ᠰᠠᠭᠠᠯᠢ ᠶᠢᠨ ᠦᠨᠢᠶ᠎ᠡ ᠶᠢ ᠰᠢᠨᠵᠢᠯᠡᠬᠦ ᠤᠬᠠᠭᠠᠨᠴᠢ ᠪᠠᠷ ᠮᠠᠯᠵᠢᠬᠤ ︵ᠠᠷᠪᠠ︶
ᠨᠡᠶᠢᠲᠡᠯᠡᠭᠰᠡᠨ ᠴᠠᠭ᠄
2020/9/7
     ᠶᠠᠭᠤ ᠶᠢ ᠲᠡᠵᠢᠭᠡᠯ ᠪᠤᠷᠳᠤᠭᠠᠨ ᠤ ᠨᠠᠮᠠᠯᠲᠠ ᠡᠳ᠋ ᠭᠡᠬᠦ ᠪᠣᠢ︖ ᠶᠠᠮᠠᠷ ᠰᠢᠮ᠎ᠡ ᠲᠡᠵᠢᠭᠡᠯ ᠤᠨ ᠪᠦᠷᠢᠯᠳᠦᠭᠦᠨ  ᠲᠠᠢ ᠪᠤᠢ︖ ᠪᠠᠶᠢᠩᠭᠤ ᠬᠡᠷᠡᠭᠯᠡᠳᠡᠭ ᠨᠠᠷᠢᠯᠢᠭ ᠪᠣᠷᠳᠤᠭ᠎ᠠ ᠳᠤ ᠬᠡᠳᠦᠨ ᠵᠦᠢᠯ ᠪᠠᠶᠢᠬᠤ ᠪᠤᠢ︖      ︵1︶ ᠲᠡᠵᠢᠭᠡᠯ ᠪᠤᠷᠳᠤᠭᠠᠨ ᠤ ᠨᠡᠮᠡᠯᠲᠡ ᠡᠳ᠋ ᠭᠡᠳᠡᠭ ᠪᠣᠯ ᠲᠡᠵᠢᠭᠡᠯ ᠪᠤᠷᠳᠤᠭ᠎ᠠ ᠨᠠᠶᠢᠷᠠᠭᠤᠯᠬᠤ ᠳᠠᠭᠠᠨ ᠪᠤᠳᠠᠰ ᠤᠨ ᠨᠡᠮᠡᠯᠲᠡ ᠡᠳ᠋ ᠵᠢᠱᠢᠶᠡᠯᠡᠪᠡᠯ ᠠᠽᠤᠲ ᠬᠦᠴᠢᠯ᠂ ᠮᠢᠨᠧᠷᠡᠯ ᠪᠤᠳᠠᠰ᠂ ᠪᠢᠴᠢᠯ ᠡᠯᠧᠮᠧᠨ᠋ᠲ᠂ ᠸᠢᠲ᠋ᠠᠮᠢᠨ ᠪᠣᠯᠣᠨ ᠰᠢᠮ᠎ᠡ ᠲᠡᠵᠢᠭᠡᠯ ᠤᠨ ᠪᠤᠰᠤ ᠪᠤᠳᠠᠰ ᠤᠨ ᠨᠡᠮᠡᠯᠲᠡ ᠡᠳ᠋ ᠵᠢᠱᠢᠶᠡᠯᠡᠪᠡᠯ ᠪᠠᠺᠲ᠋ᠧᠷᠢ ᠶᠢ ᠡᠰᠡᠷᠭᠦᠴᠡᠬᠦ ᠡᠳ᠋᠂ ᠬᠤᠷᠮᠤᠨ᠂ ᠬᠤᠷᠤᠬᠠᠢ ᠬᠦᠭᠡᠭᠡᠭᠴᠢ ᠡᠳ᠋᠂ ᠢᠰᠦᠯᠳᠦᠬᠦ ᠶᠢ ᠡᠰᠡᠷᠭᠦᠴᠡᠬᠦ ᠡᠳ᠋ ᠢ ᠰᠢᠨᠵᠢᠯᠡᠬᠦ ᠤᠬᠠᠭᠠᠨᠴᠢ ᠪᠠᠷ ᠪᠠᠭ᠎ᠠ ᠬᠡᠮᠵᠢᠶ᠎ᠡ ᠪᠠᠷ ᠨᠡᠮᠡᠬᠦ ᠶᠢ ᠬᠡᠯᠡᠵᠦ ᠪᠠᠶᠢᠨ᠎ᠠ᠃      ︵2︶ ᠲᠡᠵᠢᠭᠡᠯ ᠪᠤᠷᠳᠤᠭᠠᠨ ᠳᠠᠬᠢ ᠰᠢᠮ᠎ᠡ ᠲᠡᠵᠢᠭᠡᠯ ᠤᠨ ᠦᠢᠯᠡᠳᠦᠯ ᠲᠠᠢ ᠪᠦᠷᠢᠯᠳᠦᠭᠦᠨ ᠭᠡᠪᠡᠯ ᠤᠭᠤᠷᠠᠭᠲᠤ ᠡᠳ᠋᠂ ᠦᠭᠡᠬᠦ᠂ ᠨᠡᠭᠦᠷᠡᠰᠦ ᠣᠰᠣᠨ ᠤ ᠨᠡᠶᠢᠯᠡᠯᠭᠡ ᠡᠳ᠋᠂ ᠮᠢᠨᠧᠷᠡᠯ ᠪᠤᠳᠠᠰ ᠬᠢᠭᠡᠳ ᠸᠢᠲ᠋ᠠᠮᠢᠨ ᠪᠠᠶᠢᠨ᠎ᠠ᠃      ︵3︶ ᠰᠠᠭᠠᠯᠢ ᠶᠢᠨ ᠦᠨᠢᠶ᠎ᠡ ᠳᠤ ᠪᠠᠶᠢᠩᠭᠤ ᠬᠡᠷᠡᠭᠯᠡᠳᠡᠭ ᠨᠠᠷᠢᠯᠢᠭ ᠪᠤᠷᠳᠤᠭ᠎ᠠ ᠭᠡᠪᠡᠯ ᠡᠨᠧᠷᠭᠢ ᠶᠢᠨ ᠪᠤᠷᠳᠤᠭ᠎ᠠ ᠳᠤ ᠡᠷᠳᠡᠨᠢ ᠰᠢᠰᠢ᠂ ᠠᠷᠪᠠᠢ᠂ ᠰᠢᠰᠢ᠂ ᠪᠤᠷᠳᠤᠭᠠᠨ ᠤ ᠠᠭ᠎ᠠ᠂ ᠬᠡᠪᠡᠭ᠂ ᠡᠷᠳᠡᠨᠢ ᠰᠢᠰᠢ ᠶᠢᠨ ᠬᠠᠯᠢᠰᠤ ᠪᠠᠭᠲᠠᠨ᠎ᠠ᠃ ᠤᠭᠤᠷᠠᠭᠲᠤ ᠪᠤᠷᠳᠤᠭ᠎ᠠ ᠳᠤ ᠪᠤᠷᠴᠠᠭ ᠤᠨ ᠰᠢᠭᠠᠷᠤ᠂ ᠬᠦᠪᠦᠩ ᠤᠨ ᠦᠷ᠎ᠡ ᠶᠢᠨ ᠪᠠᠵᠢᠮᠠᠭ᠂ ᠭᠠᠶᠢᠮᠤ ᠶᠢᠨ ᠦᠷ᠎ᠡ ᠶᠢᠨ ᠪᠠᠵᠢᠮᠠᠭ᠂ ᠣᠯᠣᠰᠤᠨ ᠤ ᠪᠠᠵᠢᠮᠠᠭ᠂ ᠨᠠᠷᠠᠨ ᠬᠤᠸᠠᠷ ᠤᠨ ᠦᠷ᠎ᠡ ᠶᠢᠨ ᠪᠠᠵᠢᠮᠠᠭ᠂ ᠵᠢᠭᠠᠰᠤᠨ ᠤ ᠲᠠᠯᠬ᠎ᠠ᠂ ᠴᠢᠰᠤᠨ ᠲᠠᠯᠬ᠎ᠠ ᠪᠠᠭᠲᠠᠨ᠎ᠠ᠃      ︵ᠢᠷᠡᠯᠲᠡ᠄ ᠪᠦᠷᠢᠨᠪᠠᠶᠡᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠨ ᠤᠷᠴᠢᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠠᠯᠵᠢᠯ ᠤᠨ ᠮᠡᠳᠡᠯᠭᠡ ᠮᠡᠷᠭᠡᠵᠢᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号