ᠬᠠᠷᠢᠴᠠᠩᠭᠤᠢ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠬᠤᠯᠪᠣᠭᠳᠠᠯ ᠪᠦᠬᠦᠢ ᠤᠴᠢᠷ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/10/13
     ᠬᠢᠨᠠᠨ ᠵᠥᠪᠰᠢᠶᠡᠷᠡᠬᠦ ᠦᠢᠯᠡᠴᠢᠯᠡᠭᠡ ᠶᠢᠨ ᠠᠷᠠᠳ ᠲᠤ ᠲᠥᠬᠦᠮ ᠦᠵᠡᠭᠦᠯᠬᠦ ᠶᠢ ᠭᠦᠨᠵᠡᠭᠡᠶᠢᠷᠡᠨ ᠠᠬᠢᠭᠤᠯᠵᠤ᠂ ᠮᠠᠨ ᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠮᠠᠨ ᠤ ᠣᠷᠣᠨ ᠤ ᠲᠤᠷᠰᠢᠯᠲᠠ ᠶᠢᠨ ᠴᠢᠭ ᠤᠨ ᠭᠠᠵᠠᠷ ᠣᠷᠣᠨ ᠳᠤ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠠᠬᠢᠭᠤᠯᠬᠤ ᠳᠤ ᠲᠣᠬᠢᠶᠠᠯᠳᠤᠭᠰᠠᠨ ᠬᠠᠮᠢᠶ᠎ᠠ ᠪᠦᠬᠦᠢ ᠠᠰᠠᠭᠤᠳᠠᠯ ᠤᠳ ᠢ ᠵᠢᠷᠤᠮᠵᠢᠭᠤᠯᠬᠤ ᠪᠠ ᠰᠢᠢᠳᠪᠦᠷᠢᠯᠡᠨ᠎ᠠ᠃      ※※※※※※※※※※※※※※※※※※※※※※     ᠨᠢᠭᠡ᠂ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠨ᠎ᠠ     ★1. ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠶᠢ ᠰᠠᠯᠭᠠᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ︔      ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠠ᠃      ★2. ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠰᠢᠯᠵᠢᠭᠦᠯᠦᠨ᠎ᠡ᠃      ᠡᠩ ᠲᠡᠷᠢᠭᠦᠨ ᠳᠤ ᠬᠤᠪᠢᠶᠠᠷᠢᠯᠠᠨ ᠰᠢᠯᠵᠢᠭᠦᠯᠬᠦ ᠵᠦᠢᠯᠡᠰ᠄ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ ᠬᠤᠯᠪᠣᠭᠳᠠᠬᠤ ᠪᠥᠭᠡᠳ ᠦᠷᠭᠦᠯᠵᠢ ᠡᠭᠦᠰᠭᠦ᠂ ᠭᠤᠶᠤᠴᠢᠯᠠᠬᠤ ᠬᠡᠮᠵᠢᠶ᠎ᠡ ᠶᠡᠭᠡ ᠵᠦᠢᠯᠡᠰ᠃      ᠬᠤᠪᠢᠶᠠᠷᠢᠯᠠᠨ ᠰᠢᠯᠵᠢᠭᠦᠯᠬᠦ ᠲᠦᠷ ᠴᠠᠭ ᠬᠤᠶᠢᠰᠢᠯᠠᠭᠤᠯᠬᠤ ᠵᠦᠢᠯᠡᠰ᠄ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠨᠢ ᠪᠤᠳᠤᠯᠢᠶᠠᠨᠲᠠᠶ᠂ ᠲᠤᠰᠬᠠᠶ ᠮᠡᠷᠭᠡᠵᠢᠯ ᠤᠨ ᠱᠠᠭᠠᠷᠳᠠᠯᠭ᠎ᠠ ᠪᠠᠷ ᠦᠨᠳᠦᠷ᠂ ᠬᠦᠯᠢᠶᠡᠰᠦᠯᠡᠬᠦ ᠴᠢᠨᠠᠷ ᠪᠠ ᠬᠢᠵᠠᠭᠠᠷᠯᠠᠬᠤ ᠴᠢᠨᠠᠷ ᠲᠠᠢ᠂ ᠣᠯᠠᠨ ᠨᠡᠶᠢᠲᠡ ᠶᠢᠨ ᠠᠰᠢᠭ ᠲᠤᠰᠠ ᠪᠠ ᠣᠯᠠᠨ ᠨᠡᠶᠢᠲᠡ ᠶᠢᠨ ᠴᠢᠬᠤᠯᠠ ᠶᠡᠭᠡ ᠠᠮᠤᠷ ᠲᠦᠪᠰᠢᠨ ᠳᠤ ᠬᠤᠯᠪᠣᠭᠳᠠᠭᠰᠠᠨ ᠵᠦᠢᠯᠡᠰ᠃      ★3. ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃      ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠨ᠎ᠠ︔      ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ ᠬᠠᠮᠢᠶᠠᠷᠬᠤ ᠵᠦᠢᠯᠡᠰ ᠤᠨ ᠨᠠᠷᠢᠨ ᠬᠠᠭᠤᠳᠠᠰᠤ ᠶᠢ ᠲᠡᠭᠦᠯᠳᠡᠷᠵᠢᠭᠦᠯᠦᠨ᠎ᠡ᠃      ᠬᠤᠶᠠᠷ᠂ ᠬᠢᠨᠠᠬᠤ ᠬᠠᠮᠢᠶᠠᠷᠬᠤ ᠶᠢ ᠵᠣᠯᠭᠠᠭᠤᠯᠬᠤ ᠲᠣᠭᠲᠠᠴᠠ ᠪᠠᠨ ᠲᠡᠭᠦᠯᠳᠡᠷᠵᠢᠭᠦᠯᠦᠨ᠎ᠡ      1. ᠬᠤᠪᠢᠶᠠᠷᠢᠯᠠᠵᠣ ᠰᠢᠯᠵᠢᠭᠦᠯᠣᠭ᠍ᠰᠡᠨ ᠵᠦᠢᠯᠡᠰ ᠢ ᠲᠤᠰᠢᠶᠠᠵᠤ ᠥᠭᠬᠦ ᠪᠠ ᠭᠠᠷᠳᠠᠵᠤ ᠠᠪᠬᠤ ᠠᠵᠢᠯ ᠢ ᠰᠠᠶᠢᠲᠤᠷ ᠬᠢᠨ᠎ᠡ᠃      2. ᠬᠢᠨᠠᠬᠤ ᠬᠠᠮᠢᠶᠠᠷᠬᠤ ᠮᠡᠳᠡᠭᠡ ᠵᠠᠩᠭᠢ ᠶᠢᠨ ᠬᠠᠮᠲᠤᠷᠠᠯᠴᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃      3. ᠬᠢᠨᠠᠨ ᠵᠥᠪᠰᠢᠶᠡᠷᠡᠬᠦ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠢ ᠬᠦᠴᠦ ᠪᠠᠨ ᠬᠠᠮᠲᠤᠳᠬᠠᠨ ᠠᠬᠢᠭᠤᠯᠤᠨ᠎ᠠ᠃      4. ᠲᠤᠬᠠᠶᠢᠯᠠᠭᠰᠠᠨ ᠠᠵᠢᠯ᠂ ᠬᠤᠷᠠᠯ᠂ ᠪᠣᠯᠪᠠᠰᠤᠷᠠᠭᠤᠯᠤᠯ ᠵᠡᠷᠭᠡ ᠲᠠᠯ᠎ᠠ ᠶᠢᠨ ᠣᠶᠢᠯᠠᠭᠠᠨ ᠨᠡᠪᠲᠡᠷᠡᠯᠴᠡᠬᠦ ᠠᠵᠢᠯ ᠢ ᠴᠢᠩᠭᠠᠳᠬᠠᠨ᠎ᠠ᠃      5. ᠭᠡᠷᠡᠴᠢ ᠦᠨᠡᠮᠯᠡᠯ ᠪᠢᠴᠢᠭ ᠬᠠᠷ᠎ᠠ ᠶᠢ ᠭᠤᠶᠤᠴᠢᠯᠠᠨ ᠠᠪᠬᠤ ᠠᠵᠢᠯ ᠢ ᠵᠣᠬᠢᠴᠠᠭᠤᠯᠤᠨ ᠰᠠᠶᠢᠲᠤᠷ ᠬᠢᠨ᠎ᠡ᠃      6. ᠵᠠᠰᠠᠭ ᠵᠠᠬᠢᠷᠭᠠᠨ ᠤ ᠵᠥᠪᠰᠢᠶᠡᠷᠡᠯ ᠤᠨ ᠲᠤᠬᠠᠶᠢᠯᠠᠭᠰᠠᠨ ᠠᠵᠢᠯ ᠤᠨ ᠳ᠋ᠠᠶᠢᠲ᠋ᠠ ᠶᠢᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠎ᠠ᠃      7. ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠲᠠᠮᠠᠭ᠎ᠠ ᠶᠢᠨ ᠬᠠᠤᠯᠢ ᠶᠢᠨ ᠬᠦᠴᠦᠨ ᠢ ᠲᠣᠳᠣᠷᠬᠠᠶᠢᠯᠠᠨ᠎ᠠ᠃      8. ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃      ᠭᠤᠷᠪᠠ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠎ᠡ      1. ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ ᠴᠢᠩᠭᠠᠳᠬᠠᠨ᠎ᠠ᠃      ᠠᠵᠢᠯᠯᠠᠬᠤ ᠲᠠᠯᠠᠪᠤᠷ ᠭᠠᠵᠠᠷ ᠤᠨ ᠬᠠᠮᠢᠶᠠᠷᠤᠯᠲᠠ᠂ ᠬᠢᠨᠠᠨ ᠵᠥᠪᠰᠢᠶᠡᠷᠡᠬᠦ ᠴᠤᠪᠤᠷᠠᠯ᠂ ᠦᠢᠯᠡᠴᠢᠯᠡᠬᠦ ᠠᠷᠭ᠎ᠠ ᠮᠠᠶ᠋ᠢᠭ ᠵᠡᠷᠭᠡ      2. ︽ᠭᠤᠷᠪᠠ ᠶᠢ ᠲᠥᠪᠯᠡᠷᠡᠭᠦᠯᠵᠦ᠂ ᠭᠤᠷᠪᠠ ᠶᠢ ᠪᠣᠳᠠᠲᠠᠶᠢᠵᠢᠭᠤᠯᠬᠤ︾ ᠠᠵᠢᠯ ᠢ ᠦᠷᠭᠦᠯᠵᠢᠯᠡᠨ ᠠᠬᠢᠭᠤᠯᠤᠨ᠎ᠠ᠃      ︽ᠭᠤᠷᠪᠠ ᠶᠢ ᠲᠥᠪᠯᠡᠷᠡᠭᠦᠯᠬᠦ︾ ︵ᠰᠠᠯᠠᠭ᠎ᠠ ᠮᠥᠴᠢᠷ ᠤᠨ ᠵᠥᠪᠰᠢᠶᠡᠷᠡᠬᠦ ᠡᠭᠦᠷᠭᠡ ᠴᠢᠳᠠᠪᠤᠷᠢ ᠶᠢ ᠨᠢᠭᠡ ᠰᠠᠯᠠᠭ᠎ᠠ ᠲᠠᠰᠤᠭ ᠲᠤ ᠲᠥᠪᠯᠡᠷᠡᠭᠦᠯᠬᠦ᠂ ᠬᠢᠨᠠᠨ ᠵᠥᠪᠰᠢᠶᠡᠷᠡᠬᠦ ᠰᠠᠯᠠᠭ᠎ᠠ ᠲᠠᠰᠤᠭ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠲᠥᠪᠯᠡᠷᠡᠭᠦᠯᠬᠦ᠂ ᠬᠢᠨᠠᠨ ᠵᠥᠪᠰᠢᠶᠡᠷᠡᠬᠦ ᠵᠦᠢᠯᠡᠰ ᠢ ᠰᠦᠯᠵᠢᠶ᠎ᠡ ᠪᠠᠷ ᠭᠦᠢᠴᠡᠳᠭᠡᠬᠦ ᠲᠡᠶᠢᠰᠢ ᠲᠦᠪᠯᠡᠷᠡᠭᠦᠯᠦᠨ᠎ᠡ︶      ︽ᠭᠤᠷᠪᠠ ᠶᠢ ᠪᠣᠳᠠᠲᠠᠶᠢᠵᠢᠭᠤᠯᠬᠤ︾ ︵ᠦᠢᠯᠡᠴᠢᠯᠡᠬᠦ ᠵᠦᠢᠯᠡᠰ ᠢ ᠦᠢᠯᠡᠴᠢᠯᠡᠬᠦ ᠲᠢᠩᠬᠢᠮ ᠳᠤ ᠣᠷᠣᠭᠤᠯᠬᠤ ᠶᠢ ᠪᠣᠳᠠᠲᠠᠶᠢᠵᠢᠭᠤᠯᠬᠤ᠂ ᠬᠢᠨᠠᠨ ᠵᠥᠪᠰᠢᠶᠡᠷᠡᠬᠦ ᠡᠷᠬᠡ ᠶᠢ ᠦᠢᠯᠡᠴᠢᠯᠡᠬᠦ ᠴᠣᠩᠬᠤᠪᠴᠢ ᠳᠤ ᠣᠯᠭᠤᠵᠤ ᠪᠣᠳᠠᠲᠠᠶᠢᠵᠢᠭᠤᠯᠬᠤ᠂ ᠡᠯᠧᠺᠳ᠋ᠷᠣᠨ ᠢᠶᠠᠷ ᠬᠢᠨᠠᠨ ᠪᠠᠶᠢᠴᠠᠭᠠᠯᠲᠠ ᠬᠢᠬᠦ ᠶᠢ ᠪᠣᠳᠠᠲᠠᠶᠢᠵᠢᠭᠤᠯᠦᠨ᠎ᠡ︶      3. ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃      ︽ᠰᠠᠶᠢᠨ ᠪᠠ ᠠᠨᠠᠢ ᠶᠢ ᠦᠨᠡᠯᠡᠬᠦ︾ ᠳᠦᠷᠢᠮ ᠢ ᠪᠠᠶᠢᠭᠤᠯᠤᠨ᠎ᠠ᠃      ᠳᠥᠷᠪᠡ᠂ ᠳᠡᠭᠡᠳᠦ ᠳᠣᠤᠷᠠᠳᠤ ᠱᠠᠲᠤᠨ ᠤ ᠬᠤᠭᠤᠷᠣᠨᠳᠣᠬᠢ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ      1. ᠲᠥᠷᠥ ᠶᠢᠨ ᠪᠣᠳᠣᠯᠭ᠎ᠠ ᠪᠠᠷ ᠳᠡᠮᠵᠢᠬᠦ ᠪᠠ ᠲᠤᠬᠠᠶᠢᠯᠠᠭᠰᠠᠨ ᠠᠵᠢᠯ ᠤᠨ ᠵᠢᠭᠠᠨ ᠵᠢᠯᠣᠭᠤᠳᠬᠤ ᠶᠢ ᠴᠢᠩᠭᠠᠳᠬᠠᠨ᠎ᠠ᠃      2. ᠬᠢᠨᠠᠨ ᠪᠠᠶᠢᠴᠠᠭᠠᠬᠤ ᠪᠤᠶᠤ ᠡᠴᠦᠰ ᠤᠨ ᠬᠢᠨᠠᠯᠲᠠ ᠶᠢᠨ ᠮᠠᠲ᠋ᠧᠷᠢᠶᠠᠯ ᠢ ᠮᠡᠳᠡᠭᠦᠯᠦᠨ ᠬᠦᠷᠭᠡᠬᠦ ᠴᠤᠪᠤᠷᠠᠯ ᠢᠶᠠᠨ ᠳᠥᠭᠦᠮᠴᠢᠯᠡᠨ᠎ᠡ᠃ ᠰᠢᠭᠤᠳ ᠮᠡᠳᠡᠭᠦᠯᠦᠨ ᠬᠦᠷᠭᠡᠨ᠎ᠡ      3. ᠳᠡᠭᠡᠳᠦ ᠳᠣᠣᠷᠠᠳᠤ ᠱᠠᠲᠤᠨ ᠤ ᠲᠤᠬᠠᠶᠢᠯᠠᠭᠰᠠᠨ ᠠᠵᠢᠯ ᠤᠨ ᠵᠣᠯᠭᠠᠭᠤᠯᠬᠤ ᠲᠣᠭᠲᠠᠴᠠ ᠶᠢ ᠪᠠᠶᠢᠭᠤᠯᠤᠨ᠎ᠠ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      1. ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠨ᠎ᠡ᠃      2. ᠭᠦᠮᠣᠨ ᠤ ᠬᠦᠴᠦᠨ᠂ ᠠᠵᠢᠯ ᠤᠨ ᠵᠠᠷᠤᠳᠠᠯ ᠵᠡᠷᠭᠡ ᠲᠠᠯ᠎ᠠ ᠶᠢᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃      3. ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠬᠤ ᠵᠡᠷᠭᠡ ᠠᠷᠭ᠎ᠠ ᠮᠠᠶ᠋ᠢᠭ ᠢ ᠬᠠᠶᠢᠨ ᠰᠦᠪᠡᠭᠴᠢᠯᠡᠬᠦ ᠪᠠᠷ ᠳᠠᠮᠵᠢᠵᠤ᠂ ᠥᠭᠡᠷᠡᠴᠢᠯᠡᠯᠲᠡ ᠶᠢ ᠤᠷᠤᠭᠰᠢᠲᠠᠶ ᠠᠬᠢᠭᠤᠯᠬᠤ ᠳᠤ ᠬᠠᠤᠯᠢ ᠲᠦᠷᠢᠮ ᠤᠨ ᠪᠠᠲᠤᠯᠠᠭ᠎ᠠ ᠬᠠᠩᠭᠠᠨ᠎ᠠ᠃      4. ᠣᠯᠠᠨ ᠠᠷᠭ᠎ᠠ ᠵᠠᠮ᠂ ᠣᠯᠠᠨ ᠬᠡᠯᠪᠡᠷᠢ ᠮᠠᠶ᠋ᠢᠭ ᠢᠶᠠᠷ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠤᠬᠠᠭᠤᠯᠤᠨ᠎ᠠ᠃    ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号