︽ᠦᠷ᠎ᠡ ᠡᠭᠦᠯᠳᠡᠷ ᠤᠨ ᠦᠢᠯᠡᠰ ᠢ ᠬᠥᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠥᠯ ︵2020 — 2022 ᠣᠨ︶︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/11/1
                        ᠥᠪᠥᠷ ᠵᠠᠰᠠᠭ ᠠᠯᠪᠠᠨ ᠲᠠᠷᠬᠠᠭᠠᠭᠰᠠᠨ ︹2020︺ 40 ᠳ᠋ᠦ᠋ᠭᠡᠷ                         ᠲᠣᠭᠠᠲᠤ 2020 ᠣᠨ ᠤ 12 ᠳ᠋ᠤᠭᠠᠷ ᠰᠠᠷ᠎ᠠ ᠶᠢᠨ 6 ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠢᠯ ᠦᠢᠯᠡᠰ ᠤᠨ ᠨᠢᠭᠡᠴᠢ ᠳᠤ᠄      ᠡᠳᠦᠭᠡ ︽ᠥᠷ᠎ᠡ ᠡᠭᠦᠯᠳᠡᠷ ᠤᠨ ᠦᠢᠯᠡᠰ ᠢ ᠬᠥᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ︵2020 — 2022 ᠣᠨ︶︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                                  ᠦᠷ᠎ᠡ ᠡᠭᠦᠯᠳᠡᠷ ᠤᠨ ᠦᠢᠯᠡᠰ ᠢ ᠬᠦᠭᠵᠢᠭᠦᠯᠬᠦ ᠭᠤᠷᠪᠠᠨ ᠵᠢᠯ ᠤᠨ                      ᠠᠵᠢᠯᠯᠠᠭᠠᠨ ᠤ ᠲᠥᠰᠦᠯ ︵2020 — 2022 ᠣᠨ︶      ᠲᠠᠷᠢᠶᠠᠯᠠᠩ ᠮᠠᠯ ᠠᠵᠤ ᠠᠬᠤᠶ᠂ ᠣᠢ ᠮᠣᠳᠣ ᠡᠪᠡᠰᠦᠨ ᠤ ᠦᠢᠯᠡᠰ ᠤᠨ ᠭᠤᠣᠯᠯᠠᠭᠴᠢ ᠥᠷᠢᠰᠦᠯᠳᠦᠬᠦ ᠬᠦᠴᠦᠨ ᠪᠠ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠪᠦᠬᠦ ᠲᠠᠯ᠎ᠠ ᠪᠠᠷ ᠴᠢᠩᠭᠠᠳᠬᠠᠵᠤ᠂ ᠣᠲᠣ ᠦᠶ᠎ᠡ ᠶᠢᠨ ᠦᠷ᠎ᠡ ᠡᠭᠦᠯᠳᠡᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠠ ᠪᠣᠬᠢᠷᠲᠤᠯ ᠥᠬᠡᠶ ᠬᠥᠭᠵᠢᠭᠦᠯᠬᠦ ᠣᠨᠣᠯᠵᠢᠬᠤᠨ ᠢ ᠪᠠᠷᠢᠮᠲᠠᠯᠠᠵᠤ᠂ ᠦᠷ᠎ᠡ ᠡᠭᠦᠯᠳᠡᠷ ᠤᠨ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠪᠠᠷ ᠬᠠᠷᠠᠯᠲᠠ ᠪᠣᠯᠭᠠᠨ᠂ ᠲᠠᠷᠢᠶᠠᠯᠠᠩ ᠮᠠᠯ ᠠᠵᠤ ᠠᠬᠤᠶ ᠶᠢᠨ ᠡᠭᠦᠯᠳᠡᠷ ᠴᠢᠨᠠᠷ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠴᠢᠩᠭᠠᠳᠬᠠᠵᠤ᠂ ᠮᠡᠷᠭᠡᠵᠢᠯ ᠳᠤ ᠰᠢᠨ᠎ᠡ ᠶᠢ ᠡᠭᠦᠳᠬᠦ᠂ ᠦᠷ᠎ᠡ ᠡᠭᠦᠯᠳᠡᠷ ᠲᠤ ᠰᠢᠨ᠎ᠡ ᠶᠢ ᠡᠭᠦᠳᠬᠦ᠂ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ ᠠᠵᠢᠯ ᠢ ᠲᠦᠷᠭᠡᠳᠬᠡᠨ ᠠᠬᠢᠭᠤᠯᠵᠤ᠂ ᠲᠥᠷᠥ ᠶᠢᠨ ᠪᠣᠳᠣᠯᠭ᠎ᠠ ᠪᠠᠷ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡ ᠶᠢ ᠴᠢᠩᠭᠠᠳᠬᠠᠨ᠂ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠬᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ᠂ ᠴᠢᠳᠠᠪᠤᠷᠢᠲᠠᠨ ᠢᠶᠠᠷ ᠦᠨᠳᠦᠰᠦ ᠪᠣᠯᠭᠠᠬᠰᠠᠨ ᠪᠠ ᠣᠷᠣᠨ ᠪᠦᠰᠡ ᠬᠠᠮᠵᠢᠯᠴᠠᠨ ᠬᠠᠮᠲᠤᠷᠠᠯᠴᠠᠬᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠭᠦᠨᠵᠡᠭᠡᠶ ᠠᠭᠤᠰᠤᠯᠴᠠᠭᠤᠯᠬᠤ᠂ ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠨ ᠬᠥᠭᠵᠢᠭᠦᠯᠦᠭᠰᠡᠨ ᠣᠳᠣ ᠦᠶ᠎ᠡ ᠶᠢᠨ ᠦᠷ᠎ᠡ ᠡᠭᠦᠯᠳᠡᠷ ᠤᠨ ᠦᠢᠯᠡᠰ ᠤᠨ ᠲᠤᠬᠲᠠᠯᠴᠠᠭ᠎ᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠪᠣᠬᠢᠷᠲᠤᠯ ᠥᠬᠡᠶ ᠪᠦᠭᠡᠳ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠠᠭᠤᠷᠢ ᠲᠤᠯᠭᠠᠭᠤᠷᠢᠯᠠᠯ ᠬᠠᠩᠭᠠᠨ᠎ᠠ᠃      ︵ᠬᠤᠶᠠᠷ︶ ᠦᠨᠳᠦᠰᠦᠨ ᠵᠠᠷᠴᠢᠮ᠃      1. ᠨᠢᠭᠡᠳᠦᠯᠲᠡᠶ ᠲᠥᠯᠥᠪᠯᠡᠨ ᠨᠡᠶᠢᠳᠡ ᠳᠤ ᠨᠢ ᠬᠠᠷᠠᠭᠠᠯᠵᠠᠵᠤ᠂ ᠵᠦᠶ ᠵᠣᠬᠢᠰᠲᠠᠶ ᠪᠠᠶᠢᠷᠢᠰᠢᠭᠤᠯᠬᠤ ᠶᠢ ᠪᠠᠷᠢᠮᠲᠠᠯᠠᠨ᠎ᠠ᠃ ᠲᠠᠷᠢᠮᠠᠯ᠂ ᠮᠠᠯ ᠵᠢᠭᠦᠷᠲᠡᠨ᠂ ᠣᠢ ᠮᠣᠳᠣ ᠡᠪᠡᠰᠦᠨ ᠤ ᠦᠷ᠎ᠡ ᠡᠭᠦᠯᠳᠡᠷ ᠤᠨ ᠦᠢᠯᠡᠰ ᠤᠨ ᠵᠣᠬᠢᠴᠠᠩᠭᠤᠶ ᠬᠥᠭᠵᠢᠬᠦ ᠶᠢ ᠨᠢᠭᠡᠳᠦᠯᠲᠡᠶ ᠲᠥᠯᠥᠪᠯᠡᠵᠦ᠂ ᠡᠬᠢ ᠪᠠᠶᠠᠯᠢᠭ ᠢ ᠬᠠᠮᠠᠭᠠᠯᠠᠬᠤ᠂ ᠦᠷ᠎ᠡ ᠡᠭᠦᠯᠳᠡᠷ ᠪᠤᠶᠢᠵᠢᠭᠤᠯᠵᠤ ᠰᠢᠨ᠎ᠡ ᠶᠢ ᠡᠭᠦᠳᠬᠦ ᠴᠢᠳᠠᠪᠤᠷᠢ ᠶᠢ ᠭᠤᠤᠯᠳᠠᠯᠭ᠎ᠠ ᠲᠠᠢ ᠴᠢᠩᠭᠠᠳᠬᠠᠵᠤ᠂ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ᠂ ᠨᠣᠤᠯᠣᠭᠤᠷ ᠨᠤᠤᠰᠤ ᠶᠢᠨ ᠬᠤᠨᠢ ᠢᠮᠠᠭ᠎ᠠ᠂ ᠡᠷᠳᠡᠨᠢ ᠰᠢᠰᠢ᠂ ᠲᠥᠮᠥᠰᠥ᠂ ᠨᠡᠷᠡᠨ ᠬᠤᠸᠠᠷ᠂ ᠲᠡᠵᠢᠭᠡᠯ ᠪᠣᠷᠳᠤᠭ᠎ᠠ᠂ ᠨᠤᠲᠤᠭ ᠤᠨ ᠮᠣᠳᠣᠨ ᠤ ᠳᠦᠷᠰᠦ᠂ ᠨᠤᠲᠤᠭ ᠤᠨ ᠡᠪᠡᠰᠦᠨ ᠤ ᠳᠦᠷᠰᠦ ᠵᠡᠷᠭᠡ ᠣᠷᠣᠨ ᠪᠦᠰᠡ ᠶᠢᠨ ᠳᠠᠪᠠᠭᠤᠯᠢᠭ ᠣᠨᠴᠠᠯᠢᠭᠲᠤ ᠪᠤᠳᠠᠰ ᠤᠨ ᠳᠦᠷᠰᠦ ᠳᠤ ᠠᠩᠬᠠᠷᠤᠯ ᠢᠶᠠᠨ ᠲᠦᠪᠯᠡᠷᠡᠭᠦᠯᠦᠨ᠂ ᠪᠤᠰᠤᠳ ᠪᠣᠳᠠᠰ ᠤᠨ ᠳᠦᠷᠰᠦ ᠶᠢ ᠬᠠᠮᠳᠤ ᠳᠤ ᠨᠢ ᠬᠠᠷᠠᠭᠠᠯᠵᠠᠵᠤ᠂ ᠰᠢᠰᠲ᠋ᠧᠮ ᠲᠠᠢ ᠪᠠᠶᠢᠷᠢᠰᠢᠯᠠᠭᠤᠯᠤᠨ᠂ ᠡᠮᠬᠢ ᠵᠢᠷᠤᠮ ᠲᠠᠢ ᠠᠬᠢᠭᠤᠯᠤᠨ᠎ᠠ᠃      2. ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠭᠤᠤᠯᠳᠠᠯᠭ᠎ᠠ ᠲᠠᠢ ᠰᠢᠪᠲᠤᠯᠬᠤ ᠶᠢ ᠪᠠᠷᠢᠮᠲᠠᠯᠠᠨ᠎ᠠ᠃ ᠪᠠᠭᠤᠷᠠᠶ ᠲᠠᠯ᠎ᠠ ᠪᠠᠨ ᠴᠢᠩᠭᠠᠳᠬᠠᠨ᠂ ᠦᠷ᠎ᠡ ᠡᠭᠦᠯᠳᠡᠷ ᠤᠨ ᠦᠢᠯᠡᠰ ᠤᠨ ᠰᠠᠭᠤᠷᠢ ᠪᠡᠯᠡᠳᠭᠡᠮᠵᠢ ᠶᠢᠨ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠪᠠᠶᠢᠭᠤᠯᠤᠯ ᠲᠣᠭᠲᠠᠴᠠ ᠶᠢᠨ ᠲᠠᠯ᠎ᠠ ᠳᠠᠬᠢ ᠵᠠᠩᠭᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠨ᠂ ᠦᠷ᠎ᠡ ᠡᠭᠦᠯᠳᠡᠷ ᠤᠨ ᠦᠢᠯᠡᠰ ᠤᠨ ᠬᠦᠷᠢᠶᠡᠨ ᠳᠠᠬᠢ ᠬᠠᠮᠢᠶ᠎ᠠ ᠪᠦᠬᠦᠢ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ ᠵᠡᠷᠭᠡ ᠬᠦᠴᠦᠨ ᠢ ᠰᠢᠯᠢᠳᠡᠭᠴᠢᠯᠡᠨ ᠳᠡᠮᠵᠢᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠬᠠᠮᠲᠤᠷᠠᠨ ᠰᠢᠪᠲᠤᠯᠤᠯᠲᠠ ᠬᠢᠬᠦ ᠠᠵᠢᠯ ᠢ ᠦᠷᠨᠢᠭᠦᠯᠦᠨ᠂ ᠦᠷ᠎ᠡ ᠡᠭᠦᠯᠳᠡᠷ ᠤᠨ ᠦᠢᠯᠡᠰ ᠤᠨ ᠬᠥᠭᠵᠢᠯᠲᠡ ᠶᠢᠨ ᠵᠠᠩᠭᠢᠯᠠᠭ᠎ᠠ ᠶᠢᠨ ᠮᠡᠷᠭᠡᠵᠢᠯ ᠤᠨ ᠬᠦᠯᠢᠶᠡᠰᠦᠯᠡᠯ ᠢ ᠴᠢᠷᠮᠠᠶᠢᠨ ᠰᠢᠪᠲᠤᠯᠵᠤ᠂ ᠦᠷ᠎ᠡ ᠡᠭᠦᠯᠳᠡᠷ ᠤᠨ ᠦᠢᠯᠡᠰ ᠤᠨ ᠬᠥᠭᠵᠢᠯᠲᠡ ᠶᠢᠨ ᠳᠤᠲᠠᠭᠤᠳᠠᠯ ᠢ ᠨᠦᠬᠦᠪᠦᠷᠢᠯᠡᠨ᠂ ᠦᠷ᠎ᠡ ᠡᠭᠦᠯᠳᠡᠷ ᠤᠨ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃      3. ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠴᠤ᠂ ᠣᠯᠠᠨ ᠲᠠᠯ᠎ᠠ ᠠᠴᠠ ᠣᠷᠣᠭᠤᠯᠤᠯᠲᠠ ᠬᠢᠬᠦ ᠶᠢ ᠪᠠᠷᠢᠮᠲᠠᠯᠠᠨ᠎ᠠ᠃ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ᠬᠤᠶᠠᠷ ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠰᠠᠭᠤᠷᠢ ᠴᠢᠨᠠᠷᠲᠠᠶ ᠪᠦᠭᠡᠳ ᠨᠡᠶᠢᠳᠡ ᠶᠢᠨ ᠠᠰᠠᠷᠠᠮᠵᠢ ᠶᠢᠨ ᠴᠢᠨᠠᠷᠲᠠᠶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠳᠠᠮᠵᠢᠨ᠎ᠠ᠃ ᠭᠤᠤᠯᠳᠠᠯᠭ᠎ᠠ ᠲᠠᠢ ᠲᠥᠷᠥᠯ ᠵᠦᠢᠯ ᠤᠨ ᠬᠥᠲᠥᠯᠥᠨ ᠳᠠᠭᠠᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠬᠥᠷᠥᠩᠭᠡ ᠶᠢ ᠲᠠᠲᠠᠵᠤ ᠣᠷᠣᠭᠤᠯᠤᠯᠲᠠ ᠬᠢᠯᠭᠡᠵᠦ᠂ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠨ᠂ ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠦᠷ᠎ᠡ ᠡᠭᠦᠯᠳᠡᠷ ᠤᠨ ᠦᠢᠯᠡᠰ ᠤᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠴᠠ ᠳᠤ ᠰᠢᠨ᠎ᠡ ᠶᠢ ᠡᠭᠦᠳᠦᠨ᠎ᠡ᠃      4. ᠰᠢᠯᠢᠳᠡᠭᠵᠢᠭᠦᠯᠦᠨ ᠳᠡᠭᠡᠭᠰᠢᠯᠡᠭᠦᠯᠵᠦ᠂ ᠲᠤᠬᠲᠠᠯᠴᠠᠭ᠎ᠠ ᠶᠢ ᠲᠡᠭᠦᠯᠳᠡᠷᠵᠢᠭᠦᠯᠬᠦ ᠶᠢ ᠪᠠᠷᠢᠮᠲᠠᠯᠠᠨ᠎ᠠ᠃ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠴᠦ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠪᠠ ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠦᠷ᠎ᠡ ᠡᠭᠦᠯᠳᠡᠷ ᠤᠨ ᠦᠢᠯᠡᠰ ᠤᠨ ᠠᠵᠤ ᠠᠬᠤᠶᠢᠯᠠᠯ ᠤᠨ ᠲᠤᠰᠬᠠᠶᠢᠵᠢᠵᠤ ᠬᠦᠴᠦᠷᠬᠡᠭᠵᠢᠬᠦ ᠶᠢ ᠠᠬᠢᠭᠤᠯᠤᠨ᠎ᠠ᠃ ᠡᠬᠢ ᠪᠠᠶᠠᠯᠢᠭ ᠢ ᠬᠠᠮᠠᠭᠠᠯᠠᠬᠤ᠂ ᠡᠭᠦᠯᠳᠡᠷ ᠪᠤᠶᠢᠵᠢᠭᠤᠯᠵᠤ ᠰᠢᠨ᠎ᠡ ᠶᠢ ᠡᠭᠦᠳᠬᠦ᠂ ᠡᠭᠦᠯᠳᠡᠷ ᠰᠤᠷᠢᠬᠤ ᠪᠠ ᠦᠷ᠎ᠡ ᠡᠭᠦᠯᠳᠡᠷ ᠤᠨ ᠦᠢᠯᠡᠰ ᠤᠨ ᠦᠢᠯᠡᠳᠪᠦᠷᠢᠯᠡᠯ ᠤᠨ ᠲᠤᠬᠲᠠᠯᠴᠠᠭᠠᠵᠢᠬᠰᠠᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠣᠳᠣ ᠦᠶ᠎ᠡ ᠶᠢᠨ ᠦᠷ᠎ᠡ ᠡᠭᠦᠯᠳᠡᠷ ᠤᠨ ᠦᠢᠯᠡᠰ ᠤᠨ ᠲᠤᠬᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠦᠷ᠎ᠡ ᠡᠭᠦᠯᠳᠡᠷ ᠤᠨ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠦᠨ᠎ᠡ᠃      ︵ᠭᠤᠷᠪᠠ︶ ᠬᠥᠭᠵᠢᠭᠦᠯᠬᠦ ᠬᠠᠷᠠᠯᠲᠠ᠃      2022 ᠣᠨ ᠪᠣᠯᠬᠤ ᠳᠤ᠂ ᠪᠦᠬᠦ ᠣᠷᠣᠨ ᠤ ᠣᠳᠣ ᠦᠶ᠎ᠡ ᠶᠢᠨ ᠦᠷ᠎ᠡ ᠡᠭᠦᠯᠳᠡᠷ ᠤᠨ ᠦᠢᠯᠡᠰ ᠤᠨ ᠬᠥᠭᠵᠢᠯᠲᠡ ᠶᠢ ᠲᠣᠪᠤᠶᠢᠮ᠎ᠠ ᠦᠷ᠎ᠡ ᠪᠦᠲᠦᠮᠵᠢ ᠲᠠᠢ ᠪᠣᠯᠭᠠᠵᠤ᠂ ᠡᠭᠦᠯᠳᠡᠷ ᠴᠢᠨᠠᠷ ᠤᠨ ᠡᠬᠢ ᠪᠠᠶᠠᠯᠢᠭ ᠢ ᠬᠠᠮᠠᠭᠠᠯᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢᠶᠠᠷ ᠴᠢᠩᠭ᠎ᠠ ᠨᠢᠭᠡ ᠪᠦᠯᠦᠭ ᠰᠢᠨ᠎ᠡ ᠡᠭᠦᠯᠳᠡᠷ ᠵᠢᠴᠢ ᠲᠣᠬᠢᠷᠠᠭᠤᠯᠤᠨ ᠡᠷᠯᠢᠰᠡᠵᠢᠭᠦᠯᠦᠭᠰᠡᠨ ᠤᠳᠤᠮ ᠢ ᠪᠤᠶᠢᠵᠢᠭᠤᠯᠤᠨ᠎ᠠ᠃ ᠦᠷ᠎ᠡ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠨ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠬᠠᠷᠢᠯᠴᠠᠨ ᠤᠶᠠᠯᠳᠤᠭᠤᠯᠵᠤ᠂ ᠦᠷᠡᠵᠢᠭᠦᠯᠬᠦ ᠪᠤᠶᠢᠵᠢᠭᠤᠯᠬᠤ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ ᠦᠷ᠎ᠡ ᠡᠭᠦᠯᠳᠡᠷ ᠤᠨ ᠦᠢᠯᠡᠰ ᠤᠨ ᠬᠥᠭᠵᠢᠯᠲᠡ ᠶᠢᠨ ᠲᠣᠭᠲᠠᠴᠠ ᠶᠢ ᠪᠦᠷᠢᠯᠳᠦᠭᠦᠯᠦᠨ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠣᠢ ᠮᠣᠳᠣ ᠡᠪᠡᠰᠦᠨ ᠤ ᠦᠢᠯᠡᠰ ᠯᠦᠭᠡ ᠵᠣᠬᠢᠴᠠᠯᠳᠤᠭᠰᠠᠨ ᠰᠠᠶᠢᠨ ᠦᠷ᠎ᠡ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠲᠤᠬᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠤᠨ᠎ᠠ᠃      1. ᠲᠠᠷᠢᠮᠠᠯ ᠤᠨ ᠦᠷ᠎ᠡ ᠡᠭᠦᠯᠳᠡᠷ ᠤᠨ ᠦᠢᠯᠡᠰ᠃ ᠭᠤᠤᠯ ᠪᠣᠯᠬᠤ ᠲᠠᠷᠢᠮᠠᠯ ᠤᠨ ᠰᠠᠶᠢᠨ ᠡᠭᠦᠯᠳᠡᠷ ᠤᠨ ᠪᠦᠷᠬᠦᠴᠡ ᠶᠢᠨ ᠨᠣᠷᠮ᠎ᠠ ᠶᠢ 98% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠲᠠᠢ᠂ ᠮᠠᠨ ᠤ ᠣᠷᠣᠨ ᠳᠤ ᠲᠠᠷᠢᠬᠤ ᠳᠤ ᠲᠣᠬᠢᠷᠠᠮᠵᠢᠲᠠᠢ ᠴᠢᠨᠠᠷ ᠰᠠᠶᠢᠲᠠᠶ ᠰᠢᠨ᠎ᠡ ᠦᠷ᠎ᠡ ᠡᠭᠦᠯᠳᠡᠷ ᠢ 15 ᠠᠴᠠ ᠳᠡᠭᠡᠭᠰᠢ ᠪᠤᠶᠢᠵᠢᠭᠤᠯᠤᠨ᠂ ᠰᠠᠶᠢᠨ ᠦᠷ᠎ᠡ ᠡᠭᠦᠯᠳᠡᠷ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠲᠠᠯᠠᠪᠠᠢ ᠶᠢ 100 ᠲᠦᠮᠡᠨ ᠮᠥ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠪᠡᠶ᠎ᠡ ᠪᠠᠨ ᠳᠠᠭᠠᠭᠠᠵᠤ ᠰᠣᠩᠭᠤᠨ ᠪᠤᠶᠢᠵᠢᠭᠤᠯᠬᠤ ᠦᠷ᠎ᠡ ᠡᠭᠦᠯᠳᠡᠷ ᠤᠨ ᠪᠦᠷᠬᠦᠴᠡ ᠶᠢᠨ ᠨᠤᠷᠮ᠎ᠠ ᠶᠢ 5 ᠵᠠᠭᠤᠨ ᠤ ᠴᠡᠭ ᠢᠶᠠᠷ ᠳᠡᠭᠡᠭᠰᠢᠯᠡᠭᠦᠯᠦᠨ᠎ᠡ᠃      2. ᠮᠠᠯ ᠵᠢᠭᠦᠷᠲᠡᠨ ᠤ ᠡᠭᠦᠯᠳᠡᠷ ᠤᠨ ᠦᠢᠯᠡᠰ᠃ ᠰᠠᠶᠢᠨ ᠡᠭᠦᠯᠳᠡᠷ ᠪᠣᠯᠭᠠᠭᠰᠠᠨ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠵᠦ᠂ ᠤᠯᠤᠰ ᠤᠨ ᠲᠠᠰ ᠤᠨ ᠡᠭᠦᠯᠳᠡᠷ ᠪᠤᠶᠢᠵᠢᠭᠤᠯᠬᠤ ᠭᠤᠣᠯᠯᠠᠭᠴᠢ ᠲᠠᠯᠠᠪᠠᠶ ᠶᠢ 13 ᠠᠴᠠ ᠳᠡᠭᠡᠭᠰᠢ ᠳᠤ ᠬᠦᠷᠭᠡᠵᠦ᠂ ᠤᠯᠤᠰ ᠤᠨ ᠳᠣᠲᠣᠭᠠᠳᠤ ᠶᠢᠨ ᠡᠮᠦᠨ᠎ᠡ 100 ᠨᠡᠷᠡᠰ ᠲᠤ ᠵᠢᠭᠰᠠᠭᠠᠭᠳᠠᠭᠰᠠᠨ ᠬᠤᠰᠲ᠋ᠠᠨ ᠪᠠ ᠰᠢᠮᠧᠨ᠋ᠳᠡᠷ ᠤᠨ ᠰᠢᠯᠢᠳᠡᠭ ᠡᠭᠦᠯᠳᠡᠷ ᠤᠨ ᠪᠤᠬ᠎ᠠ ᠶᠢ 30 ᠠᠴᠠ ᠳᠡᠭᠡᠭᠰᠢ ᠳᠤ ᠲᠣᠭᠲᠠᠭᠤᠨ ᠪᠠᠶᠢᠯᠭᠠᠵᠤ᠂ ᠰᠠᠶᠢᠨ ᠡᠭᠦᠯᠳᠡᠷ ᠤᠨ ᠠᠯᠠᠰᠢᠨ ᠬᠤᠨᠢᠨ ᠤ ᠡᠭᠦᠯᠳᠡᠷ ᠢ ᠵᠢᠯ ᠳᠤ 20 ᠲᠦᠮᠡ ᠠᠴᠠ ᠳᠡᠭᠡᠭᠰᠢ ᠬᠠᠨᠭ᠍ᠭᠠᠬᠤ ᠴᠢᠳᠠᠪᠦᠷᠢ ᠶᠢ ᠪᠠᠲᠤᠯᠠᠨ᠎ᠠ᠃      3. ᠣᠢ ᠮᠣᠳᠣ ᠡᠪᠡᠰᠦᠨ ᠤ ᠦᠷ᠎ᠡ ᠡᠭᠦᠯᠳᠡᠷ ᠤᠨ ᠦᠢᠯᠡᠰ᠃ ᠣᠢ ᠮᠣᠳᠣᠨ ᠤ ᠰᠠᠶᠢᠨ ᠦᠷ᠎ᠡ ᠬᠡᠷᠡᠭᠯᠡᠭᠰᠡᠨ ᠨᠣᠷᠮ᠎ᠠ ᠶᠢ 65% ᠳᠤ ᠭᠦᠷᠬᠡᠵᠦ᠂ ᠨᠤᠲᠤᠭ ᠤᠨ ᠰᠢᠯᠢᠳᠡᠭ ᠰᠠᠶᠢᠨ ᠮᠣᠳᠣᠨ ᠤ ᠳᠦᠷᠰᠦ ︵ᠡᠭᠦᠯᠳᠡᠷ︶ ᠶᠢ 30 ᠠᠴᠠ ᠳᠡᠭᠡᠭᠰᠢ ᠰᠣᠩᠭᠤᠨ ᠪᠤᠶᠢᠵᠢᠭᠤᠯᠵᠤ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠳᠤ ᠪᠠᠴᠢᠮ ᠬᠡᠷᠡᠭᠰᠡᠬᠦ ᠨᠤᠲᠤᠭ ᠤᠨ ᠡᠪᠡᠰᠦᠨ ᠤ ᠳᠦᠷᠰᠦ ︵ᠡᠭᠦᠯᠳᠡᠷ︶ ᠶᠢ 30 ᠠᠴᠠ ᠳᠡᠭᠡᠭᠰᠢ ᠲᠠᠷᠢᠮᠠᠯᠵᠢᠭᠤᠯᠬᠤ ᠪᠠᠷ ᠰᠣᠩᠭᠤᠨ ᠪᠤᠶᠢᠵᠢᠭᠤᠯᠵᠤ᠂ ᠣᠢ ᠰᠢᠭᠤᠶ ᠡᠪᠡᠰᠦᠨ ᠤ ᠰᠠᠶᠢᠨ ᠦᠷ᠎ᠡ ᠡᠭᠦᠯᠳᠡᠷ ᠤᠨ ᠰᠠᠭᠤᠷᠢᠨ ᠭᠠᠵᠠᠷ ᠢ 6 ᠲᠦᠮᠡᠨ ᠮᠦ ᠪᠠ ᠣᠢ ᠰᠢᠭᠤᠶ ᠡᠪᠡᠰᠦᠨ ᠤ ᠦᠷ᠎ᠡ ᠠᠪᠬᠤ ᠰᠠᠭᠤᠷᠢᠨ ᠭᠠᠵᠠᠷ ᠢ 13 ᠲᠦᠮᠡᠨ ᠮᠦ ᠪᠦᠲᠦᠭᠡᠨ ᠪᠠᠶᠢᠭᠤᠯᠤᠨ᠎ᠠ᠃ ᠲᠡᠵᠢᠭᠡᠯ ᠡᠪᠡᠰᠦᠨ ᠤ ᠰᠠᠭᠤᠷᠢ ᠦᠷ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 20 ᠪᠠᠶᠢᠭᠤᠯᠵᠤ᠂ ᠲᠡᠵᠢᠭᠡᠯ ᠡᠪᠡᠰᠦᠨ ᠤ ᠰᠢᠨ᠎ᠡ ᠡᠭᠦᠯᠳᠡᠷ ᠢ 10 ᠠᠴᠠ ᠳᠡᠭᠡᠭᠰᠢ ᠪᠤᠶᠢᠵᠢᠭᠤᠯᠤᠨ᠎ᠠ᠃      ᠬᠤᠶᠠᠷ᠂ ᠭᠤᠣᠯᠳᠠᠯᠭ᠎ᠠ ᠲᠠᠢ ᠠᠵᠢᠯ      ︵ᠨᠢᠭᠡ︶ ᠡᠭᠦᠯᠳᠡᠷ ᠴᠢᠨᠠᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠨ᠎ᠠ᠃      1. ᠡᠭᠦᠯᠳᠡᠷ ᠴᠢᠨᠠᠷ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠠᠵᠢᠯᠯᠠᠭᠠᠨ ᠢ ᠥᠷᠨᠢᠭᠦᠯᠦᠨ᠎ᠡ᠃ ᠪᠦᠬᠦ ᠤᠯᠤᠰ ᠤᠨ ᠲᠠᠷᠢᠮᠠᠯ ᠤᠨ ᠭᠤᠷᠪᠠᠳᠤᠭᠠᠷ ᠤᠳᠠᠭᠠᠨ ᠤ ᠪᠠ ᠣᠶ ᠮᠤᠳᠤ ᠡᠪᠡᠰᠦᠨ ᠤ ᠡᠭᠦᠯᠳᠡᠷ ᠴᠢᠨᠠᠷ ᠤᠨ ᠡᠬᠢ ᠪᠠᠶᠠᠯᠢᠭ ᠤᠨ ᠨᠢᠭᠡᠳᠦᠭᠡᠷ ᠤᠳᠠᠭᠠᠨ ᠤ ᠨᠡᠶᠢᠳᠡᠮ ᠪᠠᠶᠢᠴᠠᠭᠠᠬᠤ ᠪᠠ ᠬᠤᠷᠢᠶᠠᠨ ᠴᠤᠭᠯᠠᠭᠤᠯᠬᠤ ᠠᠵᠢᠯ ᠢ ᠬᠠᠮᠵᠢᠯᠴᠠᠨ ᠦᠷᠨᠢᠭᠦᠯᠵᠦ᠂ ᠲᠠᠷᠢᠮᠠᠯ ᠤᠨ ᠵᠦᠢᠯ ᠵᠢᠴᠢ ᠲᠡᠵᠢᠭᠡᠯ ᠡᠪᠡᠰᠦᠨ ᠤ ᠡᠭᠦᠯᠳᠡᠷ ᠴᠢᠨᠠᠷ ᠤᠨ ᠡᠬᠢ ᠪᠠᠶᠠᠯᠢᠭ ᠢ 1800 ᠭᠠᠷᠤᠢ ᠬᠤᠪᠢ᠂ ᠨᠤᠲᠤᠭ ᠤᠨ ᠮᠣᠳᠣᠨ ᠤ ᠳᠦᠷᠰᠦ ᠪᠠ ᠨᠤᠲᠤᠭ ᠤᠨ ᠡᠪᠡᠰᠦᠨ ᠤ ᠳᠦᠷᠰᠦ ᠶᠢᠨ ᠡᠬᠢ ᠪᠠᠶᠠᠯᠢᠭ ᠢ 6000 ᠭᠠᠷᠤᠢ ᠬᠤᠪᠢ ᠬᠤᠷᠢᠶᠠᠵᠤ ᠴᠤᠭᠯᠠᠭᠤᠯᠤᠨ᠂ ᠪᠥᠬᠦ ᠣᠷᠣᠨ ᠤ ᠲᠠᠷᠢᠶᠠᠯᠠᠩ ᠣᠢ ᠰᠢᠭᠤᠶ ᠡᠪᠡᠰᠦ ᠤᠷᠭᠤᠮᠠᠯ ᠤᠨ ᠡᠭᠦᠯᠳᠡᠷ ᠴᠢᠨᠠᠷ ᠤᠨ ᠡᠬᠢ ᠪᠠᠶᠠᠯᠢᠭ ᠲᠤ ᠰᠢᠰᠲ᠋ᠧᠮ ᠤᠨ ᠴᠢᠨᠠᠷᠲᠠᠢ ᠬᠤᠷᠢᠶᠠᠨ ᠴᠤᠭᠯᠠᠭᠤᠯᠵᠤ ᠬᠠᠮᠠᠭᠠᠯᠠᠬᠤ ᠠᠵᠢᠯ ᠢ ᠦᠷᠨᠢᠭᠦᠯᠵᠦ᠂ ᠬᠢᠨᠠᠨ ᠲᠣᠭᠲᠠᠭᠠᠵᠤ ᠦᠨᠡᠯᠡᠬᠦ ᠶᠢ ᠴᠢᠩᠭᠠᠷᠠᠭᠤᠯᠤᠨ᠂ ᠪᠥᠬᠦ ᠣᠷᠣᠨ ᠤ ᠲᠠᠷᠢᠶᠠᠯᠠᠩ ᠣᠶ ᠰᠢᠭᠤᠶ ᠡᠪᠡᠰᠦ ᠤᠷᠭᠤᠮᠠᠯ ᠤᠨ ᠡᠭᠦᠯᠳᠡᠷ ᠴᠢᠨᠠᠷ ᠤᠨ ᠡᠬᠢ ᠪᠠᠶᠠᠯᠢᠭ ᠢ ᠬᠠᠮᠠᠭᠠᠯᠠᠬᠤ ᠨᠡᠷᠡᠰ ᠤᠨ ᠵᠢᠭᠰᠠᠭᠠᠯᠲᠠ ᠶᠢ ᠭᠠᠷᠭᠠᠨ᠎ᠠ᠃ ᠪᠦᠬᠦ ᠣᠷᠣᠨ ᠤ ᠮᠠᠯ ᠵᠢᠭᠦᠷᠲᠡᠨ ᠤ ᠡᠭᠦᠯᠳᠡᠷ ᠴᠢᠨᠠᠷ ᠤᠨ ᠡᠬᠢ ᠪᠠᠶᠠᠯᠢᠭ ᠢ ᠪᠠᠶᠢᠴᠠᠭᠠᠬᠤ ᠠᠵᠢᠯᠯᠠᠭᠠᠨ ᠢ ᠵᠣᠬᠢᠶᠠᠨ ᠪᠠᠶᠢᠭᠤᠯᠵᠤ ᠦᠷᠨᠢᠭᠦᠯᠦᠨ᠂ ᠪᠦᠬᠦ ᠣᠷᠣᠨ ᠤ ᠮᠠᠯ ᠵᠢᠭᠦᠷᠲᠡᠨ ᠤ ᠤᠳᠤᠮᠰᠢᠯ ᠤᠨ ᠡᠬᠢ ᠪᠠᠶᠠᠯᠢᠭ ᠤᠨ ᠨᠡᠷᠡᠰ ᠤᠨ ᠵᠢᠭᠰᠠᠭᠠᠯᠲᠠ ᠶᠢ ᠭᠠᠷᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠡᠯ᠎ᠡ ᠵᠦᠢᠯ ᠤᠨ ᠡᠭᠦᠷᠭᠡ ᠶᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠠᠶᠢᠳᠠᠪᠤᠷᠢᠵᠢᠭᠤᠯᠬᠤ ᠴᠢᠬᠤᠯᠠᠲᠠᠶ ᠪᠣᠯᠬᠤᠷ ᠳᠣᠷᠤᠭᠰᠢ ᠳᠠᠭᠢᠵᠤ ᠵᠢᠭᠰᠠᠭᠠᠵᠤ ᠲᠤᠳᠤᠷᠬᠠᠶᠢᠯᠠᠬᠤ ᠥᠬᠡᠶ︶      2. ᠤᠳᠤᠮᠰᠢᠯ ᠤᠨ ᠡᠬᠢ ᠪᠠᠶᠠᠯᠢᠭ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠣᠯᠭᠦ᠋ᠶᠠ ᠶᠢᠨ ᠴᠠ ᠪᠤᠭᠤ᠂ ᠪᠣᠷᠣᠲᠣᠬᠤᠢ ᠶᠢᠨ ᠳᠡᠯᠳᠡᠦ ᠭᠠᠭ᠋ᠠᠶ ᠵᠡᠷᠭᠡ ᠮᠦᠬᠦᠬᠦ ᠰᠢᠬᠠᠭᠰᠠᠨ ᠠᠮᠢᠲᠠᠨ ᠤ ᠡᠭᠦᠯᠳᠡᠷ ᠬᠠᠮᠠᠭᠠᠯᠠᠬᠤ ᠲᠠᠯᠠᠪᠠᠢ ᠪᠠᠶᠢᠭᠤᠯᠬᠤ ᠶᠢ ᠳᠠᠮᠵᠢᠨ᠎ᠠ᠃ ᠬᠤᠶᠠᠷ ᠪᠥᠬᠦᠲᠦ ᠲᠡᠮᠡᠭᠡ᠂ ᠮᠣᠩᠭᠤᠯ ᠠᠳᠤᠭᠤ᠂ ᠮᠣᠩᠭᠤᠯ ᠦᠬᠡᠷ᠂ ᠮᠣᠩᠭᠤᠯ ᠬᠤᠨᠢ᠂ ᠨᠤᠤᠯᠤᠭᠤᠷ ᠤᠨ ᠢᠮᠠᠭ᠎ᠠ ᠵᠡᠷᠭᠡ ᠣᠷᠣᠨ ᠨᠤᠲᠤᠭ ᠤᠨ ᠡᠭᠦᠯᠳᠡᠷ ᠢ ᠬᠠᠮᠠᠭᠠᠯᠠᠬᠤ ᠠᠵᠢᠯ ᠢ ᠳᠠᠮᠵᠢᠨ᠎ᠠ᠃ ᠲᠠᠪᠤᠨ ᠡᠪᠡᠷᠲᠦ ᠪᠠᠲᠤᠴᠠᠭᠠᠨ ᠤ ᠮᠣᠳᠣ᠂ ᠲᠣᠮᠣ ᠮᠣᠳᠣ ︵ᠴᠠᠭᠠᠨ ᠮᠣᠳᠣ︶᠂ ᠵᠠᠭ ᠮᠣᠳᠣ᠂ ᠪᠦᠨᠳᠦᠭᠦᠷ ᠪᠣᠳᠠ ᠴᠡᠴᠡᠭ᠂ ᠮᠦᠩᠭᠡ ᠬᠠᠷᠭᠠᠨ᠎ᠠ᠂ ᠭᠢᠶᠠᠭ᠂ ᠰᠢᠷ᠎ᠠ ᠴᠠᠷᠭᠠᠰᠤ ᠵᠡᠷᠭᠡ ᠮᠦᠬᠦᠬᠦ ᠰᠢᠬᠠᠭᠰᠠᠨ ᠣᠨᠴᠠᠯᠢᠭ ᠪᠦᠬᠦᠢ ᠳᠦᠷᠰᠦ ᠶᠢᠨ ᠬᠦᠶ ᠶᠢᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠤᠨ᠂ ᠨᠤᠲᠤᠭ ᠤᠨ ᠮᠤᠳᠤ ᠡᠪᠡᠰᠦᠨ ᠤ ᠳᠦᠷᠰᠦ ᠶᠢᠨ ᠡᠬᠢ ᠪᠠᠶᠠᠯᠢᠭ ᠤᠨ ᠬᠥᠮᠥᠷᠭᠡ ᠪᠠ ᠡᠬᠢ ᠪᠠᠶᠠᠯᠢᠭ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠳᠠᠮᠵᠢᠨ᠎ᠠ᠃ ᠠᠮᠢᠳᠤ ᠮᠠᠬᠠᠪᠤᠳ ᠢ ᠬᠠᠮᠠᠭᠠᠯᠠᠬᠤ ᠪᠠ ᠤᠳᠤᠮᠯᠠᠯ ᠤᠨ ᠪᠣᠳᠠᠰ ᠢ ᠬᠠᠳᠠᠭᠠᠯᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠮᠠᠨ ᠤ ᠣᠷᠣᠨ ᠤ ᠳᠠᠪᠠᠭᠤᠯᠢᠭ ᠣᠨᠴᠠᠯᠢᠭᠲᠤ ᠳᠦᠷᠰᠦ ᠶᠢᠨ ᠤᠳᠤᠮᠰᠢᠯ ᠤᠨ ᠡᠬᠢ ᠪᠠᠶᠠᠯᠢᠭ ᠢ ᠬᠠᠮᠠᠭᠠᠯᠠᠪᠠᠰᠤ ᠵᠣᠬᠢᠬᠤ ᠪᠦᠬᠦᠨ ᠢ ᠬᠠᠮᠠᠭᠠᠯᠠᠬᠤ ᠶᠢ ᠦᠨᠡᠨ ᠬᠦ ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      3. ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠡᠰ ᠤᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠪᠣᠷ ᠴᠤᠬᠠᠭ᠂ ᠮᠦᠬᠦᠬᠦ ᠰᠢᠬᠠᠭᠰᠠᠨ᠂ ᠣᠨᠴᠠ ᠡᠬᠢ ᠪᠠᠶᠠᠯᠢᠭ ᠬᠢᠭᠡᠳ ᠣᠨᠴᠠᠯᠢᠭ ᠪᠦᠬᠦᠢ ᠣᠷᠣᠨ ᠨᠤᠲᠤᠭ ᠤᠨ ᠡᠭᠦᠯᠳᠡᠷ ᠢ ᠠᠯᠳᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠮᠠᠯ ᠵᠢᠭᠦᠷᠲᠡᠨ ᠤ ᠤᠳᠤᠮ ᠤᠨ ᠡᠬᠢ ᠪᠠᠶᠠᠯᠢᠭ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ ᠲᠡᠭᠦᠯᠳᠡᠷᠵᠢᠭᠦᠯᠵᠦ᠂ ᠵᠢᠯ ᠪᠦᠷᠢ ᠠᠳᠠᠭ ᠲᠤ ᠪᠠᠨ 6 ᠵᠦᠢᠯ ᠤᠨ ᠣᠷᠣᠨ ᠨᠤᠲᠤᠭ ᠤᠨ ᠡᠭᠦᠯᠳᠡᠷ ᠲᠤ ᠤᠳᠤᠮᠰᠢᠯ ᠤᠨ ᠡᠬᠢ ᠪᠠᠶᠠᠯᠢᠭ ᠤᠨ ᠬᠠᠮᠠᠭᠠᠯᠠᠯᠲᠠ ᠬᠢᠵᠦ᠂ ᠪᠠᠷᠢᠮᠵᠢᠶ᠎ᠠ ᠳᠤ ᠬᠦᠷᠦᠭᠰᠡᠨ ᠬᠦᠪᠦᠷᠡᠯ ᠢ 900 ᠪᠣᠢ ᠪᠣᠯᠭᠠᠨ᠎ᠠ᠃ ᠲᠠᠷᠢᠮᠠᠯ ᠤᠨ ᠡᠭᠦᠯᠳᠡᠷ ᠴᠢᠨᠠᠷ ᠤᠨ ᠡᠬᠢ ᠪᠠᠶᠠᠯᠢᠭ ᠤᠨ ᠤᠷᠲᠤᠪᠲᠤᠷ ᠬᠤᠭᠤᠴᠠᠭᠠᠨ ᠤ ᠬᠥᠮᠥᠷᠭᠡ ᠪᠠᠶᠢᠭᠤᠯᠬᠤ ᠶᠢ ᠳᠡᠮᠵᠢᠬᠦ ᠶᠢᠨ ᠬᠠᠮᠲᠤ᠂ ᠡᠬᠢ ᠪᠠᠶᠠᠯᠢᠭ ᠤᠨ ᠬᠦᠷᠢᠶᠡᠯᠡᠩ᠂ ᠲᠤᠰᠠᠭᠠᠷᠯᠠᠬᠤ ᠪᠦᠰᠡ ᠵᠢᠴᠢ ᠬᠠᠮᠢᠶ᠎ᠠ ᠪᠦᠬᠦᠢ ᠰᠠᠭᠤᠷᠢ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ ᠡᠬᠢ ᠪᠠᠶᠠᠯᠢᠭ ᠤᠨ ᠬᠠᠳᠠᠭᠠᠯᠠᠯᠲᠠ ᠶᠢᠨ ᠶᠡᠷᠦᠩᠬᠡᠶ ᠬᠡᠮᠵᠢᠶ᠎ᠡ ᠶᠢ 2.3 ᠲᠦᠮᠡᠨ ᠬᠤᠪᠢ ᠠᠴᠠ ᠳᠡᠭᠡᠭᠰᠢ ᠳᠤ ᠬᠦᠷᠦᠭᠦᠯᠦᠨ᠎ᠡ᠃ ᠡᠪᠡᠰᠦᠨ ᠤ ᠡᠭᠦᠯᠳᠡᠷ ᠴᠢᠨᠠᠷ ᠤᠨ ᠡᠬᠢ ᠪᠠᠶᠠᠯᠢᠭ ᠤᠨ ᠤᠷᠲᠤᠪᠲᠤᠷ ᠬᠤᠭᠤᠴᠠᠭᠠᠨ ᠤ ᠬᠥᠮᠥᠷᠭᠡ᠂ ᠡᠪᠡᠰᠦᠨ ᠤ ᠡᠭᠦᠯᠳᠡᠷ ᠤᠨ ᠡᠬᠢ ᠪᠠᠶᠠᠯᠢᠭ ᠤᠨ ᠲᠥᠪ ᠬᠥᠮᠥᠷᠭᠡ᠂ ᠨᠤᠲᠤᠭ ᠤᠨ ᠡᠪᠡᠰᠦᠨ ᠤ ᠡᠭᠦᠯᠳᠡᠷ ᠴᠢᠨᠠᠷ ᠤᠨ ᠡᠬᠢ ᠪᠠᠶᠠᠯᠢᠭ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠣᠢ ᠮᠣᠳᠣᠨ ᠤ ᠡᠭᠦᠯᠳᠡᠷ ᠴᠢᠨᠠᠷ ᠤᠨ ᠡᠬᠢ ᠪᠠᠶᠠᠯᠢᠭ ᠤᠨ ᠪᠡᠯᠡᠳᠬᠡᠮᠵᠢ ᠶᠢᠨ ᠬᠠᠳᠠᠭᠠᠯᠠᠬᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠢ ᠮᠣᠳᠣ ᠡᠪᠡᠰᠦᠨ ᠤ ᠡᠭᠦᠯᠳᠡᠷ ᠴᠢᠨᠠᠷ ᠤᠨ ᠡᠬᠢ ᠪᠠᠶᠠᠯᠢᠭ ᠢ 3 ᠲᠦᠮᠡᠨ ᠬᠤᠪᠢ ᠠᠴᠠ ᠳᠡᠭᠡᠭᠰᠢ ᠬᠠᠳᠠᠭᠠᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠶᠠᠷ︶ ᠦᠷ᠎ᠡ ᠡᠭᠦᠯᠳᠡᠷ ᠤᠨ ᠰᠢᠨ᠎ᠡ ᠡᠭᠦᠳᠦᠯᠲᠡ ᠲᠠᠢ ᠪᠠᠷ ᠬᠥᠭᠵᠢᠬᠦ ᠶᠢ ᠠᠬᠢᠭᠤᠯᠤᠨ᠎ᠠ᠃      4. ᠡᠭᠦᠯᠳᠡᠷ ᠪᠤᠶᠢᠵᠢᠭᠤᠯᠵᠤ ᠡᠭᠦᠯᠳᠡᠷ ᠤᠨ ᠰᠢᠰᠲ᠋ᠧᠮ ᠰᠠᠶᠢᠵᠢᠷᠠᠭᠤᠯᠬᠤ ᠠᠵᠢᠯ ᠢ ᠥᠷᠨᠢᠭᠦᠯᠦᠨ᠎ᠡ᠃ ᠲᠦᠮᠦᠰᠦᠨ ᠤ ᠦᠷ᠎ᠡ ᠶᠢᠨ ᠦᠢᠯᠡᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠨᠢ ᠳᠡᠭᠡᠭᠰᠢᠯᠡᠭᠦᠯᠵᠦ᠂ ᠦᠢᠯᠡᠳᠪᠦᠷᠢᠯᠡᠵᠦ ᠡᠳ᠋ᠰᠢᠭᠦᠯᠬᠦ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠶᠡᠷᠦᠩᠬᠡᠶᠢᠯᠡᠭᠰᠡᠨ ᠰᠢᠨᠵᠢ ᠴᠢᠨᠠᠷ ᠢᠶᠠᠷ ᠰᠢᠯᠢᠳᠡᠭ ᠰᠠᠶᠢᠨ᠂ ᠡᠪᠡᠳᠴᠢᠨ ᠳᠤ ᠲᠡᠪᠴᠢᠶᠡᠷᠢ ᠲᠠᠢ ᠪᠠ ᠰᠦᠷᠭᠦ ᠶᠢ ᠲᠠᠭᠠᠭᠠᠬᠤ ᠴᠢᠳᠠᠪᠤᠷᠢᠳᠠᠢ᠂ ᠮᠠᠨ ᠤ ᠣᠷᠣᠨ ᠳᠤ ᠲᠠᠷᠢᠬᠤ ᠳᠤ ᠲᠣᠬᠢᠷᠠᠬᠤ᠂ ᠳᠡᠯᠭᠡᠷᠡᠭᠦᠯᠦᠨ ᠬᠡᠷᠡᠭᠯᠡᠬᠦ ᠴᠢᠬᠤᠯᠠ ᠶᠡᠭᠡ ᠦᠨ᠎ᠡ ᠥᠷᠲᠡᠭ ᠲᠠᠢ ᠴᠢᠨᠠᠷ ᠰᠠᠶᠢᠲᠠᠢ ᠰᠢᠨ᠎ᠡ ᠡᠭᠦᠯᠳᠡᠷ ᠢ 3 — 5 ᠰᠣᠩᠭᠤᠨ ᠪᠤᠶᠢᠵᠢᠭᠤᠯᠤᠨ᠎ᠠ᠃ ᠨᠢᠭᠲᠠ ᠲᠠᠷᠢᠬᠤ᠂ ᠥᠨᠳᠥᠷ ᠤᠨᠠᠯᠲᠠ ᠲᠠᠢ᠂ ᠨᠠᠯᠠᠨ ᠤᠨᠠᠬᠤ ︵ᠬᠡᠪᠲᠡᠯᠭᠡ︶ ᠶᠢ ᠳᠠᠭᠠᠭᠠᠬᠤ᠂ ᠤᠰᠤ ᠦᠭᠡᠶᠢᠳᠡᠭᠦᠯᠬᠦ ᠨᠢ ᠲᠦᠷᠭᠡᠨ᠂ ᠮᠠᠰᠢᠨ ᠢᠶᠠᠷ ᠬᠤᠷᠢᠶᠠᠬᠤ ᠳᠤ ᠲᠣᠬᠢᠷᠠᠮᠵᠢᠲᠠᠶ ᠪᠠᠶᠢᠬᠤ ᠪᠠᠷ ᠪᠤᠶᠢᠵᠢᠭᠤᠯᠬᠤ ᠭᠤᠣᠯᠳᠠᠯᠭ᠎ᠠ ᠪᠣᠯᠭᠠᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠲᠠᠢ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠲᠠᠢ ᠴᠢᠨᠠᠷ ᠰᠠᠶᠢᠲᠠᠶ ᠡᠷᠳᠡᠨᠢ ᠰᠢᠰᠢ ᠶᠢᠨ ᠰᠢᠨ᠎ᠡ ᠡᠭᠦᠯᠳᠡᠷ ᠢ 5 ᠠᠴᠠ ᠳᠡᠭᠡᠭᠰᠢ ᠰᠣᠩᠭᠤᠨ ᠪᠤᠶᠢᠵᠢᠭᠤᠯᠤᠨ᠎ᠠ᠃ ᠴᠢᠨᠠᠷ ᠰᠠᠶᠢᠲᠠᠶ᠂ ᠥᠨᠳᠥᠷ ᠬᠤᠷᠢᠶᠠᠯᠲᠠ ᠲᠠᠢ᠂ ᠪᠣᠬᠢᠷᠲᠤᠯ ᠦᠭᠡᠢ ᠪᠠᠶᠢᠬᠤ ᠪᠠᠷ ᠰᠣᠩᠭᠤᠨ ᠪᠤᠶᠢᠵᠢᠭᠤᠯᠬᠤ ᠭᠤᠤᠯᠳᠠᠯᠭ᠎ᠠ ᠪᠣᠯᠭᠠᠵᠤ᠂ ᠨᠠᠷᠢᠮᠤ᠂ ᠰᠢᠰᠢ᠂ ᠪᠤᠭᠤᠳᠠᠢ᠂ ᠲᠤᠲᠤᠷᠭ᠎ᠠ᠂ ᠰᠢᠷ᠎ᠠ ᠪᠤᠷᠴᠠᠭ ᠵᠡᠷᠭᠡ ᠴᠢᠨᠠᠷ ᠰᠠᠶᠢᠲᠠᠶ ᠰᠢᠨ᠎ᠡ ᠡᠭᠦᠯᠳᠡᠷ ᠢ 10 ᠠᠴᠠ ᠳᠡᠭᠡᠭᠰᠢ ᠪᠤᠶᠢᠵᠢᠭᠤᠯᠤᠨ᠎ᠠ᠃ ᠲᠡᠮᠡᠭᠡᠨ ᠰᠡᠭᠦᠯ ᠢ ᠲᠡᠰᠪᠦᠷᠢᠯᠡᠬᠦ ᠰᠢᠨ᠎ᠡ ᠡᠭᠦᠯᠳᠡᠷ ᠢ ᠪᠤᠶᠢᠵᠢᠭᠤᠯᠬᠤ ᠪᠠᠷ ᠰᠢᠪᠲᠤᠯᠤᠯᠲᠠ ᠶᠢᠨ ᠭᠤᠣᠯᠳᠠᠯᠭ᠎ᠠ ᠪᠣᠯᠭᠠᠵᠤ᠂ ᠨᠡᠷᠡᠨ ᠬᠤᠸᠠᠷ ᠤᠨ ᠦᠷ᠎ᠡ ᠡᠭᠦᠯᠳᠡᠷ ᠤᠨ ᠦᠢᠯᠡᠰ ᠤᠨ ᠮᠠᠩᠯᠠᠢ ᠠᠵᠤ ᠠᠬᠤᠶᠢᠯᠠᠯ ᠢ ᠪᠣᠢ ᠪᠣᠯᠭᠠᠨ᠂ ᠵᠢᠱᠢᠶ᠎ᠡ ᠦᠵᠡᠭᠦᠯᠦᠨ ᠳᠡᠯᠭᠡᠷᠡᠭᠦᠯᠬᠦ ᠰᠢᠯᠢᠳᠡᠭ ᠰᠠᠶᠢᠨ ᠡᠭᠦᠯᠳᠡᠷ ᠢ 3 ᠠᠴᠠ ᠳᠡᠭᠡᠭᠰᠢ ᠨᠡᠮᠡᠭᠳᠡᠭᠦᠯᠦᠨ᠎ᠡ᠃ ᠲᠥᠪᠡᠳ ᠬᠠᠰᠢ᠂ ᠨᠣᠭᠤᠭᠠᠨ ᠱᠣᠪᠠᠭ ᠯᠠᠵᠤᠤ ᠵᠡᠷᠭᠡ ᠴᠢᠨᠠᠷ ᠰᠠᠶᠢᠲᠠᠢ ᠢᠳᠡᠰᠢᠨ ᠨᠣᠭᠤᠭ᠎ᠠ ᠶᠢᠨ ᠰᠢᠨ᠎ᠡ ᠡᠭᠦᠯᠳᠡᠷ ᠢ 10 ᠠᠴᠠ ᠳᠡᠭᠡᠭᠰᠢ ᠪᠤᠶᠢᠵᠢᠭᠤᠯᠤᠨ᠎ᠠ᠃ ᠦᠷᠡᠯᠡᠭᠰᠡᠨ ᠨᠤᠷᠮ᠎ᠠ ᠪᠠ ᠠᠮᠢᠳᠤ ᠪᠣᠳᠠᠰ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠪᠤᠭᠤᠷᠴᠤᠭ ᠬᠠᠭᠠᠷᠠᠬᠤ ᠶᠢ ᠪᠠᠭᠤᠷᠠᠭᠤᠯᠬᠤ ᠪᠠᠷ ᠭᠤᠤᠯᠳᠠᠯᠭ᠎ᠠ ᠪᠣᠯᠭᠠᠨ᠂ ᠰᠠᠩᠳᠠᠩ ᠮᠣᠳᠣ᠂ ᠠᠷᠤ ᠨᠤᠲᠤᠭ ᠤᠨ ᠤᠯᠠᠭᠠᠨ᠂ ᠬᠢᠶᠠᠭ᠂ ᠴᠠᠷᠠᠭ ᠡᠪᠡᠰᠦ ᠵᠡᠷᠭᠡ ᠰᠢᠯᠢᠳᠡᠭ ᠰᠠᠶᠢᠨ ᠡᠭᠦᠯᠳᠡᠷ ᠢ 10 ᠠᠴᠠ ᠳᠡᠭᠡᠭᠰᠢ ᠪᠤᠶᠢᠵᠢᠭᠤᠯᠤᠨ᠎ᠠ᠃ ᠮᠠᠯ ᠵᠢᠭᠦᠷᠲᠡᠨ ᠤ ᠤᠳᠤᠮᠰᠢᠯ ᠢ ᠰᠠᠶᠢᠵᠢᠷᠠᠭᠤᠯᠬᠤ ᠲᠥᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠡᠶ᠎ᠡ ᠪᠠᠨ ᠳᠠᠭᠠᠭᠠᠵᠤ ᠡᠭᠦᠯᠳᠡᠷ ᠪᠤᠶᠢᠵᠢᠭᠤᠯᠬᠤ ᠴᠢᠳᠠᠪᠤᠷᠢ ᠪᠠᠨ ᠳᠡᠭᠡᠭᠰᠢᠯᠡᠭᠦᠯᠦᠨ᠂ ᠰᠠᠭᠠᠯᠢ ᠶᠢᠨ ᠦᠨᠢᠶ᠎ᠡ᠂ ᠠᠯᠠᠰᠢᠨ ᠦᠬᠡᠷ ᠤᠨ ᠪᠦᠷᠢᠨ ᠭᠧᠨ ᠤ ᠪᠦᠯᠦᠭ ᠢ ᠰᠣᠩᠭᠤᠨ ᠡᠭᠦᠯᠳᠡᠷ ᠪᠤᠶᠢᠵᠢᠭᠤᠯᠬᠤ ᠶᠢ ᠥᠷᠨᠢᠭᠦᠯᠵᠦ᠂ ᠭᠤᠤᠯᠯᠠᠬᠤ ᠡᠭᠦᠯᠳᠡᠷ ᠤᠨ ᠢᠷᠡᠯᠲᠡ ᠶᠢᠨ ᠥᠪᠡᠷ ᠢ ᠪᠠᠨ ᠬᠠᠩᠭᠠᠬᠤ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠦᠨ᠎ᠡ᠃ ᠮᠣᠩᠭᠤᠯ ᠬᠤᠨᠢ᠂ ᠮᠣᠩᠭᠤᠯ ᠠᠳᠤᠭᠤ᠂ ᠭᠤᠷᠪᠠᠨ ᠭᠤᠤᠯ ᠤᠨ ᠦᠬᠡᠷ ᠵᠡᠷᠭᠡ ᠳᠠᠪᠠᠭᠤᠯᠢᠭ ᠣᠨᠴᠠᠯᠢᠭᠲᠤ ᠣᠷᠣᠨ ᠨᠤᠲᠤᠭ ᠤᠨ ᠡᠭᠦᠯᠳᠡᠷ ᠢ ᠦᠷᠭᠦᠯᠵᠢᠯᠡᠨ ᠰᠣᠩᠭᠤᠨ ᠪᠤᠶᠢᠵᠢᠭᠤᠯᠵᠤ ᠰᠠᠶᠢᠵᠢᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      5. ᠬᠠᠮᠲᠤᠷᠠᠨ ᠦᠷ᠎ᠡ ᠪᠤᠶᠢᠵᠢᠭᠤᠯᠵᠤ ᠰᠢᠪᠲᠤᠯᠤᠯᠲᠠ ᠬᠢᠬᠦ ᠲᠣᠭᠲᠠᠴᠠ ᠶᠢ ᠪᠠᠶᠢᠭᠤᠯᠤᠨ᠎ᠠ᠃ ᠭᠤᠣᠯᠳᠠᠯᠭ᠎ᠠ ᠲᠠᠢ ᠠᠵᠤ ᠦᠢᠯᠡᠰ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠯᠠᠬᠤ ᠦᠷ᠎ᠡ ᠡᠭᠦᠯᠳᠡᠷ ᠤᠨ ᠢᠷᠡᠯᠲᠡ ᠶᠢᠨ ᠥᠪᠡᠷ ᠢ ᠪᠠᠨ ᠬᠠᠩᠭᠠᠬᠤ ᠨᠣᠷᠮ᠎ᠠ ᠶᠢ ᠳᠡᠭᠡᠭᠰᠢᠯᠡᠭᠦᠯᠬᠦ ᠪᠠ ᠪᠡᠶ᠎ᠡ ᠪᠠᠨ ᠳᠠᠭᠠᠭᠠᠵᠤ ᠡᠭᠦᠯᠳᠡᠷ ᠪᠤᠶᠢᠵᠢᠭᠤᠯᠬᠤ ᠪᠠᠷ ᠬᠠᠷᠠᠯᠲᠠ ᠪᠣᠯᠭᠠᠨ᠂ ᠲᠠᠷᠢᠶᠠᠯᠠᠩ ᠮᠠᠯ ᠠᠵᠤ ᠠᠬᠤᠶ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ ᠶᠢ ᠠᠬᠢᠭᠤᠯᠤᠨ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢᠨ ᠨᠢᠭᠲᠠ ᠤᠶᠠᠯᠳᠤᠯ ᠢ ᠠᠬᠢᠭᠤᠯᠵᠤ᠂ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ᠂ ᠨᠣᠣᠯᠣᠭᠤᠷ ᠤᠨ ᠢᠮᠠᠭ᠎ᠠ᠂ ᠡᠷᠳᠡᠨᠢ ᠰᠢᠰᠢ᠂ ᠲᠥᠮᠥᠰᠥ᠂ ᠰᠢᠷ᠎ᠠ ᠪᠤᠷᠴᠠᠭ᠂ ᠨᠡᠷᠡᠨ ᠬᠤᠸᠠᠷ᠂ ᠲᠡᠵᠢᠭᠡᠯ ᠡᠪᠡᠰᠦ᠂ ᠨᠤᠲᠤᠭ ᠤᠨ ᠮᠣᠳᠣᠨ ᠤ ᠳᠦᠷᠰᠦ᠂ ᠨᠤᠲᠤᠭ ᠤᠨ ᠡᠪᠡᠰᠦᠨ ᠤ ᠳᠦᠷᠰᠦ ᠵᠡᠷᠭᠡ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠣᠨᠴᠠᠯᠢᠭᠲᠤ ᠳᠦᠷᠰᠦ ᠶᠢᠨ ᠲᠣᠭᠤᠷᠢᠨ ᠳᠤ᠂ ᠳᠠᠪᠠᠭᠤᠯᠢᠭ ᠬᠦᠴᠦᠨ ᠢᠶᠠᠨ ᠡᠮᠬᠢᠯᠡᠨ ᠨᠡᠶᠢᠯᠡᠭᠦᠯᠵᠦ ᠪᠠᠶᠢᠭᠠᠳ ᠬᠠᠮᠲᠤᠷᠠᠨ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠦᠷ᠎ᠡ ᠡᠭᠦᠯᠳᠡᠷ ᠤᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠤᠨ ᠪᠠᠶᠢᠭᠤᠯᠤᠯᠲᠠ ᠶᠢ ᠥᠷᠨᠢᠭᠦᠯᠵᠦ᠂ ᠡᠷᠳᠡᠨᠢ ᠰᠢᠰᠢ᠂ ᠠᠯᠠᠰᠢᠨ ᠦᠬᠡᠷ᠂ ᠪᠡᠯᠡᠳᠬᠡᠮᠵᠢᠲᠦ ᠢᠳᠡᠰᠢᠨ ᠨᠣᠭᠤᠭ᠎ᠠ᠂ ᠡᠪᠡᠰᠦᠨ ᠤ ᠦᠢᠯᠡᠰ᠂ ᠲᠦᠮᠦᠰᠦᠨ ᠤ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠪᠠᠶᠢᠭᠤᠯᠬᠤ ᠶᠢ ᠳᠠᠮᠵᠢᠨ᠎ᠠ᠃ ᠡᠬᠢ ᠪᠠᠶᠠᠯᠢᠭ ᠢ ᠴᠢᠯᠥᠭᠡᠲᠡᠶ ᠪᠣᠯᠭᠠᠵᠤ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠥᠨᠳᠥᠷ ᠬᠢᠷᠢ ᠲᠦᠪᠰᠢᠨ ᠪᠦᠬᠦᠢ ︽ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ︾ ᠶᠢ ᠬᠠᠷᠢᠯᠴᠠᠨ ᠤᠶᠠᠯᠳᠤᠭᠤᠯᠤᠭᠰᠠᠨ ᠰᠤᠳᠤᠯᠤᠨ ᠨᠡᠭᠡᠭᠡᠬᠦ ᠪᠦᠯᠬᠦᠮ ᠨᠡᠶᠢᠲᠡ ᠶᠢ ᠪᠣᠶ ᠪᠣᠯᠭᠠᠨ᠂ ᠮᠠᠨ ᠤ ᠣᠷᠣᠨ ᠤ ᠦᠷ᠎ᠡ ᠡᠭᠦᠯᠳᠡᠷ ᠤᠨ ᠦᠢᠯᠡᠰ ᠤᠨ ᠰᠢᠨ᠎ᠡ ᠶᠢ ᠡᠭᠦᠳᠬᠦ ᠴᠢᠳᠠᠪᠤᠷᠢ ᠪᠠ ᠬᠠᠩᠭᠠᠯᠭ᠎ᠠ ᠶᠢᠨ ᠬᠢᠷᠢ ᠲᠦᠪᠰᠢᠨ ᠢ ᠬᠦᠴᠦ ᠬᠠᠮᠲᠤᠳᠬᠠᠨ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      6. ᠰᠢᠯᠢᠳᠡᠭ ᠰᠠᠶᠢᠨ ᠡᠭᠦᠯᠳᠡᠷ ᠤᠨ ᠱᠠᠩᠨᠠᠨ ᠬᠥᠬᠢᠭᠦᠯᠬᠦ ᠲᠣᠭᠲᠠᠴᠠ ᠶᠢ ᠬᠡᠷᠡᠭᠵᠢᠭᠦᠯᠦᠨ᠎ᠡ᠃ ᠰᠢᠯᠢᠳᠡᠭ ᠰᠠᠶᠢᠨ ᠡᠭᠦᠯᠳᠡᠷ ᠤᠨ ᠱᠠᠩᠨᠠᠨ ᠬᠦᠬᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠵᠢᠴᠢ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠵᠤ ᠦᠷᠨᠢᠭᠦᠯᠦᠨ᠂ ᠣᠷᠣᠨ ᠤ ᠳᠣᠲᠣᠷᠠᠬᠢ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠲᠠᠢ ᠲᠥᠮᠥᠰᠥ᠂ ᠡᠷᠳᠡᠨᠢ ᠰᠢᠰᠢ᠂ ᠪᠤᠭᠤᠳᠠᠢ᠂ ᠲᠤᠲᠤᠷᠭ᠎ᠠ᠂ ᠰᠢᠷ᠎ᠠ ᠪᠤᠷᠴᠠᠭ᠂ ᠡᠯᠳᠡᠪ ᠠᠮᠤ ᠡᠯᠳᠡᠪ ᠪᠤᠷᠴᠠᠭ᠂ ᠲᠡᠵᠢᠭᠡᠯ ᠡᠪᠡᠰᠦ ᠵᠡᠷᠭᠡ ᠲᠦᠷᠦᠯ ᠤᠨ ᠵᠢᠯ ᠤᠨ ᠳᠡᠯᠭᠡᠷᠡᠭᠦᠯᠦᠭᠰᠡᠨ ᠲᠠᠯᠠᠪᠠᠢ ᠪᠤᠶᠤ ᠰᠢᠷᠢᠰ ᠡᠭᠦᠯᠳᠡᠷ ᠤᠨ ᠳᠡᠯᠭᠡᠷᠡᠭᠦᠯᠦᠭᠰᠡᠨ ᠨᠡᠶᠢᠲᠡ ᠲᠠᠯᠠᠪᠠᠢ ᠨᠢ ᠲᠣᠭᠲᠠᠭᠰᠠᠨ ᠱᠠᠭᠠᠷᠳᠠᠯᠭ᠎ᠠ ᠳᠤ ᠬᠦᠷᠦᠭᠰᠡᠨ ᠰᠢᠯᠢᠳᠡᠭ ᠡᠭᠦᠯᠳᠡᠷ ᠲᠤ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ᠃ ᠣᠨ ᠤ ᠨᠡᠷᠡᠰ ᠤᠨ ᠵᠢᠭᠰᠠᠭᠠᠯᠲᠠ ᠳᠤ ᠣᠷᠤᠭᠰᠠᠨ ᠡᠭᠦᠯᠳᠡᠷ ᠤᠨ ᠪᠤᠬ᠎ᠠ ᠶᠢᠨ ᠠᠵᠤ ᠠᠬᠤᠶᠢᠯᠠᠯ᠂ ᠦᠷ᠎ᠡ ᠡᠭᠦᠯᠳᠡᠷ ᠬᠠᠩᠭᠠᠬᠤ ᠴᠢᠳᠠᠪᠤᠷᠢ ᠨᠢ ᠲᠣᠭᠲᠠᠭᠰᠠᠨ ᠱᠠᠭᠠᠷᠳᠠᠯᠭ᠎ᠠ ᠳᠤ ᠬᠦᠷᠦᠭᠰᠡᠨ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      7. ᠦᠷ᠎ᠡ ᠡᠭᠦᠯᠳᠡᠷ ᠤᠨ ᠦᠢᠯᠡᠰ ᠤᠨ ᠰᠠᠭᠤᠷᠢ ᠰᠤᠳᠤᠯᠭᠠᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠠᠨ ᠤ ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ᠂ ᠬᠤᠯᠪᠣᠭᠳᠠᠯ ᠪᠦᠬᠦᠢ ᠶᠡᠭᠡ ᠰᠤᠷᠭᠠᠭᠤᠯᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠰᠤᠳᠤᠯᠭᠠᠨ ᠤ ᠬᠦᠷᠢᠶᠡᠨ ᠳᠠᠬᠢ ᠳᠠᠪᠠᠭᠤᠯᠢᠭ ᠢ ᠨᠢ ᠪᠠᠳᠠᠷᠠᠭᠤᠯᠵᠤ᠂ ᠡᠭᠦᠯᠳᠡᠷ ᠴᠢᠨᠠᠷ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠦᠷᠡᠵᠢᠭᠦᠯᠦᠨ ᠪᠤᠶᠢᠵᠢᠭᠤᠯᠬᠤ ᠶᠢᠨ ᠰᠠᠭᠤᠷᠢ ᠴᠢᠨᠠᠷᠲᠠᠶ ᠰᠤᠳᠤᠯᠭᠠᠨ ᠢ ᠴᠢᠩᠭᠠᠳᠬᠠᠨ᠎ᠠ᠃ ᠮᠠᠨ ᠤ ᠣᠷᠣᠨ ᠤ ᠴᠢᠬᠤᠯᠠ ᠲᠠᠷᠢᠮᠠᠯ᠂ ᠡᠪᠡᠰᠦᠨ ᠲᠡᠵᠢᠭᠡᠯᠲᠦ ᠭᠡᠷ ᠤᠨ ᠲᠡᠵᠢᠭᠡᠪᠦᠷᠢ ᠪᠣᠯᠤᠨ ᠣᠢ ᠮᠤᠳᠤ ᠡᠪᠡᠰᠦᠨ ᠤ ᠡᠭᠦᠯᠳᠡᠷ ᠤᠨ ᠭᠧᠨ ᠤ ᠵᠢᠷᠤᠭᠲᠤ ᠵᠢᠭᠰᠠᠯ ᠢ ᠠᠯᠬᠤᠮ ᠠᠯᠬᠤᠮ ᠢᠶᠠᠷ ᠪᠠᠶᠢᠭᠤᠯᠤᠨ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠮᠡᠷᠭᠡᠵᠢᠯ ᠢᠶᠠᠷ ᠳᠠᠮᠵᠢᠭᠤᠯᠤᠨ ᠡᠭᠦᠯᠳᠡᠷ ᠪᠤᠶᠢᠵᠢᠭᠤᠯᠬᠤ ᠮᠠᠲ᠋ᠧᠷᠢᠶᠠᠯ ᠢ ᠰᠠᠶᠢᠵᠢᠷᠠᠭᠤᠯᠬᠤ ᠪᠠ ᠡᠭᠦᠳᠦᠨ ᠦᠢᠯᠡᠳᠴᠦ᠂ ᠡᠭᠦᠯᠳᠡᠷ ᠴᠢᠨᠠᠷ ᠤᠨ ᠡᠬᠢ ᠪᠠᠶᠠᠯᠢᠭ ᠤᠨ ᠦᠪᠡᠷᠮᠢᠴᠡ ᠭᠧᠨ ᠤ ᠨᠡᠭᠡᠭᠡᠯᠲᠡ ᠠᠰᠢᠭᠯᠠᠯᠲᠠ ᠶᠢ ᠥᠷᠨᠢᠭᠦᠯᠵᠦ᠂ ᠭᠧᠨ ᠰᠢᠯᠵᠢᠭᠦᠯᠬᠦ ᠪᠠ ᠭᠧᠨ ᠨᠠᠶᠢᠷᠠᠭᠤᠯᠵᠤ ᠦᠷ᠎ᠡ ᠪᠤᠶᠢᠵᠢᠭᠤᠯᠬᠤ ᠮᠡᠷᠭᠡᠵᠢᠯ ᠤᠨ ᠰᠤᠳᠤᠯᠭᠠᠨ ᠢ ᠬᠡᠷᠡᠭᠯᠡᠨ᠂ ᠦᠷ᠎ᠡ ᠡᠭᠦᠯᠳᠡᠷ ᠤᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢ ᠶᠢ ᠰᠠᠶᠢᠲᠤᠷ ᠲᠠᠯᠪᠢᠨ᠎ᠠ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢᠨ ᠡᠭᠦᠯᠳᠡᠷ ᠴᠢᠨᠠᠷ ᠤᠨ ᠰᠢᠨ᠎ᠡ ᠶᠢ ᠡᠭᠦᠳᠬᠦ ᠪᠠ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢᠨ ᠡᠭᠦᠯᠳᠡᠷ ᠴᠢᠨᠠᠷ ᠤᠨ ᠡᠬᠢ ᠪᠠᠶᠠᠯᠢᠭ ᠤᠨ ᠠᠩᠬᠠᠨ ᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠶᠡᠭᠡ ᠰᠤᠷᠭᠠᠭᠤᠯᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      8. ᠡᠮᠦᠨ᠎ᠡ ᠣᠷᠣᠨ ᠳᠠᠬᠢ ᠦᠷᠡᠵᠢᠭᠦᠯᠵᠦ ᠪᠤᠶᠢᠵᠢᠭᠤᠯᠤᠨ ᠲᠠᠷᠢᠬᠤ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠡᠮᠦᠨ᠎ᠡ ᠣᠷᠣᠨ ᠳᠠᠬᠢ ᠦᠷᠡᠵᠢᠭᠦᠯᠵᠦ ᠪᠤᠶᠢᠵᠢᠭᠤᠯᠤᠨ ᠲᠠᠷᠢᠬᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠡᠭᠦᠯᠳᠡᠷ ᠪᠤᠶᠢᠵᠢᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠡᠮᠦᠨ᠎ᠡ ᠣᠷᠣᠨ ᠳᠠᠬᠢ ᠦᠷᠡᠵᠢᠭᠦᠯᠵᠦ ᠪᠤᠶᠢᠵᠢᠭᠤᠯᠤᠨ ᠲᠠᠷᠢᠬᠤ ᠰᠠᠭᠤᠷᠢᠨ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠦᠢᠯᠡᠳᠪᠦᠷᠢᠯᠡᠯ᠂ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠮᠦᠨ᠎ᠡ ᠣᠷᠣᠨ ᠳᠠᠬᠢ ᠦᠷᠡᠵᠢᠭᠦᠯᠵᠦ ᠪᠤᠶᠢᠵᠢᠭᠤᠯᠤᠨ ᠲᠠᠷᠢᠬᠤ ᠰᠠᠭᠤᠷᠢᠨ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠢ ᠲᠡᠭᠦᠯᠳᠡᠷᠵᠢᠭᠦᠯᠵᠦ᠂ ᠰᠠᠭᠤᠷᠢᠨ ᠭᠠᠵᠠᠷ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠦᠷ᠎ᠡ ᠡᠭᠦᠯᠳᠡᠷ ᠪᠤᠶᠢᠵᠢᠭᠤᠯᠬᠤ ᠲᠤᠷᠰᠢᠯᠲᠠ ᠶᠢᠨ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠥᠭᠡᠷᠡᠴᠢᠯᠡᠨ ᠰᠢᠨᠡᠳᠭᠡᠵᠦ ᠳᠡᠰ ᠳᠡᠪᠰᠢᠭᠦᠯᠦᠨ᠂ ᠡᠪᠡᠳᠴᠢᠨ ᠬᠤᠷᠣᠬᠠᠶ ᠶᠢᠨ ᠬᠥᠨᠥᠭᠡᠯ ᠢ ᠨᠢᠭᠡᠳᠦᠯᠲᠡᠶ ᠰᠡᠷᠭᠡᠶᠢᠯᠡᠬᠦ ᠨᠢᠭᠡᠳᠦᠯᠲᠡᠶ ᠵᠠᠰᠠᠬᠤ ᠲᠤᠰᠬᠠᠶᠢᠵᠢᠭᠰᠠᠨ ᠲᠥᠬᠦᠭᠡᠷᠦᠮᠵᠢ ᠬᠤᠳᠠᠯᠳᠤᠨ ᠠᠪᠴᠤ᠂ ᠦᠷ᠎ᠡ ᠶᠢ ᠡᠮᠦᠨᠡᠲᠦ ᠣᠷᠣᠨ ᠳᠤ ᠦᠶ᠎ᠡ ᠨᠡᠮᠡᠨ ᠲᠠᠷᠢᠵᠤ ᠦᠷᠡᠵᠢᠭᠦᠯᠬᠦ ᠪᠠ ᠤᠯᠠᠨ ᠨᠡᠶᠢᠲᠡ ᠶᠢᠨ ᠲᠤᠷᠰᠢᠯᠲᠠ ᠶᠢᠨ ᠲᠠᠪᠴᠠᠩ ᠢ ᠲᠦᠷᠭᠡᠪᠴᠢᠯᠡᠨ ᠪᠠᠶᠢᠭᠤᠯᠤᠨ᠎ᠠ᠃ ᠦᠷ᠎ᠡ ᠡᠭᠦᠯᠳᠡᠷ ᠪᠤᠶᠢᠵᠢᠭᠤᠯᠬᠤ ᠮᠡᠷᠭᠡᠵᠢᠯ ᠤᠨ ᠪᠣᠯᠪᠠᠰᠤᠷᠠᠯ᠂ ᠡᠭᠦᠯᠳᠡᠷ ᠴᠢᠨᠠᠷ ᠤᠨ ᠡᠬᠢ ᠪᠠᠶᠠᠯᠢᠭ ᠤᠨ ᠰᠣᠯᠢᠯᠴᠠᠭ᠎ᠠ᠂ ᠪᠠᠴᠢᠮ ᠪᠠᠶᠢᠳᠠᠯ ᠢ ᠠᠷᠭᠠᠴᠠᠭᠠᠵᠤ ᠰᠠᠶᠢᠨ ᠦᠷ᠎ᠡ ᠪᠤᠶᠢᠵᠢᠭᠤᠯᠬᠤ ᠦᠢᠯᠡᠴᠢᠯᠡᠭᠡ᠂ ᠦᠷ᠎ᠡ ᠪᠦᠲᠦᠭᠡᠯ ᠢ ᠤᠯᠠᠷᠢᠭᠤᠯᠬᠤ ᠵᠡᠷᠭᠡ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ ᠦᠷᠨᠢᠭᠦᠯᠦᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ᠂ ᠦᠷ᠎ᠡ ᠶᠢᠨ ᠠᠵᠤ ᠠᠬᠤᠶᠢᠯᠠᠯ ᠤᠨ ᠬᠢᠨ ᠡᠭᠦᠯᠳᠡᠷ ᠪᠤᠶᠢᠵᠢᠭᠤᠯᠤᠨ ᠦᠷ᠎ᠠ ᠡᠬᠦᠯᠳᠡᠷ ᠤᠨ ᠲᠦᠷᠦᠯ ᠢ ᠤᠯᠠᠰᠢᠷᠠᠭᠤᠯᠬᠤ ᠪᠠ ᠰᠠᠶᠢᠨ ᠦᠷ᠎ᠡ ᠡᠭᠦᠯᠳᠡᠷ ᠦᠷᠡᠵᠢᠭᠦᠯᠵᠦ ᠪᠤᠶᠢᠵᠢᠭᠤᠯᠬᠤ ᠶᠢ ᠦᠷᠭᠡᠳᠭᠡᠬᠦ ᠵᠡᠷᠭᠡ ᠶᠢ ᠥᠷᠨᠢᠭᠦᠯᠬᠦ ᠳᠤ ᠲᠤᠯᠭᠠᠭᠤᠷᠢᠯᠠᠯ ᠬᠠᠩᠭᠠᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶      ︵ᠭᠤᠷᠪᠠ︶ ᠦᠷ᠎ᠡ ᠡᠭᠦᠯᠳᠡᠷ ᠤᠨ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃      9. ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵1︶ ᠲᠥᠮᠥᠰᠥ᠃ ᠶᠠᠭᠰᠢ ᠬᠤᠲᠠ᠂ ᠳᠥᠷᠪᠡᠳ ᠬᠤᠰᠢᠭᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠵᠡᠷᠭᠡ ᠤᠯᠤᠰ ᠤᠨ ᠲᠡᠰ ᠤᠨ ᠰᠠᠶᠢᠨ ᠦᠷ᠎ᠡ ᠶᠢᠨ ᠲᠦᠮᠦᠰᠦ ᠦᠷᠡᠵᠢᠭᠦᠯᠦᠨ ᠪᠤᠶᠢᠵᠢᠭᠤᠯᠬᠤ ᠭᠤᠷᠪᠠᠨ ᠰᠠᠭᠤᠷᠢᠨ ᠭᠠᠵᠠᠷ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠰᠠᠶᠢᠨ ᠦᠷ᠎ᠡ ᠶᠢᠨ ᠲᠦᠮᠦᠰᠦ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠤᠯᠠᠭᠠᠨᠴᠠᠪ ᠬᠤᠲᠠ᠂ ᠬᠥᠯᠥᠨ ᠪᠤᠶᠢᠷ ᠬᠤᠲᠠ᠂ ᠰᠢᠯᠢ ᠶᠢᠨ ᠭᠤᠣᠯ ᠠᠶᠢᠮᠠᠭ᠂ ᠪᠤᠭᠤᠲᠤ ᠬᠤᠲᠠ ᠶᠢ ᠳᠠᠮᠵᠢᠵᠤ ᠪᠠᠶᠢᠭᠠᠳ ᠲᠥᠮᠥᠰᠥ ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠢ 3 — 4 ᠲᠡᠳᠬᠦᠨ ᠳᠠᠮᠵᠢᠨ᠎ᠠ᠃ ᠠᠩᠬᠠᠨ ᠤ ᠴᠡᠪᠡᠷ ᠦᠷ᠎ᠡ ᠶᠢᠨ ᠲᠦᠮᠦᠰᠦ ︵ᠪᠢᠴᠢᠯ ᠲᠥᠮᠥᠰᠥ︶ ᠶᠢᠨ ᠦᠢᠯᠡᠳᠪᠦᠷᠢᠯᠡᠬᠦ ᠴᠢᠳᠠᠪᠤᠷᠢ ᠶᠢ 25 ᠳ᠋ᠦᠩᠰᠢᠭᠤᠷ ᠠᠴᠠ ᠳᠡᠭᠡᠭᠰᠢ ᠲᠣᠭᠲᠠᠪᠤᠷᠢᠵᠢᠭᠤᠯᠵᠤ᠂ 40 ᠭᠠᠷᠤᠢ ᠲᠦᠮᠡᠨ ᠮᠦ ᠲᠦᠮᠦᠰᠦᠨ ᠤ ᠴᠡᠪᠡᠷ ᠦᠷ᠎ᠡ ᠶᠢ ᠦᠷᠡᠵᠢᠭᠦᠯᠵᠦ ᠪᠤᠶᠢᠵᠢᠭᠤᠯᠬᠤ ᠥᠷᠭᠡᠳᠭᠡᠬᠦ ᠶᠢ ᠨᠢ ᠳᠡᠮᠵᠢᠨ᠂ 400 ᠲᠦᠮᠡᠨ ᠮᠦ ᠶᠢᠨ ᠦᠢᠯᠡᠳᠪᠦᠷᠢᠯᠡᠯ ᠳᠤ ᠬᠡᠷᠡᠭᠯᠡᠬᠦ ᠦᠷ᠎ᠡ ᠪᠣᠯᠤᠨ ᠨᠢᠭᠡᠳᠦᠭᠡᠷ ᠳᠡᠰ ᠤᠨ ᠦᠷ᠎ᠡ ᠶᠢᠨ ᠲᠥᠮᠥᠰᠥ ᠶᠢᠨ ᠦᠷᠡᠵᠢᠭᠦᠯᠦᠨ ᠪᠤᠶᠢᠵᠢᠭᠤᠯᠬᠤ ᠶᠢ ᠦᠷᠭᠡᠳᠭᠡᠬᠦ ᠬᠡᠷᠡᠭᠴᠡᠭᠡ ᠶᠢ ᠬᠠᠩᠭᠠᠨ᠎ᠠ᠃ ᠣᠶᠤᠨᠴᠢᠯᠠᠭᠰᠠᠨ ᠰᠠᠶᠢᠨ ᠦᠷ᠎ᠡ ᠪᠤᠶᠢᠵᠢᠭᠤᠯᠬᠤ ᠬᠢᠨᠠᠯᠲᠠ ᠬᠠᠮᠢᠶᠠᠷᠤᠯᠲᠠ ᠶᠢᠨ ᠡᠵᠡᠮᠰᠢᠯ ᠤᠨ ᠲᠣᠭᠲᠠᠯᠴᠠᠭ᠎ᠠ ᠶᠢ ᠪᠣᠢ ᠪᠣᠯᠭᠠᠵᠤ᠂ ᠴᠢᠨᠠᠷ ᠰᠠᠶᠢᠲᠠᠶ ᠦᠷ᠎ᠡ ᠶᠢᠨ ᠲᠥᠮᠥᠰᠥ ᠦᠢᠯᠡᠳᠪᠦᠷᠢᠯᠡᠬᠦ ᠴᠢᠳᠠᠪᠤᠷᠢ ᠪᠠ ᠬᠤᠤᠷ ᠦᠭᠡᠶᠢᠳᠡᠭᠦᠯᠦᠭᠰᠡᠨ ᠦᠷ᠎ᠡ ᠶᠢᠨ ᠲᠦᠮᠦᠰᠦᠨ ᠤ ᠶᠠᠰᠤ ᠴᠢᠨᠠᠷ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ᠬᠥᠮᠥᠷᠭᠡ ᠳᠤ ᠣᠷᠣᠭᠤᠯᠤᠭᠰᠠᠨ ᠦᠷ᠎ᠡ ᠶᠢᠨ ᠲᠥᠮᠥᠰᠥ᠂ ᠦᠷ᠎ᠡ ᠶᠢᠨ ᠲᠥᠮᠥᠰᠥ ᠶᠢᠨ ᠲᠠᠷᠢᠶᠠᠨ ᠭᠠᠵᠠᠷ ᠢ 100% ᠪᠠᠷ ᠪᠠᠶᠢᠴᠠᠭᠠᠨ ᠰᠢᠨᠵᠢᠵᠦ᠂ ᠲᠥᠮᠥᠰᠥᠨ ᠤ ᠦᠢᠯᠡᠳᠪᠦᠷᠢᠯᠡᠯ ᠳᠤ ᠬᠡᠷᠡᠭᠯᠡᠬᠦ ᠦᠷ᠎ᠡ ᠶᠢᠨ ᠪᠦᠲᠦᠮᠵᠢᠲᠡᠶ ᠬᠠᠩᠭᠠᠯᠭ᠎ᠠ ᠶᠢ ᠪᠠᠲᠤᠯᠠᠨ᠎ᠠ᠃      ︵2︶ ᠡᠷᠳᠡᠨᠢ ᠰᠢᠰᠢ᠃ ᠡᠷᠳᠡᠨᠢ ᠰᠢᠰᠢ ᠶᠢᠨ ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠢ ᠠᠬᠢᠭᠤᠯᠵᠤ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠪᠠᠶᠠᠨᠨᠠᠭᠤᠷ ᠬᠤᠲᠠ ᠶᠢᠨ ᠡᠷᠳᠡᠨᠢ ᠰᠢᠰᠢ ᠶᠢᠨ ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠢ 1 — 2 ᠪᠤᠶᠢᠵᠢᠭᠤᠯᠬᠤ ᠶᠢ ᠳᠡᠮᠵᠢᠨ᠂ ᠰᠦᠩᠱᠠᠨ ᠲᠣᠭᠤᠷᠢᠭ ᠤᠨ ᠤᠯᠤᠰ ᠤᠨ ᠡᠷᠳᠡᠨᠢ ᠰᠢᠰᠢ ᠶᠢᠨ ᠰᠠᠶᠢᠨ ᠦᠷ᠎ᠡ ᠪᠤᠶᠢᠵᠢᠭᠤᠯᠬᠤ ᠲᠣᠮᠣ ᠰᠢᠶᠠᠨ ᠢᠶᠠᠷ ᠲᠦᠰᠢᠭᠯᠡᠯ ᠪᠣᠯᠭᠠᠵᠤ᠂ ᠡᠷᠯᠢᠰᠡᠵᠢᠭᠦᠯᠦᠭᠰᠡᠨ ᠡᠷᠳᠡᠨᠢ ᠰᠢᠰᠢ ᠶᠢᠨ ᠰᠠᠶᠢᠨ ᠦᠷ᠎ᠡ ᠦᠢᠯᠡᠳᠪᠦᠷᠢᠯᠡᠬᠦ ᠲᠥᠪᠯᠡᠷᠡᠩᠭᠦᠶ ᠪᠥᠭᠡᠳ ᠲᠣᠭᠲᠠᠭᠤᠨ ᠰᠠᠭᠤᠷᠢᠨ ᠭᠠᠵᠠᠷ ᠢ 10 ᠲᠦᠮᠡᠨ ᠮᠦ ᠠᠴᠠ ᠳᠡᠭᠡᠭᠰᠢ ᠪᠠᠶᠢᠭᠤᠯᠤᠨ᠎ᠠ᠃      ︵3︶ ᠡᠯᠳᠡᠪ ᠠᠮᠤ ᠡᠯᠳᠡᠪ ᠪᠤᠷᠴᠠᠭ᠃ ᠰᠠᠶᠢᠨ ᠦᠷ᠎ᠡ ᠶᠢᠨ ᠡᠯᠳᠡᠪ ᠠᠮᠤ ᠡᠯᠳᠡᠪ ᠪᠤᠷᠴᠠᠭ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠬᠡᠬᠤᠲᠠ᠂ ᠤᠯᠠᠭᠠᠨᠴᠠᠪ ᠬᠤᠲᠠ᠂ ᠤᠯᠠᠭᠠᠨᠬᠠᠳᠠ ᠬᠤᠲᠠ᠂ ᠲᠦᠩᠯᠢᠶᠣᠤ ᠬᠤᠲᠠ ᠵᠡᠷᠭᠡ ᠡᠯᠳᠡᠪ ᠠᠮᠤ ᠡᠯᠳᠡᠪ ᠪᠤᠷᠴᠠᠭ ᠤᠨ ᠭᠤᠣᠯ ᠭᠠᠷᠤᠯᠲᠠ ᠶᠢᠨ ᠣᠷᠣᠨ ᠢ ᠳᠡᠮᠵᠢᠨ᠂ ᠡᠯᠳᠡᠪ ᠠᠮᠤ ᠡᠯᠳᠡᠪ ᠪᠤᠷᠴᠠᠭ ᠤᠨ ᠬᠦᠲᠥᠴᠢ ᠠᠵᠤ ᠠᠬᠤᠶᠢᠯᠠᠯ ᠢ 5 — 6 ᠭᠤᠣᠯᠳᠠᠯᠭ᠎ᠠ ᠲᠠᠢ ᠲᠡᠳᠬᠦᠵᠦ᠂ ᠡᠯᠳᠡᠪ ᠠᠮᠤ ᠡᠯᠳᠡᠪ ᠪᠤᠷᠴᠠᠭ ᠤᠨ ᠦᠷ᠎ᠡ ᠦᠢᠯᠡᠳᠪᠦᠷᠢᠯᠡᠬᠦ ᠰᠠᠭᠤᠷᠢᠨ ᠭᠠᠵᠠᠷ ᠢ 3 ᠲᠦᠮᠡᠨ ᠮᠦ ᠠᠴᠠ ᠳᠡᠭᠡᠭᠰᠢ ᠪᠠᠶᠢᠭᠤᠯᠤᠨ᠂ ᠴᠢᠨᠠᠷ ᠰᠠᠶᠢᠲᠠᠶ ᠡᠯᠳᠡᠪ ᠠᠮᠤ ᠡᠯᠳᠡᠪ ᠪᠤᠷᠴᠠᠭ ᠤᠨ ᠦᠷ᠎ᠡ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      ︵4︶ ᠪᠤᠭᠤᠳᠠᠢ᠂ ᠲᠤᠲᠤᠷᠭ᠎ᠠ᠂ ᠰᠢᠷ᠎ᠠ ᠪᠤᠷᠴᠠᠭ᠃ ᠪᠣᠭᠤᠳᠠᠶ᠂ ᠲᠤᠲᠤᠷᠭ᠎ᠠ᠂ ᠰᠢᠷ᠎ᠠ ᠪᠤᠷᠴᠠᠭ ᠤᠨ ᠰᠠᠶᠢᠨ ᠦᠷ᠎ᠡ ᠦᠢᠯᠡᠳᠪᠦᠷᠢᠯᠡᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠠᠶᠠᠨᠨᠠᠭᠤᠷ ᠬᠤᠲᠠ᠂ ᠤᠯᠠᠭᠠᠨᠴᠠᠪ ᠬᠤᠲᠠ᠂ ᠤᠯᠠᠭᠠᠨᠬᠠᠳᠠ ᠬᠤᠲᠠ᠂ ᠬᠢᠩᠭᠠᠨ ᠠᠶᠢᠮᠠᠭ᠂ ᠬᠥᠯᠥᠨ ᠪᠤᠶᠢᠷ ᠬᠤᠲᠠ ᠵᠡᠷᠭᠡ ᠭᠠᠵᠠᠷ ᠣᠷᠣᠨ ᠳᠤ ᠪᠣᠭᠤᠳᠠᠶ᠂ ᠲᠤᠲᠤᠷᠭ᠎ᠠ᠂ ᠰᠢᠷ᠎ᠠ ᠪᠤᠷᠴᠠᠭ ᠤᠨ ᠰᠠᠶᠢᠨ ᠦᠷ᠎ᠡ ᠦᠢᠯᠡᠳᠪᠦᠷᠢᠯᠡᠬᠦ ᠰᠠᠭᠤᠷᠢᠨ ᠭᠠᠵᠠᠷ ᠢ 30 ᠲᠦᠮᠡᠨ ᠮᠥ ᠠᠴᠠ ᠳᠡᠭᠡᠭᠰᠢ ᠪᠠᠶᠢᠭᠤᠯᠬᠤ ᠶᠢ ᠳᠡᠮᠵᠢᠨ᠎ᠡ᠃ ᠣᠷᠴᠣᠨ ᠤ ᠥᠪᠡᠷᠲᠡᠭᠡᠨ ᠵᠠᠰᠠᠬᠤ ᠬᠤᠰᠢᠭᠤ ᠪᠠ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠤᠯᠤᠰ ᠤᠨ ᠣᠷᠣᠨ ᠪᠦᠰᠡ ᠶᠢᠨ ᠴᠢᠨᠠᠷᠲᠠᠢ ᠰᠠᠶᠢᠨ ᠦᠷ᠎ᠡ ᠶᠢᠨ ᠰᠢᠷ᠎ᠠ ᠪᠤᠷᠴᠠᠭ ᠦᠷᠡᠵᠢᠭᠦᠯᠵᠦ ᠪᠤᠶᠢᠵᠢᠭᠤᠯᠬᠤ ᠰᠠᠭᠤᠷᠢᠨ ᠭᠠᠵᠠᠷ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠰᠢᠷ᠎ᠠ ᠪᠤᠷᠴᠠᠭ ᠢ ᠴᠡᠪᠡᠷᠰᠢᠭᠦᠯᠵᠦ ᠦᠷᠡᠵᠢᠭᠦᠯᠬᠦ ᠶᠢ ᠥᠷᠭᠡᠳᠭᠡᠬᠦ ᠠᠵᠢᠯᠯᠠᠭᠠᠨ ᠢ ᠦᠷᠨᠢᠭᠦᠯᠦᠨ᠂ ᠰᠠᠶᠢᠨ ᠦᠷ᠎ᠡ ᠶᠢᠨ ᠰᠢᠷ᠎ᠠ ᠪᠤᠷᠴᠠᠭ ᠤᠨ ᠦᠷ᠎ᠡ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      ︵5︶ ᠢᠳᠡᠰᠢᠨ ᠨᠣᠭᠤᠭ᠎ᠠ᠃ ᠰᠠᠶᠢᠨ ᠦᠷ᠎ᠡ ᠶᠢᠨ ᠢᠳᠡᠰᠢᠨ ᠨᠣᠭᠤᠭ᠎ᠠ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠤᠭᠤᠲᠤ ᠬᠤᠲᠠ᠂ ᠪᠠᠶᠠᠨᠨᠠᠭᠤᠷ ᠬᠤᠲᠠ᠂ ᠤᠯᠠᠭᠠᠨᠬᠠᠳᠠ ᠬᠤᠲᠠ ᠳᠤ ᠢᠳᠡᠰᠢᠨ ᠨᠣᠭᠤᠭ᠎ᠠ ᠶᠢᠨ ᠦᠷ᠎ᠡ ᠦᠢᠯᠡᠳᠪᠦᠷᠢᠯᠡᠬᠦ ᠰᠠᠭᠤᠷᠢᠨ ᠭᠠᠵᠠᠷ ᠢ ᠲᠦᠮᠡᠨ ᠮᠦ ᠠᠴᠠ ᠳᠡᠭᠡᠭᠰᠢ ᠪᠠᠶᠢᠭᠤᠯᠬᠤ ᠶᠢ ᠳᠠᠮᠵᠢᠵᠤ᠂ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠦᠷ᠎ᠡ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      ︵6︶ ᠲᠡᠵᠢᠭᠡᠯ ᠡᠪᠡᠰᠦ ᠪᠠ ᠠᠮᠢ ᠠᠬᠤᠶ ᠶᠢᠨ ᠬᠠᠮᠠᠭᠠᠯᠠᠯᠲᠠ ᠳᠤ ᠬᠡᠷᠡᠭᠯᠡᠬᠦ ᠡᠪᠡᠰᠦ᠃ ᠴᠢᠨᠠᠷ ᠰᠠᠶᠢᠲᠠᠶ ᠲᠡᠵᠢᠭᠡᠯ ᠡᠪᠡᠰᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠲᠤᠨ ᠭᠤᠤᠯ᠂ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠪᠠ ᠥᠨᠳᠥᠷ ᠬᠦᠢᠲᠡᠨ ᠭᠠᠵᠠᠷ ᠣᠷᠣᠨ ᠳᠤ ᠪᠤᠷᠴᠠᠭ ᠤᠨ ᠢᠵᠠᠭᠤᠷ᠂ ᠦᠶᠡᠲᠦ ᠤᠷᠭᠤᠮᠠᠯ ᠤᠨ ᠢᠵᠠᠭᠤᠷ ᠤᠨ ᠲᠡᠵᠢᠭᠡᠯ ᠡᠪᠡᠰᠦ ᠶᠢᠨ ᠬᠦᠮᠦᠨ ᠤ ᠬᠦᠴᠦᠨ ᠢᠶᠠᠷ ᠰᠠᠶᠢᠨ ᠦᠷ᠎ᠡ ᠪᠤᠶᠢᠵᠢᠭᠤᠯᠬᠤ ᠰᠠᠭᠤᠷᠢᠨ ᠭᠠᠵᠠᠷ ᠢ 20 ᠲᠦᠮᠡᠨ ᠮᠥ ᠪᠠᠶᠢᠭᠤᠯᠤᠨ᠂ ᠲᠦᠪᠯᠡᠷᠡᠩᠭᠦᠢ ᠪᠦᠭᠡᠳ ᠲᠣᠭᠲᠠᠭᠤᠨ ᠪᠦᠬᠦᠢ ᠤᠯᠤᠰ ᠲᠤ ᠪᠠᠨ ᠭᠠᠷᠤᠯᠲᠠ ᠰᠠᠶᠢᠨ ᠴᠠᠷᠭᠠᠰᠤ ᠶᠢᠨ ᠦᠷ᠎ᠡ ᠦᠢᠯᠡᠳᠪᠦᠷᠢᠯᠡᠬᠦ ᠰᠠᠭᠤᠷᠢᠨ ᠭᠠᠵᠠᠷ ᠢ 3᠂ ᠴᠢᠨᠠᠷ ᠰᠠᠶᠢᠲᠠᠢ ᠲᠡᠵᠢᠭᠡᠯ ᠡᠪᠡᠰᠦᠨ ᠤ ᠦᠵᠡᠭᠦᠯᠭᠡ ᠶᠢᠨ ᠲᠣᠭᠤᠷᠢᠭ ᠢ 5 ᠪᠠᠶᠢᠭᠤᠯᠵᠤ᠂ ᠴᠠᠷᠭᠠᠰᠤ ᠶᠢᠨ ᠦᠷ᠎ᠡ ᠦᠯᠡᠳᠡᠭᠡᠬᠦ ᠲᠠᠷᠢᠶᠠᠨ ᠭᠠᠵᠠᠷ ᠤᠨ ᠲᠠᠯᠠᠪᠠᠢ ᠶᠢ 10 ᠲᠦᠮᠡᠨ ᠮᠦ ᠠᠴᠠ ᠳᠡᠭᠡᠭᠰᠢ ᠳᠤ ᠬᠦᠷᠦᠭᠦᠯᠵᠦ᠂ 70% ᠠᠴᠠ ᠳᠡᠭᠡᠭᠰᠢᠬᠢ ᠰᠢᠨ᠎ᠡ ᠪᠠᠷ ᠨᠡᠮᠡᠭᠳᠡᠭᠰᠡᠨ ᠴᠠᠷᠭᠠᠰᠤ ᠶᠢᠨ ᠲᠠᠯᠠᠪᠠᠢ ᠶᠢᠨ ᠦᠷ᠎ᠡ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠶᠦᠷᠬᠦᠭ᠂ ᠬᠢᠶᠠᠭ᠂ ᠡᠷᠯᠢᠰ ᠴᠠᠷᠭᠠᠰᠤ᠂ ᠮᠣᠷᠢᠨ ᠬᠤᠨᠴᠢᠷ ᠵᠡᠷᠭᠡ ᠠᠮᠢ ᠠᠬᠤᠶ ᠶᠢᠨ ᠬᠠᠮᠠᠭᠠᠯᠠᠯᠲᠠ ᠳᠤ ᠬᠡᠷᠡᠭᠯᠡᠬᠦ ᠡᠪᠡᠰᠦᠨ ᠳᠥᠷᠰᠦ ᠶᠢᠨ ᠰᠠᠶᠢᠨ ᠦᠷ᠎ᠡ ᠶᠢᠨ ᠰᠠᠭᠤᠷᠢᠨ ᠭᠠᠵᠠᠷ ᠢ 5 ᠲᠦᠮᠡᠨ ᠮᠦ᠂ ᠦᠷ᠎ᠡ ᠠᠪᠬᠤ ᠰᠠᠭᠤᠷᠢᠨ ᠭᠠᠵᠠᠷ ᠢ 10 ᠲᠦᠮᠡᠨ ᠮᠦ ᠪᠦᠲᠦᠭᠡᠨ ᠪᠠᠶᠢᠭᠤᠯᠬᠤ ᠶᠢ ᠳᠡᠮᠵᠢᠨ᠎ᠠ᠃      ︵7︶ ᠤᠢ ᠮᠣᠳᠣᠨ ᠤ ᠰᠠᠶᠢᠨ ᠡᠭᠦᠯᠳᠡᠷ᠃ ᠣᠢ ᠮᠣᠳᠣᠨ ᠤ ᠰᠠᠶᠢᠨ ᠡᠭᠦᠯᠳᠡᠷ ᠤᠨ ᠰᠠᠭᠤᠷᠢᠨ ᠭᠠᠵᠠᠷ᠂ ᠦᠷ᠎ᠡ ᠠᠪᠬᠤ ᠰᠠᠭᠤᠷᠢᠨ ᠭᠠᠵᠠᠷ ᠪᠠ ᠪᠠᠲᠤᠯᠠᠭ᠎ᠠ ᠶᠢᠨ ᠴᠢᠨᠠᠷᠲᠠᠶ ᠵᠤᠯᠵᠠᠭᠠᠨ ᠮᠣᠳᠣᠨ ᠤ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠠᠭᠠᠨᠬᠠᠳᠠ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠠᠯᠠᠱᠠᠨ ᠠᠶᠢᠮᠠᠭ ᠤᠨ ᠰᠠᠩᠳᠠᠩ ᠮᠣᠳᠣ᠂ ᠴᠠᠭᠠᠨ ᠬᠠᠷᠭᠠᠨ᠎ᠠ᠂ ᠢᠮᠠᠭᠠᠨ ᠠᠷᠴᠠ ᠶᠢᠨ ᠰᠠᠶᠢᠨ ᠡᠭᠦᠯᠳᠡᠷ ᠤᠨ ᠰᠠᠭᠤᠷᠢᠨ ᠭᠠᠵᠠᠷ ᠢ ᠲᠦᠮᠡᠨ ᠮᠥ ᠪᠠᠶᠢᠭᠤᠯᠬᠤ ᠶᠢ ᠳᠡᠮᠵᠢᠨ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠠᠯᠠᠱᠨ ᠠᠶᠢᠮᠠᠭ ᠤᠨ ᠦᠬᠡᠷ ᠬᠠᠷᠭᠠᠨ᠎ᠠ᠂ ᠬᠡᠭᠡᠷ᠎ᠡ ᠶᠢᠨ ᠭᠦᠢᠯᠡᠰᠦ᠂ ᠲᠠᠪᠤᠨ ᠡᠪᠡᠷᠲᠦ ᠪᠠᠲᠤᠴᠠᠭᠠᠨ ᠤ ᠮᠣᠳᠣ᠂ ᠴᠠᠷᠠᠰᠤ᠂ ᠲᠣᠷᠤᠭ ᠲᠠᠷᠪᠠᠯᠵᠢ᠂ ᠲᠠᠷᠪᠠᠯᠵᠢ ᠵᠡᠷᠭᠡ ᠦᠷ᠎ᠡ ᠠᠪᠬᠤ ᠰᠠᠭᠤᠷᠢᠨ ᠭᠠᠵᠠᠷ ᠢ 3 ᠲᠦᠮᠡᠨ ᠮᠥ ᠪᠠᠶᠢᠭᠤᠯᠬᠤ ᠶᠢ ᠳᠡᠮᠵᠢᠵᠤ᠂ ᠥᠪᠡᠷᠲᠡᠭᠡᠨ ᠵᠠᠰᠠᠬᠤ ᠣᠷᠣᠨ ᠤ ᠪᠠᠲᠤᠯᠠᠭ᠎ᠠ ᠶᠢᠨ ᠴᠢᠨᠠᠷᠲᠠᠶ ᠵᠤᠯᠵᠠᠭᠠᠨ ᠮᠣᠳᠣᠨ ᠤ ᠬᠦᠷᠢᠶᠡᠯᠡᠩ ᠢ ᠲᠦᠮᠡᠨ ᠮᠦ ᠪᠠᠶᠢᠭᠤᠯᠬᠤ ᠶᠢ ᠳᠠᠮᠵᠢᠨ᠎ᠠ᠃ ᠭᠤᠤᠯ ᠪᠣᠯᠬᠤ ᠣᠶᠢᠵᠢᠭᠤᠯᠤᠯᠲᠠ ᠶᠢᠨ ᠮᠣᠳᠣᠨ ᠤ ᠳᠦᠷᠰᠦ ᠶᠢᠨ ᠰᠠᠶᠢᠨ ᠦᠷ᠎ᠡ ᠬᠠᠩᠭᠠᠬᠤ ᠨᠣᠷᠮ᠎ᠠ ᠶᠢ 70% ᠠᠴᠠ ᠳᠡᠭᠡᠭᠰᠢ ᠳᠤ ᠬᠦᠷᠦᠭᠦᠯᠦᠨ᠎ᠡ᠃ ᠣᠢ ᠮᠤᠳᠤ ᠡᠪᠡᠰᠦᠨ ᠤ ᠦᠷ᠎ᠡ ᠶᠢᠨ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠨᠥᠭᠡᠴᠡ ᠬᠥᠮᠥᠷᠭᠡ ᠶᠢ 4 ᠪᠠᠶᠢᠭᠤᠯᠬᠤ ᠪᠠ ᠦᠷ᠎ᠡ ᠶᠢᠨ ᠴᠢᠬᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ 3 ᠪᠠᠶᠢᠭᠤᠯᠬᠤ ᠶᠢ ᠳᠡᠮᠵᠢᠨ᠎ᠠ᠃      10. ᠮᠠᠯ ᠵᠢᠭᠦᠷᠲᠡᠨ ᠤ ᠳᠦᠷᠰᠦ ᠶᠢᠨ ᠣᠣᠯ ᠭᠠᠷᠤᠯ ᠭᠠᠵᠠᠷ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵1︶ ᠰᠠᠭᠠᠯᠢ ᠶᠢᠨ ᠦᠨᠢᠶ᠎ᠡ᠃ ᠰᠠᠭᠠᠯᠢ ᠶᠢᠨ ᠦᠨᠢᠶᠡᠨ ᠤ ᠤᠳᠤᠮᠰᠢᠯ ᠢ ᠰᠠᠶᠢᠵᠢᠷᠠᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠦᠷ᠎ᠡ ᠪᠤᠶᠢᠵᠢᠭᠤᠯᠬᠤ ᠭᠤᠣᠯᠯᠠᠭᠴᠢ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠬᠤᠰᠲ᠋ᠠᠨ ᠰᠠᠭᠠᠯᠢ ᠶᠢᠨ ᠦᠨᠢᠶᠡᠨ ᠤ ᠡᠭᠦᠯᠳᠡᠷ ᠪᠤᠶᠢᠵᠢᠭᠤᠯᠬᠤ ᠭᠤᠣᠯᠯᠠᠭᠴᠢ ᠲᠠᠯᠠᠪᠠᠢ ᠳᠤ ᠪᠤᠶᠢᠵᠢᠭᠤᠯᠤᠭᠰᠠᠨ ᠳᠡᠯᠡᠬᠡᠢ ᠶᠢᠨ ᠪᠠ ᠤᠯᠤᠰ ᠤᠨ ᠳᠣᠲᠣᠭᠠᠳᠤ ᠳᠤ ᠵᠠᠭᠤᠭᠠᠳ ᠨᠡᠷᠡᠰ ᠤᠨ ᠳᠣᠲᠣᠷ᠎ᠠ ᠵᠢᠭᠰᠠᠭᠠᠭᠳᠠᠭᠰᠠᠨ ᠰᠢᠯᠢᠳᠡᠭ ᠡᠭᠦᠯᠳᠡᠷ ᠤᠨ ᠪᠤᠬ᠎ᠠ ᠶᠢ 30 ᠠᠴᠠ ᠳᠡᠭᠡᠭᠰᠢ ᠪᠠᠶᠢᠯᠭᠠᠬᠤ ᠪᠠᠷ ᠴᠢᠷᠮᠠᠶᠢᠨ᠎ᠠ᠃ ᠥᠪᠡᠰᠦᠪᠡᠨ ᠦᠷᠡᠵᠢᠭᠦᠯᠵᠦ ᠥᠪᠡᠰᠦᠪᠡᠨ ᠪᠤᠶᠢᠵᠢᠭᠤᠯᠬᠤ᠂ ᠳᠡᠭᠡᠲᠦ ᠳᠡᠰ ᠤᠨ ᠴᠢᠨᠠᠷᠲᠠᠢ ᠰᠠᠭᠠᠯᠢ ᠶᠢᠨ ᠦᠨᠢᠶ᠎ᠡ ᠣᠷᠣᠭᠤᠯᠤᠨ ᠠᠪᠴᠢᠷᠠᠬᠤ᠂ ᠪᠡᠯᠭᠡ ᠶᠢᠨ ᠡᠵᠡᠮᠳᠡᠯ ᠤᠨ ᠮᠡᠷᠭᠡᠵᠢᠯ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠦᠷᠡᠵᠢᠯᠲᠡ ᠶᠢᠨ ᠨᠣᠷᠮ᠎ᠠ ᠪᠠ ᠳᠠᠩ ᠬᠡᠭᠡᠯᠲᠦ ᠶᠢ ᠦᠷᠭᠦᠯᠵᠢᠯᠡᠨ ᠳᠡᠭᠡᠭᠰᠢᠯᠡᠭᠦᠯᠵᠦ᠂ ᠴᠢᠨᠠᠷ ᠰᠠᠶᠢᠲᠠᠶ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠬᠡᠪᠴᠢᠶ᠎ᠡ ᠪᠠ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠰᠠᠭᠠᠯᠢ ᠶᠢᠨ ᠦᠨᠢᠶᠡᠨ ᠤ ᠦᠷ᠎ᠡ ᠡᠭᠦᠯᠳᠡᠷ ᠤᠨ ᠦᠢᠯᠡᠰ ᠤᠨ ᠦᠢᠯᠡᠳᠪᠦᠷᠢᠯᠡᠯ ᠪᠣᠷᠣᠯᠠᠭᠤᠯᠭ᠎ᠠ ᠶᠢ ᠪᠥᠬᠦ ᠤᠯᠤᠰ ᠲᠤ ᠡᠵᠡᠯᠡᠬᠦ ᠨᠣᠷᠮ᠎ᠠ ᠶᠢᠨ ᠨᠢᠭᠡᠳᠦᠭᠡᠷ ᠪᠠᠶᠢᠷᠢᠨ ᠳᠤ ᠪᠠᠶᠢᠯᠭᠠᠬᠤ ᠶᠢ ᠪᠠᠲᠤᠯᠠᠨ᠎ᠠ᠃      ︵2︶ ᠠᠯᠠᠰᠢᠨ ᠦᠬᠡᠷ᠃ ᠠᠯᠠᠰᠢᠨ ᠦᠬᠡᠷ ᠤᠨ ᠦᠷ᠎ᠡ ᠡᠭᠦᠯᠳᠡᠷ ᠤᠨ ᠦᠢᠯᠡᠰ ᠢ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠵᠦ᠂ ᠤᠯᠤᠰ ᠤᠨ ᠲᠠᠰ ᠤᠨ ᠠᠯᠠᠰᠢᠨ ᠦᠬᠡᠷ ᠤᠨ ᠡᠭᠦᠯᠳᠡᠷ ᠪᠤᠶᠢᠵᠢᠭᠤᠯᠬᠤ ᠭᠤᠣᠯᠯᠠᠭᠴᠢ ᠲᠠᠯᠠᠪᠠᠶ ᠶᠢ 5 ᠪᠣᠢ ᠪᠣᠯᠭᠠᠵᠤ᠂ ᠰᠢᠮᠧᠨ᠋ᠳᠡᠷ ᠦᠬᠡᠷ ᠤᠨ ᠡᠭᠦᠯᠳᠡᠷ ᠪᠤᠶᠢᠵᠢᠭᠤᠯᠬᠤ ᠭᠤᠣᠯᠯᠠᠭᠴᠢ ᠲᠠᠯᠠᠪᠠᠶ ᠳᠤ ᠪᠤᠶᠢᠵᠢᠭᠤᠯᠤᠭᠰᠠᠨ ᠤᠯᠤᠰ ᠤᠨ ᠳᠣᠲᠣᠭᠠᠳᠤ ᠶᠢᠨ ᠵᠠᠭᠤᠨ ᠤ ᠳᠣᠲᠣᠷ᠎ᠠ ᠵᠢᠭᠰᠠᠭᠠᠭᠳᠠᠭᠰᠠᠨ ᠰᠢᠯᠢᠳᠡᠭ ᠡᠭᠦᠯᠳᠡᠷ ᠤᠨ ᠪᠤᠬ᠎ᠠ ᠶᠢ 30 ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠂ ᠤᠳᠤᠮ ᠢ ᠨᠢ ᠰᠢᠯᠭᠠᠨ ᠲᠣᠭᠲᠠᠭᠠᠭᠰᠠᠨ ᠭᠤᠷᠪᠡᠨ ᠭᠤᠤᠯ ᠤᠨ ᠦᠬᠡᠷ ᠤᠨ ᠦᠷ᠎ᠡ ᠠᠪᠬᠤ ᠪᠤᠬ᠎ᠠ ᠶᠢ 60 ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃      ︵3︶ ᠠᠯᠠᠰᠢᠨ ᠬᠤᠨᠢ᠃ ᠠᠯᠠᠰᠢᠨ ᠬᠤᠨᠢᠨ ᠤ ᠦᠷ᠎ᠡ ᠡᠭᠦᠯᠳᠡᠷ ᠤᠨ ᠦᠢᠯᠡᠰ ᠢ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠵᠦ᠂ ᠤᠯᠤᠰ ᠤᠨ ᠲᠡᠰ ᠤᠨ ᠠᠯᠠᠰᠢᠨ ᠬᠤᠨᠢᠨ ᠤ ᠡᠭᠦᠯᠳᠡᠷ ᠪᠤᠶᠢᠵᠢᠭᠤᠯᠬᠤ ᠭᠤᠣᠯᠯᠠᠭᠴᠢ ᠲᠠᠯᠠᠪᠠᠢ ᠶᠢ 6 ᠠᠴᠠ ᠳᠡᠭᠡᠭᠰᠢ ᠪᠣᠢ ᠪᠣᠯᠭᠠᠨ᠎ᠠ᠃ ᠣᠷᠣᠨ ᠨᠤᠲᠤᠭ ᠤᠨ ᠡᠭᠦᠯᠳᠡᠷ ᠰᠣᠩᠭᠤᠨ ᠪᠤᠶᠢᠵᠢᠭᠤᠯᠬᠤ ᠬᠡᠮᠵᠢᠶ᠎ᠡ ᠶᠢ ᠳᠡᠭᠡᠭᠰᠢᠯᠡᠭᠦᠯᠵᠦ᠂ ᠮᠠᠯᠵᠢᠬᠤ ᠣᠷᠣᠨ ᠳᠤ ᠦᠵᠦᠮᠦᠴᠢᠨ ᠬᠤᠨᠢ᠂ ᠰᠥᠨᠢᠳ ᠬᠤᠨᠢ᠂ ᠬᠥᠯᠥᠨ ᠪᠤᠶᠢᠷ ᠬᠤᠨᠢ ᠵᠡᠷᠭᠡ ᠣᠷᠣᠨ ᠨᠤᠲᠤᠭ ᠤᠨ ᠰᠠᠶᠢᠨ ᠡᠭᠦᠯᠳᠡᠷ ᠤᠨ ᠬᠤᠨᠢ ᠶᠢ ᠦᠷᠡᠵᠢᠭᠦᠯᠦᠨ ᠪᠤᠶᠢᠵᠢᠭᠤᠯᠬᠤ ᠪᠠ ᠰᠣᠩᠭᠤᠨ ᠪᠤᠶᠢᠵᠢᠭᠤᠯᠵᠤ ᠰᠠᠶᠢᠵᠢᠷᠠᠭᠤᠯᠬᠤ ᠶᠢ ᠨᠢ ᠵᠣᠷᠢᠬᠵᠢᠭᠤᠯᠤᠨ᠎ᠠ᠃ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠵᠢᠴᠢ ᠲᠠᠷᠢᠶᠠᠯᠠᠬᠤ ᠣᠷᠣᠨ ᠨᠢ ᠡᠭᠦᠯᠳᠡᠷ ᠪᠤᠶᠢᠵᠢᠭᠤᠯᠬᠤ ᠪᠠ ᠭᠠᠳᠠᠭᠠᠳᠤ ᠠᠴᠠ ᠣᠷᠣᠭᠤᠯᠤᠭᠰᠠᠨ ᠡᠭᠦᠯᠳᠡᠷ ᠢ ᠣᠷᠣᠨ ᠨᠤᠲᠤᠭᠰᠢᠭᠤᠯᠤᠨ ᠦᠷᠡᠵᠢᠭᠦᠯᠵᠤ ᠰᠣᠩᠭᠤᠨ ᠪᠤᠶᠢᠵᠢᠭᠤᠯᠵᠤ ᠰᠠᠶᠢᠵᠢᠷᠠᠭᠤᠯᠬᠤ ᠪᠠᠷ ᠭᠤᠤᠯ ᠪᠣᠯᠭᠠᠨ᠎ᠠ᠃ ᠭᠤᠤᠯᠳᠠᠯᠭ᠎ᠠ ᠲᠠᠢ ᠰᠣᠩᠭᠤᠨ ᠪᠤᠶᠢᠵᠢᠭᠤᠯᠤᠭᠰᠠᠨ ᠣᠷᠣᠨ ᠨᠤᠲᠤᠭ ᠤᠨ ᠡᠭᠦᠯᠳᠡᠷ ᠤᠨ ᠭᠤᠤᠯ ᠪᠣᠯᠬᠤ ᠮᠢᠬᠠᠨ ᠳᠤ ᠬᠡᠷᠡᠭᠯᠡᠬᠦ ᠴᠢᠨᠠᠷ ᠢ 10% ᠠᠴᠠ ᠳᠡᠭᠡᠭᠰᠢ ᠳᠡᠭᠡᠭᠰᠢᠯᠡᠭᠦᠯᠦᠨ᠎ᠡ᠃ ᠪᠤᠶᠢᠵᠢᠭᠤᠯᠤᠭᠰᠠᠨ ᠡᠭᠦᠯᠳᠡᠷ ᠤᠨ ᠭᠤᠤᠯ ᠪᠣᠯᠬᠤ ᠮᠢᠬᠠᠨ ᠳᠤ ᠬᠡᠷᠡᠭᠯᠡᠬᠦ ᠴᠢᠨᠠᠷ ᠢ ᠤᠭ ᠡᠬᠡ ᠠᠴᠠ ᠨᠢ ᠳᠤᠮᠳᠠᠴᠢ ᠪᠠᠷ 12% ᠠᠴᠠ ᠳᠡᠭᠡᠭᠰᠢ ᠳᠡᠭᠡᠭᠰᠢᠯᠡᠭᠦᠯᠦᠨ᠎ᠡ᠃ ᠬᠤᠷᠠᠭᠠᠯᠠᠨ ᠢᠰᠢᠭᠡᠯᠡᠭᠰᠡᠨ ᠨᠣᠷᠮ᠎ᠠ ᠶᠢ ᠮᠠᠯᠵᠢᠬᠤ ᠣᠷᠣᠨ ᠳᠤ 120% ᠠᠴᠠ ᠳᠡᠭᠡᠭᠰᠢ ᠳᠤ ᠬᠦᠷᠦᠭᠦᠯᠵᠦ᠂ ᠲᠠᠷᠢᠶᠠᠯᠠᠬᠤ ᠣᠷᠣᠨ ᠳᠤ 150% ᠠᠴᠠ ᠳᠡᠭᠡᠭᠰᠢ ᠳᠤ ᠬᠦᠷᠦᠭᠦᠯᠦᠨ᠎ᠡ᠃ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠳᠤ ᠡᠭᠦᠯᠳᠡᠷ ᠤᠨ ᠰᠠᠭᠠᠯᠢ ᠶᠢᠨ ᠬᠤᠨᠢ ᠢᠮᠠᠭᠠᠨ ᠤ ᠲᠠᠯᠠᠪᠠᠶ ᠶᠢ 1 — 2 ᠪᠠᠶᠢᠭᠤᠯᠬᠤ ᠶᠢ ᠳᠡᠮᠵᠢᠵᠦ᠂ ᠰᠠᠭᠠᠯᠢ ᠶᠢᠨ ᠬᠤᠨᠢ ᠢᠮᠠᠭᠠᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃      ︵4︶ ᠠᠮᠢᠳᠤ ᠭᠠᠭ᠋ᠠᠢ᠃ ᠠᠮᠢᠳᠤ ᠭᠠᠭ᠋ᠠᠶ ᠶᠢᠨ ᠦᠷ᠎ᠡ ᠡᠭᠦᠯᠳᠡᠷ ᠤᠨ ᠦᠢᠯᠡᠰ ᠢ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠵᠦ᠂ ᠤᠯᠤᠰ ᠤᠨ ᠲᠠᠰ ᠤᠨ ᠠᠮᠢᠳᠤ ᠭᠠᠭ᠋ᠠᠶ ᠶᠢᠨ ᠡᠭᠦᠯᠳᠡᠷ ᠪᠤᠶᠢᠵᠢᠭᠤᠯᠬᠤ ᠭᠤᠣᠯᠯᠠᠭᠴᠢ ᠲᠠᠯᠠᠪᠠᠶ ᠶᠢ 2 ᠪᠤᠶᠢᠵᠢᠭᠤᠯᠤᠨ᠂ ᠪᠡᠶ᠎ᠡ ᠪᠠᠨ ᠳᠠᠭᠠᠭᠠᠭᠰᠠᠨ ᠡᠭᠦᠯᠳᠡᠷ ᠪᠤᠶᠢᠵᠢᠭᠤᠯᠬᠤ ᠠᠵᠢᠯ ᠦᠷᠨᠢᠭᠦᠯᠬᠦ ᠶᠢ ᠳᠡᠮᠵᠢᠵᠦ᠂ ᠠᠮᠢᠳᠤ ᠭᠠᠭ᠋ᠠᠶ ᠶᠢᠨ ᠡᠭᠦᠯᠳᠡᠷ ᠤᠨ ᠥᠪᠡᠷ ᠢ ᠪᠠᠨ ᠬᠠᠩᠭᠠᠬᠤ ᠶᠢ ᠦᠨᠡᠨ ᠬᠦ ᠪᠠᠲᠤᠯᠠᠨ᠂ ︽ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ︾ ᠶᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠢ 3 ᠠᠴᠠ ᠳᠡᠭᠡᠭᠰᠢ ᠭᠤᠤᠯᠳᠠᠯᠭ᠎ᠠ ᠲᠠᠢ ᠪᠤᠶᠢᠵᠢᠭᠤᠯᠤᠨ᠎ᠠ᠃      ︵ᠲᠦᠷᠪᠡ︶ ᠤᠳᠤ ᠦᠶ᠎ᠡ ᠶᠢᠨ ᠦᠷ᠎ᠡ ᠡᠭᠦᠯᠳᠡᠷ ᠤᠨ ᠦᠢᠯᠡᠰ ᠢ ᠬᠦᠴᠦᠯᠡᠨ ᠬᠥᠭᠵᠢᠭᠦᠯᠦᠨ᠎ᠡ᠃      11. ᠣᠳᠣ ᠦᠶ᠎ᠡ ᠶᠢᠨ ᠦᠷ᠎ᠡ ᠡᠭᠦᠯᠳᠡᠷ ᠤᠨ ᠦᠢᠯᠡᠰ ᠤᠨ ᠠᠵᠤ ᠠᠬᠤᠶᠢᠯᠠᠯ ᠢ ᠪᠤᠶᠢᠵᠢᠭᠤᠯᠤᠨ᠎ᠠ᠃ ᠨᠢᠭᠡ ᠪᠦᠯᠦᠭ ᠡᠭᠦᠯᠳᠡᠷ ᠪᠤᠶᠢᠵᠢᠭᠤᠯᠬᠤ ᠲᠠᠯ᠎ᠠ ᠳᠤ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ᠂ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠪᠠᠷ ᠥᠨᠳᠥᠷ᠂ ᠡᠵᠡᠩᠨᠡᠯᠲᠡ ᠶᠢᠨ ᠬᠡᠪᠴᠢᠶ᠎ᠡ ᠪᠠᠷ ᠶᠡᠭᠡ᠂ ᠠᠵᠤ ᠦᠢᠯᠡᠰ ᠤᠨ ᠬᠡᠯᠬᠢᠶ᠎ᠡ ᠪᠠᠷ ᠤᠷᠲᠤ ᠪᠣᠯᠬᠤ ᠦᠷ᠎ᠡ ᠡᠭᠦᠯᠳᠡᠷ ᠤᠨ ᠦᠢᠯᠡᠰ ᠤᠨ ᠠᠵᠤ ᠠᠬᠤᠶᠢᠯᠠᠯ ᠢ ᠲᠦᠷᠭᠡᠳᠬᠡᠨ ᠪᠤᠶᠢᠵᠢᠭᠤᠯᠤᠨ ᠪᠣᠵᠠᠭᠠᠶᠢᠷᠠᠭᠤᠯᠵᠤ᠂ ᠦᠷ᠎ᠡ ᠡᠭᠦᠯᠳᠡᠷ ᠤᠨ ᠦᠢᠯᠡᠰ ᠤᠨ ᠠᠵᠤ ᠠᠬᠤᠶᠢᠯᠠᠯ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠬᠤ ᠦᠢᠯᠡᠳᠦᠯ ᠢ ᠳᠣᠪᠤᠶᠢᠯᠭᠠᠵᠤ᠂ ᠡᠭᠦᠯᠳᠡᠷ ᠪᠤᠶᠢᠵᠢᠭᠤᠯᠬᠤ᠂ ᠦᠷ᠎ᠡ ᠪᠦᠲᠦᠭᠡᠯ ᠢᠶᠠᠨ ᠤᠯᠠᠷᠢᠭᠤᠯᠬᠤ᠂ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠵᠡᠷᠭᠡ ᠲᠠᠯ᠎ᠠ ᠳᠠᠬᠢ ᠦᠷ᠎ᠡ ᠡᠭᠦᠯᠳᠡᠷ ᠤᠨ ᠦᠢᠯᠡᠰ ᠤᠨ ᠠᠵᠤ ᠠᠬᠤᠶᠢᠯᠠᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠥᠷᠢᠰᠥᠯᠳᠦᠬᠦ ᠴᠢᠳᠠᠪᠤᠷᠢ ᠪᠠᠷ ᠴᠢᠩᠭ᠎ᠠ ᠪᠣᠯᠬᠤ ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠦᠷ᠎ᠡ ᠡᠭᠦᠯᠳᠡᠷ ᠤᠨ ᠦᠢᠯᠡᠰ ᠤᠨ ᠬᠦᠲᠥᠴᠢ ᠠᠵᠤ ᠠᠬᠤᠶᠢᠯᠠᠯ ᠢ 5 ᠴᠢᠷᠮᠠᠶᠢᠨ ᠪᠤᠶᠢᠵᠢᠭᠤᠯᠤᠨ᠎ᠠ᠃ ᠠᠵᠤ ᠠᠬᠤᠶᠢᠯᠠᠯ ᠤᠨ ᠨᠡᠶᠢᠯᠡᠭᠦᠯᠦᠨ ᠳᠠᠬᠢᠵᠤ ᠵᠣᠬᠢᠶᠠᠨ ᠪᠠᠶᠢᠭᠤᠯᠬᠤ᠂ ᠨᠡᠶᠢᠭᠡᠮ ᠤᠨ ᠬᠥᠷᠥᠩᠭᠡ ᠶᠢ ᠲᠠᠲᠠᠨ ᠣᠷᠤᠭᠤᠯᠬᠤ᠂ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠭ᠎ᠠ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠵᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠭᠦᠨᠵᠡᠭᠡᠶᠢᠷᠡᠭᠦᠯᠵᠦ᠂ ᠦᠷ᠎ᠡ ᠡᠭᠦᠯᠳᠡᠷ ᠤᠨ ᠦᠢᠯᠡᠰ ᠤᠨ ᠠᠵᠤ ᠠᠬᠤᠶᠢᠯᠠᠯ ᠣᠯᠠᠨ ᠤᠯᠤᠰ ᠤᠨ ᠬᠤᠭᠤᠷᠤᠨᠳᠤᠬᠢ ᠪᠠ ᠤᠯᠤᠰ ᠤᠨ ᠳᠣᠲᠣᠭᠠᠳᠤ ᠳᠠᠬᠢ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠬᠵᠢᠭᠤᠯᠤᠨ᠂ ᠦᠷ᠎ᠡ ᠡᠭᠦᠯᠳᠡᠷ ᠤᠨ ᠦᠢᠯᠡᠰ ᠤᠨ ᠨᠡᠷᠡᠲᠦ ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠨᠡᠷ᠎ᠡ ᠠᠯᠳᠠᠷᠲᠤ ᠦᠷ᠎ᠡ ᠡᠭᠦᠯᠳᠡᠷ ᠤᠨ ᠦᠢᠯᠡᠰ ᠤᠨ ᠠᠵᠤ ᠠᠬᠤᠶᠢᠯᠠᠯ ᠢ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      12. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠤᠯᠠᠷᠢᠭᠤᠯᠬᠤ ᠶᠢ ᠲᠦᠷᠭᠡᠳᠬᠡᠨ᠎ᠡ᠃ ᠪᠦᠯᠦᠭᠵᠢᠭᠦᠯᠦᠨ ᠬᠥᠭᠵᠢᠭᠦᠯᠬᠦ ᠶᠢ ᠪᠠᠷᠢᠮᠲᠠᠯᠠᠵᠤ᠂ ᠦᠷ᠎ᠡ ᠡᠭᠦᠯᠳᠡᠷ ᠤᠨ ᠦᠢᠯᠡᠰ ᠤᠨ ᠡᠬᠢ ᠪᠠᠶᠠᠯᠢᠭ ᠤᠨ ᠬᠦᠴᠦᠨ ᠵᠦᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠦᠷ᠎ᠡ ᠡᠭᠦᠯᠳᠡᠷ ᠤᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠲᠦᠷᠭᠡᠳᠬᠡᠨ᠎ᠡ᠃ ᠦᠷ᠎ᠡ ᠡᠭᠦᠯᠳᠡᠷ ᠤᠨ ᠦᠢᠯᠡᠰ ᠤᠨ ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ᠂ ᠰᠢᠨ᠎ᠡ ᠶᠢ ᠡᠭᠦᠳᠬᠦ ᠰᠠᠭᠤᠷᠢᠨ ᠭᠠᠵᠠᠷ ᠪᠠ ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠣᠷᠣᠨ ᠤ ᠳᠣᠲᠣᠨ᠎ᠠ ᠭᠠᠳᠠᠨᠠᠬᠢ ᠦᠷ᠎ᠡ ᠡᠭᠦᠯᠳᠡᠷ ᠤᠨ ᠦᠢᠯᠡᠰ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠬᠤᠷᠠᠮᠳᠤᠭᠤᠯᠤᠨ᠂ ᠰᠢᠯᠵᠢᠭᠦᠯᠦᠨ ᠤᠯᠠᠷᠢᠭᠤᠯᠬᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ᠂ ᠰᠣᠯᠢᠯᠴᠠᠭ᠎ᠠ ᠬᠢᠵᠦ ᠠᠷᠠᠯᠵᠢᠶᠠᠯᠠᠬᠤ ᠵᠡᠷᠭᠡ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠤᠨ᠂ ᠦᠷ᠎ᠡ ᠡᠭᠦᠯᠳᠡᠷ ᠤᠨ ᠦᠢᠯᠡᠰ ᠤᠨ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠦᠨ᠎ᠡ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠪᠣᠯᠤᠨ ᠣᠢ ᠰᠢᠭᠤᠶ ᠨᠤᠲᠤᠭ ᠪᠡᠯᠴᠢᠭᠡᠷ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠲᠣᠭᠲᠠᠯᠴᠠᠭ᠎ᠠ ᠶᠢᠨ ᠳᠠᠪᠠᠭᠤᠯᠢᠭ ᠪᠠ ᠡᠩᠨᠡᠭᠡᠨ ᠤ ᠳᠠᠪᠠᠭᠤᠯᠢᠭ ᠢ ᠪᠠᠳᠠᠷᠠᠭᠤᠯᠵᠤ᠂ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠭᠡᠨ᠂ ᠰᠢᠯᠢᠳᠡᠭ ᠡᠭᠦᠯᠳᠡᠷ ᠢ ᠲᠦᠭᠡᠮᠡᠯᠵᠢᠭᠦᠯᠦᠨ ᠠᠰᠢᠭᠯᠠᠬᠤ ᠦᠢᠯᠡᠳᠦᠯᠭᠡ ᠳᠤ ᠰᠢᠨ᠎ᠡ ᠶᠢ ᠡᠭᠦᠳᠬᠦ ᠲᠠᠯ᠎ᠠ ᠪᠠᠷ ᠰᠢᠪᠲᠤᠯᠤᠯᠲᠠ ᠲᠠᠢ ᠪᠣᠯᠭᠠᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ᠂ ᠦᠷ᠎ᠡ ᠪᠦᠲᠦᠭᠡᠯ ᠤᠨ ᠤᠯᠠᠷᠢᠭᠤᠯᠤᠨ ᠪᠣᠳᠠᠲᠠᠶᠢᠵᠢᠭᠤᠯᠬᠤ ᠶᠢ ᠲᠦᠷᠭᠡᠳᠬᠡᠨ᠎ᠡ᠃ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠬᠡᠭᠡᠯᠲᠦᠭᠦᠯᠭᠡ ᠶᠢᠨ ᠥᠷᠲᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠰᠠᠶᠢᠨ ᠡᠭᠦᠯᠳᠡᠷ ᠰᠠᠶᠢᠨ ᠠᠷᠭ᠎ᠠ ᠶᠢ ᠰᠢᠭᠤᠳ ᠡᠷᠦᠬᠡ ᠳᠤ ᠬᠦᠷᠲᠡᠯ᠎ᠡ ᠳᠡᠯᠭᠡᠷᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠠᠪᠤ︶ ᠦᠷ᠎ᠡ ᠡᠭᠦᠯᠳᠡᠷ ᠤᠨ ᠦᠢᠯᠡᠰ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃      13. ᠦᠷ᠎ᠡ ᠡᠭᠦᠯᠳᠡᠷ ᠤᠨ ᠦᠢᠯᠡᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠦᠷ᠎ᠡ ᠡᠭᠦᠯᠳᠡᠷ ᠤᠨ ᠦᠢᠯᠡᠰ ᠤᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠥᠬᠦᠴᠡᠯ ᠪᠠ ᠪᠠᠷᠢᠮᠵᠢᠶ᠎ᠠ ᠶᠢ ᠴᠢᠩᠭᠠᠷᠠᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠬᠢᠨᠠᠨ ᠣᠯᠭᠤᠵᠣ᠂ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠭᠰᠠᠨ ᠤ ᠳᠠᠷᠠᠭᠠᠬᠢ ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠠᠶᠢᠨ ᠡᠭᠦᠯᠳᠡᠷ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠲᠣᠭᠲᠠᠴᠠ ᠶᠢ ᠪᠦᠷᠢᠨᠰᠢᠭᠦᠯᠦᠨ᠂ ᠬᠢᠨᠠᠭᠠᠳᠤᠶ ᠪᠠᠷ ᠤᠷᠢᠳ ᠢᠶᠠᠷ ᠳᠡᠯᠭᠡᠷᠡᠭᠦᠯᠬᠦ᠂ ᠦᠨᠡᠮᠯᠡᠯ ᠦᠭᠡᠢ ᠪᠠᠷ ᠦᠢᠯᠡᠳᠪᠦᠷᠢᠯᠡᠬᠦ᠂ ᠨᠡᠷᠡᠲᠦ ᠲᠡᠮᠲᠡᠭ ᠲᠣᠬᠤᠵᠤ ᠬᠡᠷᠡᠭᠯᠡᠨ ᠡᠷᠬᠡ ᠳᠤ ᠬᠠᠯᠳᠠᠬᠤ ᠪᠠ ᠬᠠᠭᠤᠷᠮᠠᠭ ᠮᠠᠭᠤ ᠦᠷ᠎ᠡ᠂ ᠦᠷ᠎ᠡ ᠶᠢᠨ ᠴᠢᠬᠢ᠂ ᠡᠭᠦᠯᠳᠡᠷ ᠤᠨ ᠮᠠᠯ ᠵᠢᠭᠦᠷᠲᠡᠨ ᠢ ᠪᠤᠶᠢᠵᠢᠭᠤᠯᠵᠤ ᠪᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃ ︽ᠬᠤᠶᠠᠷ ᠢ ᠰᠤᠭᠤᠴᠢᠬᠤ᠂ ᠨᠢᠭᠡ ᠶᠢ ᠢᠯᠡ ᠪᠣᠯᠭᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠠᠶᠢᠴᠠᠭᠠᠬᠤ ᠪᠠ ᠴᠣᠬᠢᠯᠲᠠ ᠥᠭᠴᠦ ᠬᠤᠯᠪᠣᠭᠠᠯᠠᠨ ᠬᠥᠳᠡᠯᠦᠯᠴᠡᠬᠦ ᠶᠢ ᠴᠢᠩᠭᠠᠷᠠᠭᠤᠯᠤᠨ᠂ ᠱᠠᠲᠤ ᠬᠤᠪᠢᠶᠠᠨ ᠬᠠᠷᠢᠭᠤᠴᠠᠬᠤ ᠶᠢ ᠪᠠᠷᠢᠮᠲᠠᠯᠠᠵᠤ᠂ ᠬᠠᠷᠢᠶ᠎ᠠ ᠭᠠᠵᠠᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠨ᠎ᠠ᠃ ᠬᠢᠨᠠᠯᠲᠠ ᠬᠠᠮᠢᠶᠠᠷᠤᠯᠲᠠ ᠶᠢᠨ ᠭᠤᠤᠯᠳᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠬᠠᠷᠠᠯᠲᠠ ᠪᠠᠨ ᠬᠡᠮᠵᠢᠶᠡᠵᠢᠭᠦᠯᠦᠨ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠨ ᠲᠣᠷᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠭᠤᠤᠯᠳᠠᠯᠭ᠎ᠠ ᠲᠠᠢ ᠭᠠᠵᠠᠷ ᠣᠷᠣᠨ᠂ ᠵᠠᠩᠭᠢᠯᠠᠭ᠎ᠠ ᠶᠢᠨ ᠳᠥᠷᠰᠥ᠂ ᠴᠢᠬᠤᠯᠠ ᠭᠤᠭᠴᠤᠭ᠎ᠠ᠂ ᠴᠢᠬᠤᠯᠠ ᠬᠡᠷᠡᠭ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠪᠣᠯᠭᠠᠨ᠎ᠠ᠃ ᠮᠠᠯ ᠵᠢᠭᠦᠷᠲᠡᠨ ᠤ ᠡᠭᠦᠯᠳᠡᠷ ᠴᠢᠨᠠᠷ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠳᠠᠯ ᠬᠠᠭᠤᠷᠮᠠᠭ ᠴᠢᠨᠠᠷ ᠮᠠᠭᠤ ᠡᠭᠦᠯᠳᠡᠷ ᠤᠨ ᠮᠠᠯ᠂ ᠢᠴᠢᠭᠡᠯ ᠦᠷ᠎ᠡ᠂ ᠬᠦᠪᠦᠷᠡᠯ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      14. ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠪᠤᠷ ᠨᠠᠮᠤᠷ ᠤᠨ ᠤᠯᠠᠷᠢᠯ ᠤᠨ ᠵᠠᠩᠭᠢᠯᠠᠭ᠎ᠠ ᠶᠢᠨ ᠴᠠᠭ ᠦᠶ᠎ᠡ ᠳᠤ ᠦᠷ᠎ᠡ ᠶᠢᠨ ᠵᠠᠬ᠎ᠠ ᠳᠡᠯᠭᠡᠭᠦᠷ ᠤᠨ ᠲᠤᠰᠬᠠᠶ ᠪᠠᠶᠢᠴᠠᠭᠠᠯᠲᠠ ᠶᠢ ᠦᠷᠨᠢᠭᠦᠯᠦᠨ᠂ ᠡᠭᠦᠯᠳᠡᠷ ᠤᠨ ᠡᠷᠬᠡᠲᠦ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠨᠢ ᠦᠨᠡᠨ ᠬᠦ ᠪᠠᠲᠤᠯᠠᠬᠤ ᠬᠡᠷᠡᠭᠲᠡᠶ᠃ ᠡᠭᠦᠯᠳᠡᠷ ᠤᠨ ᠬᠢᠨᠠᠨ ᠪᠠᠶᠢᠴᠠᠭᠠᠬᠤ ᠳᠦᠷᠢᠮ ᠢ ᠴᠢᠩᠭᠠᠳᠬᠠᠵᠤ᠂ ᠬᠢᠨᠠᠨ ᠪᠠᠶᠢᠴᠠᠭᠠᠵᠤ ᠬᠦᠯᠢᠶᠡᠨ ᠠᠪᠴᠤ ᠰᠢᠢᠳᠪᠦᠷᠢᠯᠡᠬᠦ ᠴᠤᠪᠤᠷᠠᠯ ᠢ ᠰᠢᠯᠢᠳᠡᠭᠵᠢᠭᠦᠯᠦᠨ᠂ ᠭᠤᠤᠯ ᠪᠣᠯᠬᠤ ᠲᠠᠷᠢᠮᠠᠯ ᠤᠨ ᠰᠢᠨ᠎ᠡ ᠦᠷ᠎ᠡ ᠡᠭᠦᠯᠳᠡᠷ ᠢ ᠬᠢᠨᠠᠨ ᠲᠣᠭᠲᠠᠭᠠᠬᠤ ᠭᠤᠭᠴᠤᠭ᠎ᠠ ᠪᠠ ᠭᠤᠤᠯ ᠪᠤᠰᠤ ᠲᠠᠷᠢᠮᠠᠯ ᠢ ᠳᠠᠩᠰᠠᠯᠠᠨ ᠲᠡᠮᠲᠡᠭᠯᠡᠬᠦ ᠭᠤᠭᠴᠤᠭ᠎ᠠ ᠳᠤ ᠤᠭ ᠡᠬᠡ ᠶᠢ ᠨᠢ ᠴᠢᠩᠭ᠎ᠠ ᠬᠢᠨᠠᠨ ᠲᠣᠭᠲᠠᠭᠠᠬᠤ ᠪᠠ ᠬᠢᠨᠠᠨ ᠪᠠᠶᠢᠴᠠᠭᠠᠵᠤ᠂ ᠵᠥᠪᠰᠢᠶᠡᠷᠡᠨ ᠣᠷᠤᠭᠤᠯᠬᠤ ᠠᠵᠢᠯ ᠢ ᠴᠢᠩᠭ᠎ᠠ ᠠᠳᠬᠤᠬᠤ ᠬᠡᠷᠡᠭᠲᠡᠶ᠃ ᠡᠷᠬᠡ ᠠᠰᠢᠭ ᠢᠶᠠᠨ ᠬᠠᠮᠠᠭᠠᠯᠠᠬᠤ ᠬᠡᠷᠡᠭ ᠢ ᠰᠢᠢᠳᠪᠦᠷᠢᠯᠡᠬᠦ ᠠᠵᠢᠯ ᠢᠶᠠᠨ ᠢᠳᠡᠪᠬᠢᠲᠡᠢ ᠰᠠᠶᠢᠲᠤᠷ ᠬᠢᠵᠦ᠂ ᠬᠡᠷᠡᠭ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠭᠤᠤᠯᠳᠠᠯᠭ᠎ᠠ ᠲᠠᠢ ᠲᠠᠷᠢᠮᠠᠯ᠂ ᠭᠤᠤᠯᠳᠠᠯᠭ᠎ᠠ ᠲᠠᠢ ᠡᠭᠦᠯᠳᠡᠷ ᠤᠨ ᠲᠠᠯ᠎ᠠ ᠳᠠᠬᠢ ᠡᠷᠬᠡ ᠠᠰᠢᠭ ᠢᠶᠠᠨ ᠬᠠᠮᠠᠭᠠᠯᠠᠬᠤ ᠲᠤᠷᠰᠢᠯᠲᠠ ᠶᠢᠨ ᠴᠡᠭ ᠢ ᠥᠷᠨᠢᠭᠦᠯᠵᠦ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠯᠦᠭᠡ ᠶᠢᠨ ᠡᠷᠬᠡ ᠠᠰᠢᠭ ᠢ ᠬᠠᠮᠠᠭᠠᠯᠠᠬᠤ ᠲᠠᠯ᠎ᠠ ᠶᠢᠨ ᠬᠠᠮᠵᠢᠯᠴᠠᠭ᠎ᠠ ᠪᠠᠨ ᠴᠢᠩᠭᠠᠳᠬᠠᠨ᠂ ᠤᠷᠭᠤᠮᠠᠯ ᠤᠨ ᠰᠢᠨ᠎ᠡ ᠦᠷ᠎ᠡ ᠡᠭᠦᠯᠳᠡᠷ ᠤᠨ ᠡᠵᠡᠮᠰᠢᠬᠦ ᠡᠷᠬᠡ ᠶᠢ ᠬᠠᠮᠠᠭᠠᠯᠠᠬᠤ ᠪᠦᠲᠦᠮᠵᠢᠲᠡᠶ ᠠᠷᠭ᠎ᠠ ᠮᠠᠶ᠋ᠢᠭ ᠢ ᠬᠠᠶᠢᠨ ᠰᠦᠪᠡᠭᠴᠢᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      15. ᠡᠭᠦᠯᠳᠡᠷ ᠤᠨ ᠦᠨᠡᠯᠡᠬᠦ ᠲᠤᠬᠲᠠᠯᠴᠠᠭ᠎ᠠ ᠶᠢ ᠪᠠᠶᠢᠭᠤᠯᠤᠨ᠎ᠠ᠃ ᠪᠦᠬᠦ ᠣᠷᠣᠨ ᠤ ᠲᠤᠷᠰᠢᠯᠲᠠ ᠶᠢᠨ ᠡᠭᠦᠷᠭᠡ ᠶᠢ ᠡᠭᠦᠷᠭᠡᠯᠡᠵᠦ ᠪᠦᠬᠦᠢ 70 ᠭᠠᠷᠤᠶ ᠲᠤᠷᠰᠢᠯᠲᠠ ᠶᠢᠨ ᠴᠡᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠪᠣᠷᠣᠲᠣᠬᠤᠶ — ᠲᠦᠮᠡᠳ ᠤᠨ ᠲᠠᠯ᠎ᠠ ᠭᠠᠵᠠᠷ᠂ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ᠂ ᠶᠡᠭᠡ ᠬᠢᠩᠭᠠᠨ ᠳᠠᠪᠠᠭ᠎ᠠ ᠶᠢᠨ ᠬᠤᠷᠮᠣᠶ ᠳᠠᠭᠠᠤ ᠭᠠᠵᠠᠷ᠂ ᠮᠤᠨᠢ ᠠᠭᠤᠯᠠ ᠶᠢᠨ ᠠᠷᠤ ᠬᠤᠷᠮᠣᠶ ᠵᠡᠷᠭᠡ 4 ᠶᠡᠷᠦᠩᠬᠡᠶᠢᠯᠡᠭᠰᠡᠨ ᠣᠷᠣᠨ ᠪᠦᠰᠡ ᠶᠢᠨ ᠲᠤᠷᠰᠢᠯᠲᠠ ᠶᠢᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠡᠷᠳᠡᠨᠢ ᠰᠢᠰᠢ᠂ ᠨᠡᠷᠡᠨ ᠬᠤᠸᠠᠷ᠂ ᠰᠢᠷ᠎ᠠ ᠪᠤᠷᠴᠠᠭ᠂ ᠪᠣᠭᠤᠳᠠᠶ ᠶᠢᠨ ᠲᠡᠰᠪᠦᠷᠢᠯᠡᠬᠦ ᠴᠢᠨᠠᠷ ᠢ ᠬᠢᠨᠠᠨ ᠲᠣᠭᠲᠠᠭᠠᠬᠤ ᠥᠷᠲᠡᠭᠡ ᠶᠢ ᠣᠷᠣᠨ ᠪᠦᠰᠡ ᠬᠤᠪᠢᠶᠠᠨ ᠲᠥᠯᠥᠪᠵᠢᠭᠦᠯᠦᠨ ᠪᠠᠶᠢᠭᠤᠯᠤᠨ᠎ᠠ᠃ ᠡᠪᠡᠰᠦᠨ ᠤ ᠡᠭᠦᠯᠳᠡᠷ ᠤᠨ ᠣᠷᠣᠨ ᠪᠦᠰᠡ ᠶᠢᠨ ᠲᠤᠷᠰᠢᠯᠲᠠ ᠶᠢᠨ ᠥᠷᠲᠡᠭᠡ ᠶᠢ 5 ᠳᠦᠬᠦᠷᠵᠢᠭᠦᠯᠦᠨ ᠲᠡᠭᠦᠯᠳᠡᠷᠵᠢᠭᠦᠯᠵᠦ᠂ ᠡᠪᠡᠰᠦᠨ ᠤ ᠡᠭᠦᠯᠳᠡᠷ ᠤᠨ ᠣᠷᠣᠨ ᠪᠦᠰᠡ ᠶᠢᠨ ᠲᠤᠷᠰᠢᠯᠲᠠ ᠬᠢᠬᠦ᠂ ᠦᠨᠡᠯᠡᠯᠲᠡ ᠬᠢᠵᠦ ᠬᠢᠨᠠᠨ ᠲᠣᠭᠲᠠᠭᠠᠬᠤ ᠪᠠ ᠰᠢᠨ᠎ᠡ ᠡᠭᠦᠯᠳᠡᠷ ᠢ ᠳᠡᠯᠭᠡᠨ ᠦᠵᠡᠭᠦᠯᠬᠦ ᠠᠵᠢᠯ ᠢ ᠥᠷᠨᠢᠭᠦᠯᠦᠨ᠎ᠡ᠃ ᠰᠢᠨ᠎ᠡ ᠡᠭᠦᠯᠳᠡᠷ ᠢ ᠳᠡᠯᠭᠡᠨ ᠦᠵᠡᠭᠦᠯᠬᠦ 20 ᠵᠢᠱᠢᠶ᠎ᠡ ᠦᠵᠡᠭᠦᠯᠬᠦ ᠴᠡᠭ ᠢ ᠪᠠᠶᠢᠭᠤᠯᠵᠤ᠂ ᠮᠥᠷᠳᠡᠨ ᠳᠠᠭᠠᠵᠤ ᠦᠨᠡᠯᠡᠬᠦ ᠵᠢᠴᠢ ᠮᠡᠳᠡᠭᠡ ᠵᠠᠩᠭᠢ ᠶᠢᠨ ᠳ᠋ᠡᠶᠢᠲ᠋ᠠ ᠴᠤᠭᠯᠠᠭᠤᠯᠬᠤ ᠲᠥᠪ ᠢ 5 ᠪᠠᠶᠢᠭᠤᠯᠤᠨ᠎ᠠ᠃ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠪᠠᠷ ᠭᠤᠤᠯ ᠪᠣᠯᠭᠠᠭᠰᠠᠨ᠂ ᠡᠭᠦᠯᠳᠡᠷ ᠤᠨ ᠣᠨᠴᠠᠭᠠᠢ ᠴᠢᠨᠠᠷ ᠢ ᠬᠢᠨᠠᠨ ᠲᠣᠭᠲᠠᠭᠠᠵᠤ ᠵᠥᠪᠰᠢᠶᠡᠷᠡᠨ ᠣᠷᠣᠭᠤᠯᠬᠤ᠂ ᠮᠥᠷᠳᠡᠨ ᠳᠠᠭᠠᠵᠤ ᠦᠨᠡᠯᠡᠬᠦ ᠪᠠ ᠵᠢᠱᠢᠶ᠎ᠡ ᠦᠵᠡᠭᠦᠯᠵᠦ ᠳᠡᠯᠭᠡᠷᠡᠭᠦᠯᠬᠦ ᠶᠢ ᠣᠷᠭᠠᠨᠢᠭ ᠢᠶᠠᠷ ᠤᠶᠠᠯᠳᠤᠭᠤᠯᠤᠭᠰᠠᠨ ᠰᠢᠨ᠎ᠡ ᠬᠡᠯᠪᠡᠷᠢ ᠶᠢᠨ ᠡᠭᠦᠯᠳᠡᠷ ᠤᠨ ᠦᠨᠡᠯᠡᠨ ᠬᠠᠮᠢᠶᠠᠷᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      16. ᠭᠡᠷᠡᠴᠢᠯᠡᠵᠦ ᠪᠠᠶᠢᠴᠠᠭᠠᠨ ᠬᠡᠮᠵᠢᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠷ᠎ᠡ ᠶᠢᠨ ᠶᠠᠰᠤ ᠴᠢᠨᠠᠷ ᠢ ᠭᠡᠷᠡᠴᠢᠯᠡᠬᠦ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠦᠢᠯᠡᠳᠪᠦᠷᠢᠯᠡᠯ ᠤᠨ ᠶᠠᠪᠤᠴᠠ ᠳᠠᠬᠢ ᠠᠵᠤ ᠠᠬᠤᠶᠢᠯᠠᠯ ᠤᠨ ᠬᠠᠮᠢᠶᠠᠷᠤᠯᠲᠠ ᠪᠣᠯᠤᠨ ᠦᠢᠯᠡᠳᠬᠦᠨ ᠤ ᠶᠠᠰᠤ ᠴᠢᠨᠠᠷ ᠤᠨ ᠮᠦᠷᠳᠡᠨ ᠤᠬᠤᠴᠢᠯᠠᠵᠤ ᠪᠣᠯᠬᠤᠶᠢᠴᠠ ᠴᠢᠨᠠᠷ ᠢ ᠴᠢᠩᠭᠠᠳᠬᠠᠨ᠂ ᠠᠵᠤ ᠠᠬᠤᠶᠢᠯᠠᠯ ᠤᠨ ᠶᠠᠰᠤ ᠴᠢᠨᠠᠷ ᠤᠨ ᠤᠬᠠᠮᠰᠠᠷ ᠢ ᠨᠢ ᠳᠡᠭᠡᠭᠰᠢᠯᠡᠭᠦᠯᠵᠦ᠂ ᠭᠡᠷᠡᠴᠢᠯᠡᠬᠦ ᠳᠦᠷᠢᠮ ᠢ ᠠᠵᠤ ᠠᠬᠤᠶᠢᠯᠠᠯ ᠤᠨ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠤᠨ᠎ᠠ᠃ ᠡᠯ᠎ᠡ ᠭᠠᠵᠠᠷ ᠣᠷᠣᠨ ᠤ ᠳᠠᠪᠠᠭᠤᠯᠢᠭ ᠪᠣᠯᠬᠤ ᠲᠠᠷᠢᠮᠠᠯ ᠤᠨ ᠡᠭᠦᠯᠳᠡᠷ ᠤᠨ ᠳᠡᠰ ᠳᠡᠪᠰᠢᠬᠦ ᠲᠠᠢ ᠤᠶᠠᠯᠳᠤᠭᠤᠯᠤᠨ᠂ ᠲᠠᠷᠢᠮᠠᠯ ᠤᠨ ᠦᠷ᠎ᠡ ᠶᠢᠨ ᠶᠠᠰᠤ ᠴᠢᠨᠠᠷ ᠤᠨ ᠪᠠᠶᠢᠴᠠᠭᠠᠨ ᠰᠢᠯᠭᠠᠬᠤ ᠲᠥᠪ ᠢ ᠥᠷᠭᠡᠳᠬᠡᠨ ᠪᠠᠶᠢᠭᠤᠯᠤᠨ᠎ᠠ᠃ ᠪᠦᠬᠦ ᠣᠷᠣᠨ ᠤ ᠠᠮᠤ ᠪᠤᠳᠠᠭᠠᠨ ᠤ ᠭᠤᠤᠯ ᠭᠠᠷᠤᠯᠲᠠ ᠶᠢᠨ ᠣᠷᠣᠨ ᠳᠤ ᠬᠤᠰᠢᠭᠤ ᠰᠢᠶᠠᠨ ᠤ ᠲᠡᠰ ᠤᠨ ᠦᠷ᠎ᠡ ᠶᠢᠨ ᠶᠠᠰᠤ ᠴᠢᠨᠠᠷ ᠤᠨ ᠪᠠᠷᠢᠮᠵᠢᠶᠠᠵᠢᠭᠤᠯᠤᠭᠰᠠᠨ ᠰᠢᠯᠭᠠᠨ ᠪᠠᠶᠢᠴᠠᠭᠠᠬᠤ ᠲᠠᠰᠤᠭ ᠢ ᠰᠢᠨ᠎ᠡ ᠪᠠᠷ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠡᠰ ᠤᠨ ᠣᠢ ᠮᠣᠳᠣᠨ ᠤ ᠦᠷ᠎ᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠨ ᠰᠢᠯᠭᠠᠬᠤ ᠲᠥᠪ ᠢ 1᠂ ᠠᠶᠢᠮᠠᠭ ᠬᠤᠲᠠ ᠶᠢᠨ ᠲᠡᠰ ᠤᠨ ᠣᠢ ᠮᠣᠳᠣᠨ ᠤ ᠦᠷ᠎ᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠨ ᠰᠢᠯᠭᠠᠬᠤ ᠥᠷᠲᠡᠭᠡ ᠶᠢ 12᠂ ᠬᠤᠰᠢᠭᠤ ᠰᠢᠶᠠᠨ ᠤ ᠲᠡᠰ ᠤᠨ ᠣᠢ ᠮᠣᠳᠣᠨ ᠤ ᠦᠷ᠎ᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠨ ᠰᠢᠯᠭᠠᠬᠤ ᠥᠷᠲᠡᠭᠡ ᠶᠢ 55 ᠪᠠᠶᠢᠭᠤᠯᠤᠨ᠎ᠠ᠂ ᠥᠪᠡᠷᠲᠡᠭᠡᠨ ᠵᠠᠰᠠᠬᠤ ᠣᠷᠣᠨ ᠤ ᠲᠡᠰ ᠤᠨ ᠡᠪᠡᠰᠦᠨ ᠤ ᠦᠷ᠎ᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠨ ᠰᠢᠯᠭᠠᠬᠤ ᠲᠥᠪ ᠢ 1᠂ ᠠᠶᠢᠮᠠᠭ ᠬᠤᠲᠠ ᠶᠢᠨ ᠲᠡᠰ ᠤᠨ ᠡᠪᠡᠰᠦᠨ ᠤ ᠦᠷ᠎ᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠨ ᠰᠢᠯᠭᠠᠬᠤ ᠥᠷᠲᠡᠭᠡ ᠶᠢ 12 ᠪᠠᠶᠢᠭᠤᠯᠤᠨ᠎ᠠ᠂ ᠣᠢ ᠮᠣᠳᠣ ᠡᠪᠡᠰᠦᠨ ᠤ ᠦᠷ᠎ᠡ ᠶᠢᠨ ᠶᠠᠰᠤ ᠴᠢᠨᠠᠷ ᠢ ᠭᠡᠷᠡᠴᠢᠯᠡᠵᠦ ᠮᠥᠷᠳᠡᠨ ᠤᠬᠤᠴᠢᠯᠠᠬᠤ ᠲᠥᠪ ᠢ 1 ᠪᠦᠲᠦᠭᠡᠨ ᠪᠠᠶᠢᠭᠤᠯᠤᠨ᠎ᠠ᠃ ᠲᠠᠷᠢᠶᠠᠯᠠᠩ ᠣᠢ ᠰᠢᠭᠤᠶ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠬᠡᠷᠡᠭᠯᠡᠬᠦ ᠡᠭᠦᠯᠳᠡᠷ ᠤᠨ ᠠᠮᠦᠷ ᠲᠦᠪᠰᠢᠨ᠂ ᠶᠠᠰᠤ ᠴᠢᠨᠠᠷ ᠤᠨ ᠠᠮᠦᠷ ᠲᠦᠪᠰᠢᠨ ᠪᠠ ᠬᠠᠩᠭᠠᠯᠭ᠎ᠠ ᠶᠢᠨ ᠠᠮᠦᠷ ᠲᠦᠪᠰᠢᠨ ᠢ ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠦᠷ᠎ᠡ ᠡᠭᠦᠯᠳᠡᠷ ᠤᠨ ᠦᠢᠯᠡᠰ ᠢ ᠳᠡᠭᠡᠭᠰᠢᠯᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡᠳᠦᠯᠲᠡᠶ ᠤᠳᠤᠷᠢᠳᠬᠤ᠂ ᠠᠵᠢᠯ ᠬᠤᠪᠢᠶᠠᠨ ᠬᠠᠷᠢᠭᠤᠴᠠᠬᠤ᠂ ᠬᠦᠴᠦ ᠪᠠᠨ ᠬᠠᠮᠲᠤᠳᠬᠠᠨ ᠠᠬᠢᠭᠤᠯᠬᠤ ᠠᠵᠢᠯ ᠤᠨ ᠲᠣᠭᠲᠠᠴᠠ ᠶᠢ ᠪᠦᠷᠢᠯᠳᠦᠭᠦᠯᠦᠨ᠂ ᠦᠷ᠎ᠡ ᠡᠭᠦᠯᠳᠡᠷ ᠤᠨ ᠦᠢᠯᠡᠰ ᠤᠨ ᠬᠥᠭᠵᠢᠯᠲᠡ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠦᠷ᠎ᠡ ᠡᠭᠦᠯᠳᠡᠷ ᠤᠨ ᠦᠢᠯᠡᠰ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠳᠣᠪᠤᠶᠢᠮ᠎ᠠ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ ᠰᠢᠢᠳᠪᠦᠷᠢᠯᠡᠬᠦ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠦᠷ᠎ᠡ ᠡᠭᠦᠯᠳᠡᠷ ᠤᠨ ᠦᠢᠯᠡᠰ ᠤᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠦᠷ᠎ᠡ ᠡᠭᠦᠯᠳᠡᠷ ᠤᠨ ᠦᠢᠯᠡᠰ ᠤᠨ ᠬᠥᠭᠵᠢᠯᠲᠡ ᠳᠤ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠨ᠂ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠨᠢ ᠴᠢᠨᠠᠷᠵᠢᠭᠤᠨ ᠪᠦᠭᠡᠳ ᠲᠤᠭ᠎ᠠ ᠬᠡᠮᠵᠢᠶ᠎ᠡ ᠪᠠᠷ ᠨᠢ ᠪᠡᠶᠡᠯᠡᠭᠦᠯᠬᠦ ᠶᠢ ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠦᠷ᠎ᠡ ᠡᠭᠦᠯᠳᠡᠷ ᠤᠨ ᠦᠢᠯᠡᠰ ᠢ ᠳᠡᠭᠡᠭᠰᠢᠯᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠬᠠᠷᠢᠭᠤᠴᠠᠨ᠎ᠠ︶      ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠲᠡᠭᠦᠯᠳᠡᠷᠵᠢᠭᠦᠯᠦᠨ᠎ᠡ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠣᠳᠣ ᠶᠢᠨ ᠪᠠᠶᠢᠭ᠎ᠠ ᠲᠤᠰᠬᠠᠶ ᠪᠡᠯᠡ ᠮᠥᠩᠭᠦ ᠪᠠ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠨᠡᠶᠢᠯᠡᠭᠦᠯᠵᠦ᠂ ᠦᠷ᠎ᠡ ᠡᠭᠦᠯᠳᠡᠷ ᠤᠨ ᠦᠢᠯᠡᠰ ᠤᠨ ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠦᠷ᠎ᠡ ᠡᠭᠦᠯᠳᠡᠷ ᠤᠨ ᠦᠢᠯᠡᠰ ᠤᠨ ᠬᠥᠭᠵᠢᠯᠲᠡ ᠶᠢ ᠥᠪᠡᠷᠲᠡᠭᠡᠨ ᠵᠠᠰᠠᠬᠤ ᠣᠷᠣᠨ ᠤ ᠣᠳᠣ ᠶᠢᠨ ᠪᠠᠶᠢᠭ᠎ᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠳᠡᠮᠵᠢᠬᠦ ᠬᠡᠪᠴᠢᠶᠡᠨ ᠳᠤ ᠣᠷᠣᠭᠤᠯᠬᠤ ᠶᠢ ᠴᠠᠭ ᠲᠤ ᠨᠢ ᠲᠤᠬᠢᠷᠠᠭᠤᠯᠤᠨ ᠪᠣᠳᠣᠯᠬᠢᠯᠠᠵᠤ᠂ ᠨᠡᠶᠢᠭᠡᠮ ᠤᠨ ᠬᠥᠷᠥᠩᠭᠡ ᠶᠢ ᠲᠠᠲᠠᠵᠤ ᠦᠷ᠎ᠡ ᠡᠭᠦᠯᠳᠡᠷ ᠤᠨ ᠦᠢᠯᠡᠰ ᠢ ᠪᠦᠲᠦᠭᠡᠨ ᠪᠠᠶᠢᠭᠤᠯᠵᠤ ᠬᠦᠭᠵᠢᠭᠦᠯᠬᠦ ᠳᠤ ᠣᠷᠣᠯᠴᠠᠭᠤᠯᠤᠨ᠎ᠠ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠣᠳᠣ ᠶᠢᠨ ᠬᠡᠷᠡᠭᠵᠢᠭᠦᠯᠵᠦ ᠪᠠᠶᠢᠭ᠎ᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠴᠢᠭᠯᠡᠯ ᠳᠤ ᠨᠡᠶᠢᠴᠡᠭᠰᠡᠨ ᠲᠥᠷᠥᠯ ᠵᠦᠢᠯ ᠳᠤ ᠳᠡᠮᠵᠢᠯᠭᠡ ᠦᠵᠡᠭᠦᠯᠬᠦ ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ ᠨᠢ ᠦᠷ᠎ᠡ ᠡᠭᠦᠯᠳᠡᠷ ᠤᠨ ᠦᠢᠯᠡᠰ ᠤᠨ ᠰᠢᠨ᠎ᠡ ᠶᠢ ᠡᠭᠦᠳᠬᠦ ᠢᠨᠵᠧᠨᠧᠷᠢᠩ ᠢ ᠭᠤᠤᠯᠳᠠᠯᠭ᠎ᠠ ᠲᠠᠢ ᠳᠡᠮᠵᠢᠵᠦ᠂ ᠦᠷ᠎ᠡ ᠡᠭᠦᠯᠳᠡᠷ ᠤᠨ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠬᠤ ᠬᠡᠷᠡᠭᠲᠡᠶ᠃ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠡᠭᠦᠯᠳᠡᠷ ᠴᠢᠨᠠᠷ ᠤᠨ ᠡᠬᠢ ᠪᠠᠶᠠᠯᠢᠭ ᠤᠨ ᠬᠥᠮᠥᠷᠭᠡ᠂ ᠰᠠᠶᠢᠨ ᠡᠭᠦᠯᠳᠡᠷ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ᠂ ᠦᠷ᠎ᠡ ᠡᠭᠦᠯᠳᠡᠷ ᠬᠠᠮᠠᠭᠠᠯᠠᠬᠤ ᠲᠠᠯᠠᠪᠠᠢ ᠪᠠ ᠡᠭᠦᠯᠳᠡᠷ ᠪᠤᠶᠢᠵᠢᠭᠤᠯᠬᠤ ᠭᠤᠣᠯᠯᠠᠭᠴᠢ ᠲᠠᠯᠠᠪᠠᠢ ᠶᠢ ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠵᠦ ᠥᠷᠭᠡᠳᠬᠡᠨ ᠪᠠᠶᠢᠭᠤᠯᠬᠤ ᠳᠤ ᠬᠡᠷᠡᠭᠯᠡᠬᠦ ᠭᠠᠵᠠᠷ ᠢ ᠪᠠᠲᠤᠯᠠᠬᠤ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠡᠭᠦᠷᠭᠡ ᠶᠢᠨ ᠨᠠᠷᠢᠨ ᠬᠠᠭᠤᠳᠠᠰᠤ ᠪᠠᠨ ᠡᠮᠬᠢᠯᠡᠨ ᠲᠢᠭᠯᠡᠵᠦ᠂ ᠢᠳᠡᠪᠬᠢᠲᠡᠶ ᠵᠣᠬᠢᠴᠠᠯᠳᠤᠭᠤᠯᠤᠨ ᠬᠠᠮᠵᠢᠯᠴᠠᠵᠤ᠂ ᠡᠯ᠎ᠡ ᠵᠦᠢᠯ ᠤᠨ ᠡᠭᠦᠷᠭᠡ ᠪᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠦᠨᠡᠯᠡᠵᠦ ᠰᠢᠯᠭᠠᠨ ᠬᠢᠨᠠᠬᠤ ᠶᠢ ᠴᠢᠩᠭᠠᠳᠬᠠᠨ᠎ᠠ᠃ ᠠᠵᠢᠯᠯᠠᠭᠠᠨ ᠤ ᠲᠥᠰᠦᠯ ᠢ ᠦᠨᠡᠯᠡᠵᠦ ᠬᠢᠨᠠᠨ ᠰᠢᠯᠭᠠᠬᠤ ᠶᠢ ᠴᠢᠩᠭᠠᠷᠠᠭᠤᠯᠵᠤ᠂ ᠦᠷ᠎ᠡ ᠡᠭᠦᠯᠳᠡᠷ ᠤᠨ ᠦᠢᠯᠡᠰ ᠢ ᠬᠥᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ ᠬᠠᠷᠠᠯᠲᠠ ᠪᠠ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠦᠨᠡᠯᠡᠨ ᠰᠢᠯᠭᠠᠬᠤ ᠭᠦᠢᠴᠡᠳᠭᠡᠯ ᠲᠣᠭᠠᠨ ᠤ ᠲᠣᠭᠲᠠᠯᠴᠠᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠶᠢᠨ ᠬᠠᠮᠲᠤ᠂ ᠰᠢᠯᠭᠠᠨ ᠬᠢᠨᠠᠬᠤ ᠶᠢ ᠨᠡᠪᠲᠡᠷᠡᠭᠦᠯᠦᠨ ᠮᠡᠳᠡᠭᠡᠯᠡᠬᠦ ᠳᠦᠷᠢᠮ ᠢ ᠪᠠᠶᠢᠭᠤᠯᠤᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠠᠵᠢᠯ ᠢᠶᠠᠨ ᠠᠬᠢᠭᠤᠯᠤᠭᠰᠠᠨ ᠪᠠᠶᠢᠳᠠᠯ ᠢ ᠰᠢᠯᠭᠠᠨ ᠦᠨᠡᠯᠡᠵᠦ᠂ ᠦᠨᠡᠯᠡᠵᠦ ᠰᠢᠯᠭᠠᠨ ᠬᠢᠨᠠᠭᠰᠠᠨ ᠦᠷ᠎ᠡ ᠳ᠋ᠦᠩ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠦᠨ ᠮᠡᠳᠡᠭᠡᠯᠡᠵᠦ᠂ ᠲᠤᠰ ᠲᠥᠰᠦᠯ ᠤᠨ ᠪᠦᠲᠦᠮᠵᠢᠲᠡᠶ ᠨᠠᠶᠢᠳᠠᠪᠤᠷᠢᠵᠢᠭᠤᠯᠤᠭᠳᠠᠬᠤ ᠶᠢ ᠪᠠᠲᠤᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠦᠷ᠎ᠡ ᠡᠭᠦᠯᠳᠡᠷ ᠤᠨ ᠦᠢᠯᠡᠰ ᠢ ᠳᠡᠭᠡᠭᠰᠢᠯᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠬᠠᠷᠢᠭᠤᠴᠠᠨ᠎ᠠ︶      ᠳᠠᠭᠠᠯᠳᠤᠭᠤᠯᠤᠯ᠄ ᠦᠷ᠎ᠡ ᠡᠭᠦᠯᠳᠡᠷ ᠤᠨ ᠦᠢᠯᠡᠰ ᠢ ᠬᠥᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ᠤᠨ ᠡᠭᠦᠷᠭᠡ ᠶᠢᠨ ᠵᠠᠳᠠᠯᠤᠯᠲᠠ    http://mgl.nmg.gov.cn/Themes/MenkCms_Home/img/BigPC/1.jpg    http://mgl.nmg.gov.cn/Themes/MenkCms_Home/img/BigPC/2.jpg    http://mgl.nmg.gov.cn/Themes/MenkCms_Home/img/BigPC/3.jpg    http://mgl.nmg.gov.cn/Themes/MenkCms_Home/img/BigPC/4.jpg    http://mgl.nmg.gov.cn/Themes/MenkCms_Home/img/BigPC/5.jpg    http://mgl.nmg.gov.cn/Themes/MenkCms_Home/img/BigPC/6.jpg        ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号