ᠮᠣᠷᠢᠨ ᠮᠢᠬᠠᠨ ᠤ ᠰᠢᠮ᠎ᠡ ᠲᠡᠵᠢᠭᠡᠯ ᠪᠣᠯᠤᠨ ᠲᠡᠭᠦᠨ ᠤ ᠦᠢᠯᠡᠳᠦᠯ
ᠨᠡᠶᠢᠲᠡᠯᠡᠭᠰᠡᠨ ᠴᠠᠭ᠄
2021/12/27
     ᠮᠣᠷᠢᠨ ᠮᠢᠬ᠎ᠠ ᠪᠣᠯ ᠠᠮᠲᠠᠯᠢᠭ ᠠᠮᠲᠠ ᠲᠠᠢ᠂ ᠬᠠᠯᠠᠭᠤᠨ ᠬᠦᠨᠳᠦ᠂ ᠲᠣᠰᠤᠯᠢᠭ ᠴᠢᠨᠠᠷ ᠲᠠᠢ ᠪᠠᠶᠢᠳᠠᠭ ᠢᠶᠠᠷ ᠢᠶᠠᠨ ᠬᠡᠢ ᠶᠢ ᠳᠠᠷᠤᠵᠤ᠂ ᠬᠦᠢᠲᠡᠨ ᠰᠢᠷ᠎ᠠ ᠤᠰᠤ ᠶᠢ ᠠᠷᠢᠯᠭᠠᠨ ᠦᠭᠡᠷᠢ ᠶᠢ ᠬᠠᠲᠠᠭᠠᠨ᠎ᠠ᠃      ᠶᠠᠰᠤ ᠨᠢ ᠡᠮᠲᠦ ᠷᠠᠰᠢᠶᠠᠨ ᠳᠤ ᠣᠷᠤᠵᠤ ᠪᠡᠶ᠎ᠡ ᠶᠢᠨ ᠲᠠᠮᠢᠷ ᠢ ᠨᠦᠬᠦᠵᠦ᠂ ᠬᠦᠢᠲᠡᠨ ᠰᠢᠷ᠎ᠠ ᠶᠢ ᠬᠠᠲᠠᠭᠠᠨ᠎ᠠ᠃ ᠭᠠᠳᠠᠷ ᠪᠦᠭᠡᠷ᠎ᠡ ᠨᠢ ᠪᠡᠶ᠎ᠡ ᠶᠢ ᠰᠢᠮᠡᠵᠢᠭᠦᠯᠬᠦ ᠨᠠᠶᠢᠷᠠᠯᠭᠠᠨ ᠳᠤ ᠣᠷᠤᠨ᠎ᠠ᠃ ᠮᠣᠷᠢᠨ ᠮᠢᠬᠠᠨ ᠤ ᠱᠦᠯᠦ ᠨᠢ ᠤᠰᠤᠨ ᠬᠠᠪᠤᠩ ᠳᠤ ᠲᠤᠰᠠᠲᠠᠢ᠃      ᠠᠩᠬᠠᠷᠬᠤ ᠵᠦᠢᠯ᠄ ᠮᠣᠷᠢᠨ ᠮᠢᠬ᠎ᠠ ᠶᠢ ᠨᠢ ᠡᠪᠦᠯ ᠤᠨ ᠤᠯᠠᠷᠢᠯ᠂ ᠬᠤᠷ᠎ᠠ ᠶᠢᠨ ᠴᠠᠭ ᠲᠤ ᠢᠳᠡᠪᠡᠯ ᠰᠢᠮᠡᠲᠡᠢ ᠪᠠᠶᠢᠳᠠᠭ᠃ ᠮᠣᠷᠢᠨ ᠮᠢᠬ᠎ᠠ ᠨᠢ ᠣᠨᠴᠠᠭᠠᠢ ᠬᠠᠯᠠᠭᠤᠨ ᠪᠠᠶᠢᠳᠠᠭ ᠲᠤᠯᠠ ᠨᠠᠮᠤᠷ ᠳᠡᠭᠵᠢᠭᠡᠯ ᠤᠨ ᠴᠠᠭ ᠲᠤ ᠢᠳᠡᠬᠦ ᠶᠢ ᠴᠡᠭᠡᠷᠯᠡᠨ᠎ᠡ᠃       ︵ᠢᠷᠡᠯᠲᠡ᠄ ᠴᠤᠶᠢ᠊· ᠷᠢᠨᠴᠢᠨ ᠤ ᠨᠠᠶᠢᠷᠠᠭᠤᠯᠤᠭᠰᠠᠨ ︽ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠤᠨᠴᠠ ᠦᠢᠯᠡᠳᠦᠯ ᠤᠨ ᠲᠤᠬᠠᠢ ᠶᠡᠷᠦ ᠶᠢᠨ ᠮᠡᠳᠡᠯᠭᠡ ᠶᠢᠨ ᠰᠢᠯᠢᠮᠡᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶  
 
ᠢᠷᠡᠯᠲᠡ᠄ ︽ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠤᠨᠴᠠ ᠦᠢᠯᠡᠳᠦᠯ ᠤᠨ ᠲᠤᠬᠠᠢ ᠶᠡᠷᠦ ᠶᠢᠨ ᠮᠡᠳᠡᠯᠭᠡ ᠶᠢᠨ ᠰᠢᠯᠢᠮᠡᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号