ᠡᠭᠡᠯᠵᠢᠯᠡᠵᠦ ᠲᠠᠷᠢᠬᠤ
ᠨᠡᠶᠢᠲᠡᠯᠡᠭᠰᠡᠨ ᠴᠠᠭ᠄
2020/9/30
     ᠡᠭᠡᠯᠵᠢᠯᠡᠵᠦ ᠲᠠᠷᠢᠬᠤ ᠪᠣᠯ ᠬᠦᠷᠦᠰᠦ ᠰᠢᠷᠤᠢ ᠶᠢᠨ ᠡᠬᠢ ᠪᠠᠶᠠᠯᠢᠭ ᠢ ᠬᠠᠮᠠᠭᠠᠯᠠᠵᠤ᠂ ᠦᠩ ᠰᠢᠮᠡᠯᠢᠭ ᠪᠣᠯᠭᠠᠨ ᠰᠠᠶᠢᠵᠢᠷᠠᠭᠤᠯᠬᠤ ᠨᠢᠭᠡ ᠵᠦᠢᠯ ᠤᠨ ᠤᠯᠠᠮᠵᠢᠯᠠᠯᠲᠤ ᠠᠷᠭ᠎ᠠ ᠪᠣᠯᠣᠨ᠎ᠠ᠃  ᠨᠢᠭᠡ ᠬᠡᠰᠡᠭ ᠭᠠᠵᠠᠷ ᠲᠤ ᠬᠡᠳᠦᠨ ᠵᠢᠯ ᠳᠠᠷᠠᠭᠠᠯᠠᠨ ᠲᠠᠷᠢᠪᠠᠯ᠂ ᠲᠡᠷᠡ ᠬᠡᠰᠡᠭ ᠭᠠᠵᠠᠷ ᠤᠨ ᠴᠢᠨᠠᠷ ᠮᠠᠭᠤᠲᠠᠵᠤ ᠬᠤᠷᠢᠶᠠᠯᠲᠠ ᠬᠠᠰᠤᠭᠳᠠᠳᠠᠭ᠂ ᠡᠶᠢᠮᠦᠷᠬᠦᠦ ᠪᠠᠶᠢᠳᠠᠯ ᠳᠤᠤᠷ᠎ᠠ᠂ ᠡᠨᠡ ᠭᠠᠵᠠᠷ ᠢᠶᠠᠨ ᠠᠲᠠᠷᠰᠢᠭᠤᠯᠤᠨ ᠬᠠᠶᠠᠬᠤ ᠳᠤ ᠬᠦᠷᠦᠰᠦᠨ ᠤ ᠴᠢᠨᠠᠷ ᠠᠶᠠᠨᠳᠠᠭᠠᠨ ᠰᠠᠶᠢᠵᠢᠷᠠᠵᠤ᠂ ᠣᠣᠯ ᠤᠨ ᠪᠠᠶᠢᠳᠠᠯ ᠳᠤ ᠪᠠᠨ ᠤᠷᠤᠳᠠᠭ᠃ ᠮᠣᠩᠭᠤᠯ ᠣᠯᠣᠰ ᠲᠤ ᠡᠭᠦᠨ ᠢ ᠠᠲᠠᠷᠰᠢᠭᠤᠯᠤᠨ ᠦᠨᠵᠢᠭᠡᠬᠦ ᠪᠣᠶᠣ ᠭᠠᠵᠠᠷ ᠠᠮᠠᠷᠠᠭᠠᠬᠤ ᠭᠡᠵᠦ ᠨᠡᠷᠡᠯᠡᠳᠡᠭ᠃ ᠠᠲᠠᠷᠰᠢᠭᠤᠯᠤᠨ ᠦᠨᠵᠢᠭᠡᠬᠦ ᠬᠤᠭᠤᠴᠠᠭ᠎ᠠ ᠨᠢ ᠦᠨᠳᠦᠰᠦᠨ ᠳᠤ ᠪᠠᠨ ᠭᠤᠷᠪᠠ ᠠᠴᠠ ᠲᠠᠪᠤᠨ ᠵᠢᠯ ᠪᠠᠶᠢᠳᠠᠭ᠃ ᠮᠣᠩᠭᠤᠯᠴᠤᠳ ᠤᠨ ᠲᠠᠷᠢᠳᠠᠭ ᠨᠠᠮᠤᠭ ᠲᠠᠷᠢᠶ᠎ᠠ ᠪᠣᠯ ᠲᠤᠭᠲᠠᠭᠰᠠᠨ ᠨᠢᠭᠡ ᠭᠠᠵᠠᠷ ᠲᠤ ᠳᠦᠷᠪᠡᠨ ᠵᠢᠯ ᠳᠠᠷᠠᠭᠠᠯᠠᠨ ᠲᠠᠷᠢᠪᠠᠯ ᠬᠦᠷᠦᠰᠦᠨ ᠤ ᠴᠢᠨᠠᠷ ᠮᠠᠭᠤᠲᠠᠬᠤ ᠲᠤᠯᠠ ᠲᠠᠪᠤᠳᠤᠭᠠᠷ ᠵᠢᠯ ᠳᠤ ᠨᠢ ᠵᠠᠪᠠᠯ ᠦᠭᠡᠷ᠎ᠡ ᠭᠠᠵᠠᠷ ᠢ ᠰᠣᠯᠢᠵᠣ ᠲᠠᠷᠢᠳᠠᠭ᠃ ᠢᠩᠭᠢᠬᠦ ᠳᠤ ᠠᠮᠠᠷᠠᠭᠠᠭᠰᠠᠨ ᠭᠠᠵᠠᠷ ᠤᠨ ᠬᠦᠷᠦᠰᠦᠨ ᠤ ᠴᠢᠨᠠᠷ ᠠᠶᠠᠨᠳᠠᠭᠠᠨ ᠰᠠᠶᠢᠵᠢᠷᠠᠨ᠎ᠠ᠃ ᠡᠶᠢᠮᠦᠷᠬᠦᠦ ᠲᠠᠷᠢᠶᠠᠯᠠᠬᠤ ᠠᠷᠭ᠎ᠠ ᠶᠢ ᠬᠠᠭᠠᠰ ᠮᠠᠯᠵᠢᠬᠤ ᠬᠠᠭᠠᠰ ᠲᠠᠷᠢᠶᠠᠯᠠᠬᠤ ᠤᠷᠤᠨ ᠳᠤ ᠬᠡᠷᠡᠭᠯᠡᠬᠦ ᠳᠤ ᠨᠡᠩ ᠲᠤᠬᠢᠷᠠᠮᠵᠢᠲᠠᠢ᠃ ᠤᠴᠢᠷ ᠨᠢ ᠬᠦᠮᠦᠰ ᠬᠡᠳᠦᠨ ᠵᠢᠯ ᠳᠠᠷᠠᠭᠠᠯᠠᠨ ᠨᠢᠭᠡ ᠭᠠᠵᠠᠷ ᠲᠤ ᠲᠠᠷᠢᠶ᠎ᠠ ᠪᠠᠨ ᠲᠠᠷᠢᠬᠤ ᠳᠤ ᠪᠣᠰᠣᠳ ᠭᠠᠵᠠᠷ ᠲᠤ ᠨᠢ ᠮᠠᠯ ᠢᠶᠠᠨ ᠬᠠᠷᠢᠭᠤᠯᠵᠤ ᠪᠣᠯᠳᠠᠭ᠃ ᠬᠡᠳᠦᠨ ᠵᠢᠯ ᠪᠣᠯᠬᠤ ᠳᠤ ᠮᠠᠯ ᠬᠠᠷᠢᠭᠤᠯᠣᠭᠰᠠᠨ ᠭᠠᠵᠠᠷ ᠲᠤ ᠪᠠᠨ ᠲᠠᠷᠢᠶ᠎ᠠ ᠲᠠᠷᠢᠵᠤ᠂ ᠲᠠᠷᠢᠶ᠎ᠠ ᠲᠠᠷᠢᠭᠰᠠᠨ ᠭᠠᠵᠠᠷ ᠲᠤ ᠪᠠᠨ ᠮᠠᠯ ᠢᠶᠠᠨ ᠬᠠᠷᠢᠭᠤᠯᠬᠤ ᠮᠡᠲᠦ ᠪᠠᠷ ᠡᠭᠡᠯᠵᠢᠯᠡᠭᠦᠯᠬᠦ ᠨᠢ ᠬᠦᠷᠦᠰᠦ ᠰᠢᠷᠤᠢ ᠶᠢᠨ ᠬᠠᠮᠠᠭᠠᠯᠠᠯᠲᠠ ᠳᠤ ᠠᠰᠢᠭᠲᠠᠢ ᠪᠦᠭᠡᠳ ᠲᠠᠷᠢᠶᠠᠨ ᠤ ᠤᠨᠠᠯᠲᠠ ᠶᠢ ᠴᠤ ᠳᠡᠭᠡᠭᠰᠢᠯᠡᠭᠦᠯᠵᠦ ᠴᠢᠳᠠᠳᠠᠭ᠃      ︵ᠢᠷᠡᠯᠲᠡ᠄ ᠦᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠶᠢᠨ ᠬᠡᠪᠯᠡᠭᠰᠡᠨ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号