ᠭᠤᠣᠯ ᠡᠭᠦᠷᠭᠡ ᠴᠢᠳᠠᠪᠬᠢ᠄ | ᠨᠢᠭᠡ ᠳᠤ ᠲᠢᠩᠬᠢᠮ ᠤᠨ ᠰᠢᠰᠲ᠋ᠧᠮ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ᠂ ᠡᠳ᠋ ᠤᠨ ᠶᠠᠪᠤᠳᠠᠯ | ᠵᠢᠴᠢ ᠲᠥᠷᠥᠯ ᠵᠦᠶᠯ ᠤᠨ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠪᠠᠲᠤᠯᠠᠭ᠎ᠠ ᠶᠢᠨ ᠠᠵᠢᠯ ᠢ ᠬᠠᠮᠵᠢᠨ | ᠥᠷᠨᠢᠭᠦᠯᠦᠨ᠎ᠡ᠃ | ᠬᠤᠶᠠᠷ ᠲᠤ ᠲᠢᠩᠬᠢᠮ ᠤᠨ ᠪᠠᠶᠢᠭᠤᠯᠭ᠎ᠠ ᠶᠢᠨ ᠰᠣᠨᠢᠨ ᠮᠡᠳᠡᠭᠡᠨ ᠤ ᠤᠬᠠᠭᠤᠯᠭ᠎ᠠ᠂ ᠳᠠᠩᠰᠠ ᠡᠪᠬᠡᠮᠡᠯ ᠤᠨ | ᠬᠠᠮᠢᠶᠠᠷᠤᠯᠲᠠ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠡᠳᠦᠷ | ᠲᠤᠲᠤᠮ ᠤᠨ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃ | ᠭᠤᠷᠪᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠤᠨ ᠫᠤᠷᠲ᠋ᠧᠯ ᠰᠦᠯᠵᠢᠶᠡᠨ ᠤ ᠮᠡᠳᠡᠭᠡ ᠵᠠᠩᠭᠢ ᠴᠤᠭᠯᠠᠭᠤᠯᠬᠤ᠂ ᠵᠠᠳᠠᠯᠬᠤ᠂ | ᠨᠡᠶᠢᠲᠡᠯᠡᠬᠦ ᠵᠡᠷᠭᠡ ᠬᠠᠮᠢᠶ᠎ᠠ ᠪᠥᠬᠦᠶ ᠠᠵᠢᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠶᠯᠡᠴᠢᠯᠡᠭᠡᠨ ᠤ ᠲᠠᠪᠴᠠᠩ ᠤᠨ ᠡᠳᠦᠷ ᠲᠤᠲᠤᠮ ᠤᠨ | ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃ | ᠳᠥᠷᠪᠡ ᠳᠤ ᠲᠢᠩᠬᠢᠮ ᠤᠨ ᠪᠠᠶᠢᠭᠤᠯᠭ᠎ᠠ ᠶᠢᠨ ᠠᠷᠤ ᠲᠠᠯ᠎ᠠ ᠶᠢᠨ ᠦᠶᠯᠡᠴᠢᠯᠡᠭᠡᠨ ᠤ ᠪᠠᠲᠤᠯᠠᠭ᠎ᠠ᠂ ᠠᠮᠤᠷ | ᠲᠦᠪᠰᠢᠨ ᠤ ᠬᠠᠮᠠᠭᠠᠯᠠᠯᠲᠠ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ | ᠶᠡᠷᠦᠩᠬᠡᠶᠢᠯᠡᠨ ᠵᠠᠰᠠᠬᠤ᠂ ᠠᠳᠠᠯ ᠠᠬᠤᠶ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ | ᠲᠠᠪᠤ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ | | ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ | ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ | ᠶᠢᠨ ᠨᠢᠭᠡᠳᠦᠭᠡᠷ ᠲᠥᠷᠥᠯ ᠤᠨ ᠠᠵᠢᠯ ᠦᠶᠯᠡᠰ ᠤᠨ ᠨᠢᠭᠡᠴᠢ ᠪᠣᠯᠤᠨ᠎ᠠ᠃ | ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠤᠬᠠᠭᠤᠯᠬᠤ ᠰᠠᠯᠠᠭ᠎ᠠ᠂ ᠡᠳ᠋ ᠤᠨ ᠶᠠᠪᠤᠳᠠᠯ ᠤᠨ ᠰᠠᠯᠠᠭ᠎ᠠ᠂ | ᠡᠳ᠋ ᠬᠥᠷᠥᠩᠭᠡ ᠶᠢᠨ ᠰᠠᠯᠠᠭ᠎ᠠ᠂ ᠮᠡᠳᠡᠭᠡ ᠵᠠᠩᠭᠢ ᠶᠢᠨ ᠰᠠᠯᠠᠭ᠎ᠠ᠂ ᠵᠠᠰᠠᠭ ᠤᠨ ᠶᠠᠪᠤᠳᠠᠯ ᠤᠨ ᠪᠠᠲᠤᠯᠠᠭ᠎ᠠ ᠶᠢᠨ | ᠰᠠᠯᠠᠭ᠎ᠠ᠂ ᠳᠠᠩᠰᠠ ᠡᠪᠬᠡᠮᠡᠯ ᠤᠨ ᠰᠠᠯᠠᠭ᠎ᠠ᠂ ᠠᠷᠤ ᠲᠠᠯ᠎ᠠ ᠶᠢᠨ ᠠᠵᠢᠯ ᠤᠨ ᠰᠠᠯᠠᠭ᠎ᠠ᠂ ︽12316︾ | ᠦᠢᠯᠡᠴᠢᠯᠡᠭᠡᠨ ᠤ ᠰᠠᠯᠠᠭ᠎ᠠ᠃ | ᠠᠵᠢᠯᠲᠠᠨ ᠤ ᠣᠷᠣᠨ ᠲᠤᠭ᠎ᠠ ᠬᠢᠭᠡᠳ ᠠᠵᠢᠯᠲᠠᠨ ᠤ ᠪᠦᠲᠦᠴᠡ᠄ ᠠᠵᠢᠯ ᠦᠢᠯᠡᠰ ᠤᠨ ᠣᠷᠣᠨ ᠲᠤᠭ᠎ᠠ ᠶᠢ | 78 ᠨᠡᠷᠡᠰ ᠬᠢᠨᠠᠨ ᠲᠣᠭᠲᠠᠭᠠᠪᠠ᠃ | ᠤᠳᠤᠷᠢᠳᠬᠤ ᠲᠤᠰᠢᠶᠠᠯ ᠤᠨ ᠲᠤᠭ᠎ᠠ᠄ ᠭᠠᠵᠠᠷ ᠤᠨ ᠳᠡᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ 4 | ᠨᠡᠷᠡᠰ ︵1 ᠵᠢᠩᠬᠢᠨᠢ 3 ᠳᠡᠳ᠋︶᠂ ᠰᠠᠯᠠᠭ᠎ᠠ ᠲᠠᠰᠤᠭ ᠤᠨ ᠤᠳᠤᠷᠢᠳᠬᠤ ᠲᠤᠰᠢᠶᠠᠯ ᠤᠨ ᠲᠤᠭ᠎ᠠ ᠶᠢ 17 ᠨᠡᠷᠡᠰ | ︵9 ᠵᠢᠩᠬᠢᠨᠢ 8 ᠳᠡᠳ᠋︶ ᠢ ᠬᠢᠨᠠᠨ ᠲᠣᠭᠲᠠᠭᠠᠪᠠ᠃ | ᠵᠠᠷᠤᠳᠠᠯ ᠤᠨ ᠢᠷᠡᠯᠲᠡ᠄ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠵᠣᠭᠤᠰ ᠰᠠᠯᠭᠠᠨ ᠥᠭᠭᠦᠨ᠎ᠡ᠃ | ᠬᠠᠷᠢᠭᠤᠴᠠᠯᠭᠠᠲᠠᠨ᠄ ᠶᠠᠩ ᠶᠦᠩ ᠬᠠᠶ | ᠤᠲᠠᠰᠤ᠄ 0471 - 6652118 | ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ | ᠤᠨ ᠠᠯᠪᠠᠨ ᠠᠰᠠᠷ ᠤᠨ 309 ᠲᠠᠰᠤᠭ | ᠠᠵᠢᠯᠯᠠᠬᠤ ᠴᠠᠭ᠄ 08᠄ 30 - 12᠄ 00 14᠄ 30 - 17᠄ 30 |