︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ ᠦᠢᠯᠡᠰ ᠤᠨ ᠡᠷᠬᠡ ᠶᠢ ᠦᠷᠢᠰᠦᠯᠳᠦᠭᠡᠨ ᠤ ᠴᠢᠨᠠᠷᠲᠠᠢ ᠪᠠᠷ ᠲᠦᠯᠦᠪᠦᠷᠢᠲᠡᠢ ᠰᠢᠯᠵᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠶᠢᠨ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/12/2
             ᠥᠪᠥᠷ ᠵᠠᠰᠠᠭ ᠠᠯᠪᠠᠨ ᠲᠠᠷᠬᠠᠭᠠᠭᠰᠠᠨ︹2020︺46 ᠳ᠋ᠤᠭᠠᠷ ᠲᠣᠭᠠᠲᠤ              2020 ᠣᠨ ᠤ 12 ᠳ᠋ᠤᠭᠠᠷ ᠰᠠᠷ᠎ᠠ ᠶᠢᠨ 21 ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ ᠦᠢᠯᠡᠰ ᠤᠨ ᠡᠷᠬᠡ ᠶᠢ ᠥᠷᠢᠰᠦᠯᠳᠦᠭᠡᠨ ᠤ ᠴᠢᠨᠠᠷᠲᠠᠢ ᠪᠠᠷ ᠲᠦᠯᠦᠪᠦᠷᠢᠲᠡᠢ ᠰᠢᠯᠵᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠶᠢᠨ ᠬᠡᠷᠡᠭᠵᠢᠭᠦᠯᠬᠦ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ         ᠦᠢᠯᠡᠰ ᠤᠨ ᠡᠷᠬᠡ ᠶᠢ ᠦᠷᠢᠰᠦᠯᠳᠦᠭᠡᠨ ᠤ ᠴᠢᠨᠠᠷᠲᠠᠢ ᠪᠠᠷ ᠲᠦᠯᠦᠪᠦᠷᠢᠲᠡᠢ         ᠰᠢᠯᠵᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠶᠢᠨ ᠬᠡᠷᠡᠭᠵᠢᠭᠦᠯᠬᠦ ᠠᠷᠭ᠎ᠠ         ᠨᠢᠭᠡᠳᠦᠭᠡᠷ ᠪᠦᠯᠦᠭ ᠶᠡᠷᠦᠩᠬᠡᠢ ᠳᠥᠷᠢᠮ      ᠨᠢᠭᠡᠳᠦᠭᠡᠷ ᠵᠦᠢᠯ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ︽ᠪᠦᠭᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠠᠭᠤᠷᠬᠠᠢ ᠶᠢᠨ ᠡᠬᠢ ᠪᠠᠶᠠᠯᠢᠭ ᠤᠨ ᠬᠠᠤᠯᠢ︾ ︽︿ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠲᠦᠯᠦᠪᠦᠷᠢᠲᠡᠢ ᠰᠢᠯᠵᠢᠭᠦᠯᠬᠦ ᠳᠥᠷᠢᠮ ᠤᠨ ᠥᠭᠡᠷᠡᠴᠢᠯᠡᠯᠲᠡ ᠶᠢᠨ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠳᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠢᠩᠬᠢᠮ ᠦᠰᠦᠭ ︹2017︺ 12 ᠳ᠋ᠤᠭᠠᠷ ᠲᠣᠭᠠᠲᠤ︶ ᠵᠡᠷᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠪᠠᠨ ᠣᠶᠠᠯᠳᠣᠭᠤᠯᠵᠣ᠂ ᠲᠤᠰ ᠠᠷᠭ᠎ᠠ ᠶᠢ ᠲᠣᠭᠲᠠᠭᠠᠪᠠ᠃     ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ ᠦᠢᠯᠡᠰ ᠤᠨ ᠡᠷᠬᠡ ᠶᠢ ᠦᠷᠢᠰᠦᠯᠳᠦᠭᠡᠨ ᠤ ᠴᠢᠨᠠᠷᠲᠠᠢ ᠪᠠᠷ ᠲᠦᠯᠦᠪᠦᠷᠢᠲᠡᠢ ᠰᠢᠯᠵᠢᠭᠦᠯᠬᠦ ᠠᠵᠢᠯᠯᠠᠭ᠎ᠠ ᠳᠤ ᠲᠤᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃         ᠬᠤᠶᠠᠳᠤᠭᠠᠷ ᠪᠦᠯᠦᠭ ᠲᠦᠯᠦᠪᠦᠷᠢᠲᠡᠢ ᠰᠢᠯᠵᠢᠭᠦᠯᠬᠦ ᠨᠦᠬᠦᠴᠡᠯ      ᠭᠤᠷᠪᠠᠳᠤᠭᠠᠷ ᠵᠦᠢᠯ ᠰᠢᠨ᠎ᠡ ᠪᠠᠷ ᠲᠤᠬᠢᠷᠠᠭᠤᠯᠤᠨᠨᠰᠠᠨ ᠨᠡᠭᠦᠷᠡᠰᠦᠨ ᠠᠭᠤᠷᠬᠠᠢ ᠶᠢᠨ ᠦᠢᠯᠡᠰ ᠤᠨ ᠡᠷᠬᠡ ᠶᠢ ᠳᠠᠭᠠᠭᠠᠴᠢᠯᠠᠯᠲᠠ ᠵᠠᠷᠯᠠᠬᠤ ᠦᠨ᠎ᠡ ᠬᠠᠶᠠᠯᠴᠠᠨ ᠬᠤᠳᠠᠯᠳᠤᠬᠤ ᠪᠠ ᠫᠠᠶᠢᠰᠠ ᠡᠯᠭᠦᠬᠦ ᠵᠡᠷᠭᠡ ᠠᠷᠭ᠎ᠠ ᠮᠠᠶ᠋ᠢᠭ ᠢᠶᠠᠷ ᠢᠯᠡ ᠪᠠᠷ ᠲᠦᠯᠦᠪᠦᠷᠢᠲᠡᠢ ᠰᠢᠯᠵᠢᠭᠦᠯᠬᠦ ᠬᠡᠷᠡᠭᠲᠡᠢ ︵ᠳᠣᠷᠣᠭᠰᠢ ᠢᠯᠡ ᠪᠠᠷ ᠲᠦᠯᠦᠪᠦᠷᠢᠲᠡᠢ ᠰᠢᠯᠵᠢᠭᠦᠯᠬᠦ ᠭᠡᠵᠦ ᠲᠣᠪᠴᠢᠯᠠᠨ᠎ᠠ︶᠃     ᠳᠥᠷᠪᠡᠳᠦᠭᠡᠷ ᠵᠦᠢᠯ ᠨᠡᠭᠦᠷᠡᠰᠦᠨ ᠠᠭᠤᠷᠬᠠᠢ ᠶᠢᠨ ᠦᠢᠯᠡᠰ ᠤᠨ ᠡᠷᠬᠡ ᠶᠢ ᠢᠯᠡ ᠪᠠᠷ ᠲᠦᠯᠦᠪᠦᠷᠢᠲᠡᠢ ᠰᠢᠯᠵᠢᠭᠦᠯᠬᠦ ᠪᠠᠷ ᠵᠢᠱᠢᠭᠦ ᠳᠤ ᠪᠠᠨ ᠤᠯᠤᠰ ᠤᠨ ᠦᠮᠴᠢᠯᠡᠭᠴᠢ ᠶᠢᠨ ᠡᠷᠬᠡ ᠠᠰᠢᠭ ᠪᠠ ᠡᠨᠧᠷᠭᠢ ᠶᠢᠨ ᠡᠬᠢ ᠪᠠᠶᠠᠯᠢᠭ ᠤᠨ ᠠᠮᠦᠷ ᠲᠦᠪᠰᠢᠨ ᠢ ᠪᠠᠲᠤᠯᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠬᠡᠷᠡᠭᠴᠡᠭᠡ ᠶᠢ ᠬᠠᠩᠭᠠᠨ᠂ ᠨᠡᠭᠦᠷᠡᠰᠦᠨ ᠡᠬᠢ ᠪᠠᠶᠠᠯᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃      ᠲᠠᠪᠤᠳᠤᠭᠠᠷ ᠵᠦᠢᠯ ᠨᠡᠭᠦᠷᠡᠰᠦᠨ ᠠᠭᠤᠷᠬᠠᠢ ᠶᠢᠨ ᠦᠢᠯᠡᠰ ᠤᠨ ᠡᠷᠬᠡ ᠶᠢ ᠢᠯᠡ ᠪᠠᠷ ᠲᠦᠯᠦᠪᠦᠷᠢᠲᠡᠢ ᠰᠢᠯᠵᠢᠭᠦᠯᠬᠦ ᠪᠠᠷ ᠵᠢᠱᠢᠭᠦ ᠳᠤ ᠪᠠᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠵᠢᠴᠢ ᠨᠡᠭᠦᠷᠡᠰᠦᠨ ᠡᠭᠤᠷᠬᠠᠢ ᠶᠢᠨ ᠣᠷᠣᠨ ᠤ ᠶᠡᠷᠦᠩᠬᠡᠢ ᠲᠥᠯᠥᠪᠵᠢᠭᠦᠯᠭᠡ᠂ ᠠᠭᠤᠷᠬᠠᠢ ᠶᠢᠨ ᠠᠵᠢᠯ ᠲᠦᠷᠦᠯ ᠤᠨ ᠡᠷᠬᠡ ᠲᠠᠢ ᠣᠷᠣᠨ ᠬᠤᠪᠢᠶᠠᠷᠢᠯᠠᠯ ᠤᠨ ᠲᠥᠰᠥᠯ᠂ ᠨᠡᠭᠦᠷᠡᠰᠦᠨ ᠠᠵᠤ ᠦᠢᠯᠡᠳᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠳᠤ ᠨᠡᠶᠢᠴᠡᠭᠦᠯᠦᠭᠰᠡᠨ ᠪᠠᠶᠢᠬᠤ ᠬᠡᠷᠡᠭᠲᠡᠢ᠃ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠮᠢ ᠠᠬᠤᠢ ᠶᠢᠨ ᠤᠯᠠᠭᠠᠨ ᠱᠣᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠳᠠᠪᠬᠤᠷᠳᠠᠯ᠂ ᠣᠶᠢᠲᠤ ᠭᠠᠵᠠᠷ᠂ ᠨᠤᠲᠤᠭ ᠪᠡᠯᠴᠢᠭᠡᠷ ᠵᠡᠷᠭᠡ ᠴᠠᠭᠠᠵᠠᠯᠠᠵᠤ ᠬᠢᠵᠠᠭᠠᠷᠯᠠᠭᠰᠠᠨ ᠣᠷᠣᠨ ᠪᠦᠰᠡ ᠪᠠᠶᠢᠬᠤ ᠵᠢᠴᠢ ᠣᠷᠴᠢᠨ ᠲᠣᠭᠤᠷᠢᠨ ᠤ ᠳᠠᠭᠠᠭᠠᠴᠠ ᠪᠠ ᠠᠮᠦᠷ ᠲᠦᠪᠰᠢᠨ ᠤ ᠵᠠᠢ ᠵᠡᠷᠭᠡ ᠨᠦᠬᠦᠴᠡᠯ ᠢ ᠬᠠᠩᠭᠠᠬᠤ ᠦᠭᠡᠢ ᠪᠣᠯ ᠲᠦᠯᠦᠪᠦᠷᠢᠲᠡᠢ ᠰᠢᠯᠵᠢᠭᠦᠯᠵᠦ ᠪᠣᠯᠬᠤ ᠦᠭᠡᠢ᠃     ᠵᠢᠷᠭᠤᠳᠤᠭᠠᠷ ᠵᠦᠢᠯ ᠨᠡᠭᠦᠷᠡᠰᠦᠨ ᠠᠭᠤᠷᠬᠠᠢ ᠬᠠᠶᠢᠬᠤ ᠡᠷᠬᠡ ᠶᠢ ᠢᠯᠡ ᠪᠠᠷ ᠲᠦᠯᠦᠪᠦᠷᠢᠲᠡᠢ ᠰᠢᠯᠵᠢᠭᠦᠯᠬᠦ ᠪᠠᠷ ᠪᠠᠶᠢᠪᠠᠯ᠂ ᠬᠠᠶᠢᠨ ᠪᠠᠶᠢᠴᠠᠭᠠᠯᠲᠠ ᠶᠢᠨ ᠬᠡᠮᠵᠢᠶ᠎ᠡ ᠨᠢ ᠨᠡᠶᠢᠳᠡᠮ ᠪᠠᠶᠢᠴᠠᠭᠠᠬᠤ ᠵᠢᠴᠢ ᠲᠡᠭᠦᠨ ᠠᠴᠠ ᠳᠡᠭᠡᠭᠰᠢᠬᠢ ᠬᠡᠮᠵᠢᠶ᠎ᠡ ᠳᠤ ᠬᠦᠷᠦᠭᠰᠡᠨ ᠪᠠᠶᠢᠬᠤ ᠬᠡᠷᠡᠭᠲᠡᠢ︔ ᠨᠠᠭᠦᠷᠡᠰᠦᠨ ᠠᠭᠤᠷᠬᠠᠢ ᠮᠠᠯᠲᠠᠬᠤ ᠡᠷᠬᠡ ᠶᠢ ᠢᠯᠡ ᠪᠠᠷ ᠲᠦᠯᠦᠪᠦᠷᠢᠲᠡᠢ ᠰᠢᠯᠵᠢᠭᠦᠯᠬᠦ ᠪᠠᠷ ᠪᠠᠶᠢᠪᠠᠯ᠂ ᠬᠠᠶᠢᠨ ᠪᠠᠶᠢᠴᠠᠭᠠᠯᠲᠠ ᠶᠢᠨ ᠬᠡᠮᠵᠢᠶ᠎ᠡ ᠨᠢ ᠬᠠᠶᠢᠨ ᠰᠢᠨᠵᠢᠬᠦ ᠬᠡᠮᠵᠢᠶᠡᠨ ᠳᠤ ᠬᠦᠷᠦᠭᠰᠡᠨ ᠪᠠᠶᠢᠬᠤ ᠬᠡᠷᠡᠭᠲᠡᠢ᠃         ᠭᠤᠷᠪᠠᠳᠤᠭᠠᠷ ᠪᠦᠯᠦᠭ ᠲᠦᠯᠦᠪᠦᠷᠢᠲᠡᠢ ᠰᠢᠯᠵᠢᠭᠦᠯᠬᠦ ᠶᠢ ᠬᠢᠨᠠᠨ ᠬᠠᠷᠭᠤᠭᠤᠯᠬᠤ      ᠳᠣᠯᠣᠳᠤᠭᠠᠷ ᠵᠦᠢᠯ ᠨᠡᠭᠦᠷᠡᠰᠦᠨ ᠠᠭᠤᠷᠬᠠᠢ ᠶᠢᠨ ᠦᠢᠯᠡᠰ ᠤᠨ ᠡᠷᠬᠡ ᠶᠢ ᠢᠯᠡ ᠪᠠᠷ ᠲᠦᠯᠦᠪᠦᠷᠢᠲᠡᠢ ᠰᠢᠯᠵᠢᠭᠦᠯᠬᠦ ᠪᠠᠷ ᠪᠠᠶᠢᠪᠠᠯ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠦᠯᠦᠪᠦᠷᠢᠲᠡᠢ ᠰᠢᠯᠵᠢᠭᠦᠯᠬᠦ ᠨᠦᠬᠦᠴᠡᠯ ᠳᠤ ᠨᠡᠶᠢᠴᠡᠬᠦ ᠡᠰᠡᠬᠦ ᠶᠢ ᠨᠢ ᠬᠠᠷᠭᠤᠭᠤᠯᠬᠤ ᠶᠢᠨ ᠬᠠᠮᠲᠤ ᠲᠦᠯᠦᠪᠦᠷᠢᠲᠡᠢ ᠰᠢᠯᠵᠢᠭᠦᠯᠬᠦ ᠲᠥᠯᠥᠪᠯᠡᠭᠡ ᠲᠣᠭᠲᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠭᠤᠶᠤᠴᠢᠯᠠᠯ ᠲᠤᠷᠠᠳᠬᠤ ᠬᠡᠷᠡᠭᠲᠡᠢ᠃      ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠨᠢ ᠳᠡᠰ ᠳᠠᠷᠠᠭᠠᠯᠠᠯ ᠢᠶᠠᠷ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠭᠰᠡᠨ ᠨᠡᠭᠦᠷᠡᠰᠦᠨ ᠠᠭᠤᠷᠬᠠᠢ ᠶᠢᠨ ᠦᠢᠯᠡᠰ ᠤᠨ ᠡᠷᠬᠡ ᠶᠢ ᠲᠦᠯᠦᠪᠦᠷᠢᠲᠡᠢ ᠰᠢᠯᠵᠢᠭᠦᠯᠬᠦ ᠪᠠᠷ ᠠᠪᠤᠨᠨᠰᠠᠨ ᠵᠢᠭᠠᠪᠤᠷᠢ ᠶᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠲᠦᠷᠦᠭᠦᠯᠡᠨ ᠳᠠᠭᠠᠭᠠᠨ ᠭᠦᠢᠴᠡᠳᠭᠡᠯᠭᠡᠬᠦ ᠪᠠᠷ ᠴᠤᠬᠤᠯᠠᠪᠤᠷᠢᠯᠠᠨ ᠳᠠᠮᠵᠢᠭᠤᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠡᠨᠧᠷᠭᠢ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠲᠤ ᠴᠤᠬᠤᠯᠠᠪᠤᠷᠢᠯᠠᠨ ᠳᠠᠮᠵᠢᠭᠤᠯᠵᠤ ᠲᠡᠳᠡᠨᠦᠰ ᠤᠨ ᠰᠠᠨᠠᠯ ᠢ ᠬᠤᠷᠢᠶᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠡᠯ᠎ᠡ ᠰᠠᠯᠠᠭ᠎ᠠ ᠮᠦᠴᠢᠷ ᠤᠨ ᠰᠠᠨᠠᠯ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠬᠤᠷᠢᠶᠠᠩᠭᠤᠶᠢᠯᠠᠵᠤ ᠬᠢᠨᠠᠨ ᠬᠠᠷᠭᠤᠭᠤᠯᠤᠭᠠᠳ᠂ ᠨᠡᠭᠦᠷᠡᠰᠦᠨ ᠠᠭᠤᠷᠬᠠᠢ ᠶᠢᠨ ᠦᠢᠯᠡᠰ ᠤᠨ ᠡᠷᠬᠡ ᠶᠢ ᠢᠯᠡ ᠪᠠᠷ ᠲᠦᠯᠦᠪᠦᠷᠢᠲᠡᠢ ᠰᠢᠯᠵᠢᠭᠦᠯᠬᠦ ᠶᠢ ᠵᠥᠪᠰᠢᠶᠡᠷᠡᠬᠦ ᠡᠰᠡᠬᠦ ᠶᠢᠨ ᠰᠠᠨᠠᠯ ᠢᠶᠠᠨ ᠳᠤᠷᠠᠳᠤᠨ ᠭᠠᠷᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠰᠣᠳᠣᠯᠣᠨ ᠲᠣᠭᠲᠠᠭᠠᠯᠭᠠᠬᠤ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠲᠥᠷᠥᠯ ᠵᠦᠢᠯ ᠢ ᠨᠡᠬᠡᠬᠡᠨ ᠭᠦᠭᠵᠢᠬᠦᠯᠬᠦ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠂ ᠬᠡᠷᠪᠡ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠬᠤ ᠳᠤ ᠬᠤᠯᠪᠣᠭᠳᠠᠭᠰᠠᠨ ᠪᠠᠶᠢᠪᠠᠯ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠳᠤ ᠠᠮᠦᠷ ᠲᠦᠪᠰᠢᠨ ᠤ ᠬᠢᠨᠠᠨ ᠪᠠᠶᠢᠴᠠᠭᠠᠯᠲᠠ ᠦᠷᠨᠢᠭᠦᠯᠬᠦ ᠪᠠᠷ ᠳᠤᠷᠠᠳᠤᠨ ᠳᠡᠪᠰᠢᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠨᠢ ᠲᠦᠯᠦᠪᠦᠷᠢᠲᠡᠢ ᠰᠢᠯᠵᠢᠭᠦᠯᠬᠦ ᠪᠠᠷ ᠪᠠᠶᠢᠭ᠎ᠠ ᠬᠡᠪᠴᠢᠶ᠎ᠡ ᠨᠢ ᠨᠡᠭᠦᠷᠡᠰᠦᠨ ᠠᠭᠤᠷᠬᠠᠢ ᠶᠢᠨ ᠣᠷᠣᠨ ᠤ ᠶᠡᠷᠦᠩᠬᠡᠢ ᠲᠥᠯᠥᠪᠵᠢᠭᠦᠯᠭᠡ ᠵᠢᠴᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠠᠵᠤ ᠦᠢᠯᠡᠳᠪᠦᠷᠢ ᠶᠢᠨ ᠬᠦᠭᠵᠢᠯᠲᠡ ᠶᠢᠨ ᠲᠥᠯᠥᠪᠵᠢᠭᠦᠯᠭᠡ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠬᠤ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠨᠢ ᠲᠦᠯᠦᠪᠦᠷᠢᠲᠡᠢ ᠰᠢᠯᠵᠢᠭᠦᠯᠬᠦ ᠪᠠᠷ ᠪᠠᠶᠢᠭ᠎ᠠ ᠬᠡᠪᠴᠢᠶ᠎ᠡ ᠨᠢ ᠬᠠᠤᠯᠢ ᠪᠠᠷ ᠲᠣᠭᠲᠠᠭᠠᠭᠰᠠᠨ ᠬᠠᠮᠢᠶ᠎ᠠ ᠪᠦᠬᠦᠢ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠦᠯᠦᠭᠡᠯᠡᠯ ᠤᠨ ᠦᠨᠡᠯᠡᠯᠲᠡ ᠶᠢᠨ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠬᠤ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠲᠦᠯᠦᠪᠦᠷᠢᠲᠡᠢ ᠰᠢᠯᠵᠢᠭᠦᠯᠬᠦ ᠪᠠᠷ ᠪᠠᠶᠢᠭ᠎ᠠ ᠬᠡᠪᠴᠢᠶ᠎ᠡ ᠨᠢ ᠣᠢ ᠰᠢᠭᠤᠢ ᠨᠤᠲᠤᠭ ᠪᠡᠯᠴᠢᠭᠡᠷ ᠢ ᠡᠵᠡᠯᠡᠭᠰᠡᠨ ᠡᠰᠡᠬᠦ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠲᠤ ᠪᠠᠶᠢᠷᠢᠯᠠᠭᠤᠬᠰᠠᠨ ᠡᠰᠡᠬᠦ ᠵᠡᠷᠭᠡ ᠵᠦᠢᠯᠡᠰ ᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠲᠦᠯᠦᠪᠦᠷᠢᠲᠡᠢ ᠰᠢᠯᠵᠢᠭᠦᠯᠬᠦ ᠪᠠᠷ ᠪᠠᠶᠢᠭ᠎ᠠ ᠬᠡᠪᠴᠢᠶ᠎ᠡ ᠨᠢ ᠠᠭᠤᠷᠬᠠᠢ ᠶᠢᠨ ᠠᠵᠢᠯ ᠲᠦᠷᠦᠯ ᠤᠨ ᠡᠷᠬᠡ ᠲᠠᠢ ᠤᠷᠤᠨ ᠬᠤᠪᠢᠶᠠᠷᠢᠯᠠᠯ ᠤᠨ ᠲᠥᠰᠥᠯ ᠳᠤ ᠨᠡᠶᠢᠴᠡᠬᠦ ᠡᠰᠡᠬᠦ᠂ ᠲᠦᠯᠦᠪᠦᠷᠢᠲᠡᠢ ᠰᠢᠯᠵᠢᠭᠦᠯᠬᠦ ᠪᠠᠷ ᠪᠠᠶᠢᠭ᠎ᠠ ᠬᠡᠪᠴᠢᠶᠡᠨ ᠳᠠᠬᠢ ᠠᠮᠢ ᠠᠬᠤᠢ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠭᠤᠷᠬᠠᠢ ᠶᠢᠨ ᠡᠷᠬᠡ ᠶᠢᠨ ᠳᠠᠪᠬᠤᠷᠳᠠᠯ ᠵᠢᠴᠢ ᠨᠡᠭᠦᠷᠡᠰᠦᠨ ᠤ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠪᠠᠶᠢᠳᠠᠯ ᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠬᠤ ᠬᠡᠷᠡᠭᠲᠡᠢ︔ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠬᠠᠳᠠᠭᠠᠯᠠᠭᠳᠠᠴᠠ ᠶᠢ ᠬᠠᠷᠭᠤᠭᠤᠯᠤᠭᠰᠠᠨ ᠮᠡᠳᠡᠭᠦᠯᠦᠯᠲᠡ ᠶᠢ ᠪᠦᠷᠢᠳᠬᠡᠨ ᠳᠠᠩᠰᠠᠯᠠᠬᠤ᠂ ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠲᠦᠯᠦᠪᠦᠷᠢᠲᠡᠢ ᠰᠢᠯᠵᠢᠭᠦᠯᠬᠦ ᠭᠡᠷ᠎ᠡ ᠶᠢ ᠨᠠᠶᠢᠷᠠᠭᠤᠯᠤᠨ ᠵᠣᠬᠢᠶᠠᠬᠤ᠂ ᠠᠭᠤᠷᠬᠠᠢ ᠶᠢᠨ ᠡᠷᠬᠡ ᠶᠢ ᠲᠦᠯᠦᠪᠦᠷᠢᠲᠡᠢ ᠰᠢᠯᠵᠢᠭᠦᠯᠦᠭᠰᠡᠨ ᠠᠰᠢᠭ ᠣᠯᠵᠠᠪᠤᠷᠢ ᠳᠤ ᠦᠨᠡᠯᠡᠨ ᠵᠢᠱᠢᠯᠲᠡ ᠬᠢᠬᠦ ᠶᠢ ᠨᠠᠶᠢᠳᠠᠨ ᠥᠷᠨᠢᠭᠦᠯᠬᠦ ᠵᠡᠷᠭᠡ ᠠᠵᠢᠯ ᠢ ᠬᠠᠷᠢᠭᠤᠴᠠᠬᠤ ᠶᠢᠨ ᠬᠠᠮᠲᠤ᠂ ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠲᠦᠯᠦᠪᠦᠷᠢᠲᠡᠢ ᠰᠢᠯᠵᠢᠭᠦᠯᠦᠭᠰᠡᠨ ᠠᠰᠢᠭ ᠣᠯᠵᠠᠪᠤᠷᠢ ᠳᠤ ᠦᠨᠡᠯᠡᠨ ᠵᠢᠱᠢᠯᠲᠡ ᠬᠢᠭᠰᠡᠨ ᠦᠷ᠎ᠡ ᠳ᠋ᠦᠩ ᠢ ᠦᠨᠳᠦᠰᠦᠯᠡᠨ ᠨᠡᠭᠦᠷᠡᠰᠦᠨ ᠤ ᠠᠭᠤᠷᠬᠠᠢ ᠶᠢᠨ ᠦᠢᠯᠡᠰ ᠤᠨ ᠡᠷᠬᠡ ᠶᠢ ᠢᠯᠡ ᠪᠠᠷ ᠲᠦᠯᠦᠪᠦᠷᠢᠲᠡᠢ ᠰᠢᠯᠵᠢᠭᠦᠯᠬᠦ ᠶᠢᠨ ᠡᠬᠢᠯᠡᠵᠦ ᠲᠤᠨᠨᠳᠠᠬᠤ ᠦᠨ᠎ᠡ ᠵᠢᠴᠢ ᠲᠤᠰᠢᠶᠠᠬᠤ ᠠᠷᠭ᠎ᠠ ᠮᠠᠶ᠋ᠢᠭ ᠢ ᠠᠩᠬ᠎ᠠ ᠠᠯᠬᠤᠮ ᠲᠣᠭᠲᠠᠭᠠᠬᠤ ᠬᠡᠷᠡᠭᠲᠡᠢ᠃        ᠳᠥᠷᠪᠡᠳᠦᠭᠡᠷ ᠪᠥᠯᠥᠭ ᠲᠦᠯᠦᠪᠦᠷᠢᠲᠡᠢ ᠰᠢᠯᠵᠢᠭᠦᠯᠬᠦ ᠬᠢᠭᠡᠳ ᠬᠢᠨᠠᠯᠲᠠ ᠲᠠᠯᠪᠢᠬᠤ      ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠨᠡᠭᠦᠷᠡᠰᠦᠨ ᠠᠭᠤᠷᠬᠠᠢ ᠶᠢᠨ ᠦᠢᠯᠡᠰ ᠤᠨ ᠡᠷᠬᠡ ᠶᠢ ᠢᠯᠡ ᠪᠠᠷ ᠲᠦᠯᠦᠪᠦᠷᠢᠲᠡᠢ ᠰᠢᠯᠵᠢᠭᠦᠯᠬᠦ ᠶᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠬᠠᠮᠢᠶᠠᠷᠤᠯᠲᠠ ᠦᠢᠯᠡᠴᠢᠯᠡᠭᠡᠨ ᠤ ᠲᠥᠪ ᠲᠤ ᠨᠠᠶᠢᠳᠠᠵᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠭᠦᠨ ᠳᠤ᠂ ᠵᠠᠬ᠎ᠠ ᠰᠡᠵᠢᠬᠦᠷ ᠤᠨ ᠦᠯᠡᠳᠡᠪᠦᠷᠢ ᠨᠡᠭᠦᠷᠡᠰᠦᠨ ᠤ ᠡᠬᠢ ᠪᠠᠶᠠᠯᠢᠭ ᠢ ᠢᠯᠡ ᠪᠠᠷ ᠲᠦᠯᠦᠪᠦᠷᠢᠲᠡᠢ ᠰᠢᠯᠵᠢᠭᠦᠯᠬᠦ ᠶᠢ ᠡᠬᠢ ᠪᠠᠶᠠᠯᠢᠭ ᠤᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠦᠯᠦᠪᠦᠷᠢᠲᠡᠢ ᠰᠢᠯᠵᠢᠭᠦᠯᠦᠭᠰᠡᠨ ᠤ ᠳᠠᠷᠠᠭ᠎ᠠ ᠨᠢᠭᠡᠨᠲᠡ ᠲᠣᠬᠢᠷᠠᠭᠤᠯᠤᠭᠰᠠᠨ ᠨᠡᠭᠦᠷᠡᠰᠦᠨ ᠠᠭᠤᠷᠬᠠᠢ ᠶᠢᠨ ᠭᠤᠣᠯ ᠴᠣᠭᠴᠠ ᠯᠤᠭ᠎ᠠ ᠡᠮᠬᠢᠯᠡᠨ ᠨᠡᠶᠢᠯᠡᠭᠦᠯᠵᠦ ᠨᠡᠭᠡᠭᠡᠨ ᠮᠠᠯᠲᠠᠬᠤ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠬᠠᠮᠢᠶᠠᠷᠤᠯᠲᠠ ᠦᠢᠯᠡᠴᠢᠯᠡᠭᠡᠨ ᠤ ᠲᠥᠪ ᠪᠣᠶᠤ ᠢᠯᠡ ᠪᠠᠷ ᠲᠦᠯᠦᠪᠦᠷᠢᠲᠡᠢ ᠰᠢᠯᠵᠢᠭᠦᠯᠬᠦ ᠵᠠᠬ᠎ᠠ ᠰᠡᠵᠢᠬᠦᠷ ᠤᠨ ᠦᠯᠡᠳᠡᠪᠦᠷᠢ ᠨᠡᠭᠦᠷᠡᠰᠦᠨ ᠤ ᠡᠬᠢ ᠪᠠᠶᠠᠯᠢᠭ ᠤᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠦᠯᠦᠪᠦᠷᠢᠲᠡᠢ ᠰᠢᠯᠵᠢᠭᠦᠯᠬᠦ ᠪᠠᠷ ᠪᠠᠶᠢᠭ᠎ᠠ ᠨᠡᠭᠦᠷᠡᠰᠦᠨ ᠤ ᠠᠭᠤᠷᠬᠠᠢ ᠶᠢᠨ ᠦᠢᠯᠡᠰ ᠤᠨ ᠡᠷᠬᠡ ᠶᠢᠨ ᠠᠭᠤᠷᠬᠠᠢ ᠶᠢᠨ ᠣᠷᠣᠨ ᠤ ᠬᠡᠪᠴᠢᠶ᠎ᠡ᠂ ᠬᠠᠶᠢᠨ ᠪᠠᠶᠢᠴᠠᠭᠠᠯᠲᠠ ᠶᠢᠨ ᠬᠡᠮᠵᠢᠶ᠎ᠡ᠂ ᠡᠬᠢ ᠪᠠᠶᠠᠯᠢᠭ ᠤᠨ ᠬᠠᠳᠠᠭᠠᠯᠠᠭᠳᠠᠴᠠ᠂ ᠲᠦᠯᠦᠪᠦᠷᠢᠲᠡᠢ ᠰᠢᠯᠵᠢᠭᠦᠯᠬᠦ ᠨᠦᠬᠦᠴᠡᠯ᠂ ᠦᠷᠢᠰᠦᠯᠳᠦᠨ ᠬᠤᠳᠠᠯᠳᠤᠨ ᠠᠪᠤᠨᠨᠴᠢ ᠶᠢᠨ ᠬᠢᠷᠢ ᠬᠡᠮ ᠤᠨ ᠨᠦᠬᠦᠴᠡᠯ ᠵᠢᠴᠢ ᠠᠶᠤᠯ ᠲᠥᠭᠰᠢᠭᠦᠷᠢ ᠶᠢᠨ ᠰᠠᠨᠠᠭᠤᠯᠤᠮᠵᠢ ᠵᠡᠷᠭᠡ ᠵᠠᠷᠯᠠᠨ ᠮᠡᠳᠡᠭᠳᠡᠬᠦ ᠴᠢᠬᠤᠯᠠᠲᠠᠢ ᠪᠣᠰᠣᠳ ᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠢ᠃      ᠠᠷᠪᠠᠳᠤᠭᠠᠷ ᠵᠦᠢᠯ ᠨᠡᠭᠦᠷᠡᠰᠦᠨ ᠠᠭᠤᠷᠬᠠᠢ ᠶᠢᠨ ᠦᠢᠯᠡᠰ ᠤᠨ ᠡᠷᠬᠡ ᠶᠢ ᠢᠯᠡ ᠪᠠᠷ ᠲᠦᠯᠦᠪᠦᠷᠢᠲᠡᠢ ᠰᠢᠯᠵᠢᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠬᠠᠮᠢᠶᠠᠷᠤᠯᠲᠠ ᠦᠢᠯᠡᠴᠢᠯᠡᠭᠡᠨ ᠤ ᠲᠥᠪ ᠨᠢ ᠠᠷᠠᠯᠵᠢᠶ᠎ᠠ ᠪᠦᠲᠦᠭᠰᠡᠨ ᠤ ᠨᠤᠲᠠᠯᠠᠨ ᠵᠦᠪᠰᠢᠶᠡᠷᠡᠬᠦ ᠪᠢᠴᠢᠭ ᠢ ᠬᠠᠷᠢᠭᠤᠴᠠᠨ ᠲᠤᠨᠨᠳᠠᠭᠠᠨ᠎ᠠ᠂ ᠡᠰᠡᠭᠦᠯ᠎ᠡ ᠢᠯᠡ ᠪᠠᠷ ᠲᠦᠯᠦᠪᠦᠷᠢᠲᠡᠢ ᠰᠢᠯᠵᠢᠭᠦᠯᠬᠦ ᠵᠠᠬ᠎ᠠ ᠰᠡᠵᠢᠬᠦᠷ ᠤᠨ ᠦᠯᠡᠳᠡᠪᠦᠷᠢ ᠨᠡᠭᠦᠷᠡᠰᠦᠨ ᠤ ᠡᠬᠢ ᠪᠠᠶᠠᠯᠢᠭ ᠤᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠵᠤ ᠪᠠᠶᠢᠭᠠᠳ ᠠᠷᠠᠯᠵᠢᠶ᠎ᠠ ᠪᠦᠲᠦᠭᠰᠡᠨ ᠤ ᠨᠤᠲᠠᠯᠠᠨ ᠵᠦᠪᠰᠢᠶᠡᠷᠡᠬᠦ ᠪᠢᠴᠢᠭ ᠲᠣᠭᠲᠠᠬᠤ ᠶᠢᠨ ᠬᠠᠮᠲᠤ᠂ ᠥᠷᠢᠰᠦᠯᠳᠦᠨ ᠣᠯᠣᠭᠴᠢ᠂ ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠥᠷᠢᠰᠦᠯᠳᠦᠨ ᠣᠯᠣᠭᠰᠠᠨ ᠪᠠᠶᠢᠳᠠᠯ᠂ ᠠᠷᠠᠯᠵᠢᠶᠠᠯᠠᠭᠰᠠᠨ ᠦᠨ᠎ᠡ ᠬᠠᠩᠰᠢ᠂ ᠲᠤᠰᠢᠶᠠᠬᠤ ᠠᠷᠭ᠎ᠠ ᠮᠠᠶ᠋ᠢᠭ᠂ ᠲᠤᠰᠢᠶᠠᠬᠤ ᠴᠠᠭ ᠬᠤᠭᠤᠴᠠᠭ᠎ᠠ ᠵᠢᠴᠢ ᠨᠡᠶᠢᠲᠡ ᠳᠤ ᠵᠠᠷᠯᠠᠬᠤ ᠶᠤᠰᠤᠳᠠᠢ ᠪᠣᠰᠣᠳ ᠠᠭᠤᠯᠭ᠎ᠠ ᠶᠢ ᠨᠡᠶᠢᠲᠡ ᠳᠤ ᠵᠠᠷᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠲᠦᠯᠦᠪᠦᠷᠢᠲᠡᠢ ᠰᠢᠯᠵᠢᠭᠦᠯᠬᠦ ᠭᠡᠷ᠎ᠡ ᠲᠣᠭᠲᠠᠬᠤ ᠶᠢ ᠬᠠᠷᠢᠭᠤᠴᠠᠵᠤ᠂ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠳᠠᠩᠰᠠᠯᠠᠨ ᠲᠡᠮᠳᠡᠭᠯᠡᠬᠦ ᠶᠢ ᠭᠦᠢᠴᠡᠳᠭᠡᠬᠦ ᠬᠡᠷᠡᠭᠲᠡᠢ᠃      ᠠᠷᠪᠠᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠪᠦᠬᠦ ᠣᠷᠣᠨ ᠤ ᠨᠡᠭᠦᠷᠡᠰᠦᠨ ᠠᠭᠤᠷᠬᠠᠢ ᠶᠢᠨ ᠦᠢᠯᠡᠰ ᠤᠨ ᠡᠷᠬᠡ ᠶᠢᠨ ᠠᠷᠠᠯᠵᠢᠶᠠᠯᠠᠬᠤ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠬᠠᠷᠢᠭᠤᠴᠠᠨ᠂ ᠨᠡᠭᠦᠷᠡᠰᠦᠨ ᠠᠭᠤᠷᠬᠠᠢ ᠶᠢᠨ ᠦᠢᠯᠡᠰ ᠤᠨ ᠡᠷᠬᠡ ᠶᠢ ᠢᠯᠡ ᠪᠠᠷ ᠲᠦᠯᠦᠪᠦᠷᠢᠲᠡᠢ ᠰᠢᠯᠵᠢᠭᠦᠯᠬᠦ ᠶᠠᠪᠤᠴᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢᠶᠠᠨ ᠢᠯᠡ ᠨᠡᠶᠢᠲᠡᠯᠡᠨ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠳᠬᠠᠬᠤ ᠬᠡᠷᠡᠭᠲᠡᠢ᠃         ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠬᠠᠮᠢᠶᠠᠷᠤᠯᠲᠠ ᠦᠢᠯᠡᠴᠢᠯᠡᠭᠡᠨ ᠤ ᠲᠥᠪ ᠪᠣᠶᠤ ᠢᠯᠡ ᠪᠠᠷ ᠲᠦᠯᠦᠪᠦᠷᠢᠲᠡᠢ ᠰᠢᠯᠵᠢᠭᠦᠯᠬᠦ ᠵᠠᠬ᠎ᠠ ᠰᠡᠵᠢᠬᠦᠷ ᠤᠨ ᠦᠯᠡᠳᠡᠪᠦᠷᠢ ᠨᠡᠭᠦᠷᠡᠰᠦᠨ ᠤ ᠡᠬᠢ ᠪᠠᠶᠠᠯᠢᠭ ᠤᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠡᠭᠦᠷᠡᠰᠦᠨ ᠠᠭᠤᠷᠬᠠᠢ ᠶᠢᠨ ᠦᠢᠯᠡᠰ ᠤᠨ ᠡᠷᠬᠡ ᠶᠢᠨ ᠠᠷᠠᠯᠵᠢᠶ᠎ᠠ ᠪᠦᠷᠢ ᠶᠢᠨ ᠪᠦᠬᠦ ᠶᠠᠪᠤᠴᠠ ᠳᠤ ᠳᠠᠩᠰᠠ ᠡᠪᠬᠡᠮᠡᠯ ᠪᠠᠶᠢᠭᠤᠯᠵᠤ᠂ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠠᠷᠠᠯᠵᠢᠶᠠᠨ ᠤ ᠳᠠᠩᠰᠠ ᠡᠪᠬᠡᠮᠡᠯ ᠲᠠᠢ ᠬᠠᠮᠲᠤ ᠳᠤ ᠨᠢ ᠳᠠᠩᠰᠠ ᠡᠪᠬᠡᠮᠡᠯ ᠳᠤ ᠬᠠᠳᠠᠭᠠᠯᠠᠨ ᠪᠠᠶᠢᠴᠠᠭᠠᠬᠤ ᠳᠤ ᠪᠡᠯᠡᠳᠭᠡᠬᠦ ᠬᠡᠷᠡᠭᠲᠡᠢ᠃         ᠲᠠᠪᠤᠳᠤᠭᠠᠷ ᠪᠥᠯᠥᠭ ᠳᠠᠭᠠᠯᠳᠤᠭᠤᠯᠤᠯ ᠳᠥᠷᠢᠮ      ᠠᠷᠪᠠᠨ ᠬᠤᠶᠠᠳᠤᠭᠠᠷ ᠵᠦᠢᠯ ᠲᠤᠰ ᠠᠷᠭ᠎ᠠ ᠳᠤ ᠲᠣᠭᠲᠠᠭᠠᠭᠰᠠᠨ ᠰᠢᠨ᠎ᠡ ᠪᠠᠷ ᠲᠤᠬᠢᠷᠠᠭᠤᠯᠤᠨᠨᠰᠠᠨ ᠨᠡᠭᠦᠷᠡᠰᠦᠨ ᠠᠭᠤᠷᠬᠠᠢ ᠶᠢᠨ ᠦᠢᠯᠡᠰ ᠤᠨ ᠡᠷᠬᠡ ᠶᠢ ᠢᠯᠡ ᠪᠠᠷ ᠲᠦᠯᠦᠪᠦᠷᠢᠲᠡᠢ ᠰᠢᠯᠵᠢᠭᠦᠯᠬᠦ ᠭᠡᠰᠡᠨ ᠳᠤ ᠤᠯᠤᠰ ᠠᠴᠠ ᠲᠣᠭᠲᠠᠭᠠᠭᠰᠠᠨ ᠣᠨᠴᠠᠭᠠᠢ ᠪᠠᠶᠢᠳᠠᠯ ᠪᠠᠭᠲᠠᠬᠤ ᠦᠭᠡᠢ᠃     ᠠᠷᠪᠠᠨ ᠭᠤᠷᠪᠠᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠬᠡᠷᠡᠭᠵᠢᠭᠦᠯᠬᠦ ᠶᠠᠪᠤᠴᠠ ᠳᠠᠬᠢ ᠪᠣᠳᠠᠲᠠᠢ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃    ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号