ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ᠄ | 1.ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ | ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠰᠠᠭᠤᠭ᠎ᠠ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ︵ᠳᠣᠷᠣᠭᠰᠢ ︽ᠲᠠᠷᠢᠶᠠᠯᠠᠩ ᠮᠠᠯ ᠠᠵᠤ ᠠᠬᠤᠶ | ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠳᠤᠭᠤᠶᠢᠯᠠᠩ︾ ᠭᠡᠵᠦ ᠲᠣᠪᠴᠢᠯᠠᠨ᠎ᠠ︶ ᠪᠣᠯ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ ᠥᠪᠡᠷᠲᠡᠭᠡᠨ | ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠰᠢᠭᠤᠳ | ᠤᠳᠤᠷᠢᠳᠴᠤ᠂ ᠨᠢᠭᠡᠳᠦᠯᠲᠡᠶ ᠬᠠᠮᠢᠶᠠᠷᠴᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠬᠠᠷᠢᠭᠤᠴᠠᠬᠤ ᠶᠢᠨ ᠬᠠᠮᠲᠤ ᠵᠢᠭᠠᠪᠤᠷᠢ ᠠᠪᠴᠤ ᠠᠵᠢᠯ ᠢᠶᠠᠨ | ᠮᠡᠳᠡᠭᠦᠯᠦᠨ᠎ᠡ᠃ | 2. ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠰᠠᠭᠤᠭ᠎ᠠ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠨᠢ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠲᠦᠰᠢᠭᠯᠡᠨ ᠠᠵᠢᠯ ᠢᠶᠠᠨ ᠥᠷᠨᠢᠭᠦᠯᠵᠦ᠂ | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠢ | ᠲᠥᠯᠥᠭᠡᠯᠡᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠳᠤ ᠰᠠᠭᠤᠵᠤ᠂ ᠰᠠᠬᠢᠯᠭ᠎ᠠ ᠪᠠᠲᠤ ᠪᠠᠶᠢᠴᠠᠭᠠᠬᠤ ᠪᠠ ᠬᠢᠨᠠᠨ | ᠪᠠᠶᠢᠴᠠᠭᠠᠬᠤ ᠬᠠᠮᠢᠶ᠎ᠠ ᠪᠥᠬᠦᠶ ᠡᠭᠦᠷᠭᠡ ᠴᠢᠳᠠᠪᠤᠷᠢ ᠪᠠᠨ ᠭᠦᠶᠴᠡᠳᠬᠡᠵᠦ᠂ ᠬᠢᠨᠠᠯᠲᠠ ᠲᠠᠯᠪᠢᠬᠤ ᠶᠢ ᠬᠢᠨᠠᠯᠲᠠ | ᠬᠦᠯᠢᠶᠡᠨ ᠠᠪᠬᠤ ᠨᠢᠭᠡᠴᠢ ᠶᠢᠨ ᠬᠠᠮᠤᠭ ᠤᠨ ᠡᠮᠦᠨ᠎ᠡ ᠵᠠᠬ᠎ᠠ ᠳᠤ ᠬᠦᠷᠲᠡᠯ᠎ᠡ ᠤᠷᠲᠤᠳᠬᠠᠵᠤ᠂ ︽ᠬᠠᠷᠠᠭᠤᠯ︾ ᠪᠠ | ︽ᠬᠠᠶᠢᠭᠤᠯ︾ ᠤᠨ ᠠᠵᠢᠯ ᠢ ᠬᠢᠵᠦ᠂ ᠬᠢᠨᠠᠯᠲᠠ ᠶᠢ ᠨᠠᠩ ᠣᠨᠣᠪᠴᠢᠲᠠᠶ ᠨᠠᠩ ᠪᠦᠲᠦᠮᠵᠢᠲᠡᠶ ᠪᠣᠯᠭᠠᠨ᠎ᠠ᠃ | 3.ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠰᠠᠭᠤᠭ᠎ᠠ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠬᠢᠭᠡᠳ ᠰᠠᠭᠤᠭ᠎ᠠ ᠨᠢᠭᠡᠴᠢ ᠪᠣᠯ ᠬᠢᠨᠠᠯᠲᠠ | ᠲᠠᠯᠪᠢᠬᠤ ᠪᠠ ᠬᠢᠨᠠᠯᠲᠠ ᠬᠦᠯᠢᠶᠡᠬᠦ ᠶᠢᠨ ᠬᠠᠷᠢᠴᠠᠭ᠎ᠠ ᠪᠣᠯᠤᠨ᠎ᠠ᠂ ᠬᠢᠨᠠᠯᠲᠠ ᠲᠠᠯᠪᠢᠬᠤ ᠬᠡᠪᠴᠢᠶ᠎ᠡ ᠨᠢ ᠭᠤᠤᠯᠳᠠᠭᠤ | ᠬᠢᠨᠠᠯᠲᠠ ᠬᠦᠯᠢᠶᠡᠨ ᠠᠪᠬᠤ ᠨᠢᠭᠡᠴᠢ ᠶᠢᠨ ᠲᠣᠰ ᠱᠠᠲᠤᠨ ᠤ ᠪᠠᠶᠢᠭᠤᠯᠭ᠎ᠠ᠂ ᠰᠢᠭᠤᠳ ᠬᠠᠷᠢᠶ᠎ᠠ ᠨᠢᠭᠡᠴᠢ ᠪᠣᠯᠤᠨ᠎ᠠ᠂ | ᠬᠢᠨᠠᠯᠲᠠ ᠲᠠᠯᠪᠢᠬᠤ ᠭᠤᠤᠯᠳᠠᠯᠭ᠎ᠠ ᠲᠠᠢ ᠡᠲᠡᠭᠡᠳ ᠪᠣᠯ ᠬᠢᠨᠠᠯᠲᠠ ᠬᠦᠯᠢᠶᠡᠨ ᠠᠪᠬᠤ ᠨᠢᠭᠡᠴᠢ ᠶᠢᠨ ᠤᠳᠤᠷᠢᠳᠬᠤ ᠪᠠᠭ᠂ | ᠲᠣᠭᠤᠷᠢᠭ ᠤᠨ ᠬᠠᠮᠢᠶᠠᠷᠤᠯᠲᠠ ᠶᠢᠨ ᠺᠠᠳ᠋ᠷ ᠪᠠ ᠭᠠᠵᠠᠷ ᠤᠨ ᠲᠠᠰ ᠤᠨ ᠺᠠᠳ᠋ᠷ ᠪᠣᠯᠤᠨ᠎ᠠ᠃ | 4.ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠰᠠᠭᠤᠭ᠎ᠠ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠰᠠᠭᠤᠭ᠎ᠠ ᠨᠢᠭᠡᠴᠢ ᠶᠢᠨ ᠢᠶᠠᠨ ᠪᠠᠶᠢᠭᠤᠯᠭ᠎ᠠ ᠶᠢᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠰᠢᠭᠤᠳ ᠬᠠᠷᠢᠶ᠎ᠠ ᠨᠢᠭᠡᠴᠢ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ | ᠳᠠᠬᠢ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠨ᠎ᠠ᠃ | ᠠᠰᠠᠭᠤᠳᠠᠯ ᠤᠨ ᠰᠦᠪᠡᠭᠴᠢ ᠶᠢ ᠬᠠᠷᠢᠯᠴᠠᠨ ᠰᠢᠯᠵᠢᠭᠦᠯᠬᠦ᠂ ᠵᠥᠪᠳᠡᠯᠴᠡᠨ ᠰᠤᠳᠤᠯᠤᠨ ᠮᠠᠭᠠᠳᠯᠠᠬᠤ᠂ ᠲᠣᠭᠲᠠᠮᠠᠯ | ᠬᠤᠭᠤᠴᠠᠭ᠎ᠠ ᠲᠠᠢ ᠪᠠᠷ ᠨᠡᠪᠲᠡᠷᠡᠭᠦᠯᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠵᠤ᠂ ᠲᠠᠷᠢᠶᠠᠯᠠᠩ ᠮᠠᠯ ᠠᠵᠤ | ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠳᠤᠭᠤᠶᠢᠯᠠᠩ ᠨᠢ ᠬᠢᠨᠠᠯᠲᠠ ᠬᠦᠯᠢᠶᠡᠨ ᠠᠪᠬᠤ ᠨᠢᠭᠡᠴᠢ ᠶᠢᠨ ᠬᠠᠮᠢᠶᠠᠷᠴᠤ ᠪᠠᠶᠢᠭ᠎ᠠ ᠰᠠᠬᠢᠯᠭ᠎ᠠ ᠪᠠᠲᠤ | ᠪᠠᠶᠢᠴᠠᠭᠠᠬᠤ ᠵᠣᠬᠢᠶᠠᠨ ᠪᠠᠶᠢᠭᠤᠯᠬᠤ ᠠᠵᠢᠯ ᠤᠨ ᠬᠦᠴᠦᠨ ᠳᠤ ᠲᠣᠬᠢᠷᠠᠭᠤᠯᠤᠯᠲᠠ ᠬᠢᠵᠦ᠂ ᠬᠢᠨᠠᠯᠲᠠ ᠲᠠᠯᠪᠢᠬᠤ | ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | 5.ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠰᠠᠭᠤᠭ᠎ᠠ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠨᠢ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ | ᠬᠡᠷᠡᠭᠵᠢᠭᠦᠯᠬᠦ ᠬᠠᠷᠢᠭᠤᠴᠠᠯᠭ᠎ᠠ ᠲᠤᠯᠭᠠᠬᠤ ᠪᠠ ᠬᠢᠨᠠᠯᠲᠠ ᠲᠠᠯᠪᠢᠵᠤ ᠪᠠᠶᠢᠴᠠᠭᠠᠨ ᠰᠢᠶᠳᠪᠦᠷᠢᠯᠡᠬᠦ ᠠᠵᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ ᠬᠦᠯᠢᠶᠡᠨ ᠠᠪᠬᠤ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ | ᠪᠠ ᠤᠳᠤᠷᠢᠳᠬᠤ ᠺᠠᠳ᠋ᠷᠴᠤᠳ ᠤᠨ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ | ᠵᠢᠷᠤᠮᠯᠠᠨ ᠰᠠᠬᠢᠵᠤ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ | ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠎ᠠ︔ ᠬᠠᠮᠢᠶᠠᠷᠤᠯᠲᠠ ᠶᠢᠨ ᠡᠷᠬᠡ ᠶᠢᠨ | ᠬᠡᠪᠴᠢᠶ᠎ᠡ ᠶᠣᠰᠣᠭᠠᠷ ᠬᠤᠯᠪᠣᠭᠳᠠᠯ ᠪᠦᠬᠦᠢ ᠨᠢᠭᠡᠴᠢ ᠪᠠ ᠠᠯᠪᠠᠨ ᠲᠤᠰᠢᠶᠠᠯᠲᠠᠨ ᠤ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠬᠤ᠂ ᠡᠷᠬᠡ ᠪᠠᠨ ᠭᠤᠣᠯᠴᠢ ᠪᠠᠷ ᠬᠡᠷᠡᠭᠯᠡᠵᠦ ᠪᠠᠶᠢᠬᠤ᠂ ᠴᠢᠬᠡᠴᠢ ᠵᠠᠰᠠᠭ | ᠪᠠᠷᠢᠵᠤ ᠠᠵᠢᠯ ᠡᠷᠬᠢᠯᠡᠵᠦ ᠪᠠᠶᠢᠬᠤ ᠵᠢᠴᠢ ᠶᠣᠰᠣ ᠮᠣᠷᠠᠯ ᠬᠡᠪ ᠰᠠᠬᠢᠯᠭ᠎ᠠ ᠵᠡᠷᠭᠡ ᠪᠠᠶᠢᠳᠠᠯ ᠳᠤ ᠬᠠᠤᠯᠢ ᠶᠣᠰᠣᠭᠠᠷ | ᠬᠢᠨᠠᠯᠲᠠ ᠲᠠᠯᠪᠢᠨ᠎ᠠ︔ ᠢᠯᠡᠴᠢᠯᠡᠯ ᠵᠠᠭᠠᠯᠳᠤᠯᠭ᠎ᠠ ᠭᠤᠮᠣᠳᠠᠯ ᠲᠣᠭᠠᠴᠢᠯᠲᠠ ᠶᠢ ᠬᠦᠯᠢᠶᠡᠨ ᠠᠪᠴᠤ ᠰᠢᠢᠳᠪᠦᠷᠢᠯᠡᠨ᠎ᠡ︔ | ᠬᠠᠤᠯᠢ ᠶᠣᠰᠣᠭᠠᠷ ᠪᠠᠶᠢᠴᠠᠭᠠᠵᠤ ᠰᠢᠢᠳᠪᠦᠷᠢᠯᠡᠨ᠎ᠡ︔ ᠬᠢᠨᠠᠨ ᠪᠠᠶᠢᠴᠠᠭᠠᠬᠤ ᠰᠠᠨᠠᠭᠤᠯᠭ᠎ᠠ ᠳᠤᠷᠠᠳᠤᠨ᠎ᠠ︔ ᠴᠢᠬᠡᠴᠢ | ᠵᠠᠰᠠᠭ ᠪᠠᠷᠢᠬᠤ ᠲᠤᠬᠠᠶ ᠬᠠᠷᠢᠭᠤ ᠰᠠᠨᠠᠯ ᠭᠠᠷᠭᠠᠨ᠎ᠠ︔ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠤᠰᠢᠶᠠᠭᠰᠠᠨ ᠪᠤᠰᠤᠳ ᠠᠵᠢᠯ ᠢ ᠳᠠᠭᠠᠭᠠᠨ | ᠭᠦᠶᠴᠡᠳᠬᠡᠨ᠎ᠡ︔ ᠨᠠᠮ ᠤᠨ ᠳᠣᠲᠣᠭᠠᠳᠤ ᠶᠢᠨ ᠬᠢᠨᠠᠯᠲᠠ ᠪᠠ ᠤᠯᠤᠰ ᠤᠨ ᠬᠢᠨᠠᠨ ᠪᠠᠶᠢᠴᠠᠭᠠᠯᠲᠠ ᠶᠢ ᠣᠷᠭᠠᠨᠢᠭ ᠢᠶᠠᠷ | ᠤᠶᠠᠯᠳᠤᠭᠤᠯᠵᠤ᠂ ᠨᠠᠮ ᠤᠨ ᠰᠠᠬᠢᠯᠭ᠎ᠠ ᠪᠠᠲᠦ ᠤᠯᠤᠰ ᠤᠨ ᠬᠠᠤᠯᠢ ᠶᠢᠨ ᠡᠷᠬᠡ ᠰᠦᠷᠲᠦ ᠴᠢᠨᠠᠷ᠂ ᠲᠥᠪ ᠴᠢᠩᠭ᠎ᠠ | ᠴᠢᠨᠠᠷ ᠢ ᠬᠠᠮᠠᠭᠠᠯᠠᠨ᠎ᠠ᠃ | ᠬᠠᠷᠢᠯᠴᠠᠬᠤ ᠬᠥᠮᠦᠨ᠄ ᠹᠧᠩ ᠴᠠᠩ ᠵᠢᠶᠠᠩ | ᠬᠠᠷᠢᠯᠴᠠᠬᠤ ᠤᠲᠠᠰᠤ᠄ 0471 - 6652013 | ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ | ᠤᠨ ᠠᠯᠪᠠᠨ ᠠᠰᠠᠷ ᠤᠨ 515 ᠲᠠᠰᠤᠭ | ᠠᠵᠢᠯᠯᠠᠬᠤ ᠴᠠᠭ᠄ 08᠄ 30 - 12᠄ 00 14᠄ 30 - 17᠄ 30 |