ᠰᠠᠭᠠᠯᠢ ᠶᠢᠨ ᠦᠨᠢᠶ᠎ᠡ ᠶᠢ ᠰᠢᠨᠵᠢᠯᠡᠬᠦ ᠤᠬᠠᠭᠠᠨᠴᠢ ᠪᠠᠷ ᠮᠠᠯᠵᠢᠬᠤ ︵ᠳᠣᠯᠤᠭ᠎ᠠ︶
ᠨᠡᠶᠢᠲᠡᠯᠡᠭᠰᠡᠨ ᠴᠠᠭ᠄
2020/9/5
     ᠰᠠᠭᠠᠯᠢ ᠶᠢᠨ ᠦᠨᠢᠶᠡᠨ ᠤ ᠪᠤᠷᠳᠤᠭᠠᠨ ᠳᠤᠲᠤᠷᠠᠬᠢ ᠮᠢᠨᠧᠷᠡᠯ ᠪᠤᠳᠠᠰ ᠤᠨ ᠭᠤᠣᠯ ᠢᠷᠡᠯᠲᠡ ᠨᠢ ᠶᠠᠭᠤᠨ ᠠᠴᠠ ᠢᠷᠡᠳᠡᠭ ᠪᠣᠢ︖      ᠰᠠᠭᠠᠯᠢ ᠶᠢᠨ ᠦᠨᠢᠶᠡᠨ ᠳᠤ ᠪᠠᠶᠢᠩᠭᠤ ᠬᠡᠷᠡᠭᠯᠡᠳᠡᠭ ᠺᠠᠯᠼ᠂ ᠹᠣᠰᠹᠣᠷ ᠤᠨ ᠨᠦᠬᠦᠪᠦᠷᠢ ᠡᠳ᠋ ᠪᠣᠯ ᠶᠠᠰᠤᠨ ᠤ ᠲᠠᠯᠬ᠎ᠠ᠂ ᠹᠣᠰᠹᠣᠷ ᠬᠦᠴᠢᠯ ᠤᠨ ᠣᠰᠣᠳᠦ᠋ᠷᠦᠭᠴᠢ ᠺᠠᠯᠼ ᠪᠣᠯᠣᠨ᠎ᠠ᠃ ᠪᠠᠶᠢᠩᠭᠤ ᠬᠡᠷᠡᠭᠯᠡᠳᠡᠭ ᠺᠠᠯᠼ ᠤᠨ ᠨᠦᠬᠦᠪᠦᠷᠢ ᠡᠳ᠋ ᠪᠣᠯ ᠨᠡᠭᠦᠷᠡᠰᠦ ᠬᠦᠴᠢᠯ ᠤᠨ ᠺᠠᠯᠼ ᠪᠣᠯᠣᠨ᠎ᠠ᠃ ᠪᠠᠶᠢᠩᠭᠤ ᠬᠡᠷᠡᠭᠯᠡᠳᠡᠭ ᠺᠠᠯᠢ ᠶᠢᠨ ᠨᠦᠬᠦᠪᠦᠷᠢ ᠡᠳ᠋ ᠪᠣᠯ ᠬᠦᠬᠦᠷ ᠬᠦᠴᠢᠯ ᠤᠨ ᠺᠠᠯᠢ᠂ ᠮᠠᠭᠨᠢ ᠶᠢᠨ ᠨᠦᠬᠦᠪᠦᠷᠢ ᠡᠳ᠋ ᠪᠣᠯ ᠬᠦᠴᠢᠯᠳᠦ᠋ᠷᠦᠭᠵᠢᠭᠦᠯᠦᠭᠰᠡᠨ ᠮᠠᠭᠨᠢ ᠪᠣᠶᠣ ᠬᠦᠬᠦᠷ ᠬᠦᠴᠢᠯ ᠤᠨ ᠮᠠᠭᠨᠢ ᠪᠣᠯᠣᠨ᠎ᠠ᠃ ᠡᠩ ᠤᠨ ᠪᠠᠶᠢᠳᠠᠯ ᠳᠤᠤᠷ᠎ᠠ ᠡᠳᠦᠷ ᠤᠨ ᠢᠳᠡᠰᠢᠨ ᠳᠠᠬᠢ ᠺᠠᠯᠢ᠂ ᠮᠠᠭᠨᠢ᠂ ᠬᠦᠬᠦᠷ ᠨᠢ ᠤᠷᠭᠠᠨᠢᠭ ᠪᠡᠶ᠎ᠡ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠲᠤᠯᠠ ᠠᠰ ᠲᠤᠨᠢ ᠨᠡᠮᠡᠬᠦ ᠬᠡᠷᠡᠭ ᠦᠭᠡᠢ᠃ ᠬᠦᠬᠦᠷ ᠤᠨ ᠨᠦᠬᠦᠪᠦᠷᠢ ᠡᠳ᠋ ᠪᠣᠯ ᠬᠦᠬᠦᠷ ᠬᠦᠴᠢᠯ ᠤᠨ ᠨᠠᠲᠷᠢ᠂ ᠬᠦᠬᠦᠷ ᠬᠦᠴᠢᠯ ᠤᠨ ᠺᠠᠯᠢ᠂ ᠬᠦᠬᠦᠷ ᠬᠦᠴᠢᠯ ᠤᠨ ᠮᠠᠩᠭᠠᠨ ᠵᠡᠷᠭᠡ ᠪᠣᠯᠣᠨ᠎ᠠ᠃ ᠵᠡᠰ᠂ ᠺᠣᠪᠠᠯᠲ᠂ ᠲᠡᠮᠦᠷ᠂ ᠮᠠᠩᠭᠠᠨ᠂ ᠴᠠᠶᠢᠷ ᠵᠡᠷᠭᠡ ᠶᠢ ᠪᠣᠯ ᠮᠢᠨᠧᠷᠡᠯ ᠤᠭᠤᠷᠠᠭᠲᠤ ᠳᠠᠪᠤᠰᠤ ᠪᠠᠷ ᠨᠦᠬᠦᠪᠦᠷᠢᠯᠡᠵᠦ ᠪᠣᠯᠣᠨ᠎ᠠ᠃      ︵ᠢᠷᠡᠯᠲᠡ᠄ ᠪᠦᠷᠢᠨᠪᠠᠶᠡᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠨ ᠤᠷᠴᠢᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠠᠯᠵᠢᠯ ᠤᠨ ᠮᠡᠳᠡᠯᠭᠡ ᠮᠡᠷᠭᠡᠵᠢᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号