ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮ | ᠢ ᠲᠤᠭᠤᠷᠪᠢᠬᠤ ᠶᠢ ᠬᠠᠷᠢᠭᠤᠴᠠᠵᠤ᠂ ᠵᠢᠷᠤᠮᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ | ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠳᠣᠷᠬᠠᠶ ᠱᠠᠭᠠᠷᠳᠠᠭᠰᠠᠨ ᠪᠠ ᠥᠪᠡᠷᠲᠡᠭᠡᠨ ᠵᠠᠰᠠᠬᠤ ᠣᠷᠣᠨ ᠤ ᠲᠤᠰ | ᠱᠠᠲᠤᠨ ᠠᠴᠠ ᠬᠡᠷᠡᠭᠵᠢᠭᠦᠯᠬᠦ ᠴᠢᠬᠤᠯᠠᠲᠠᠶ ᠪᠤᠰᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠨ᠎ᠡ︔ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠢᠯᠤᠭᠤᠳᠤᠨ᠎ᠠ︔ ᠪᠦᠬᠦ ᠣᠷᠣᠨ ᠤ | ᠴᠢᠨᠠᠷᠲᠠᠶ᠂ ᠣᠷᠣᠨ ᠪᠦᠰᠡ ᠠᠯᠤᠰᠯᠠᠭᠰᠠᠨ ᠬᠦᠨᠳᠦ ᠶᠡᠭᠡ ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ | ᠰᠢᠶᠳᠪᠦᠷᠢᠯᠡᠬᠦ ᠪᠠ ᠰᠢᠮᠳᠠᠭᠤᠯᠤᠨ ᠰᠢᠶᠳᠪᠦᠷᠢᠯᠡᠭᠦᠯᠦᠨ᠎ᠡ︔ ᠪᠦᠬᠦ ᠣᠷᠣᠨ ᠤ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠬᠤᠳᠠᠯ ᠬᠠᠭᠤᠷᠮᠠᠭ ᠲᠤ ᠴᠣᠬᠢᠯᠲᠠ ᠥᠭᠬᠦ᠂ ᠲᠠᠷᠢᠶᠠᠯᠠᠩ ᠮᠠᠯ ᠠᠵᠤ ᠠᠬᠤᠶ ᠳᠠᠬᠢ ᠣᠷᠣᠭᠤᠯᠤᠯᠲᠠ | ᠡᠳ᠋ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ᠂ ᠲᠠᠷᠢᠶᠠᠯᠠᠩ ᠮᠠᠯ ᠠᠵᠤ ᠠᠬᠤᠶ ᠶᠢᠨ ᠬᠦᠷᠢᠶ᠎ᠡ | ᠴᠠᠷᠠᠭᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠶᠠᠪᠤᠳᠠᠯ ᠳᠤ ᠴᠣᠬᠢᠯᠲᠠ ᠥᠭᠬᠦ | ᠠᠵᠢᠯ ᠢ ᠲᠦᠷᠦᠭᠦᠯᠡᠨ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ︔ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠪᠣᠯᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠲᠦᠷᠦᠭᠦᠯᠡᠨ ᠥᠷᠨᠢᠭᠦᠯᠦᠨ᠎ᠡ︔ ᠲᠠᠷᠢᠶᠠᠯᠠᠩ ᠮᠠᠯ ᠠᠵᠤ ᠠᠬᠤᠶ ᠶᠢᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ ᠰᠢᠶᠳᠪᠦᠷᠢᠯᠡᠬᠦ ᠶᠢᠨ ᠬᠠᠮᠲᠤ ᠬᠠᠤᠯᠢ ᠶᠣᠰᠣᠭᠠᠷ | ᠰᠢᠢᠳᠪᠦᠷᠢᠯᠡᠨ᠎ᠡ᠃ | ᠬᠠᠷᠢᠭᠤᠴᠠᠯᠭᠠᠲᠠᠨ᠄ ᠴᠧᠨ ᠴᠦᠨ ᠯᠸᠢ | ᠬᠠᠷᠢᠯᠴᠠᠬᠤ ᠤᠲᠠᠰᠤ᠄ 0471 - 6652105 | ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ | ᠤᠨ ᠠᠯᠪᠠᠨ ᠠᠰᠠᠷ ᠤᠨ 715 ᠲᠠᠰᠤᠭ | ᠠᠵᠢᠯᠯᠠᠬᠤ ᠴᠠᠭ᠄ 08᠄ 30 - 12᠄ 00 14᠄ 30 - 17᠄ 30 |