— ᠲᠦᠪ ᠤᠨ ᠬᠦᠳᠡᠭᠡ ᠲᠤᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠠᠷᠢᠭᠤᠴᠠᠯᠭᠠᠳᠠᠨ | ︽ᠠᠮᠤ ᠪᠤᠳᠠᠭ᠎ᠠ ᠶᠢ ᠠᠷᠪᠢᠯᠠᠬᠤ ᠠᠵᠢᠯᠯᠠᠭᠠᠨ ᠤ ᠲᠦᠰᠦᠯ︾ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠳᠠ ᠶᠢ | ᠬᠠᠷᠢᠭᠤᠯᠪᠠ | ᠣᠶᠢᠷ᠎ᠠ ᠳᠤ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ︽ᠠᠮᠤ ᠪᠤᠳᠠᠭ᠎ᠠ ᠶᠢ ᠠᠷᠪᠢᠯᠠᠬᠤ ᠠᠵᠢᠯᠯᠠᠭᠠᠨ ᠤ ᠲᠥᠰᠦᠯ︾ ᠢ ᠳᠠᠷᠤᠮᠠᠯᠯᠠᠨ ᠲᠠᠷᠬᠠᠭᠠᠪᠠ᠃ | ᠶᠠᠭᠤᠨ ᠳᠤ ᠲᠤᠰ ᠲᠥᠰᠦᠯ ᠢ ᠭᠠᠷᠭᠠᠭᠰᠠᠨ ᠪᠤᠢ︖ ᠶᠠᠮᠠᠷ ᠶᠠᠮᠠᠷ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠶᠢ | ᠠᠪᠬᠤ ᠪᠤᠢ︖ ᠬᠡᠷᠬᠢᠨ ᠠᠮᠤ ᠪᠤᠳᠠᠭ᠎ᠠ ᠶᠢ ᠠᠷᠪᠢᠯᠠᠨ ᠬᠤᠷᠤᠭᠳᠠᠭᠤᠯᠤᠯ ᠢ ᠪᠠᠭᠠᠰᠭᠠᠬᠤ ᠪᠤᠢ︖ ᠲᠦᠪ ᠤᠨ | ᠬᠥᠳᠡᠭᠡ ᠲᠤᠰᠬᠤᠨ ᠤ ᠠᠵᠢᠯ ᠤᠨ ᠠᠯᠪᠠᠨ ᠬᠡᠷ ᠤᠨ ᠬᠠᠷᠢᠭᠤᠴᠠᠯᠭᠠᠲᠠᠨ ᠬᠤᠯᠪᠤᠭᠳᠠᠯ ᠪᠥᠬᠦᠶ ᠪᠠᠶᠢᠳᠠᠯ ᠤᠨ ᠲᠤᠬᠠᠶ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | ︽ᠦᠯᠦ ᠦᠵᠡᠭᠳᠡᠬᠦ ᠲᠠᠷᠢᠶ᠎ᠠ︾ ᠶᠢ ᠨᠡᠮᠡᠭᠳᠡᠭᠦᠯᠵᠦ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠨ᠎ᠠ | ᠠᠰᠠᠭᠤᠯᠲᠠ᠄ ᠶᠠᠮᠠᠷ ᠠᠬᠤᠢ ᠪᠠᠶᠢᠳᠠᠯ ᠲᠤᠤᠷ᠎ᠠ ︽ᠲᠦᠰᠦᠯ︾ ᠢ ᠨᠡᠶᠢᠲᠡᠯᠡᠭᠰᠡᠨ ᠪᠤᠢ︖ ︽ᠲᠦᠰᠦᠯ︾ ᠢ | ᠨᠡᠶᠢᠲᠡᠯᠡᠭᠰᠡᠨ ᠠᠴᠢ ᠬᠤᠯᠪᠤᠭᠳᠠᠯ ᠨᠢ ᠶᠠᠭᠤ ᠪᠣᠶ︖ | ᠬᠠᠷᠢᠭᠤᠯᠲᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠮᠤ | ᠪᠤᠳᠠᠭ᠎ᠠ ᠶᠢ ᠠᠷᠪᠢᠯᠠᠨ ᠬᠤᠷᠤᠭᠳᠠᠭᠤᠯᠤᠯ ᠢ ᠪᠠᠭᠠᠰᠬᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠢᠷᠡᠪᠡ᠃ | ᠣᠢᠷ᠎ᠠ ᠶᠢᠨ ᠵᠢᠯ ᠤᠨ ᠲᠤᠷᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠷᠪᠢᠯᠠᠨ ᠭᠠᠮᠨᠠᠬᠤ ᠶᠢ ᠡᠷᠬᠢᠮᠯᠡᠬᠦ᠂ | ᠢᠳᠡᠭᠡᠨ ᠢ ᠪᠦᠷᠢᠯᠭᠡᠨ ᠰᠦᠢᠳᠭᠡᠬᠦ ᠶᠢ ᠲᠡᠪᠴᠢᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠢᠳᠡᠪᠬᠢᠲᠡᠶ ᠦᠷ᠎ᠡ | ᠪᠦᠲᠦᠮᠵᠢ ᠤᠯᠵᠠᠢ᠃ ᠭᠡᠪᠡᠴᠦ ᠮᠠᠨ ᠤ ᠤᠯᠤᠰ ᠪᠣᠯ ᠳᠡᠯᠡᠬᠡᠢ ᠳᠡᠭᠡᠷᠡᠬᠢ ᠬᠠᠮᠤᠭ ᠤᠨ ᠶᠡᠭᠡ ᠠᠮᠤ ᠪᠤᠳᠠᠭᠠᠨ ᠤ | ᠦᠢᠯᠡᠳᠪᠦᠷᠢᠯᠡᠯ ᠤᠨ ᠤᠯᠤᠰ ᠪᠠ ᠠᠮᠤ ᠪᠤᠳᠠᠭᠠᠨ ᠤ ᠬᠡᠷᠡᠭᠯᠡᠭᠡᠨ ᠤ ᠤᠯᠤᠰ ᠪᠤᠯᠬᠤᠷ ᠪᠦᠬᠦ ᠠᠵᠤ ᠦᠢᠯᠡᠰ ᠤᠨ | ᠬᠡᠯᠬᠢᠶ᠎ᠡ ᠶᠢᠨ ᠠᠮᠤ ᠪᠤᠳᠠᠭ᠎ᠠ ᠶᠢ ᠠᠷᠪᠢᠯᠠᠨ ᠬᠤᠷᠤᠭᠳᠠᠭᠤᠯᠤᠯ ᠢ ᠪᠠᠭᠠᠰᠬᠠᠬᠤ ᠡᠭᠦᠷᠭᠡ ᠨᠡᠯᠢᠶᠡᠳ ᠬᠦᠨᠳᠦ᠂ | ᠬᠤᠷᠤᠬᠳᠠᠭᠤᠯᠤᠯ ᠢ ᠪᠠᠭᠠᠰᠬᠠᠬᠤ ᠣᠷᠣᠨ ᠵᠠᠢ ᠮᠠᠰᠢ ᠶᠡᠭᠡ ᠪᠠᠶᠢᠬᠤ ᠶᠢ ᠣᠯᠵᠤ ᠬᠠᠷᠠᠬᠤ ᠬᠡᠷᠡᠭᠲᠡᠢ᠃ | ᠣᠳᠤᠬᠠᠨ ᠳᠤ᠂ ᠮᠠᠨ ᠤ ᠤᠯᠤᠰ ᠤᠨ ᠠᠮᠤ ᠪᠤᠳᠠᠭᠠᠨ ᠤ ᠬᠠᠳᠠᠭᠤ ᠬᠡᠷᠡᠭᠴᠡᠭᠡ ᠲᠦᠷᠬᠡᠨ ᠨᠡᠮᠡᠭᠳᠡᠵᠦ᠂ ᠡᠬᠢ | ᠪᠠᠶᠠᠯᠢᠭ ᠣᠷᠴᠢᠨ ᠲᠤᠭᠤᠷᠢᠨ ᠤ ᠬᠢᠵᠠᠭᠠᠷᠯᠠᠯ ᠡᠳᠦᠷ ᠢᠷᠡᠬᠦᠶ᠎ᠡ ᠬᠦᠨᠳᠤ ᠨᠤᠴᠢᠳᠠᠢ ᠪᠤᠯᠵᠤ᠂ ᠲᠠᠷᠢᠶᠠᠨ ᠭᠠᠵᠠᠷ ᠤᠨ | ᠲᠠᠯᠠᠪᠠᠢ ᠶᠢ ᠨᠡᠮᠡᠭᠳᠡᠭᠦᠯᠬᠦ᠂ ᠤᠨᠠᠯᠲᠠ ᠶᠢ ᠨᠡᠮᠡᠭᠳᠡᠭᠦᠯᠬᠦ ᠬᠦᠴᠢᠷᠳᠡᠯ ᠶᠠᠪᠤᠬᠤ ᠲᠤᠳᠤᠮ ᠬᠡᠴᠡᠬᠦᠳᠡᠵᠤ ᠪᠠᠶᠢᠨ᠎ᠠ᠃ | ᠪᠦᠬᠦ ᠪᠦᠮᠪᠦᠷᠴᠡᠭ ᠤᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠦᠷᠭᠦᠯᠵᠢᠯᠡᠨ ᠦᠷᠪᠢᠰᠦᠨ | ᠳᠡᠯᠭᠡᠷᠡᠵᠦ᠂ ᠠᠭᠤᠷ ᠠᠮᠢᠰᠬᠤᠯ ᠤᠨ ᠬᠤᠪᠢᠷᠠᠯᠲᠡ ᠶᠢᠨ ᠨᠥᠯᠥᠭᠡ ᠡᠳᠦᠷ ᠢᠷᠡᠬᠦᠶ᠎ᠡ ᠰᠢᠷᠦᠭᠦᠰᠴᠦ᠂ ᠠᠮᠤ | ᠪᠤᠳᠠᠭᠠᠨ ᠤ ᠬᠠᠩᠭᠠᠯᠭ᠎ᠠ ᠶᠢᠨ ᠬᠡᠯᠬᠢᠶ᠎ᠠ ᠶᠢ ᠪᠠᠲᠤᠯᠠᠬᠤ ᠬᠦᠴᠢᠷᠳᠡᠯ ᠴᠦ ᠨᠡᠮᠡᠭᠳᠡᠵᠡᠢ᠃ | ᠠᠮᠤ ᠪᠤᠳᠠᠭ᠎ᠠ ᠶᠢ ᠠᠷᠪᠢᠯᠠᠨ ᠬᠤᠷᠤᠭᠳᠠᠭᠤᠯᠤᠯ ᠢ ᠪᠠᠭᠠᠰᠬᠠᠬᠤ ᠨᠢ ᠤᠨᠠᠯᠲᠠ ᠶᠢ ᠲᠣᠭᠲᠠᠪᠤᠷᠢᠵᠢᠭᠤᠯᠤᠨ | ᠬᠠᠩᠭᠠᠯᠭ᠎ᠠ ᠶᠢ ᠪᠠᠲᠤᠯᠠᠵᠤ᠂ ᠠᠮᠤ ᠪᠤᠳᠠᠭᠠᠨ ᠤ ᠠᠮᠤᠷ ᠲᠦᠪᠰᠢᠨ ᠢ ᠴᠢᠩᠭᠠᠳᠬᠠᠬᠤ ᠳᠤ ᠲᠤᠩ ᠠᠰᠢᠭᠲᠠᠢ ᠶᠤᠮ᠃ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ ᠪᠤᠳᠠᠭ᠎ᠠ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ᠶᠢᠨ | ᠪᠦᠷᠢᠳᠭᠡᠯ ᠢ ᠦᠨᠳᠦᠰᠦᠯᠡᠪᠡᠯ᠂ ᠵᠢᠯ ᠪᠦᠷᠢ ᠶᠢᠨ ᠪᠦᠬᠦ ᠪᠦᠮᠪᠦᠷᠴᠡᠭ ᠤᠨ ᠠᠮᠤ ᠪᠤᠳᠠᠭᠠᠨ ᠤ ᠦᠢᠯᠡᠳᠪᠦᠷᠢᠯᠡᠯ ᠠᠴᠠ | ᠠᠪᠤᠭᠠᠳ ᠵᠢᠵᠢᠭ᠌ᠯᠡᠨ ᠪᠤᠷᠤᠯᠠᠭᠤᠯᠬᠤ ᠬᠦᠷᠲᠡᠯᠡᠬᠢ ᠪᠦᠬᠦ ᠭᠤᠭᠴᠤᠭ᠎ᠠ ᠶᠢᠨ ᠬᠤᠷᠤᠭᠳᠠᠭᠤᠯᠤᠯ ᠨᠢ ᠪᠠᠷᠤᠭ | ᠳᠡᠯᠡᠭᠡᠢ ᠶᠢᠨ ᠠᠮᠤ ᠪᠤᠳᠠᠭᠠᠨ ᠤ ᠭᠠᠷᠤᠯᠲᠠ ᠶᠢᠨ 14% ᠶᠢ ᠡᠵᠡᠯᠡᠵᠦ ᠪᠠᠶᠢᠨ᠎ᠠ᠃ ᠡᠨᠡ ᠬᠦ ᠬᠤᠷᠤᠭᠳᠠᠭᠤᠯᠤᠯ ᠢ | ᠵᠠᠭᠤᠨ ᠤ ᠬᠠᠷᠢᠴᠠᠯ ᠢᠶᠠᠷ 1 ᠬᠤᠪᠢ ᠪᠠᠭᠤᠷᠠᠭᠤᠯᠪᠠᠯ ᠳᠠᠷᠤᠢ 2700 ᠭᠠᠷᠤᠢ ᠲᠦᠮᠡᠨ ᠲᠣᠨ ᠠᠮᠤ ᠪᠤᠳᠠᠭ᠎ᠠ | ᠨᠡᠮᠡᠭᠳᠡᠵᠦ᠂ 7000 ᠲᠦᠮᠡᠨ ᠬᠥᠮᠦᠨ ᠨᠢᠭᠡ ᠵᠢᠯ ᠢᠳᠡᠵᠦ ᠬᠦᠷᠬᠦ ᠪᠣᠯᠤᠨ᠎ᠠ᠃ ︽ᠲᠥᠰᠦᠯ︾ ᠳᠤ ᠪᠥᠬᠦ | ᠬᠡᠯᠬᠢᠶ᠎ᠡ ᠵᠢᠴᠢ ᠣᠯᠠᠨ ᠭᠤᠭᠴᠤᠭ᠎ᠠ ᠳᠤ ᠠᠮᠤ ᠪᠤᠳᠠᠭ᠎ᠠ ᠶᠢ ᠠᠷᠪᠢᠯᠠᠨ ᠬᠤᠷᠤᠭᠳᠠᠭᠤᠯᠤᠯ ᠢ ᠪᠠᠭᠠᠰᠬᠠᠬᠤ | ᠠᠵᠢᠯᠯᠠᠭ᠎ᠠ ᠶᠢ ᠥᠷᠨᠢᠭᠦᠯᠬᠦ ᠨᠢ ︽ᠦᠯᠦ ᠦᠵᠡᠭᠳᠡᠬᠦ ᠲᠠᠷᠢᠶ᠎ᠠ︾ ᠶᠢ ᠲᠠᠷᠢᠭᠰᠠᠨ ᠮᠡᠳᠦ ᠪᠤᠯᠵᠤ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠴᠢᠨᠠᠭᠰᠢᠳᠠ ᠪᠠᠲᠤᠯᠠᠬᠤ ᠳᠤ ᠴᠢᠬᠤᠯᠠ ᠠᠷᠭ᠎ᠠ ᠵᠠᠮ ᠢ ᠨᠡᠭᠡᠭᠡᠵᠤ ᠦᠭᠭᠦ ᠪᠤᠯᠤᠨ᠎ᠠ᠃ | | ᠡᠭᠦᠨ ᠤ ᠬᠠᠮᠲᠤ᠂ ᠠᠮᠤ ᠪᠤᠳᠠᠭ᠎ᠠ ᠶᠢ ᠠᠷᠪᠢᠯᠠᠨ ᠬᠤᠷᠤᠭᠳᠠᠭᠤᠯᠤᠯ ᠢ ᠪᠠᠭᠠᠰᠬᠠᠬᠤ ᠨᠢ ᠭᠠᠵᠠᠷ ᠰᠢᠷᠤᠢ ᠶᠢ | ᠠᠷᠪᠢᠯᠠᠵᠤ ᠤᠰᠤ ᠶᠢ ᠠᠷᠪᠢᠯᠠᠬᠤ᠂ ᠪᠣᠷᠲᠣᠭᠤᠷ ᠢ ᠠᠷᠪᠢᠯᠠᠵᠤ ᠲᠠᠷᠢᠶᠠᠨ ᠡᠮ ᠢ ᠠᠷᠪᠢᠯᠠᠬᠤ ᠪᠠᠷ ᠪᠠᠷᠠᠬᠤ ᠥᠬᠡᠶ | ᠪᠠᠰᠠ ᠠᠮᠢ ᠠᠬᠤᠶ ᠶᠢ ᠬᠠᠮᠠᠭᠠᠯᠠᠵᠤ᠂ ᠪᠤᠬᠢᠷᠳᠤᠯ ᠤᠨ ᠭᠠᠳᠠᠭᠰᠢᠯᠠᠭᠤᠯᠤᠯᠳᠠ ᠶᠢ ᠪᠠᠭᠠᠰᠬᠠᠨ ᠨᠡᠭᠦᠷᠡᠰᠦᠳᠦ᠋ᠷᠦᠭᠴᠢ ᠶᠢ | ᠪᠠᠭᠠᠰᠬᠠᠬᠤ᠂ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠤᠷᠭᠢᠯ ᠬᠡᠮᠵᠢᠭᠳᠡᠯ ᠳᠤ ᠬᠦᠷᠬᠦ ᠪᠤᠯᠤᠨ | ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ᠂ ᠪᠣᠬᠢᠷᠲᠤᠯ ᠥᠬᠡᠶ ᠬᠦᠭᠵᠢᠯᠲᠡ᠂ ᠦᠷᠭᠦᠯᠵᠢᠯᠡᠬᠦ ᠬᠦᠭᠵᠢᠯᠲᠡ ᠶᠢ | ᠪᠡᠶᠡᠯᠡᠭᠦᠯᠬᠦ ᠳᠤ ᠬᠦᠴᠦᠨ ᠨᠡᠮᠡᠷᠢᠯᠡᠬᠦ ᠪᠣᠯᠤᠨ᠎ᠠ᠃ | ᠮᠦᠬᠦᠯᠢᠭ ᠠᠮᠤ ᠨᠢᠬᠡᠪᠦᠷᠢ ᠨᠢ ᠬᠢᠯᠪᠡᠷ ᠪᠤᠰᠤ ᠪᠠᠷ ᠢᠷᠡᠵᠤ ᠪᠤᠢ ᠭᠡᠳᠡᠭ ᠢ ᠮᠡᠳᠡᠬᠦ ᠬᠡᠷᠡᠭᠳᠡᠢ᠂ ᠠᠮᠤ | ᠪᠤᠳᠠᠭ᠎ᠠ ᠶᠢ ᠠᠷᠪᠢᠯᠠᠨ ᠬᠤᠷᠤᠭᠳᠠᠭᠤᠯᠤᠯ ᠢ ᠪᠠᠭᠠᠰᠬᠠᠬᠤ ᠨᠢ ᠳᠤᠮᠳᠠᠳᠤ ᠶᠢᠨ ᠦᠨᠳᠦᠰᠦᠲᠡᠨ ᠤ ᠠᠵᠢᠯᠴᠢ ᠠᠷᠪᠢᠴᠢ | ᠵᠠᠩ ᠰᠤᠷᠲᠠᠯ ᠢ ᠤᠯᠠᠮᠵᠢᠯᠠᠨ ᠵᠠᠯᠭᠠᠮᠵᠢᠯᠠᠬᠤ ᠳᠤ ᠴᠢᠬᠤᠯᠠ ᠠᠴᠢ ᠬᠤᠯᠪᠤᠭᠳᠠᠯ ᠲᠠᠢ ᠪᠠᠷ ᠪᠠᠷᠠᠬᠤ ᠦᠭᠡᠢ ᠪᠠᠰᠠ | ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠬᠦᠯᠬᠦ ᠳᠤ ᠴᠢᠬᠤᠯᠠ | ᠤᠳᠤᠷᠢᠳᠤᠮᠵᠢ ᠶᠢᠨ ᠦᠢᠯᠡᠳᠦᠯ ᠲᠠᠢ ᠶᠤᠮ᠃ | | ᠠᠷᠭ᠎ᠠ ᠬᠡᠮᠵᠢᠶ᠎ᠡ ᠶᠢ ᠪᠦᠬᠦ ᠬᠡᠯᠬᠢᠶ᠎ᠡ ᠤᠯᠠᠨ ᠭᠤᠭᠴᠤᠭ᠎ᠠ ᠳᠤ ᠲᠤᠭᠤᠰᠢᠯᠠᠭᠤᠯᠤᠨ᠎ᠠ | ᠠᠰᠠᠭᠤᠯᠲᠠ᠄ ︽ᠲᠥᠰᠦᠯ︾ ᠤᠨ ᠬᠠᠷᠠᠯᠲᠠ ᠪᠠ ᠱᠠᠭᠠᠷᠳᠠᠯᠭ᠎ᠠ ᠨᠢ ᠶᠠᠭᠤ ᠪᠣᠶ︖ | ᠬᠠᠷᠢᠭᠤᠯᠲᠠ᠄ ︽ᠲᠥᠰᠦᠯ︾ ᠳᠤ᠂ 2025 ᠤᠨ ᠪᠣᠯᠬᠤ ᠳᠤ᠂ ᠠᠮᠤ ᠪᠤᠳᠠᠭᠠᠨ ᠤ ᠪᠥᠬᠦ ᠠᠵᠤ | ᠦᠢᠯᠡᠰ ᠤᠨ ᠬᠡᠯᠬᠢᠶ᠎ᠡ ᠵᠢᠴᠢ ᠡᠯ᠎ᠡ ᠭᠤᠭᠴᠤᠭᠠᠨ ᠤ ᠠᠮᠤ ᠪᠤᠳᠠᠭ᠎ᠠ ᠶᠢ ᠠᠷᠪᠢᠯᠠᠨ ᠬᠤᠷᠤᠭᠳᠠᠭᠤᠯᠤᠯ ᠢ ᠪᠠᠭᠠᠰᠬᠠᠬᠤ | ᠠᠷᠭ᠎ᠠ ᠬᠡᠮᠵᠢᠶ᠎ᠡ ᠶᠢ ᠨᠠᠩ ᠴᠢᠩᠭᠠᠳᠬᠠᠵᠤ ᠪᠤᠲᠠᠲᠠᠶᠢᠵᠢᠭᠤᠯᠤᠨ ᠨᠠᠷᠢᠯᠢᠭᠵᠢᠭᠤᠯᠵᠤ᠂ ᠠᠮᠤ ᠪᠤᠳᠠᠭ᠎ᠠ ᠶᠢ ᠠᠷᠪᠢᠯᠠᠨ | ᠬᠤᠷᠤᠭᠳᠠᠭᠤᠯᠤᠯ ᠢ ᠪᠠᠭᠠᠰᠬᠠᠬᠤ ᠳᠤ ᠨᠠᠩ ᠢᠯᠡᠷᠬᠡᠶ ᠦᠷ᠎ᠡ ᠪᠦᠲᠦᠮᠵᠢ ᠣᠯᠬᠤ ᠶᠢ ᠠᠬᠢᠭᠤᠯᠵᠤ᠂ ᠠᠮᠤ ᠪᠤᠳᠠᠭ᠎ᠠ ᠶᠢ | ᠠᠷᠪᠢᠯᠠᠨ ᠬᠤᠷᠤᠭᠳᠠᠭᠤᠯᠤᠯ ᠢ ᠪᠠᠭᠠᠰᠬᠠᠬᠤ ᠲᠦᠷᠢᠮ ᠤᠨ ᠰᠢᠰᠲ᠋ᠧᠮ᠂ ᠪᠠᠷᠢᠮᠵᠢᠶ᠎ᠠ ᠶᠢᠨ ᠰᠢᠰᠲ᠋ᠧᠮ ᠪᠠ ᠬᠢᠨᠠᠨ | ᠬᠡᠮᠵᠢᠬᠦ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠳᠤ | ᠵᠠᠰᠠᠯᠲᠠ ᠶᠢᠨ ᠲᠣᠭᠲᠠᠴᠠ ᠶᠢ ᠦᠨᠳᠦᠰᠦᠨ ᠳᠡᠭᠡᠨ ᠪᠦᠷᠢᠨᠰᠢᠭᠦᠯᠵᠦ᠂ ︽ᠠᠷᠪᠢᠳᠠᠢ ᠬᠤᠭᠤᠯᠯᠠᠬᠤ ᠠᠵᠢᠯᠯᠠᠭ᠎ᠠ︾ ᠶᠢ | ᠭᠦᠨᠵᠡᠭᠡᠶ ᠥᠷᠨᠢᠭᠦᠯᠵᠦ᠂ ᠢᠳᠡᠭᠡᠨ ᠤ ᠪᠦᠷᠢᠯᠭᠡᠨ ᠰᠦᠢᠳᠭᠡᠬᠦ ᠠᠰᠠᠭᠤᠳᠠᠯ ᠢ ᠪᠦᠲᠦᠮᠵᠢᠲᠡᠶ ᠬᠤᠷᠢᠭᠯᠠᠵᠤ᠂ ᠠᠮᠤ | ᠪᠤᠳᠠᠭ᠎ᠠ ᠶᠢ ᠠᠷᠪᠢᠯᠠᠨ ᠭᠠᠮᠨᠠᠬᠤ᠂ ᠪᠦᠷᠢᠯᠭᠡᠨ ᠰᠦᠢᠳᠭᠡᠬᠦ ᠶᠢ ᠲᠡᠪᠴᠢᠬᠦ ᠶᠢ ᠨᠡᠶᠢᠭᠡᠮ ᠳᠠᠶᠠᠭᠠᠷ ᠤᠨ ᠬᠡᠪ ᠵᠠᠩᠰᠢᠯ | ᠪᠣᠯᠭᠠᠨ᠎ᠠ᠃ | ᠠᠰᠠᠭᠤᠯᠲᠠ᠄ ᠮᠠᠨ ᠤ ᠤᠯᠤᠰ ᠶᠠᠮᠠᠷ ᠶᠠᠮᠠᠷ ᠠᠷᠭ᠎ᠠ ᠬᠡᠮᠵᠢᠶ᠎ᠡ ᠶᠢ ᠠᠪᠬᠤ ᠪᠣᠶ︖ | ᠬᠠᠷᠢᠭᠤᠯᠲᠠ᠄ ︽ᠲᠦᠰᠦᠯ︾ ᠳᠤ ᠠᠮᠤ ᠪᠤᠳᠠᠭᠠᠨ ᠤ ᠦᠢᠯᠡᠳᠪᠦᠷᠢᠯᠡᠯ᠂ ᠬᠦᠮᠦᠷᠭᠡᠯᠡᠨ ᠨᠦᠬᠡᠴᠡᠯᠡᠬᠦ᠂ | ᠲᠡᠭᠡᠭᠡᠪᠦᠷᠢᠯᠡᠬᠦ᠂ ᠡᠳ᠋ᠰᠢᠭᠦᠯᠦᠨ ᠪᠤᠯᠪᠠᠰᠤᠷᠠᠭᠤᠯᠬᠤ᠂ ᠬᠡᠷᠡᠭᠯᠡᠭᠡ ᠵᠡᠷᠭᠡ ᠭᠤᠭᠴᠤᠭ᠎ᠠ ᠶᠢᠨ ᠬᠤᠷᠤᠭᠳᠠᠭᠤᠯᠤᠯ ᠪᠠ | ᠪᠦᠷᠢᠯᠭᠡᠬᠦ ᠠᠰᠠᠭᠤᠳᠠᠯ ᠢᠶᠠᠷ ᠭᠤᠤᠯ ᠪᠤᠯᠭᠠᠨ ᠬᠠᠨᠳᠤᠯᠭᠠᠳᠤ ᠴᠢᠨᠠᠷᠳᠠᠢ ᠠᠷᠭ᠎ᠠ ᠬᠡᠮᠵᠢᠶ᠎ᠠ ᠳᠤᠷᠠᠳᠴᠠᠢ᠄ | — ᠦᠢᠯᠡᠳᠪᠦᠷᠢᠯᠡᠬᠦ ᠭᠤᠭᠴᠤᠭ᠎ᠠ᠃ ᠠᠮᠤ ᠪᠤᠳᠠᠭ᠎ᠠ ᠶᠢ ᠲᠡᠷᠢᠬᠤ ᠬᠡᠯᠪᠡᠷᠢ ᠪᠦᠳᠦᠭᠦᠯᠢᠭ᠂ ᠬᠠᠳᠤᠵᠤ | ᠬᠤᠷᠢᠶᠠᠬᠤ ᠮᠠᠰᠢᠨ ᠤ ᠨᠠᠷᠢᠯᠢᠭᠵᠢᠭᠤᠯᠤᠯᠲᠠ ᠶᠢᠨ ᠬᠡᠮᠵᠢᠶ᠎ᠡ ᠬᠦᠷᠦᠯᠴᠡᠬᠦ ᠥᠬᠡᠶ ᠪᠠᠶᠢᠬᠤ᠂ ᠲᠠᠷᠢᠶᠠᠯᠠᠩ ᠤᠨ ᠮᠠᠰᠢᠨ | ᠲᠠᠷᠢᠶᠠᠯᠠᠩ ᠤᠨ ᠮᠡᠷᠭᠡᠵᠢᠯ ᠬᠠᠷᠠᠬᠠᠨ ᠢᠵᠢ ᠪᠥᠷᠢᠳᠦᠬᠡ ᠥᠬᠡᠶ ᠪᠠᠶᠢᠬᠤ᠂ ᠲᠠᠷᠢᠶᠠᠯᠠᠩ ᠤᠨ ᠮᠠᠰᠢᠨ | ᠵᠢᠯᠤᠭᠤᠳᠤᠭᠴᠢ ᠶᠢᠨ ᠠᠵᠢᠯᠯᠠᠭ᠎ᠠ ᠨᠢ ᠵᠢᠷᠤᠮᠵᠢᠩᠭᠤᠢ ᠪᠤᠰᠤ ᠪᠠᠶᠢᠬᠤ ᠵᠡᠷᠭᠡ ᠠᠰᠠᠭᠤᠳᠠᠯ ᠲᠤ ᠴᠢᠭᠯᠡᠭᠦᠯᠦᠨ᠂ | ︽ᠲᠥᠰᠦᠯ︾ ᠳᠤ᠂ ᠲᠠᠷᠢᠶᠠᠨ ᠦᠷ᠎ᠡ ᠳᠤ ᠠᠷᠪᠢᠳᠠᠢ ᠲᠠᠷᠢᠶᠠᠯᠠᠩ ᠤᠨ ᠮᠠᠰᠢᠨ ᠳᠤ ᠲᠤᠬᠢᠷᠠᠮᠵᠢᠳᠠᠢ ᠡᠭᠦᠯᠳᠡᠷ ᠢ | ᠲᠦᠷᠭᠡᠳᠭᠡᠨ ᠪᠣᠶᠢᠵᠢᠭᠤᠯᠵᠤ᠂ ᠨᠠᠷᠢᠯᠢᠭ ᠲᠠᠷᠢᠶᠠᠯᠠᠭ᠎ᠠ ᠶᠢᠨ ᠮᠠᠰᠢᠨ ᠪᠠ ᠵᠠᠩᠭᠢᠯᠠᠭ᠎ᠠ ᠶᠢᠨ ᠮᠡᠷᠭᠡᠵᠢᠯ ᠢ ᠳᠡᠯᠭᠡᠷᠡᠭᠦᠯᠦᠨ | ᠬᠡᠷᠡᠭᠯᠡᠨ᠎ᠡ︔ ᠠᠮᠤ ᠪᠤᠳᠠᠭ᠎ᠠ ᠶᠢ ᠨᠠᠷᠢᠯᠢᠭ ᠬᠤᠷᠢᠶᠠᠬᠤ ᠶᠢ ᠠᠬᠢᠭᠤᠯᠵᠤ᠂ ᠲᠤᠲᠤᠷᠭ᠎ᠠ᠂ ᠡᠷᠳᠡᠨᠢ ᠰᠢᠰᠢ᠂ ᠪᠤᠭᠤᠳᠠᠢ᠂ | ᠰᠢᠷ᠎ᠠ ᠪᠤᠷᠴᠠᠭ ᠢ ᠮᠠᠰᠢᠨ ᠢᠶᠠᠷ ᠬᠤᠷᠢᠶᠠᠬᠤ ᠳᠤ ᠬᠤᠷᠤᠭᠳᠠᠭᠤᠯᠤᠯ ᠢ ᠪᠠᠭᠠᠰᠬᠠᠬᠤ ᠮᠡᠷᠭᠡᠵᠢᠯ ᠤᠨ ᠵᠢᠷᠤᠮᠵᠢᠯ ᠢ | ᠲᠤᠭᠲᠠᠭᠠᠬᠤ ᠪᠤᠶᠤ ᠵᠠᠰᠠᠪᠤᠷᠢ ᠣᠷᠣᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠲᠦᠷᠭᠡᠨ ᠲᠠᠷᠢᠵᠤ ᠲᠦᠷᠭᠡᠨ | ᠬᠤᠷᠢᠶᠠᠬᠤ ᠲᠣᠨᠤᠭᠯᠠᠯ ᠪᠠ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠂ | ᠲᠠᠷᠢᠶᠠᠯᠠᠩ ᠤᠨ ᠮᠠᠰᠢᠨ ᠵᠢᠯᠤᠭᠤᠳᠤᠭᠴᠢ ᠶᠢᠨ ᠵᠢᠷᠤᠮᠵᠢᠩᠭᠤᠢ ᠠᠵᠢᠯᠯᠠᠬᠤ ᠴᠢᠳᠠᠪᠦᠷᠢ ᠶᠢ ᠳᠡᠭᠡᠭᠰᠢᠯᠡᠭᠦᠯᠵᠦ᠂ | ᠲᠠᠷᠢᠶᠠᠨ ᠭᠠᠵᠠᠷ ᠤᠨ ᠬᠤᠷᠢᠶᠠᠯᠲᠠ ᠶᠢᠨ ᠬᠤᠷᠤᠭᠳᠠᠭᠤᠯᠤᠯ ᠢ ᠪᠠᠭᠠᠰᠬᠠᠨ᠎ᠠ ᠬᠡᠵᠤ ᠲᠤᠷᠠᠳᠴᠠᠢ᠃ | — ᠬᠦᠮᠦᠷᠭᠡᠯᠡᠨ ᠨᠦᠬᠡᠴᠡᠯᠡᠬᠦ ᠭᠤᠭᠴᠤᠭ᠎ᠠ᠃ ᠬᠥᠮᠥᠷᠭᠡᠯᠡᠨ ᠨᠦᠬᠡᠴᠡᠯᠡᠬᠦ ᠲᠤᠨᠤᠭ ᠲᠥᠬᠦᠭᠡᠷᠦᠮᠵᠢ | ᠬᠠᠭᠤᠴᠢᠷᠠᠭᠰᠠᠨ᠂ ᠬᠦᠮᠦᠷᠭᠡ ᠶᠢᠨ ᠪᠠᠭᠲᠠᠭᠠᠮᠵᠢ ᠪᠠᠭ᠎ᠠ ᠪᠠᠶᠢᠬᠤ ᠵᠢᠴᠢ ᠲᠠᠷᠢᠶᠠᠴᠢᠨ ᠡᠷᠦᠭᠡ ᠶᠢᠨ ᠠᠮᠤ ᠪᠤᠳᠠᠭᠠᠨ ᠤ | ᠬᠠᠳᠠᠭᠠᠯᠠᠯᠲᠠ ᠶᠢᠨ ᠬᠤᠷᠤᠭᠳᠠᠭᠤᠯᠤᠯ ᠶᠡᠭᠡ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ︽ᠲᠥᠰᠦᠯ︾ ᠳᠤ᠂ | ᠠᠮᠤ ᠪᠤᠳᠠᠭ᠎ᠠ ᠬᠠᠳᠠᠭᠠᠬᠤ ᠢᠵᠢ ᠪᠦᠷᠢᠳᠦᠬᠦᠯᠦᠭᠰᠡᠨ ᠲᠤᠨᠤᠭ ᠲᠥᠬᠦᠭᠡᠷᠦᠮᠵᠢ ᠶᠢ ᠲᠠᠷᠢᠶᠠᠯᠠᠩ ᠤᠨ ᠮᠠᠰᠢᠨ ᠤ ᠰᠢᠨ᠎ᠡ | ᠦᠢᠯᠡᠳᠭᠦᠨ ᠳᠤ ᠨᠥᠬᠦᠪᠥᠷᠢ ᠦᠭᠬᠦ ᠲᠤᠷᠰᠢᠯᠲᠡ ᠶᠢᠨ ᠴᠡᠭ ᠤᠨ ᠬᠡᠪᠴᠢᠶᠡᠨ ᠳᠤ ᠣᠷᠣᠭᠤᠯᠵᠤ᠂ ᠠᠮᠤ ᠪᠤᠳᠠᠭᠠᠨ ᠤ | ᠭᠠᠷᠤᠯᠲᠠ ᠶᠢᠨ ᠲᠤᠮᠤ ᠰᠢᠶᠠᠨ ᠤ ᠪᠤᠬᠢᠷᠳᠤᠯ ᠪᠠᠭ᠎ᠠ ᠠᠮᠤ ᠪᠤᠳᠠᠭ᠎ᠠ ᠬᠠᠳᠠᠭᠠᠬᠤ ᠲᠥᠬᠦᠭᠡᠷᠦᠮᠵᠢ ᠶᠢᠨ ᠬᠡᠷᠡᠭᠯᠡᠯᠲᠡ ᠶᠢ | ᠠᠬᠢᠭᠤᠯᠬᠤ ᠶᠢ ᠵᠣᠷᠢᠭᠵᠢᠭᠤᠯᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ᠂ | ᠠᠮᠤ ᠪᠤᠳᠠᠭᠠᠨ ᠤ ᠠᠵᠤ ᠠᠬᠤᠶᠢᠯᠠᠯ᠂ ᠠᠮᠤ ᠪᠤᠳᠠᠭᠠᠨ ᠤ ᠬᠤᠷᠢᠶᠠᠯᠲᠠ ᠶᠢᠨ ᠳᠠᠷᠠᠭᠠᠬᠢ ᠦᠢᠯᠡᠴᠢᠯᠡᠭᠡᠨ ᠤ ᠲᠥᠪ | ᠵᠡᠷᠭᠡ ᠶᠢᠨ ᠲᠠᠷᠢᠶᠠᠴᠢᠨ ᠡᠷᠦᠬᠡ ᠳᠤ ᠠᠮᠤ ᠪᠤᠳᠠᠭ᠎ᠠ ᠬᠠᠳᠠᠭᠠᠬᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ︔ | ᠲᠠᠷᠢᠶᠠᠴᠢᠨ ᠡᠷᠦᠬᠡ ᠳᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠬᠦᠮᠦᠷᠭᠡᠯᠡᠨ ᠨᠥᠭᠡᠴᠡᠯᠡᠬᠦ ᠮᠡᠷᠭᠡᠵᠢᠯ ᠤᠨ | ᠪᠣᠯᠪᠠᠰᠤᠷᠠᠯ ᠪᠣᠯᠤᠨ ᠦᠢᠯᠡᠴᠢᠯᠡᠭᠡ ᠬᠠᠩᠭᠠᠬᠤ ᠶᠢ ᠴᠢᠩᠭᠠᠳᠬᠠᠵᠤ᠂ ᠠᠳᠠᠯᠢ ᠪᠤᠰᠤ ᠬᠡᠪᠴᠢᠶ᠎ᠡ᠂ ᠠᠳᠠᠯᠢ ᠪᠤᠰᠤ | ᠣᠷᠣᠨ ᠪᠦᠰᠡ ᠶᠢᠨ ᠲᠠᠷᠢᠶᠠᠴᠢᠨ ᠡᠷᠦᠭᠡ ᠶᠢᠨ ᠠᠮᠤ ᠪᠤᠳᠠᠭ᠎ᠠ ᠬᠦᠮᠦᠷᠭᠡᠯᠡᠨ ᠨᠥᠭᠡᠴᠡᠯᠡᠬᠦ ᠪᠠᠭᠠᠵᠢ ᠬᠡᠷᠡᠭᠰᠡᠯ ᠢ | ᠰᠣᠩᠭᠤᠬᠤ ᠵᠢᠴᠢ ᠵᠢᠱᠢᠶ᠎ᠡ ᠦᠵᠡᠭᠦᠯᠬᠦ ᠬᠡᠷᠡᠭᠯᠡᠯᠲᠡ ᠶᠢ ᠥᠷᠨᠢᠭᠦᠯᠦᠨ᠎ᠠ︔ ᠪᠣᠬᠢᠷᠲᠤᠯ ᠥᠬᠡᠶ ᠬᠦᠮᠦᠷᠭᠡᠯᠡᠨ | ᠨᠦᠬᠡᠴᠡᠯᠡᠬᠦ ᠶᠢ ᠳᠡᠭᠡᠭᠰᠢᠯᠡᠭᠦᠯᠬᠦ ᠠᠵᠢᠯᠯᠠᠭ᠎ᠠ ᠪᠠ ᠠᠮᠤ ᠪᠤᠳᠠᠭ᠎ᠠ ᠶᠢ ᠪᠣᠬᠢᠷᠲᠤᠯ ᠥᠬᠡᠶ ᠬᠦᠮᠦᠷᠭᠡᠯᠡᠨ ᠨᠦᠬᠡᠴᠡᠯᠡᠬᠦ | ᠪᠠᠷᠢᠮᠵᠢᠶᠠᠵᠢᠭᠤᠯᠤᠭᠰᠠᠨ ᠲᠤᠷᠰᠢᠯᠲᠡ ᠶᠢᠨ ᠴᠡᠭ ᠢ ᠦᠷᠨᠢᠭᠦᠯᠬᠦ ᠶᠢ ᠵᠣᠷᠢᠭᠵᠢᠭᠤᠯᠵᠤ᠂ ᠬᠠᠭᠤᠴᠢᠨ ᠰᠠᠩ ᠬᠦᠮᠦᠷᠭᠡ | ᠶᠢ ᠲᠠᠰ ᠳᠡᠪᠰᠢᠭᠦᠯᠦᠨ ᠰᠡᠯᠪᠢᠨ ᠵᠠᠰᠠᠨ᠎ᠠ ᠬᠡᠵᠤ ᠲᠤᠷᠠᠳᠴᠠᠢ᠃ | — ᠲᠡᠭᠡᠭᠡᠪᠦᠷᠢᠯᠡᠬᠦ ᠭᠤᠭᠴᠤᠭ᠎ᠠ᠃ ᠲᠤᠰᠬᠠᠶᠢᠵᠢᠭᠰᠠᠨ ᠠᠮᠤ ᠪᠤᠳᠠᠭᠠᠨ ᠤ ᠲᠡᠭᠡᠭᠡᠪᠦᠷᠢ ᠶᠢᠨ ᠲᠡᠷᠭᠡ | ᠬᠦᠰᠭᠡ ᠶᠢᠨ ᠲᠣᠨᠤᠭᠯᠠᠯ ᠤᠨ ᠬᠡᠷᠡᠭᠯᠡᠯᠲᠡ ᠬᠦᠷᠦᠯᠴᠡᠬᠦ ᠦᠭᠡᠶ᠂ ᠪᠠᠷᠢᠮᠵᠢᠶᠠᠵᠢᠭᠤᠯᠤᠭᠰᠠᠨ ᠲᠡᠭᠡᠭᠡᠪᠤᠷᠢ ᠶᠢᠨ ᠬᠡᠮᠵᠢᠶ᠎ᠡ | ᠥᠨᠳᠥᠷ ᠪᠤᠰᠤ᠂ ᠠᠰᠬᠠᠵᠤ ᠭᠤᠭᠤᠵᠢᠬᠤ ᠵᠡᠷᠭᠡ ᠠᠰᠠᠭᠤᠳᠠᠯ ᠳᠤ ᠴᠢᠨᠯᠡᠭᠦᠯᠦᠨ᠂ ︽ᠲᠥᠰᠦᠯ︾ ᠳᠤ᠂ ᠲᠡᠮᠦᠷ | ᠵᠠᠮ ᠤᠨ ᠲᠤᠰᠬᠠᠢ ᠱᠤᠭᠤᠮ᠂ ᠲᠤᠰᠬᠠᠢ ᠭᠠᠷᠠᠮ᠂ ᠰᠤᠯᠠ ᠠᠮᠤ ᠪᠤᠳᠠᠭ᠎ᠠ ᠶᠢ ᠰᠢᠯᠵᠢᠭᠦᠯᠦᠨ ᠲᠡᠭᠡᠭᠡᠪᠦᠷᠢᠯᠡᠬᠦ ᠵᠢᠴᠢ | ᠢᠵᠢ ᠪᠦᠷᠢᠳᠦᠭᠦᠯᠦᠭᠰᠡᠨ ᠲᠤᠨᠤᠭ ᠲᠦᠬᠦᠬᠡᠷᠦᠮᠵᠢ ᠶᠢ ᠪᠠᠶᠢᠭᠤᠯᠤᠨ᠎ᠠ︔ ᠬᠥᠳᠡᠭᠡ ᠲᠤᠰᠬᠤᠨ ᠤ ᠠᠮᠤ ᠠᠮᠤ | ᠪᠤᠳᠠᠭᠠᠨ ᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠣᠣᠷ ᠢ ᠲᠡᠭᠦᠯᠳᠡᠷᠵᠢᠭᠦᠯᠵᠦ᠂ ᠬᠥᠳᠡᠭᠡ ᠲᠤᠰᠬᠤᠨ ᠤ | ᠵᠠᠮ ᠲᠡᠭᠡᠭᠡᠪᠦᠷᠢ ᠶᠢᠨ ᠲᠣᠣᠷ ᠢ ᠲᠡᠭᠦᠯᠳᠡᠷᠵᠢᠭᠦᠯᠦᠨ᠎ᠡ︔ ᠵᠢᠷᠤᠮᠵᠢᠭᠰᠠᠨ᠂ ᠪᠠᠷᠢᠮᠵᠢᠶᠠᠵᠢᠭᠰᠠᠨ᠂ ᠮᠡᠳᠡᠭᠡ | ᠵᠠᠩᠭᠢᠵᠢᠭᠰᠠᠨ ᠰᠤᠯᠠ ᠠᠮᠤ ᠪᠤᠳᠠᠭᠠᠨ ᠤ ᠲᠡᠭᠡᠭᠡᠪᠦᠷᠢ ᠶᠢᠨ ᠦᠢᠯᠡᠴᠢᠯᠡᠭᠡᠨ ᠤ ᠰᠢᠰᠲ᠋ᠧᠮ ᠢ ᠬᠦᠭᠵᠢᠭᠦᠯᠦᠨ᠎ᠡ ᠬᠡᠵᠤ | ᠲᠣᠲᠤᠷᠬᠠᠶᠢᠯᠠᠵᠠᠢ᠃ | — ᠡᠳ᠋ᠰᠢᠭᠦᠯᠦᠨ ᠪᠤᠯᠪᠠᠰᠤᠷᠠᠭᠤᠯᠬᠤ ᠭᠤᠭᠴᠠᠭ᠎ᠠ᠃ ᠠᠮᠤ ᠪᠤᠳᠠᠭ᠎ᠠ ᠶᠢ ᠬᠡᠲᠦ ᠡᠳ᠋ᠰᠢᠭᠦᠯᠦᠭᠰᠡᠨ ᠠᠴᠠ | ᠪᠣᠯᠵᠤ ᠪᠦᠲᠦᠭᠡᠭᠳᠡᠭᠦᠨ ᠪᠤᠯᠬᠤ ᠨᠣᠷᠮ᠎ᠠ ᠶᠢ ᠪᠠᠭᠤᠷᠠᠭᠤᠯᠤᠭᠰᠠᠨ᠂ ᠠᠮᠤ ᠪᠤᠳᠠᠭ᠎ᠠ ᠶᠢᠨ ᠰᠢᠮ᠎ᠡ ᠲᠡᠵᠢᠭᠡᠯ ᠤᠨ | ᠪᠦᠷᠢᠯᠳᠦᠭᠦᠨ ᠢ ᠬᠤᠬᠢᠷᠠᠭᠤᠯᠬᠤ ᠪᠠ ᠪᠦᠷᠢᠯᠭᠡᠨ ᠰᠦᠢᠳᠭᠡᠬᠦ ᠠᠰᠠᠭᠤᠳᠠᠯ ᠳᠤ ᠴᠢᠭᠯᠡᠭᠦᠯᠦᠨ᠂ ︽ᠲᠥᠰᠦᠯ︾ ᠳᠤ᠂ | ᠠᠮᠤ ᠪᠤᠳᠠᠭ᠎ᠠ ᠲᠣᠰᠤ ᠶᠢ ᠡᠳ᠋ᠰᠢᠭᠦᠯᠵᠦ ᠤᠨᠳᠤᠤᠰᠢᠭᠤᠯᠬᠤ ᠨᠣᠷᠮ᠎ᠠ ᠶᠢ ᠳᠡᠭᠡᠭᠰᠢᠯᠡᠭᠦᠯᠦᠨ᠎ᠡ᠂ ᠵᠢᠱᠢᠶᠡᠯᠡᠪᠡᠯ᠂ ᠠᠮᠤ | ᠪᠤᠳᠠᠭ᠎ᠠ᠂ ᠢᠳᠡᠭᠡᠨ ᠤ ᠲᠣᠰᠣ ᠶᠢ ᠪᠤᠯᠪᠠᠰᠤᠷᠠᠭᠤᠯᠬᠤ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠤᠨ᠎ᠠ︔ | ᠲᠡᠵᠢᠭᠡᠯ ᠪᠣᠷᠳᠤᠭᠠᠨ ᠤ ᠠᠮᠤ ᠪᠤᠳᠠᠭᠠᠨ ᠤ ᠬᠡᠮᠵᠢᠶ᠎ᠡ ᠶᠢ ᠪᠠᠭᠠᠰᠬᠠᠨ ᠣᠷᠤᠯᠠᠭᠤᠯᠬᠤ ᠶᠢ ᠴᠢᠩᠭᠠᠳᠬᠠᠨ᠎ᠠ︔ ᠠᠮᠤ | ᠪᠤᠳᠠᠭ᠎ᠠ ᠲᠣᠰᠣ ᠶᠢ ᠪᠤᠪᠠᠰᠤᠷᠠᠭᠤᠯᠬᠤ ᠠᠴᠠ ᠭᠠᠷᠴᠤ ᠢᠷᠡᠭᠰᠡᠨ ᠳᠠᠭᠠᠯᠳᠠ ᠪᠤᠳᠠᠰ ᠢ ᠪᠦᠲᠦᠮᠵᠢᠲᠡᠶ ᠠᠰᠢᠭᠯᠠᠨ | ᠢᠳᠡᠭᠡᠨ ᠤ ᠵᠦᠢᠯ᠂ ᠴᠢᠳᠠᠮᠵᠢᠲᠤ ᠡᠳ᠋ ᠪᠣᠳᠠᠰ ᠵᠢᠴᠢ ᠠᠵᠤ ᠦᠢᠯᠡᠳᠪᠦᠷᠢ ᠶᠢᠨ ᠪᠦᠲᠦᠭᠡᠭᠳᠡᠭᠦᠨ ᠤ | ᠦᠢᠯᠡᠳᠪᠦᠷᠢᠯᠡᠨ᠎ᠡ ᠬᠡᠵᠤ ᠲᠣᠲᠤᠷᠬᠠᠶᠢᠯᠠᠵᠠᠢ᠃ | — ᠢᠳᠡᠭᠡᠨ ᠤᠮᠳᠠᠭᠠᠨ ᠤ ᠬᠡᠷᠡᠭᠯᠡᠭᠡᠨ ᠤ ᠭᠤᠭᠴᠤᠭ᠎ᠠ᠃ ︽ᠲᠥᠰᠦᠯ︾ ᠳᠤ᠂ ᠢᠳᠡᠭᠡᠨ ᠤᠮᠳᠠᠭᠠᠨ ᠤ | ᠠᠵᠢᠯ ᠲᠥᠷᠥᠯ᠂ ᠪᠠᠶᠢᠭᠤᠯᠭ᠎ᠠ ᠨᠢᠭᠡᠴᠢ ᠶᠢᠨ ᠬᠤᠭᠤᠯᠠᠨ ᠬᠡᠷ᠂ ᠠᠯᠪᠠᠨ ᠶᠠᠪᠤᠳᠠᠯ ᠤᠨ ᠠᠵᠢᠯᠯᠠᠭ᠎ᠠ᠂ ᠰᠤᠷᠭᠠᠭᠤᠯᠢ᠂ | ᠬᠡᠷ ᠪᠦᠯᠢ ᠵᠢᠴᠢ ᠬᠤᠪᠢ ᠬᠥᠮᠦᠨ ᠵᠡᠷᠭᠡ ᠠᠳᠠᠯᠢ ᠪᠤᠰᠤ ᠭᠤᠭᠴᠤᠭ᠎ᠠ ᠠᠳᠠᠯᠢ ᠪᠤᠰᠤ ᠭᠤᠤ᠋ ᠴᠤᠭᠴᠠ ᠠᠴᠠ ᠲᠣᠰ | ᠲᠣᠰ ᠲᠦᠷᠢᠮ ᠢᠶᠠᠷ ᠵᠢᠷᠤᠮᠵᠢᠭᠤᠯᠤᠨ ᠬᠢᠵᠠᠭᠠᠷᠯᠠᠵᠤ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠤᠨ᠂ ᠬᠡᠷᠡᠭᠯᠡᠭᠡᠨ ᠤ ᠣᠶᠢᠯᠠᠭᠠᠭᠳᠠᠬᠤᠨ ᠢ ᠬᠥᠲᠥᠯᠥᠨ ᠵᠢᠯᠣᠭᠤᠳᠴᠤ᠂ ᠢᠳᠡᠭᠡᠨ ᠤᠮᠳᠠᠭᠠᠨ ᠢ | ᠪᠦᠷᠢᠯᠭᠡᠨ ᠰᠦᠢᠳᠭᠡᠬᠦ ᠶᠢ ᠡᠷᠡᠰ ᠬᠤᠷᠢᠭᠯᠠᠬᠤ ᠪᠤᠯᠤᠨ᠎ᠠ᠃ | | ᠠᠮᠤ ᠪᠤᠳᠠᠭ᠎ᠠ ᠶᠢ ᠠᠷᠪᠢᠯᠠᠨ ᠬᠤᠷᠤᠭᠳᠠᠭᠤᠯᠤᠯ ᠢ ᠪᠠᠭᠠᠰᠬᠠᠬᠤ ᠶᠢ ᠪᠤᠲᠠᠲᠠᠢ ᠳᠤ ᠨᠡᠶᠢᠲᠡᠪᠦᠷᠢᠵᠢᠭᠤᠯᠬᠤ ᠶᠢ | ᠪᠠᠲᠤᠯᠠᠨ᠎ᠠ | ᠠᠰᠠᠭᠤᠯᠲᠠ᠄ ᠠᠮᠤ ᠪᠤᠳᠠᠭ᠎ᠠ ᠶᠢ ᠠᠷᠪᠢᠯᠠᠨ ᠬᠤᠷᠤᠭᠳᠠᠭᠤᠯᠤᠯ ᠢ ᠪᠠᠭᠠᠰᠬᠠᠬᠤ ᠱᠠᠭᠠᠷᠳᠠᠯᠭ᠎ᠠ ᠶᠢ ᠬᠡᠷᠬᠢᠨ | ᠨᠡᠶᠢᠲᠡᠪᠦᠷᠢᠵᠢᠭᠤᠯᠬᠤ ᠪᠣᠶ︖ | ᠬᠠᠷᠢᠭᠤᠯᠲᠠ᠄ ᠵᠤᠬᠢᠶᠠᠨ ᠪᠠᠶᠢᠭᠤᠯᠵᠤ ᠤᠳᠤᠷᠢᠳᠬᠤ᠂ ᠳᠦᠷᠢᠮ ᠤᠨ ᠪᠠᠶᠢᠭᠤᠯᠤᠯᠲᠠ᠂ ᠦᠨᠡᠯᠡᠬᠦ ᠲᠤᠭᠳᠠᠴᠠ᠂ | ᠬᠡᠷᠡᠭᠵᠢᠭᠦᠯᠦᠨ ᠬᠢᠨᠠᠯᠳᠠ ᠲᠠᠯᠪᠢᠬᠤ ᠲᠠᠯ᠎ᠠ ᠪᠠᠷ ᠬᠠᠮᠵᠢᠯᠴᠠᠨ ᠬᠦᠴᠦᠯᠡᠬᠦ ᠵᠡᠷᠬᠡ ᠲᠠᠯ᠎ᠠ ᠠᠴᠠ ᠠᠮᠤ ᠪᠤᠳᠠᠭ᠎ᠠ ᠶᠢ | ᠠᠷᠪᠢᠯᠠᠵᠤ ᠬᠤᠷᠤᠭᠳᠠᠭᠤᠯᠤᠯ ᠢ ᠪᠠᠭᠠᠰᠬᠠᠬᠤ ᠶᠢ ᠪᠤᠳᠠᠳᠠᠢ ᠳᠤ ᠨᠡᠶᠢᠲᠡᠪᠦᠷᠢᠵᠢᠭᠤᠯᠤᠨ ᠦᠷ᠎ᠠ ᠪᠦᠲᠦᠮᠵᠢ ᠤᠯᠬᠤ ᠶᠢ | ᠪᠠᠳᠤᠯᠠᠬᠤ ᠪᠤᠯᠤᠨ᠎ᠠ᠄ | — ᠵᠣᠬᠢᠶᠠᠨ ᠪᠠᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠠᠮᠤ ᠪᠤᠳᠠᠭ᠎ᠠ ᠶᠢ ᠠᠷᠪᠢᠯᠠᠨ | ᠬᠤᠷᠤᠬᠳᠠᠭᠤᠯᠤᠯ ᠢ ᠪᠠᠭᠠᠰᠬᠠᠬᠤ ᠠᠵᠢᠯ ᠢ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠲᠦᠷᠢᠮ ᠤᠨ ᠬᠢᠨᠠᠨ ᠰᠢᠯᠭᠠᠯᠲᠠ ᠳᠤ ᠣᠷᠣᠭᠤᠯᠵᠤ᠂ ᠨᠠᠮ ᠵᠠᠰᠠᠭ ᠠᠳᠠᠯᠢ ᠪᠠᠷ ᠬᠠᠷᠢᠭᠤᠴᠠᠯᠭ᠎ᠠ ᠡᠭᠦᠷᠭᠡᠯᠡᠬᠦ ᠶᠢ | ᠪᠠᠷᠢᠮᠲᠠᠯᠠᠨ᠎ᠠ᠃ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠲᠠᠢ ᠪᠠᠨ | ᠤᠶᠠᠯᠳᠤᠭᠤᠯᠤᠨ᠂ ᠣᠨ ᠤ ᠠᠮᠤ ᠪᠤᠳᠠᠭ᠎ᠠ ᠶᠢ ᠠᠷᠪᠢᠯᠠᠨ ᠬᠤᠷᠤᠭᠳᠠᠭᠤᠯᠤᠯ ᠢ ᠪᠠᠭᠠᠰᠬᠠᠬᠤ ᠬᠠᠷᠠᠯᠲᠠ ᠡᠭᠦᠷᠭᠡ | ᠪᠣᠯᠤᠨ ᠨᠡᠶᠢᠲᠡᠪᠦᠷᠢᠵᠢᠭᠤᠯᠬᠤ ᠠᠷᠭ᠎ᠠ ᠬᠡᠮᠵᠢᠶ᠎ᠡ ᠪᠠᠨ ᠲᠤᠬᠳᠠᠭᠠᠨ᠎ᠠ᠃ | — ᠳᠦᠷᠢᠮ ᠤᠨ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠬᠠᠤᠯᠢ ᠶᠣᠰᠣᠭᠠᠷ ᠠᠮᠤ ᠪᠤᠳᠠᠭ᠎ᠠ ᠶᠢ | ᠬᠠᠮᠢᠶᠠᠷᠴᠤ ᠠᠮᠤ ᠪᠤᠳᠠᠭ᠎ᠠ ᠶᠢ ᠠᠷᠪᠢᠯᠠᠬᠤ ᠶᠢ ᠴᠢᠩᠭᠠᠳᠬᠠᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ | ᠬᠠᠤᠯᠢ ᠶᠢ ᠲᠣᠭᠲᠠᠭᠠᠨ᠎ᠠ᠃ ᠠᠮᠤ ᠪᠤᠳᠠᠭ᠎ᠠ ᠶᠢ ᠠᠷᠪᠢᠯᠠᠨ ᠬᠤᠷᠤᠭᠳᠠᠭᠤᠯᠯ ᠢ ᠪᠠᠭᠠᠰᠬᠠᠬᠤ ᠱᠠᠭᠠᠷᠳᠠᠯᠭ᠎ᠠ ᠳᠤ | ᠨᠡᠶᠢᠴᠡᠬᠦ᠂ ᠠᠮᠤ ᠪᠤᠳᠠᠭ᠎ᠠ ᠶᠢ ᠠᠷᠪᠢᠯᠠᠨ ᠭᠠᠮᠨᠠᠬᠤ ᠶᠢ ᠠᠬᠢᠭᠤᠯᠬᠤ ᠠᠮᠤ ᠪᠤᠳᠠᠭᠠᠨ ᠤ ᠪᠦᠬᠦ ᠠᠵᠤ ᠦᠢᠯᠡᠰ ᠤᠨ | ᠬᠡᠯᠬᠢᠶ᠎ᠡ ᠶᠢᠨ ᠪᠠᠷᠢᠮᠵᠢᠶ᠎ᠠ᠂ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠪᠣᠯᠤᠨ ᠪᠦᠯᠬᠦᠮ ᠤᠨ | ᠪᠠᠷᠢᠮᠵᠢᠶ᠎ᠠ ᠶᠢ ᠪᠠᠶᠢᠭᠤᠯᠤᠨ᠎ᠠ᠃ | — ᠪᠠᠶᠢᠴᠠᠭᠠᠵᠤ ᠦᠨᠡᠯᠡᠬᠦ ᠲᠤᠭᠲᠠᠴᠠ ᠶᠢ ᠪᠠᠶᠢᠭᠤᠯᠤᠨ᠎ᠠ᠃ ᠠᠮᠤ ᠪᠤᠳᠠᠭ᠎ᠠ ᠶᠢ ᠪᠦᠷᠢᠯᠭᠡᠨ | ᠰᠦᠢᠳᠭᠡᠭᠰᠡᠨ ᠢ ᠦᠨᠡᠯᠡᠬᠦ ᠪᠠᠷᠢᠮᠵᠢᠶ᠎ᠠ ᠶᠢ ᠪᠠᠶᠢᠭᠤᠯᠤᠨ᠎ᠠ᠃ ᠪᠦᠬᠦ ᠬᠡᠯᠬᠢᠶᠡᠨ ᠤ ᠠᠮᠤ ᠪᠤᠳᠠᠭ᠎ᠠ ᠶᠢ ᠪᠦᠷᠢᠯᠭᠡᠨ | ᠰᠦᠢᠳᠭᠡᠭᠰᠡᠨ ᠢ ᠦᠨᠡᠯᠡᠨ ᠵᠢᠱᠢᠬᠦ ᠭᠦᠢᠴᠡᠳᠭᠡᠯ ᠲᠤᠭ᠎ᠠ ᠶᠢᠨ ᠰᠢᠰᠲ᠋ᠧᠮ ᠢ ᠰᠤᠳᠤᠯᠤᠨ ᠪᠠᠶᠢᠭᠤᠯᠵᠤ᠂ ᠲᠤᠭ᠎ᠠ | ᠪᠠᠷᠢᠮᠲᠠ ᠶᠢ ᠬᠤᠷᠢᠶᠠᠩᠭᠤᠶᠢᠯᠠᠬᠤ ᠪᠠ ᠵᠠᠳᠠᠯᠤᠯᠲᠠ ᠬᠢᠵᠦ ᠦᠨᠡᠯᠡᠬᠦ ᠶᠢ ᠲᠣᠭᠲᠠᠭᠰᠠᠨ ᠬᠤᠭᠤᠴᠠᠭ᠎ᠠ ᠲᠠᠢ ᠪᠠᠷ | ᠥᠷᠨᠢᠭᠦᠯᠦᠨ᠎ᠡ᠃ | — ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠠᠮᠤ ᠪᠤᠳᠠᠭ᠎ᠠ ᠶᠢ ᠬᠤᠷᠤᠭᠳᠠᠭᠤᠯᠤᠨ ᠪᠦᠷᠢᠯᠭᠡᠬᠦ ᠶᠢ | ᠪᠠᠭᠠᠰᠬᠠᠭᠰᠠᠨ ᠦᠷ᠎ᠡ ᠪᠦᠲᠦᠮᠵᠢ ᠶᠢ ᠦᠨᠡᠯᠡᠨ᠂ ᠵᠠᠷᠯᠠᠬᠤ᠂ ᠱᠠᠩᠨᠠᠬᠤ ᠪᠠ ᠲᠣᠷᠭᠠᠬᠤ ᠳᠦᠷᠢᠮ ᠢ ᠰᠤᠳᠤᠯᠤᠨ | ᠪᠠᠶᠢᠭᠤᠯᠤᠨ᠎ᠠ᠃ ᠰᠠᠯᠠᠭ᠎ᠠ ᠮᠥᠴᠢᠷ ᠠᠴᠠ ᠬᠢᠨᠠᠨ ᠬᠠᠮᠢᠶᠠᠷᠬᠤ᠂ ᠠᠵᠢᠯ ᠲᠥᠷᠥᠯ ᠤᠨ ᠬᠢᠨ ᠥᠪᠡᠷ ᠢ ᠪᠠᠨ | ᠱᠠᠭᠠᠷᠳᠠᠬᠤ᠂ ᠨᠡᠶᠢᠭᠡᠮ ᠠᠴᠠ ᠬᠢᠨᠠᠯᠲᠠ ᠲᠠᠯᠪᠢᠬᠤ ᠵᠡᠷᠭᠡ ᠶᠢ ᠬᠠᠷᠢᠯᠴᠠᠨ ᠤᠶᠠᠯᠳᠤᠭᠤᠯᠤᠭᠰᠠᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠥᠪᠡᠰᠦᠪᠡᠨ ᠪᠠᠶᠢᠴᠠᠭᠠᠬᠤ᠂ ᠰᠤᠭᠤᠴᠢᠨ ᠪᠠᠶᠢᠴᠠᠭᠠᠬᠤ᠂ ᠬᠢᠨᠠᠨ | ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠶᠡᠷᠦᠩᠭᠡᠶᠢᠯᠡᠨ ᠬᠡᠷᠡᠭᠯᠡᠵᠦ᠂ ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠶᠢ | ᠦᠷᠭᠦᠯᠵᠢᠯᠡᠨ ᠥᠷᠨᠢᠭᠦᠯᠦᠨ᠎ᠡ᠃ ︵ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 31 ᠤ ᠴᠠᠬᠢᠯᠭᠠᠨ | ᠮᠡᠳᠡᠭᠡ︶ | |