ᠰᠠᠭᠠᠯᠢ ᠶᠢᠨ ᠦᠨᠢᠶ᠎ᠡ ᠶᠢ ᠰᠢᠨᠵᠢᠯᠡᠬᠦ ᠤᠬᠠᠭᠠᠨᠴᠢ ᠪᠠᠷ ᠮᠠᠯᠵᠢᠬᠤ ︵ᠠᠷᠪᠠᠨ ᠭᠤᠷᠪᠠ︶
ᠨᠡᠶᠢᠲᠡᠯᠡᠭᠰᠡᠨ ᠴᠠᠭ᠄
2020/9/9
     ᠤᠭᠤᠷᠠᠭᠲᠤ ᠪᠤᠷᠳᠤᠭ᠎ᠠ ᠶᠢ ᠠᠰᠢᠭᠯᠠᠬᠤ ᠳᠤ ᠶᠠᠮᠠᠷ ᠱᠠᠭᠠᠷᠳᠠᠯᠭ᠎ᠠ ᠪᠠᠶᠢᠬᠤ ᠪᠤᠢ︖      ᠰᠠᠭᠠᠯᠢ ᠶᠢᠨ ᠦᠨᠢᠶ᠎ᠡ ᠨᠢ ᠲᠡᠵᠢᠭᠡᠯ ᠪᠤᠷᠳᠤᠭᠠᠨ ᠤ ᠤᠭᠤᠷᠠᠭᠲᠤ ᠡᠳ᠋ ᠤᠨ ᠴᠢᠨᠠᠷ ᠲᠤ ᠲᠦᠰᠢᠭᠯᠡᠬᠦ ᠲᠠᠯ᠎ᠠ ᠪᠠᠷ ᠲᠡᠶᠢᠮᠦ ᠴᠢᠩᠭ᠎ᠠ ᠪᠢᠰᠢ᠂ ᠭᠤᠣᠯ ᠨᠢ ᠲᠡᠵᠢᠭᠡᠯ ᠪᠤᠷᠳᠤᠭᠠᠨ ᠳᠤᠨᠢ ᠡᠨᠧᠷᠭᠢ ᠪᠣᠯᠣᠨ ᠣᠭᠤᠷᠠᠭᠲᠤ ᠡᠳ᠋ ᠤᠨ ᠶᠡᠷᠦᠩᠬᠡᠢ ᠬᠠᠩᠭᠠᠯᠭ᠎ᠠ ᠶᠢᠨ ᠬᠡᠮᠵᠢᠶ᠎ᠡ ᠶᠢ ᠰᠠᠶᠢᠨ ᠲᠡᠩᠴᠡᠭᠦᠯᠬᠦ ᠬᠡᠷᠡᠭᠲᠡᠢ᠃ ᠪᠣᠷᠳᠤᠭ᠎ᠠ ᠨᠠᠶᠢᠷᠠᠭᠤᠯᠬᠤ ᠳᠠᠭᠠᠨ ᠡᠩ ᠲᠡᠷᠢᠭᠦᠨ ᠳᠤ ᠮᠢᠨᠧᠷᠡᠯ ᠪᠤᠳᠠᠰ ᠤᠨ ᠠᠽᠤᠲ ᠡᠯᠧᠮᠧᠨ᠋ᠲ ᠤᠨ ᠬᠡᠷᠡᠭᠴᠡᠭᠡ ᠶᠢ ᠬᠠᠩᠭᠠᠬᠤ ᠶᠢ ᠪᠤᠳᠤᠯᠬᠢᠯᠠᠵᠤ᠂ ᠮᠢᠨᠧᠷᠡᠯ ᠪᠣᠳᠠᠰ ᠤᠨ ᠤᠭᠤᠷᠠᠭ ᠤᠨ ᠨᠡᠶᠢᠯᠡᠯᠭᠡ ᠶᠢᠨ ᠬᠡᠮᠵᠢᠶᠡᠨ ᠤ ᠰᠠᠭᠤᠷᠢᠨ ᠳᠡᠭᠡᠷ᠎ᠡ᠂ ᠳᠠᠬᠢᠨ ᠠᠮᠢᠲᠠᠨ ᠤ ᠤᠭᠤᠷᠠᠭᠲᠤ ᠡᠳ᠋ ᠤᠨ ᠬᠡᠷᠡᠭᠴᠡᠭᠡ ᠶᠢ ᠤᠯᠠᠮ ᠰᠠᠶᠢᠨ ᠬᠠᠩᠭᠠᠵᠤ᠂ ᠲᠡᠵᠢᠭᠡᠯ ᠪᠤᠷᠳᠤᠭᠠᠨ ᠤ ᠦᠪᠡᠷ ᠤᠨ ᠦᠷᠲᠡᠭ ᠢ ᠪᠠᠭᠤᠷᠠᠭᠤᠯᠤᠨ᠂ ᠦᠷ᠎ᠡ ᠠᠰᠢᠭ ᠢ ᠨᠢ ᠳᠡᠭᠡᠭᠰᠢᠯᠡᠭᠦᠯᠬᠦ ᠬᠡᠷᠡᠭᠲᠡᠢ᠃      ︵ᠢᠷᠡᠯᠲᠡ᠄ ᠪᠦᠷᠢᠨᠪᠠᠶᠡᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠨ ᠤᠷᠴᠢᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠠᠯᠵᠢᠯ ᠤᠨ ᠮᠡᠳᠡᠯᠭᠡ ᠮᠡᠷᠭᠡᠵᠢᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号