ᠲᠢᠩᠬᠢᠮ ᠤᠨ ᠡᠭᠦᠷᠭᠡ ᠴᠢᠳᠠᠪᠬᠢ
ᠨᠡᠶᠢᠲᠡᠯᠡᠭᠰᠡᠨ ᠴᠠᠭ᠄
2021/11/26
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨᠲᠦ ᠰᠠᠯᠠᠭ᠎ᠠ ᠮᠥᠴᠢᠷ᠂ ᠵᠢᠩᠬᠢᠨᠢ ᠲᠢᠩᠬᠢᠮ ᠤᠨ ᠳᠡᠰ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠳᠤ ᠪᠠᠶᠢᠷᠢᠯᠠᠭᠤᠯᠤᠨ᠎ᠠ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠨᠢ ᠨᠠᠮ ᠤᠨ ᠲᠥᠪ ᠬᠤᠷᠢᠶᠠᠨ ᠤ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠨᠠᠮ ᠤᠨ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠠᠵᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠨᠢᠭᠡᠳᠦᠯᠲᠡᠶ ᠰᠤᠳᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠬᠤ ᠶᠢ ᠵᠣᠬᠢᠶᠠᠨ ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠪᠦᠷᠢᠨᠰᠢᠭᠦᠯᠦᠨ᠎ᠡ᠃      ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠤᠭᠤᠷᠪᠢᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠲᠠᠯ᠎ᠠ ᠶᠢᠨ ᠪᠠᠶᠢᠴᠠᠭᠠᠨ ᠰᠤᠳᠤᠯᠤᠯᠲᠠ ᠶᠢ ᠬᠠᠷᠢᠭᠤᠴᠠᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ᠂ ᠣᠯᠠᠨ ᠨᠡᠶᠢᠲᠡ ᠶᠢᠨ ᠦᠢᠯᠡᠴᠢᠯᠡᠭᠡ᠂ ᠰᠠᠭᠤᠷᠢ ᠲᠦᠬᠦᠭᠡᠷᠦᠮᠵᠢ ᠪᠠ ᠬᠥᠳᠡᠭᠡ ᠲᠣᠰᠬᠤᠨ ᠤ ᠵᠠᠰᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠪᠠ ᠦᠢᠯᠡᠳᠪᠦᠷᠢᠯᠡᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠳᠠᠶᠢᠴᠢᠯᠠᠨ ᠵᠣᠬᠢᠴᠠᠭᠤᠯᠵᠤ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠣᠶᠤᠨ ᠤ ᠪᠣᠯᠪᠠᠰᠤᠨ ᠪᠣᠯᠤᠨ ᠰᠢᠯᠢᠳᠡᠭ ᠲᠠᠷᠢᠶᠠᠯᠠᠬᠤ ᠰᠣᠶᠣᠯ᠂ ᠲᠠᠯ᠎ᠠ ᠨᠤᠲᠤᠭ ᠤᠨ ᠰᠣᠶᠣᠯ ᠤᠨ ᠪᠠᠶᠢᠭᠤᠯᠤᠯᠲᠠ ᠶᠢ ᠵᠢᠯᠤᠭᠤᠳᠤᠨ᠎ᠠ᠃      ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯᠤᠨ ᠦᠨᠳᠦᠰᠦᠨ ᠡᠵᠡᠩᠨᠡᠯᠲᠡ ᠶᠢᠨ ᠳᠦᠷᠢᠮ ᠢ ᠭᠦᠨᠵᠡᠭᠡᠶᠢᠷᠡᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠮᠠᠯᠴᠢᠨ ᠲᠠᠷᠢᠶᠠᠴᠢᠨ ᠤ ᠭᠠᠵᠠᠷ ᠳᠠᠭᠠᠭᠠᠴᠢᠯᠠᠬᠤ᠂ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠢᠯᠣᠭᠤᠳᠴᠤ᠂ ᠲᠠᠷᠢᠶᠠᠨ ᠭᠠᠵᠠᠷ ᠤᠨ ᠬᠡᠷᠡᠭᠯᠡᠬᠦ ᠡᠷᠬᠡ ᠶᠢᠨ ᠡᠷᠭᠢᠯᠲᠡ ᠳᠤ ᠬᠢᠨᠠᠯᠲᠠ ᠲᠠᠯᠪᠢᠵᠤ᠂ ᠳᠠᠭᠠᠭᠠᠴᠢᠯᠠᠯᠲᠠ ᠶᠢᠨ ᠵᠠᠭᠤᠷᠠᠭᠠᠨ ᠢ ᠬᠥᠨᠳᠡᠯᠡᠨ ᠠᠴᠠ ᠲᠠᠰᠤᠯᠬᠤ ᠠᠵᠢᠯ ᠢ ᠵᠢᠯᠣᠭᠤᠳᠤᠨ᠎ᠠ᠃ ᠬᠥᠳᠡᠭᠡ ᠲᠣᠰᠬᠤᠨ ᠤ ᠬᠠᠮᠲᠤ ᠶᠢᠨ ᠦᠮᠴᠢᠯᠡᠯ ᠤᠨ ᠳᠦᠷᠢᠮ ᠤᠨ ᠥᠭᠡᠷᠡᠴᠢᠯᠡᠯᠲᠡ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠪᠣᠯᠤᠨ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠮᠠᠯᠴᠢᠨ ᠲᠠᠷᠢᠶᠠᠴᠢᠨ ᠤ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠪᠦᠲᠦᠭᠡᠨ ᠪᠠᠶᠢᠭᠤᠯᠤᠯᠲᠠ ᠬᠢᠭᠡᠳ ᠬᠥᠭᠵᠢᠯᠲᠡ ᠶᠢ ᠵᠢᠯᠣᠭᠤᠳᠤᠨ᠎ᠠ᠃ ᠮᠠᠯᠴᠢᠨ ᠲᠠᠷᠢᠶᠠᠴᠢᠨ ᠤ ᠳᠠᠷᠤᠭᠠᠰᠤ ᠶᠢ ᠬᠥᠩᠭᠡᠷᠡᠭᠦᠯᠬᠦ ᠳᠤ ᠬᠢᠨᠠᠯᠲᠠ ᠲᠠᠯᠪᠢᠵᠤ᠂ ᠮᠠᠯᠴᠢᠨ ᠲᠠᠷᠢᠶᠠᠴᠢᠨ ᠤ ᠪᠡᠯᠡ ᠴᠤᠭᠯᠠᠭᠤᠯᠵᠤ ᠬᠥᠳᠡᠯᠮᠦᠷᠢ ᠬᠦᠴᠦ ᠴᠤᠭᠯᠠᠭᠤᠯᠬᠤ ᠠᠵᠢᠯ ᠢ ᠵᠢᠯᠣᠭᠤᠳᠤᠨ᠎ᠠ᠃      ︵ᠳᠦᠷᠪᠡ︶ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠡᠵᠡᠩᠨᠡᠯᠲᠡ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠣᠭᠲᠠᠭᠠᠬᠤ ᠶᠢ ᠬᠠᠷᠢᠭᠤᠴᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭᠲᠤ ᠠᠵᠤ ᠦᠢᠯᠡᠰ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠪᠣᠯᠤᠨ ᠠᠵᠤ ᠦᠢᠯᠡᠰᠵᠢᠭᠰᠡᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠵᠢᠯᠣᠭᠤᠳᠤᠨ᠎ᠠ᠃      ︵ᠲᠠᠪᠤ︶ ᠶᠡᠭᠡ ᠬᠡᠮᠵᠢᠶᠡᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ ᠲᠡᠮᠳᠡᠭᠲᠦ ᠶᠢ ᠪᠤᠶᠢᠵᠢᠭᠤᠯᠤᠨ ᠬᠠᠮᠠᠭᠠᠯᠠᠨ᠎ᠠ᠃ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠮᠡᠳᠡᠭᠡ ᠵᠠᠩᠭᠢ ᠶᠢ ᠪᠦᠷᠢᠳᠬᠡᠬᠦ ᠪᠠ ᠨᠡᠶᠢᠲᠡᠯᠡᠬᠦ ᠠᠵᠢᠯ ᠢ ᠦᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢᠴᠢᠯᠠᠯᠲᠠ ᠶᠢᠨ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃      ︵ᠵᠢᠷᠭᠤᠭ᠎ᠠ︶ ᠲᠠᠷᠢᠮᠠᠯ ᠤᠨ ᠦᠢᠯᠡᠰ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠠᠲᠠᠷ ᠬᠠᠭᠠᠯᠪᠤᠷᠢᠯᠠᠯᠲᠠ᠂ ᠲᠠᠷᠢᠶᠠᠯᠠᠩ ᠤᠨ ᠮᠠᠰᠢᠨᠴᠢᠯᠠᠯᠲᠠ ᠵᠡᠷᠭᠡ ᠡᠯ᠎ᠡ ᠠᠵᠤ ᠦᠢᠯᠡᠰ ᠢ ᠵᠢᠯᠣᠭᠤᠳᠬᠤ ᠦᠢᠯᠡᠴᠢᠯᠡᠭᠡᠨ ᠪᠣᠯᠤᠨ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠠᠮᠤ ᠪᠤᠳᠠᠭ᠎ᠠ᠂ ᠮᠢᠬᠠᠨ ᠤ ᠵᠦᠢᠯ᠂ ᠰᠦ ᠰᠠᠭᠠᠯᠢ ᠶᠢᠨ ᠦᠢᠯᠡᠰ᠂ ᠲᠡᠵᠢᠭᠡᠯ ᠡᠪᠡᠰᠦ ᠪᠣᠷᠳᠤᠭ᠎ᠠ ᠪᠣᠯᠤᠨ ᠭᠤᠤᠯ ᠪᠣᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ᠂ ᠡᠵᠡᠩᠨᠡᠯᠲᠡ ᠶᠢᠨ ᠰᠢᠰᠲ᠋ᠧᠮᠵᠢ ᠶᠢ ᠵᠣᠬᠢᠶᠠᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢ ᠲᠣᠬᠢᠷᠠᠭᠤᠯᠬᠤ᠂ ᠪᠠᠶᠢᠷᠢᠰᠢᠭᠤᠯᠤᠯ ᠢ ᠰᠢᠯᠢᠳᠡᠭᠵᠢᠭᠦᠯᠬᠦ ᠶᠢ ᠬᠥᠲᠥᠯᠥᠨ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠦᠢᠯᠡᠳᠪᠦᠷᠢᠯᠡᠯ ᠢ ᠵᠢᠯᠣᠭᠤᠳᠴᠤ᠂ ᠴᠢᠨᠠᠷᠯᠢᠭ ᠥᠨᠳᠥᠷ ᠦᠷ᠎ᠡ ᠠᠰᠢᠭᠲᠤ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃      ︵ᠳᠣᠯᠤᠭ᠎ᠠ︶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ  ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ‍ᠤᠨ‌ᠠᠶᠤᠯᠭᠦᠢ ᠶᠢ ᠬᠢᠨᠠᠨ ᠬᠡᠮᠵᠢᠬᠦ ᠪᠠ ᠲᠦᠭᠰᠢᠭᠦᠷᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠪᠠᠶᠢᠳᠠᠯ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠨ᠎ᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢ ᠪᠠᠷᠢᠮᠵᠢᠶᠠᠵᠢᠭᠤᠯᠬᠤ ᠠᠵᠢᠯ ᠢ ᠬᠠᠷᠢᠭᠤᠴᠠᠨ᠎ᠠ᠃ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠴᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠦᠷᠳᠡᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ᠂ ᠨᠡᠶᠢᠲᠡ ᠳᠤ ᠬᠤᠤᠷᠳᠠᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠲᠤᠯ ᠥᠬᠡᠶ ᠪᠦᠲᠦᠭᠡᠭᠳᠡᠬᠦᠨ᠂ ᠣᠷᠭᠠᠨᠢᠭ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ᠂ ᠭᠠᠵᠠᠷ ᠵᠦᠶ ᠶᠢᠨ ᠢᠯᠡᠷᠬᠡᠶᠢᠯᠡᠯᠲᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      ︵ᠨᠠᠢᠮᠠ︶ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠬᠤ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠳᠤ ᠬᠡᠷᠡᠭᠯᠡᠬᠦ ᠭᠠᠵᠠᠷ᠂ ᠵᠢᠭᠠᠰᠤᠨ ᠠᠵᠤ ᠠᠬᠤᠢ ᠶᠢᠨ ᠤᠰᠤᠨ ᠣᠷᠣᠨ ᠵᠢᠴᠢ ᠲᠠᠷᠢᠶᠠᠯᠠᠩ ᠮᠠᠯ ᠠᠵᠤ ᠠᠬᠤᠢ ᠶᠢᠨ ᠠᠮᠢᠳᠤ ᠪᠣᠳᠠᠰ ᠤᠨ ᠲᠦᠷᠦᠯ ᠤᠨ ᠡᠬᠢ ᠪᠠᠶᠠᠯᠢᠭ᠂ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠬᠢᠭᠡᠳ ᠬᠠᠮᠢᠶᠠᠷᠤᠯᠲᠠ ᠶᠢ ᠵᠢᠯᠣᠭᠤᠳᠤᠨ᠎ᠠ᠃ ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠲᠤᠭᠤᠷᠪᠢᠨ ᠲᠣᠭᠲᠠᠭᠠᠵᠤ᠂ ᠲᠠᠷᠢᠶᠠᠨ ᠭᠠᠵᠠᠷ ᠤᠨ ᠶᠠᠰᠤ ᠴᠢᠨᠠᠷ᠂ ᠬᠠᠮᠠᠭᠠᠯᠠᠯᠲᠠ ᠪᠠ ᠠᠷᠢᠭᠤᠨ ᠴᠡᠪᠡᠷ ᠦᠢᠯᠡᠳᠪᠦᠷᠢᠯᠡᠯ ᠢ ᠬᠠᠤᠯᠢ ᠶᠣᠰᠣᠭᠠᠷ ᠬᠠᠮᠢᠶᠠᠷᠤᠨ᠎ᠠ᠃ ᠲᠦᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠶ᠂ ᠠᠮᠢ ᠠᠬᠤᠢ ᠶᠢᠨ ᠡᠷᠭᠢᠯᠳᠡᠲᠦ ᠲᠠᠷᠢᠶᠠᠯᠠᠩ ᠮᠠᠯ ᠠᠵᠤ ᠠᠬᠤᠶ᠂ ᠤᠰᠤ ᠠᠷᠪᠢᠯᠠᠬᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠵᠢᠴᠢ ᠮᠠᠯᠵᠢᠬᠤ ᠲᠠᠷᠢᠶᠠᠯᠠᠬᠤ ᠣᠷᠣᠨ ᠤ ᠳᠠᠬᠢᠨ ᠡᠭᠦᠰᠴᠦ ᠪᠣᠯᠬᠤ ᠡᠨᠧᠷᠭᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ᠂ ᠲᠠᠷᠢᠶᠠᠯᠠᠩ ᠮᠠᠯ ᠠᠵᠤ ᠠᠬᠤᠢ ᠶᠢᠨ ᠠᠮᠢᠳᠤ ᠪᠣᠳᠠᠰ ᠤᠨ ᠠᠵᠤ ᠦᠢᠯᠡᠰ ᠤᠨ ᠬᠥᠭᠵᠢᠯᠲᠡ ᠶᠢ ᠵᠢᠯᠣᠭᠤᠳᠤᠨ᠎ᠠ᠃      ︵ᠶᠢᠰᠦ︶ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ ᠪᠣᠯᠤᠨ ᠣᠷᠣᠭᠤᠯᠤᠯᠲᠠ ᠶᠢᠨ ᠡᠳ᠋ ᠤᠨ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠠᠮᠢᠶ᠎ᠠ ᠪᠦᠬᠦᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ ᠪᠣᠯᠤᠨ ᠣᠷᠣᠭᠤᠯᠤᠯᠲᠠ ᠶᠢᠨ ᠡᠳ᠋ ᠤᠨ ᠤᠯᠤᠰ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ᠂ ᠲᠠᠷᠢᠮᠠᠯ᠂ ᠲᠡᠵᠢᠭᠡᠯ ᠡᠪᠡᠰᠦᠨ ᠤ ᠦᠷ᠎ᠡ ︵ᠦᠷ᠎ᠡ ᠴᠢᠬᠢ︶᠂ ᠪᠣᠷᠳᠣᠭᠤᠷ᠂ ᠡᠭᠦᠯᠳᠡᠷ ᠤᠨ ᠮᠠᠯ ᠵᠢᠭᠦᠷᠲᠡᠨ᠂ ᠲᠠᠷᠢᠶᠠᠨ ᠡᠮ᠂ ᠮᠠᠯ ᠤᠨ ᠡᠮ᠂ ᠲᠡᠵᠢᠭᠡᠯ ᠪᠣᠷᠳᠤᠭ᠎ᠠ᠂ ᠲᠡᠵᠢᠭᠡᠯ ᠪᠣᠷᠳᠣᠭᠠᠨ ᠤ ᠨᠡᠮᠡᠯᠲᠡ ᠡᠳ᠋ ᠢ ᠦᠢᠯᠡᠳᠪᠦᠷᠢᠯᠡᠵᠦ ᠪᠣᠷᠣᠯᠠᠭᠤᠯᠬᠤ ᠵᠥᠪᠰᠢᠶᠡᠷᠡᠯ ᠵᠢᠴᠢ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠦᠷᠨᠢᠭᠦᠯᠦᠨ᠎ᠡ᠃ ᠲᠡᠵᠢᠭᠡᠯ ᠡᠪᠡᠰᠦ ᠪᠣᠷᠳᠤᠭ᠎ᠠ᠂ ᠮᠠᠯ ᠤᠨ ᠡᠮ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠨ ᠡᠮ᠂ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠩ ᠤᠨ ᠮᠠᠰᠢᠨ ᠤ ᠪᠦᠲᠦᠭᠡᠭᠳᠡᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃      ︵ᠠᠷᠪᠠ︶ ᠲᠠᠷᠢᠮᠠᠯ ᠪᠣᠯᠤᠨ ᠲᠡᠵᠢᠭᠡᠯ ᠡᠪᠡᠰᠦ᠂ ᠮᠠᠯ ᠵᠢᠭᠦᠷᠲᠡᠨ ᠪᠣᠯᠤᠨ ᠠᠮᠢᠳᠤ ᠪᠣᠳᠠᠰ ᠤᠨ ᠬᠢᠵᠢᠭ ᠢ ᠰᠡᠷᠭᠡᠶᠢᠯᠡᠨ ᠵᠠᠰᠠᠬᠤ ᠶᠢ ᠬᠠᠷᠢᠭᠤᠴᠠᠨ᠎ᠠ᠃ ᠠᠮᠢᠲᠠᠨ ᠤᠷᠭᠤᠮᠠᠯ ᠤᠨ ᠬᠢᠵᠢᠭ ᠢ ᠰᠡᠷᠭᠡᠶᠢᠯᠡᠬᠦ ᠪᠠ ᠬᠢᠵᠢᠭ ᠪᠠᠶᠢᠴᠠᠭᠠᠬᠤ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠴᠤ᠂ ᠠᠮᠢᠲᠠᠨ ᠤᠷᠭᠤᠮᠠᠯ ᠤᠨ ᠬᠢᠵᠢᠭ ᠢ ᠰᠡᠷᠭᠡᠶᠢᠯᠡᠬᠦ ᠬᠢᠵᠢᠭ ᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠪᠠ ᠲᠡᠭᠦᠨ ᠳᠤ ᠬᠢᠨᠠᠯᠲᠠ ᠲᠠᠯᠪᠢᠵᠤ᠂ ᠬᠢᠵᠢᠭ ᠭᠡᠮ ᠤᠨ ᠭᠡᠨᠡᠳᠲᠡ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠠᠮᠢᠲᠠᠨ ᠤᠷᠭᠤᠮᠠᠯ ᠬᠥᠨᠥᠭᠡᠯᠲᠡᠶ ᠠᠮᠢᠳᠤ ᠪᠣᠳᠠᠰ ᠢ ᠨᠡᠶᠢᠳᠡᠮ ᠪᠠᠶᠢᠴᠠᠭᠠᠬᠤ ᠪᠠ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠮᠠᠯ ᠤᠨ ᠡᠮᠴᠢ ᠶᠢᠨ ᠡᠩᠨᠡᠭᠡ᠂ ᠮᠠᠯ ᠤᠨ ᠡᠮ ᠪᠣᠯᠤᠨ ᠨᠢᠲᠤᠯᠠᠬᠤ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠠᠵᠢᠯ ᠲᠥᠷᠥᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠤᠨ ᠪᠠᠶᠢᠳᠠᠯ ᠢ ᠬᠢᠨᠠᠨ ᠬᠡᠮᠵᠢᠬᠦ ᠪᠠ ᠨᠡᠶᠢᠲᠡᠯᠡᠵᠦ᠂ ᠦᠷ᠎ᠡ᠂ ᠲᠠᠷᠢᠶᠠᠨ ᠡᠮ᠂ ᠬᠢᠮᠢ ᠶᠢᠨ ᠪᠣᠷᠳᠣᠭᠤᠷ᠂ ᠮᠠᠯ ᠤᠨ ᠡᠮ᠂ ᠲᠡᠵᠢᠭᠡᠯ ᠡᠪᠡᠰᠦ ᠪᠣᠷᠳᠤᠭ᠎ᠠ ᠵᠡᠷᠭᠡ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢᠨ ᠨᠥᠭᠡᠴᠡᠯᠡᠯᠲᠡ ᠪᠠ ᠲᠤᠬᠢᠷᠠᠭᠤᠯᠭ᠎ᠠ ᠶᠢ ᠵᠣᠬᠢᠶᠠᠨ ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠤᠬᠢᠷᠠᠭᠤᠯᠤᠨ ᠬᠡᠷᠡᠭᠯᠡᠬᠦ ᠰᠠᠨᠠᠭᠤᠯᠭ᠎ᠠ ᠳᠤᠷᠠᠳᠴᠤ᠂ ᠪᠠᠴᠢᠮ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢ ᠰᠡᠷᠭᠦᠭᠡᠬᠦ ᠶᠢ ᠵᠢᠯᠣᠭᠤᠳᠤᠨ᠎ᠠ᠃      ︵ᠠᠷᠪᠠᠨ ᠬᠤᠶᠠᠷ︶ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠲᠡᠳᠬᠦᠬᠦ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠵᠢᠴᠢ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠰᠠᠨᠠᠭᠤᠯᠭ᠎ᠠ ᠶᠢ ᠳᠤᠷᠠᠳᠤᠨ᠎ᠠ᠃ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠲᠣᠬᠢᠷᠠᠭᠤᠯᠤᠭᠰᠠᠨ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠲᠤᠭᠤᠷᠪᠢᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠠᠰᠢᠭᠯᠠᠬᠤ ᠲᠥᠯᠥᠪᠯᠡᠭᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠲᠥᠰᠦᠪ ᠨᠠᠶᠢᠷᠠᠭᠤᠯᠤᠨ ᠮᠡᠳᠡᠭᠦᠯᠦᠨ᠎ᠡ᠃ ᠲᠣᠭᠳᠠᠭᠰᠠᠨ ᠡᠷᠬᠡ ᠮᠡᠳᠡᠯ ᠤᠨ ᠬᠢᠨᠠᠯᠲᠠ᠂ ᠥᠪᠡᠷᠲᠡᠭᠡᠨ ᠵᠠᠰᠠᠬᠤ ᠣᠷᠣᠨ ᠤ ᠲᠥᠯᠥᠪᠵᠢᠭᠦᠯᠭᠡ ᠪᠠᠷ ᠯᠠᠪᠯᠠᠬᠤ ᠪᠠ ᠣᠨ ᠤ ᠲᠥᠯᠥᠪᠯᠡᠭᠡ ᠶᠢᠨ ᠬᠡᠪᠴᠢᠶᠡᠨ ᠳᠣᠲᠣᠷᠠᠬᠢ ᠲᠠᠷᠢᠶᠠᠯᠠᠩ ᠮᠠᠯ ᠠᠵᠤ ᠠᠬᠤᠢ ᠶᠢᠨ ᠮᠠᠯᠵᠢᠬᠤ ᠲᠠᠷᠢᠶᠠᠯᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠶᠣᠰᠤᠭᠠᠷ᠂ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠲᠣᠬᠢᠷᠠᠭᠤᠯᠤᠯᠲᠠ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ︵ᠠᠷᠪᠠᠨ ᠭᠤᠷᠪᠠ︶ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠤᠯ᠂ ᠮᠡᠷᠭᠡᠵᠢᠯ ᠳᠡᠯᠭᠡᠷᠡᠭᠦᠯᠬᠦ ᠲᠥᠯᠥᠪᠵᠢᠭᠦᠯᠪᠡ ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠶᠢ ᠵᠢᠯᠣᠭᠤᠳᠴᠤ᠂ ᠲᠠᠷᠢᠶᠠᠯᠠᠩ ᠮᠠᠯ ᠠᠵᠤ ᠠᠬᠤᠢ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠰᠤᠷᠬᠤ ᠰᠤᠳᠤᠯᠬᠤ ᠬᠠᠮᠵᠢᠯᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠪᠣᠯᠤᠨ ᠦᠢᠯᠡᠳᠪᠦᠷᠢᠯᠡᠨ ᠡᠳ᠋ᠰᠢᠭᠦᠯᠬᠦ ᠵᠥᠪᠰᠢᠶᠡᠷᠡᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠲᠥᠷᠥᠯ ᠵᠦᠢᠯ ᠤᠨ ᠬᠠᠮᠠᠭᠠᠯᠠᠯᠲᠠ ᠶᠢᠨ ᠠᠵᠢᠯ ᠢ ᠥᠷᠨᠢᠭᠦᠯᠦᠨ᠎ᠡ᠃      ︵ᠠᠷᠪᠠᠨ ᠳᠥᠷᠪᠡ︶ ᠲᠠᠷᠢᠶᠠᠯᠠᠩ ᠮᠠᠯ ᠠᠵᠤ ᠠᠬᠤᠶ ᠪᠣᠯᠤᠨ ᠮᠠᠯᠵᠢᠬᠤ ᠲᠠᠷᠢᠶᠠᠯᠠᠬᠤ ᠣᠷᠣᠨ ᠤ ᠴᠢᠳᠠᠪᠤᠷᠢᠲᠠᠨ ᠤ ᠠᠵᠢᠯ ᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠦᠲᠦᠴᠢ ᠠᠵᠤ ᠠᠬᠤᠶᠢᠯᠠᠯ ᠤᠨ ᠡᠷᠬᠢᠯᠡᠭᠰᠡᠨ ᠠᠵᠢᠯ ᠮᠡᠷᠭᠡᠵᠢᠯ ᠤᠨ ᠴᠢᠳᠠᠪᠤᠷᠢ ᠶᠢᠨ ᠬᠥᠮᠦᠵᠢᠯ ᠪᠣᠯᠤᠨ ᠨᠡᠭᠡᠭᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠴᠢᠳᠠᠪᠤᠷᠢᠲᠠᠨ ᠤ ᠪᠣᠯᠪᠠᠰᠤᠷᠠᠯ ᠤᠨ ᠠᠵᠢᠯ ᠢ ᠬᠠᠷᠢᠭᠤᠴᠠᠨ᠎ᠠ᠃      ︵ᠠᠷᠪᠠᠨ ᠲᠠᠪᠤ︶ ᠲᠠᠷᠢᠶᠠᠯᠠᠩ ᠮᠠᠯ ᠠᠵᠤ ᠠᠬᠤᠢ ᠶᠢᠨ ᠭᠠᠳᠠᠭᠠᠳᠤ ᠬᠠᠮᠲᠤᠷᠠᠯᠴᠠᠭ᠎ᠠ ᠶᠢᠨ ᠠᠵᠢᠯ ᠢ ᠳᠠᠶᠢᠴᠢᠯᠠᠨ ᠦᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠭᠠᠵᠠᠷ ᠣᠷᠣᠨ ᠤ ᠬᠤᠭᠤᠷᠣᠨᠳᠣᠬᠢ ᠠᠵᠤ ᠠᠬᠤᠶ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠭᠠᠳᠠᠭᠠᠳᠤ ᠶᠢ ᠲᠤᠰᠠᠯᠠᠬᠤ ᠬᠠᠮᠢᠶ᠎ᠠ ᠪᠦᠬᠦᠢ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠠᠷᠪᠠᠨ ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠬᠠᠷᠢᠯᠴᠠᠬᠤ ᠤᠲᠠᠰᠤ᠄ 0471 - 6652060      ᠠᠵᠢᠯᠯᠠᠬᠤ ᠭᠠᠵᠠᠷ᠄ ᠬᠥᠬᠡᠬᠤᠲᠠ ᠶᠢᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠣᠮᠧᠷ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠠᠯᠪᠠᠨ ᠠᠰᠠᠷ      ᠠᠵᠢᠯᠯᠠᠬᠤ ᠴᠠᠭ᠄ 08᠄ 30 - 12᠄ 00    14᠄ 30 - 17᠄ 30
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号