ᠭᠤᠣᠯ ᠡᠭᠦᠷᠭᠡ ᠴᠢᠳᠠᠪᠬᠢ᠄ | ᠨᠢᠭᠡ ᠳᠤ ︽ᠮᠠᠯ ᠠᠵᠣ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ | ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ | ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ | ᠣᠷᠣᠨ ᠤ ︽ᠮᠠᠯ ᠠᠵᠣ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠲᠤᠬᠠᠶ | ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠲᠥᠷᠥ ᠶᠢᠨ | ᠪᠣᠳᠣᠯᠭ᠎ᠠ ᠶᠢᠨ ᠰᠠᠨᠠᠭᠤᠯᠭ᠎ᠠ ᠲᠣᠭᠲᠠᠭᠠᠬᠤ ᠳᠤ ᠳᠡᠮᠵᠢᠯᠭᠡ ᠶᠢᠨ ᠪᠠᠲᠤᠯᠠᠭ᠎ᠠ ᠬᠠᠩᠭᠠᠨ᠎ᠠ᠃ | ᠬᠤᠶᠠᠷ ᠲᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠢ ᠬᠠᠮᠵᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠨᠢᠭᠡᠳᠦᠯᠲᠡᠶ ᠲᠦᠯᠦᠪᠯᠡᠨ ᠠᠬᠢᠭᠤᠯᠵᠤ᠂ ᠲᠠᠷᠢᠮᠠᠯ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ | ᠲᠡᠵᠢᠭᠡᠯ ᠡᠪᠡᠰᠦ ᠪᠣᠷᠳᠤᠭ᠎ᠠ᠂ ᠦᠷ᠎ᠡ ᠶᠢᠨ ᠦᠶᠯᠡᠰ᠂ ᠲᠠᠷᠢᠶᠠᠯᠠᠩ ᠤᠨ ᠮᠠᠰᠢᠨ᠂ ᠠᠲᠠᠷ ᠬᠠᠭᠠᠯᠪᠤᠷᠢᠯᠠᠯᠲᠠ᠂ | ᠬᠥᠳᠡᠭᠡ ᠲᠣᠰᠬᠤᠨ ᠤ ᠠᠵᠤ ᠦᠶᠯᠡᠰ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠬᠠᠪᠰᠤᠷᠤᠮᠵᠢ ᠠᠵᠢᠯ ᠢ | ᠡᠭᠦᠷᠭᠡᠯᠡᠨ᠎ᠡ᠃ ᠲᠠᠷᠢᠶᠠᠯᠠᠩ ᠮᠠᠯ ᠠᠵᠤ ᠠᠬᠤᠶ ᠶᠢᠨ ᠠᠵᠢᠯ ᠲᠥᠷᠥᠯ ᠤᠨ ᠪᠠᠷᠢᠮᠵᠢᠶ᠎ᠠ᠂ ᠮᠡᠷᠭᠡᠵᠢᠯ ᠤᠨ ᠪᠠᠷᠢᠮᠵᠢᠶ᠎ᠠ᠂ | ᠮᠡᠷᠭᠡᠵᠢᠯ ᠤᠨ ᠵᠢᠷᠤᠮᠵᠢᠯ ᠵᠡᠷᠭᠡ ᠶᠢ ᠲᠤᠭᠤᠷᠪᠢᠨ ᠲᠣᠭᠲᠠᠭᠠᠬᠤ ᠬᠠᠮᠢᠶ᠎ᠠ ᠪᠦᠬᠦᠢ ᠠᠵᠢᠯ ᠳᠤ ᠣᠷᠣᠯᠴᠠᠨ᠎ᠠ᠃ | ᠭᠤᠷᠪᠠ ᠳᠤ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠢᠯ ᠲᠥᠷᠥᠯ ᠤᠨ ᠰᠢᠨᠵᠢᠯᠡᠬᠦ | ᠤᠬᠠᠭᠠᠨ ᠤ ᠰᠤᠳᠤᠯᠤᠯ ᠪᠣᠯᠤᠨ ᠮᠡᠷᠭᠡᠵᠢᠯ ᠳᠡᠯᠭᠡᠷᠡᠭᠦᠯᠬᠦ ᠠᠵᠢᠯ ᠢ ᠡᠭᠦᠷᠭᠡᠯᠡᠵᠦ᠂ ᠠᠵᠢᠯ ᠲᠥᠷᠥᠯ ᠤᠨ ᠲᠤᠭ᠎ᠠ | ᠪᠠᠷᠢᠮᠲᠠ ᠶᠢ ᠬᠢᠨᠠᠨ ᠬᠡᠮᠵᠢᠬᠦ᠂ ᠵᠠᠳᠠᠯᠬᠤ᠂ ᠬᠡᠷᠡᠭᠯᠡᠬᠦ ᠵᠡᠷᠭᠡ ᠠᠵᠢᠯ ᠢ ᠡᠭᠦᠷᠭᠡᠯᠡᠵᠦ᠂ ᠠᠵᠢᠯ ᠲᠥᠷᠥᠯ ᠤᠨ ᠬᠥᠮᠦᠵᠢᠯ | ᠪᠣᠯᠪᠠᠰᠤᠷᠠᠭᠤᠯᠤᠯ ᠤᠨ ᠠᠵᠢᠯ ᠢ ᠡᠭᠦᠷᠭᠡᠯᠡᠵᠦ᠂ ᠠᠵᠢᠯ ᠲᠥᠷᠥᠯ ᠤᠨ ᠬᠥᠭᠵᠢᠯᠲᠡ ᠳᠤ ᠮᠡᠷᠭᠡᠵᠢᠯ ᠤᠨ ᠪᠠᠲᠤᠯᠠᠭ᠎ᠠ | ᠬᠠᠩᠭᠠᠨ᠎ᠠ᠃ | ᠳᠥᠷᠪᠡ ᠳᠤ ᠤᠷᠭᠤᠮᠠᠯ ᠤᠨ ᠬᠢᠵᠢᠭ ᠪᠠᠶᠢᠴᠠᠭᠠᠬᠤ᠂ ᠲᠠᠷᠢᠮᠠᠯ ᠤᠨ ᠡᠪᠡᠳᠴᠢᠨ ᠬᠤᠷᠣᠬᠠᠶ ᠡᠪᠡᠰᠦ | ᠬᠤᠯᠤᠭᠠᠨ᠎ᠠ ᠶᠢᠨ ᠬᠥᠨᠥᠭᠡᠯ ᠢ ᠲᠥᠰᠦᠭᠡᠯᠡᠵᠦ ᠤᠷᠢᠳᠴᠢᠯᠠᠨ ᠮᠡᠳᠡᠭᠡᠯᠡᠬᠦ᠂ ᠤᠰᠤᠨ ᠤ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠡᠭᠦᠷᠭᠡᠯᠡᠨ᠎ᠡ︔ ᠡᠭᠦᠯᠳᠡᠷ ᠤᠨ ᠲᠤᠷᠰᠢᠯᠲᠡ ᠬᠢᠬᠦ᠂ ᠡᠭᠦᠯᠳᠡᠷ | ᠰᠣᠩᠭᠤᠨ ᠪᠣᠶᠢᠵᠢᠭᠤᠯᠬᠤ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠪᠠ ᠵᠢᠱᠢᠶ᠎ᠡ ᠦᠵᠡᠭᠦᠯᠦᠨ | ᠳᠡᠯᠭᠡᠷᠡᠭᠦᠯᠬᠦ ᠠᠵᠢᠯ ᠢ ᠥᠷᠨᠢᠭᠦᠯᠵᠦ᠂ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠠᠵᠢᠯ ᠳᠤ | ᠣᠷᠣᠯᠴᠠᠨ᠎ᠠ︔ ᠭᠧᠨ ᠰᠢᠯᠵᠢᠭᠦᠯᠬᠦ ᠶᠢ ᠬᠢᠨᠠᠨ ᠬᠠᠮᠢᠶᠠᠷᠬᠤ ᠮᠡᠷᠭᠡᠵᠢᠯ ᠤᠨ ᠲᠤᠯᠭᠠᠭᠤᠷᠢᠯᠠᠯ ᠢ ᠡᠭᠦᠷᠭᠡᠯᠡᠨ᠎ᠡ︔ ᠨᠠᠨ | ᠹᠠᠨ ᠰᠠᠭᠤᠷᠢᠨ ᠭᠠᠵᠠᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ᠲᠠᠪᠤ ᠳᠤ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶᠠᠵᠢᠯᠲᠠ ᠪᠣᠯᠤᠨ ᠠᠵᠢᠯ ᠲᠥᠷᠥᠯ | ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠡᠭᠦᠷᠭᠡᠯᠡᠨ᠎ᠡ︔ | ᠪᠡᠯᠡᠳᠬᠡᠮᠵᠢᠲᠦ ᠲᠠᠷᠢᠶᠠᠯᠠᠩ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤᠰᠤᠨ ᠭᠠᠷᠤᠯᠲᠠ ᠶᠢ ᠡᠳ᠋ᠰᠢᠯᠡᠭᠦᠯᠦᠨ ᠪᠣᠯᠪᠠᠰᠤᠷᠠᠭᠤᠯᠬᠤ ᠪᠠ ᠣᠨᠴᠠᠯᠢᠭᠲᠤ ᠠᠵᠤ | ᠦᠢᠯᠡᠰ ᠤᠨ ᠬᠥᠭᠵᠢᠯᠲᠡ ᠳᠤ ᠦᠢᠯᠡᠴᠢᠯᠡᠭᠡ ᠬᠠᠩᠭᠠᠨ᠎ᠠ︔ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ | ᠤᠨ ᠣᠷᠣᠨ ᠤ ᠬᠤᠪᠢᠶᠠᠷᠢᠯᠠᠯ ᠪᠠ ᠠᠯᠤᠰ ᠰᠡᠷᠡᠯ ᠤᠨ ᠬᠢᠨᠠᠨ ᠬᠡᠮᠵᠢᠯᠲᠡ᠂ ᠰᠦ ᠰᠠᠭᠠᠯᠢ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ᠂ ᠮᠠᠯᠵᠢᠬᠤ ᠣᠷᠣᠨ ᠤ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ᠂ ᠮᠠᠯᠵᠢᠬᠤ | ᠲᠠᠷᠢᠶᠠᠯᠠᠬᠤ ᠣᠷᠣᠨ ᠤ ᠠᠳᠠᠯ ᠦᠢᠯᠡᠰ ᠴᠣᠭᠴᠠᠯᠠᠨ ᠰᠢᠨ᠎ᠡ ᠶᠢ ᠡᠭᠦᠳᠬᠦ᠂ ᠲᠠᠷᠢᠶᠠᠯᠠᠩ ᠮᠠᠯ ᠬᠢᠭᠡᠳ ᠠᠵᠤ | ᠠᠬᠤᠶᠢᠯᠠᠯ ᠤᠨ ᠠᠰᠢᠭ ᠲᠤᠰᠠ ᠶᠢ ᠬᠤᠯᠪᠣᠭᠳᠠᠭᠤᠯᠬᠤ ᠲᠣᠭᠲᠠᠴᠠ ᠶᠢᠨ ᠪᠠᠶᠢᠭᠤᠯᠤᠯᠲᠠ ᠶᠢᠨ ᠮᠡᠷᠭᠡᠵᠢᠯ ᠤᠨ | ᠲᠤᠯᠭᠠᠭᠤᠷᠢᠯᠠᠯ ᠤᠨ ᠠᠵᠢᠯ ᠢ ᠡᠭᠦᠷᠭᠡᠯᠡᠨ᠎ᠡ᠃ | ᠵᠢᠷᠭᠤᠭ᠎ᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ | | ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠬᠠᠷᠢᠶ᠎ᠠ ᠪᠦᠬᠦᠢ | ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠤᠨ᠎ᠠ᠂ ᠪᠠᠶᠢᠭᠤᠯᠤᠮᠵᠢ | ᠶᠢᠨ ᠬᠡᠪᠴᠢᠶ᠎ᠡ ᠨᠢ ᠳᠡᠳ᠋ ᠲᠢᠩᠬᠢᠮ ᠤᠨ ᠳᠡᠰ ᠲᠠᠢ ᠲᠡᠩᠴᠡᠨ᠎ᠡ᠃ | ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠠᠵᠢᠯᠲᠠᠨ ᠤ ᠭᠠᠵᠠᠷ᠂ ᠡᠳ᠋ ᠤᠨ ᠶᠠᠪᠤᠳᠠᠯ ᠤᠨ ᠭᠠᠵᠠᠷ᠂ ᠨᠠᠮ | ᠤᠨ ᠪᠠᠶᠢᠭᠤᠯᠤᠯᠲᠠ ᠶᠢᠨ ᠠᠵᠢᠯ ᠤᠨ ᠭᠠᠵᠠᠷ᠂ ᠠᠮᠤ ᠪᠤᠳᠠᠭ᠎ᠠ ᠲᠣᠰᠣᠨ ᠤ ᠲᠠᠷᠢᠮᠠᠯ ᠤᠨ ᠮᠡᠷᠭᠡᠵᠢᠯ ᠤᠨ ᠭᠠᠵᠠᠷ᠂ | ᠤᠷᠭᠤᠮᠠᠯ ᠬᠠᠮᠠᠭᠠᠯᠠᠬᠤ ᠤᠷᠭᠤᠮᠠᠯ ᠪᠠᠶᠢᠴᠠᠭᠠᠬᠤ ᠭᠠᠵᠠᠷ᠂ ᠬᠥᠷᠥᠰᠥ ᠰᠢᠷᠣᠶ ᠪᠣᠷᠳᠣᠭᠤᠷ ᠪᠣᠯᠤᠨ ᠤᠰᠤ ᠠᠷᠪᠢᠯᠠᠬᠤ | ᠲᠠᠷᠢᠶᠠᠯᠠᠩ ᠤᠨ ᠮᠡᠷᠭᠡᠵᠢᠯ ᠤᠨ ᠭᠠᠵᠠᠷ᠂ ᠠᠵᠤ ᠠᠬᠤᠶ ᠶᠢᠨ ᠲᠠᠷᠢᠮᠠᠯ ᠤᠨ ᠮᠡᠷᠭᠡᠵᠢᠯ ᠤᠨ ᠭᠠᠵᠠᠷ᠂ ᠮᠠᠯ ᠠᠵᠤ | ᠠᠬᠤᠶ ᠶᠢᠨ ᠮᠡᠷᠭᠡᠵᠢᠯ ᠤᠨ ᠭᠠᠵᠠᠷ᠂ ᠰᠦ ᠶᠢᠨ ᠦᠢᠯᠡᠰ ᠤᠨ ᠮᠡᠷᠭᠡᠵᠢᠯ ᠤᠨ ᠭᠠᠵᠠᠷ᠂ ᠲᠡᠵᠢᠭᠡᠯ ᠪᠣᠷᠳᠤᠭ᠎ᠠ | ᠲᠡᠵᠢᠭᠡᠯ ᠡᠪᠡᠰᠦᠨ ᠤ ᠮᠡᠷᠭᠡᠵᠢᠯ ᠤᠨ ᠭᠠᠵᠠᠷ᠂ ᠤᠰᠤᠨ ᠭᠠᠷᠤᠯᠲᠠ ᠶᠢᠨ ᠮᠡᠷᠭᠡᠵᠢᠯ ᠤᠨ ᠭᠠᠵᠠᠷ᠂ ᠦᠷ᠎ᠡ ᠶᠢᠨ | ᠦᠢᠯᠡᠰ ᠤᠨ ᠬᠥᠭᠵᠢᠯᠲᠡ ᠶᠢᠨ ᠭᠠᠵᠠᠷ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠠᠵᠤ ᠠᠬᠤᠶ ᠶᠢᠨ | ᠬᠥᠭᠵᠢᠯᠲᠡ ᠶᠢᠨ ᠭᠠᠵᠠᠷ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠭᠠᠵᠠᠷ᠂ ᠰᠢᠶᠠᠩ ᠲᠣᠰᠬᠤᠨ | ᠤ ᠠᠵᠤ ᠦᠢᠯᠡᠰ ᠢ ᠲᠦᠯᠬᠢᠨ ᠠᠬᠢᠭᠤᠯᠬᠤ ᠭᠠᠵᠠᠷ᠂ ᠡᠬᠢ ᠪᠠᠶᠠᠯᠢᠭ ᠤᠨ ᠣᠷᠣᠨ ᠤ ᠬᠤᠪᠢᠶᠠᠷᠢᠯᠠᠯ ᠤᠨ ᠭᠠᠵᠠᠷ᠂ | ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠭᠠᠵᠠᠷ᠂ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ | ᠪᠠᠭᠤᠭᠰᠠᠳ ᠤᠨ ᠠᠵᠢᠯ ᠤᠨ ᠭᠠᠵᠠᠷ᠃ | ᠠᠵᠢᠯᠲᠠᠨ ᠤ ᠣᠷᠣᠨ ᠲᠤᠭ᠎ᠠ ᠵᠢᠴᠢ ᠠᠵᠢᠯᠲᠠᠨ ᠤ ᠪᠦᠲᠦᠴᠡ᠄ ᠠᠵᠢᠯ ᠦᠢᠯᠡᠰ ᠤᠨ ᠣᠷᠣᠨ ᠲᠤᠭ᠎ᠠ ᠶᠢ | 392 ᠢ ᠬᠢᠨᠠᠨ ᠲᠣᠭᠲᠠᠭᠠᠪᠠ᠃ | ᠤᠳᠤᠷᠢᠳᠬᠤ ᠲᠤᠰᠢᠶᠠᠯ ᠤᠨ ᠲᠤᠭ᠎ᠠ᠄ ᠭᠠᠵᠠᠷ ᠤᠨ ᠳᠡᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ | 56 ᠨᠡᠷᠡᠰ ︵19 ᠵᠢᠩᠭᠢᠨᠢ 37 ᠳᠡᠳ᠋ ᠳᠡᠰ︶ ᠬᠢᠨᠠᠨ ᠲᠣᠭᠲᠠᠭᠠᠵᠤ᠂ ᠰᠠᠯᠠᠭ᠎ᠠ ᠲᠠᠰᠤᠭ ᠤᠨ ᠤᠳᠤᠷᠢᠳᠬᠤ | ᠲᠤᠰᠢᠶᠠᠯ ᠤᠨ ᠲᠤᠭ᠎ᠠ ᠶᠢ 95 ᠨᠡᠷᠡᠰ ︵48 ᠵᠢᠩᠭᠢᠨᠢ 47 ᠳᠡᠳ᠋ ᠳᠡᠰ︶ ᠬᠢᠨᠠᠨ ᠲᠣᠭᠲᠠᠭᠠᠪᠠ᠃ | ᠵᠠᠷᠤᠳᠠᠯ ᠤᠨ ᠢᠷᠡᠯᠲᠡ᠄ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠵᠣᠭᠤᠰ ᠰᠠᠯᠭᠠᠨ ᠥᠭᠭᠦᠨ᠎ᠡ᠃ | ᠬᠠᠷᠢᠭᠤᠴᠠᠯᠭᠠᠲᠠᠨ᠄ ᠬᠤ᠋ ᠶᠢᠤ ᠯᠢᠨ | ᠤᠲᠠᠰᠤ᠄ 0471 - 5163285 | ᠠᠵᠢᠯᠯᠠᠬᠤ ᠭᠠᠵᠠᠷ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠣᠷᠳᠣᠰ ᠵᠡᠭᠦᠨ ᠵᠡᠭᠡᠯᠢ ᠶᠢᠨ ᠱᠠᠩ | ᠳ᠋ᠦᠩ ᠣᠯᠠᠨ ᠤᠯᠤᠰ ᠤᠨ 2 ᠳ᠋ᠤᠭᠠᠷ ᠨᠣᠮᠧᠷᠲᠦ ᠠᠰᠠᠷ ᠤᠨ 1212 ᠲᠠᠰᠤᠭ | ᠠᠵᠢᠯᠯᠠᠬᠤ ᠴᠠᠭ᠄ 08᠄ 30 - 12᠄ 00 14᠄ 30 - 17᠄ 30 |