ᠰᠠᠭᠠᠯᠢ ᠶᠢᠨ ᠦᠨᠢᠶ᠎ᠡ ᠶᠢ ᠰᠢᠨᠵᠢᠯᠡᠬᠦ ᠤᠬᠠᠭᠠᠨᠴᠢ ᠪᠠᠷ ᠮᠠᠯᠵᠢᠬᠤ ︵ᠨᠠᠢᠮᠠ︶
ᠨᠡᠶᠢᠲᠡᠯᠡᠭᠰᠡᠨ ᠴᠠᠭ᠄
2020/9/5
     ᠦᠨᠢᠶ᠎ᠡ ᠲᠡᠵᠢᠭᠡᠬᠦ ᠳᠤ ᠸᠢᠲ᠋ᠠᠮᠢᠨ ᠨᠢ ᠶᠠᠮᠠᠷ ᠦᠢᠯᠡᠳᠦᠯ ᠦᠵᠡᠭᠦᠯᠳᠡᠭ ᠪᠣᠢ︖      ᠸᠢᠲ᠋ᠠᠮᠢᠨ ᠪᠣᠯ ᠰᠠᠭᠠᠯᠢ ᠶᠢᠨ ᠦᠨᠢᠶᠡᠨ ᠤ ᠬᠡᠪ ᠤᠨ ᠴᠢᠳᠠᠪᠤᠷᠢ ᠪᠠ ᠡᠷᠡᠭᠦᠯ ᠢ ᠬᠠᠮᠠᠭᠠᠯᠠᠬᠤ ᠳᠤ ᠡᠷᠬᠡᠪᠰᠢ ᠪᠠᠶᠢᠬᠤ ᠶᠤᠰᠤ ᠲᠠᠢ ᠰᠢᠮ᠎ᠡ ᠲᠡᠵᠢᠭᠡᠯ ᠤᠨ ᠵᠦᠢᠯ ᠪᠣᠯᠣᠨ᠎ᠠ᠃ ᠰᠠᠭᠠᠯᠢ ᠶᠢᠨ ᠦᠨᠢᠶᠡᠨ ᠤ ᠭᠦᠵᠡᠭᠡᠨ ᠤ ᠮᠢᠺᠷᠤᠪ ᠨᠢ ᠶᠡᠭᠡ ᠬᠡᠮᠵᠢᠶᠡᠨ ᠤ B ᠪᠦᠯᠦᠭ ᠤᠨ ᠸᠢᠲ᠋ᠠᠮᠢᠨ ᠢ ᠪᠤᠢ ᠪᠤᠯᠭᠠᠵᠤ ᠦᠪᠡᠷ ᠤᠨ ᠬᠡᠷᠡᠭᠴᠡᠭᠡ ᠪᠠᠨ ᠬᠠᠩᠭᠠᠳᠠᠭ᠃ B ᠪᠦᠯᠦᠭ ᠤᠨ ᠸᠢᠲ᠋ᠠᠮᠢᠨ ᠨᠢ ᠰᠠᠭᠠᠯᠢ ᠶᠢᠨ ᠦᠨᠢᠶᠡᠨ ᠤ ᠰᠦᠨ ᠤ ᠴᠢᠨᠠᠷ ᠢ ᠰᠠᠶᠢᠵᠢᠷᠠᠭᠤᠯᠵᠤ᠂ ᠬᠢᠵᠢᠭ ᠰᠡᠷᠭᠡᠶᠢᠯᠡᠬᠦ ᠴᠢᠳᠠᠪᠤᠷᠢ᠂ ᠦᠷᠡᠵᠢᠯ ᠤᠨ ᠴᠢᠳᠠᠪᠤᠷᠢ ᠶᠢ ᠨᠢ ᠨᠡᠮᠡᠭᠳᠡᠭᠦᠯᠳᠡᠭ᠃ ᠸᠢᠲ᠋ᠠᠮᠢᠨA ᠨᠢ ᠬᠠᠷᠠᠭᠠᠨ ᠰᠡᠷᠡᠯ᠂ ᠠᠷᠠᠰᠤᠨ ᠤ ᠨᠡᠭᠡᠳᠡᠰᠦ᠂ ᠠᠷᠤᠭ ᠶᠠᠰᠤᠨ ᠤ ᠪᠤᠶᠢᠵᠢᠯᠲᠠ᠂ ᠲᠠᠷᠢᠬᠢ ᠨᠤᠭᠤᠰᠤᠨ ᠤ ᠰᠢᠩᠭᠡᠨ ᠤ ᠳᠠᠷᠤᠯᠲᠠ᠂ ᠠᠷᠠᠰᠤᠨ ᠤ ᠬᠦᠷᠦᠰᠦᠯᠢᠭ ᠡᠳ᠋ ᠤᠨ ᠺᠧᠲ᠋ᠤᠨ ᠤ ᠨᠡᠶᠢᠯᠡᠯᠭᠡ ᠶᠢ ᠪᠠᠲᠤᠯᠠᠳᠠᠭ᠃ ᠸᠢᠲ᠋ᠠᠮᠢᠨ D ᠨᠢ ᠭᠡᠳᠡᠰᠦᠨ ᠵᠠᠮ ᠤᠨ ᠺᠠᠯᠢ᠂ ᠹᠣᠰᠹᠣᠷ ᠰᠢᠩᠭᠡᠭᠡᠨ ᠠᠪᠬᠤ ᠪᠠ ᠶᠠᠰᠤᠨ ᠤ ᠺᠠᠯᠼᠵᠢᠬᠤ ᠶᠢ ᠠᠬᠢᠭᠤᠯᠳᠠᠭ᠃ ᠸᠢᠲ᠋ᠠᠮᠢᠨ E ᠨᠢ ᠦᠨᠢᠶᠡᠨ ᠤ ᠦᠷᠡᠵᠢᠯ ᠤᠨ ᠴᠢᠳᠠᠪᠤᠷᠢ ᠶᠢ ᠨᠢ ᠨᠡᠮᠡᠭᠳᠡᠭᠦᠯᠳᠡᠭ᠃ ᠨᠢᠺᠤᠲ᠋ᠢᠨ ᠬᠦᠴᠢᠯ ᠪᠣᠯ ᠭᠦᠵᠡᠭᠡᠨ ᠤ ᠮᠢᠺᠷᠤᠪ ᠤᠨ ᠤᠭᠤᠷᠠᠭ ᠤᠨ ᠨᠡᠶᠢᠯᠡᠯᠭᠡ ᠶᠢ ᠠᠬᠢᠭᠤᠯᠳᠠᠭ᠃ ᠬᠦᠬᠦᠷᠲᠦ ᠠᠮᠢᠨ ᠨᠢ ᠰᠠᠭᠠᠯᠢ ᠶᠢᠨ ᠦᠨᠢᠶᠡᠨ ᠤ ᠭᠤᠤᠯ ᠮᠡᠳᠡᠷᠡᠯ ᠤᠨ ᠰᠢᠰᠲ᠋ᠧᠮ ᠢ ᠬᠠᠮᠠᠭᠠᠯᠠᠵᠤ᠂ ᠸᠢᠲ᠋ᠠᠮᠢᠨ B12 ᠨᠢ ᠦᠨᠢᠶᠡᠨ ᠤ ᠬᠡᠪ ᠤᠨ ᠰᠢᠮ᠎ᠡ ᠲᠡᠵᠢᠭᠡᠯ ᠢ ᠬᠠᠮᠠᠭᠠᠯᠠᠳᠠᠭ ᠪᠠᠶᠢᠨ᠎ᠠ᠃      ︵ᠢᠷᠡᠯᠲᠡ᠄ ᠪᠦᠷᠢᠨᠪᠠᠶᠡᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠨ ᠤᠷᠴᠢᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠠᠯᠵᠢᠯ ᠤᠨ ᠮᠡᠳᠡᠯᠭᠡ ᠮᠡᠷᠭᠡᠵᠢᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号