ᠰᠠᠭᠠᠯᠢ ᠶᠢᠨ ᠦᠨᠢᠶ᠎ᠡ ᠶᠢ ᠰᠢᠨᠵᠢᠯᠡᠬᠦ ᠤᠬᠠᠭᠠᠨᠴᠢ ᠪᠠᠷ ᠮᠠᠯᠵᠢᠬᠤ ︵ᠠᠷᠪᠠᠨ ᠬᠤᠶᠠᠷ︶
ᠨᠡᠶᠢᠲᠡᠯᠡᠭᠰᠡᠨ ᠴᠠᠭ᠄
2020/9/7
     ᠤᠭᠤᠷᠠᠭᠲᠤ ᠪᠤᠷᠳᠤᠭ᠎ᠠ ᠰᠠᠭᠠᠯᠢ ᠶᠢᠨ ᠦᠨᠢᠶᠡᠨ ᠳᠤ ᠶᠠᠮᠠᠷ ᠦᠢᠯᠡᠳᠦᠯ ᠦᠵᠡᠭᠦᠯᠳᠡᠭ ᠪᠣᠢ︖      ᠰᠠᠭᠠᠯᠢ ᠶᠢᠨ ᠦᠨᠢᠶᠡᠨ ᠤ ᠦᠰᠦᠯᠲᠡ ᠪᠣᠶᠢᠵᠢᠯᠲᠠ᠂ ᠦᠷᠡᠵᠢᠯ ᠵᠢᠴᠢ ᠰᠦᠨ ᠤ ᠱᠦᠭᠦᠷᠡᠯᠲᠡ ᠳᠤ ᠴᠦᠮ ᠤᠭᠤᠷᠠᠭᠲᠤ ᠡᠳ᠋ ᠬᠡᠷᠡᠭᠴᠡᠭᠡ ᠲᠠᠢ᠃ ᠬᠤᠷᠢᠶᠠᠩᠭᠤᠶᠢᠯᠠᠭᠠᠳ ᠬᠡᠯᠡᠪᠡᠯ ᠤᠭᠤᠷᠠᠭᠲᠤ ᠪᠤᠷᠳᠤᠭ᠎ᠠ ᠨᠢ ᠰᠠᠭᠠᠯᠢ ᠶᠢᠨ ᠦᠨᠢᠶᠡᠨ ᠳᠤ ᠳᠤᠤᠷᠠᠬᠢ ᠮᠡᠲᠦ ᠴᠢᠬᠤᠯᠠ ᠦᠢᠯᠡᠳᠦᠯ ᠲᠠᠢ ᠶᠤᠮ᠃ ︵1︶ ᠦᠨᠢᠶᠡᠨ ᠤ ᠪᠡᠶ᠎ᠡ ᠶᠢᠨ ᠪᠤᠯᠴᠢᠩ ᠮᠢᠬ᠎ᠠ᠂ ᠴᠤᠯᠣ᠂ ᠴᠢᠰᠤ᠂ ᠮᠡᠳᠡᠷᠡᠯ᠂ ᠠᠷᠠᠰᠤ᠂ ᠦᠰᠦ᠂ ᠰᠢᠬᠢᠷ᠎ᠡ᠂ ᠡᠪᠡᠷ᠂ ᠶᠠᠰᠤ᠂ ᠢᠰᠭᠡᠭᠦᠷ᠂ ᠬᠤᠷᠮᠤᠨ᠂ ᠡᠰᠡᠷᠭᠦ ᠪᠡᠶᠡᠲᠦ ᠵᠡᠷᠭᠡ ᠦᠨᠳᠦᠰᠦᠨ ᠵᠦᠢᠯ ᠨᠢ ᠴᠦᠮ ᠤᠭᠤᠷᠠᠭᠲᠤ ᠡᠳ᠋ ᠶᠣᠮ᠃ ︵2︶ ᠤᠭᠤᠷᠠᠭᠲᠤ ᠡᠳ᠋ ᠪᠣᠯ ᠰᠠᠭᠠᠯᠢ ᠶᠢᠨ ᠦᠨᠢᠶᠡᠨ ᠤ ᠪᠡᠶ᠎ᠡ ᠶᠢᠨ ᠡᠷᠬᠡᠲᠡᠨ ᠤ ᠳᠠᠬᠢᠨ ᠦᠰᠦᠯᠲᠡ᠂ ᠰᠡᠷᠭᠦᠯᠲᠡ ᠪᠣᠯᠣᠨ ᠰᠢᠨᠡᠴᠢᠯᠡᠯᠲᠡ ᠶᠢᠨ ᠳᠤᠲᠠᠭᠳᠠᠵᠤ ᠪᠤᠯᠤᠰᠢ ᠦᠭᠡᠢ ᠪᠤᠳᠠᠰ ᠮᠦᠨ᠃ ︵3︶ ᠤᠭᠤᠷᠠᠭᠲᠤ ᠡᠳ᠋ ᠪᠣᠯ ᠰᠦᠨ ᠤ ᠴᠢᠬᠤᠯᠠ ᠪᠦᠷᠢᠯᠳᠦᠭᠦᠨ ᠮᠦᠨ᠃ ︵4︶ ᠤᠭᠤᠷᠠᠭᠲᠤ ᠡᠳ᠋ ᠢ ᠪᠠᠰᠠ ᠡᠨᠧᠷᠭᠢ ᠪᠤᠳᠠᠰ ᠪᠣᠯᠭᠠᠵᠤ᠂ ᠨᠡᠭᠦᠷᠡᠰᠦ ᠣᠰᠣᠨ ᠤ ᠨᠡᠶᠢᠯᠡᠯᠭᠡ ᠡᠳ᠋ ᠪᠣᠯᠣᠨ ᠦᠭᠡᠬᠦ ᠬᠦᠷᠦᠯᠴᠡᠬᠦ ᠦᠭᠡᠢ ᠦᠶᠡᠰ ᠤᠭᠤᠷᠠᠭᠲᠤ ᠡᠳ᠋ ᠢᠶᠠᠷ ᠦᠬᠦᠪᠦᠷᠢᠯᠡᠵᠦ ᠪᠣᠯᠣᠨ᠎ᠠ᠃ ᠰᠠᠭᠠᠯᠢ ᠶᠢᠨ ᠦᠨᠢᠶ᠎ᠡ ᠨᠢ ᠤᠭᠤᠷᠠᠭᠲᠤ ᠡᠳ᠋ ᠢᠶᠠᠷ ᠳᠤᠲᠠᠪᠠᠯ᠂ ᠰᠦ ᠨᠢ ᠰᠢᠩᠭᠡᠷᠡᠵᠦ᠂ ᠬᠦᠨᠳᠦ ᠨᠤᠴᠢᠲᠠᠢ ᠦᠶᠡᠰ ᠰᠤᠯᠢᠯᠴᠠᠭ᠎ᠠ ᠭᠡᠮ ᠪᠠ ᠬᠠᠯᠳᠠᠪᠤᠷᠢᠲᠤ ᠭᠡᠮ ᠲᠤᠰᠳᠠᠭ᠃      ︵ᠢᠷᠡᠯᠲᠡ᠄ ᠪᠦᠷᠢᠨᠪᠠᠶᠡᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠨ ᠤᠷᠴᠢᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠠᠯᠵᠢᠯ ᠤᠨ ᠮᠡᠳᠡᠯᠭᠡ ᠮᠡᠷᠭᠡᠵᠢᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号