠰᠠᠨ ᠢᠶᠠᠨ ᠬᠤᠶᠢᠰᠢᠳᠠ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠳᠤ ᠬᠡᠷᠡᠭᠯᠡᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠲᠦᠯᠬᠢᠨ ᠠᠬᠢᠭᠤᠯᠬᠤ ᠳᠤ ᠥᠪᠡᠷ ᠤᠨ ᠬᠦᠴᠦᠨ ᠢᠶᠠᠨ ᠡᠷᠭᠦᠨ᠎ᠡ ᠭᠡᠵᠡᠭᠡᠪᠡ᠃      ᠪᠤᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ᠂ ᠥᠷᠲᠡᠭᠡᠨ ᠳᠠᠷᠤᠭ᠎ᠠ ᠰᠤᠷᠤᠨ᠎ᠠ ᠶᠠᠳᠠᠭᠤ ᠶᠢ ᠲᠡᠳᠬᠦᠬᠦ ᠠᠵᠢᠯ ᠤᠨ ᠳᠤᠭᠤᠶᠢᠯᠠᠩ ᠢ ᠳᠠᠭᠠᠭᠤᠯᠤᠨ ᠬᠤᠸᠠᠳᠧ ᠰᠢᠶᠠᠨ ᠤ ᠰᠠᠢ ᠾᠧᠩ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ᠂ ᠤᠯᠠᠭᠠᠨᠴᠠᠪ ᠬᠤᠲᠠ ᠶᠢᠨ ᠨᠠᠷᠢᠨ ᠨᠣᠣᠰᠣᠲᠤ ᠬᠤᠨᠢ ᠶᠢᠨ ᠤᠤᠯ ᠡᠭᠦᠯᠳᠡᠷ ᠤᠨ ᠲᠠᠯᠠᠪᠠᠶ᠂ ᠤᠯᠠᠭᠠᠨᠴᠠᠪ ᠬᠤᠲᠠ ᠶᠢᠨ ᠲᠠᠷᠢᠵᠤ ᠲᠡᠵᠢᠭᠡᠬᠦ ᠦᠷᠲᠡᠭᠡ᠂ ᠳ᠋ᠠ ᠬᠤᠣ ᠱᠠᠨ ᠪᠦᠷᠢᠨ ᠠᠦ᠋ᠲ᠋ᠤᠴᠢᠯᠠᠭᠰᠠᠨ ᠭᠠᠭ᠋ᠠᠶ ᠲᠡᠵᠢᠭᠡᠬᠦ ᠲᠠᠯᠠᠪᠠᠶ ᠳᠤ ᠭᠦᠨᠵᠡᠭᠡᠶᠢᠷᠡᠨ᠂ ᠲᠤᠬᠠᠶ ᠶᠢᠨ ᠭᠠᠵᠠᠷ ᠤᠨ ᠪᠣᠳᠠᠲᠠᠶ ᠪᠠᠶᠢᠳᠠᠯ ᠢ ᠪᠠᠶᠢᠴᠠᠭᠠᠨ ᠰᠤᠳᠤᠯᠵᠤ᠂ ᠮᠠᠯᠴᠢᠨ ᠪᠣᠯᠤᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠣᠶᠢᠯᠠᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠰᠡᠳᠬᠢᠴᠡ ᠶᠢ ᠲᠢᠭᠯᠡᠨ ᠠᠷᠭ᠎ᠠ ᠪᠤᠳᠤᠪᠠ᠃ ᠶᠠᠷᠢᠯᠴᠠᠬᠤ ᠳᠤᠮᠳᠠ᠂ ᠥᠷᠲᠡᠭᠡᠨ ᠳᠠᠷᠤᠭ᠎ᠠ ᠰᠤᠷᠤᠨ᠎ᠠ ᠲᠤᠬᠠᠶ ᠶᠢᠨ ᠭᠠᠵᠠᠷ ᠤᠨ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠪᠠᠶᠢᠳᠠᠯ᠂ ᠵᠤᠭᠰᠤᠭ᠎ᠠ ᠮᠠᠯ ᠤᠨ ᠲᠤᠭ᠎ᠠ᠂ ᠲᠡᠵᠢᠭᠡᠨ ᠦᠷᠡᠵᠢᠭᠦᠯᠬᠦ ᠠᠷᠭ᠎ᠠ ᠬᠡᠯᠪᠡᠷᠢ ᠪᠣᠯᠤᠨ ᠡᠯ᠎ᠡ ᠲᠥᠷᠥᠯ ᠤᠨ ᠡᠭᠦᠯᠳᠡᠷ ᠤᠨ ᠬᠤᠨᠢ ᠶᠢᠨ ᠲᠤᠬᠠᠶ ᠶᠢᠨ ᠭᠠᠵᠠᠷ ᠤᠨ ᠮᠠᠯᠵᠢᠬᠤ ᠡᠷᠦᠬᠡ ᠶᠢᠨ ᠳᠡᠯᠭᠡᠷᠡᠭᠦᠯᠦᠯᠲᠡ ᠲᠠᠢ ᠤᠶᠠᠯᠳᠤᠭᠰᠠᠨ ᠪᠠᠶᠢᠳᠠᠯ ᠢ ᠨᠠᠷᠢᠨ ᠤᠶᠢᠯᠠᠭᠠᠭᠰᠠᠨ ᠪᠥᠭᠡᠳ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠶᠢᠨ ᠦᠢᠯᠡᠳᠪᠦᠷᠢᠯᠡᠯ ᠤᠨ ᠲᠣᠮᠣ ᠡᠷᠦᠬᠡ ᠲᠠᠢ ᠬᠠᠮᠲᠤ ᠪᠠᠷ ᠮᠠᠯ ᠠᠵᠤ ᠠᠬᠤᠶ ᠲᠡᠵᠢᠭᠡᠨ ᠦᠷᠡᠵᠢᠭᠦᠯᠬᠦ ᠶᠠᠪᠤᠴᠠ ᠳᠠᠬᠢ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠬᠡᠷᠡᠭᠯᠡᠭᠡᠨ ᠤ ᠢᠷᠡᠭᠡᠳᠦᠶ ᠪᠣᠯᠤᠨ ᠴᠢᠭᠯᠡᠯ ᠢ ᠰᠤᠳᠤᠯᠤᠨ ᠶᠠᠷᠢᠯᠴᠠᠪᠠ᠃ ᠲᠡᠷᠡ ᠴᠢᠬᠤᠯᠠᠴᠢᠯᠠᠨ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠳᠠᠲᠤ ᠪᠠᠶᠢᠳᠠᠯ ᠠᠴᠠ ᠰᠠᠯᠤᠯ ᠦᠭᠡᠢ᠂ ᠪᠠᠷᠢᠮᠵᠢᠶ᠎ᠠ ᠶᠢ ᠳᠡᠭᠡᠭᠰᠢᠯᠡᠭᠦᠯᠬᠦ ᠦᠭᠡᠢ ᠮᠥᠷᠲᠡᠭᠡᠨ ᠪᠠᠰᠠ ᠪᠠᠷᠢᠮᠵᠢᠶ᠎ᠠ ᠶᠢ ᠳᠤᠷᠤᠭᠰᠢᠯᠠᠭᠤᠯᠵᠤ᠂ ᠴᠢᠨᠠᠷ ᠴᠢᠨᠰᠠᠭ᠎ᠠ ᠶᠢ ᠨᠥᠯᠥᠭᠡᠯᠡᠬᠦ ᠦᠭᠡᠶ ᠪᠠᠶᠢᠵᠤ᠂ ᠠᠰᠠᠭᠤᠳᠠᠯ ᠢ ᠪᠠᠶᠢᠴᠠᠭᠠᠨ ᠳᠡᠯᠭᠡᠵᠦ᠂ ᠳᠤᠲᠠᠭᠤᠳᠠᠯ ᠢ ᠨᠥᠬᠦᠪᠥᠷᠢᠯᠡᠵᠦ ᠠᠯᠳᠠᠰᠢ ᠭᠠᠷᠭᠠᠬᠤ ᠶᠢ ᠬᠤᠷᠢᠮᠯᠠᠨ᠂ ᠪᠠᠬᠢᠵᠢᠭᠦᠯᠦᠨ ᠳᠡᠭᠡᠭᠰᠢᠯᠡᠭᠦᠯᠬᠦ ᠶᠢ ᠪᠡᠶᠡᠯᠡᠭᠦᠯᠬᠦ ᠬᠡᠷᠡᠭᠲᠡᠶ᠃ ᠶᠠᠳᠠᠭᠤ ᠶᠢ ᠲᠡᠳᠬᠦᠬᠦ ᠳᠠᠭᠠᠭᠠᠴᠢᠯᠠᠨ ᠬᠤᠯᠪᠤᠭᠠᠯᠠᠬᠤ ᠠᠵᠢᠯ ᠤᠨ ᠳᠤᠭᠤᠶᠢᠯᠠᠩ ᠨᠢ ᠲᠤᠬᠠᠶ ᠶᠢᠨ ᠭᠠᠵᠠᠷ ᠤᠨ ᠪᠣᠳᠠᠲᠠᠶ ᠪᠠᠶᠢᠳᠠᠯ ᠲᠠᠢ ᠤᠶᠠᠯᠳᠤᠭᠤᠯᠤᠨ ᠡᠯ᠎ᠡ ᠲᠠᠯ᠎ᠠ ᠶᠢᠨ ᠰᠠᠨᠠᠯ ᠢ ᠰᠤᠨᠤᠰᠴᠤ᠂ ᠠᠵᠢᠯ ᠤᠨ ᠴᠢᠭᠯᠡᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠣᠳᠠᠲᠠᠶ ᠠᠵᠢᠯᠯᠠᠬᠤ ᠪᠠᠷ ᠶᠠᠳᠠᠭᠤ ᠠᠴᠠ ᠠᠩᠭᠢᠵᠢᠷᠠᠭᠤᠯᠬᠤ ᠳᠤ ᠲᠤᠰᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠰᠢᠢᠳᠪᠦᠷᠢᠲᠦ ᠢᠯᠠᠯᠲᠠ ᠶᠢ ᠣᠯᠬᠤ ᠳᠤ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠪᠡ᠃    
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号