ᠭᠤᠣᠯ ᠡᠭᠦᠷᠭᠡ ᠴᠢᠳᠠᠪᠬᠢ᠄ | ᠨᠢᠭᠡ ᠳᠤ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠳᠠᠬᠢᠨ ᠡᠭᠦᠰᠴᠦ ᠪᠣᠯᠬᠤ ᠡᠨᠧᠷᠭᠢ ᠶᠢ | ᠨᠡᠭᠡᠭᠡᠨ ᠠᠰᠢᠭᠯᠠᠬᠤ᠂ ᠲᠠᠷᠢᠶᠠᠯᠠᠩ ᠤᠨ ᠠᠷᠢᠭᠤᠨ ᠴᠡᠪᠡᠷ ᠦᠢᠯᠡᠳᠪᠦᠷᠢᠯᠡᠯ᠂ ᠠᠮᠢ ᠠᠬᠤᠶ ᠶᠢᠨ ᠣᠷᠴᠢᠯ | ᠲᠠᠷᠢᠶᠠᠯᠠᠩ ᠤᠨ ᠮᠡᠷᠭᠡᠵᠢᠯ ᠤᠨ ᠲᠤᠯᠭᠠᠭᠤᠷᠢᠯᠠᠯ ᠪᠠ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠵᠦ᠂ | ᠪᠦᠬᠦ ᠣᠷᠣᠨ ᠤ ᠲᠠᠷᠢᠶᠠᠨ ᠭᠠᠵᠠᠷ ᠤᠨ ᠶᠠᠰᠤ ᠴᠢᠨᠠᠷ᠂ ᠬᠥᠳᠡᠭᠡ ᠲᠣᠰᠬᠤᠨ ᠤ ᠡᠨᠧᠷᠭᠢ ᠪᠠ ᠲᠠᠷᠢᠶᠠᠯᠠᠩ ᠤᠨ ᠡᠬᠢ | ᠪᠠᠶᠠᠯᠢᠭ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠪᠦᠷᠢᠳᠬᠡᠯ ᠤᠨ ᠠᠵᠢᠯ ᠢ ᠡᠭᠦᠷᠭᠡᠯᠡᠨ᠎ᠡ᠃ | ᠬᠤᠶᠠᠷ ᠲᠤ ᠪᠦᠬᠦ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠣᠷᠴᠢᠨ | ᠲᠣᠭᠤᠷᠢᠨ ᠢ ᠪᠠᠶᠢᠴᠠᠭᠠᠬᠤ᠂ ᠬᠢᠨᠠᠨ ᠬᠡᠮᠵᠢᠬᠦ ᠪᠠ ᠦᠨᠡᠯᠡᠬᠦ ᠠᠵᠢᠯ ᠢ ᠡᠭᠦᠷᠭᠡᠯᠡᠵᠦ᠂ ᠬᠢᠨᠠᠨ ᠬᠡᠮᠵᠢᠬᠦ ᠲᠣᠣᠷ | ᠰᠦᠯᠵᠢᠶ᠎ᠡ ᠶᠢ ᠪᠦᠲᠦᠭᠡᠨ ᠪᠠᠶᠢᠭᠤᠯᠵᠤ᠂ ᠲᠠᠷᠢᠶᠠᠯᠠᠩ ᠤᠨ ᠣᠷᠴᠢᠨ ᠲᠣᠭᠤᠷᠢᠨ ᠤ ᠪᠣᠬᠢᠷᠲᠤᠯ ᠤᠨ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠬᠢᠨᠠᠨ ᠬᠡᠮᠵᠢᠬᠦ ᠶᠢ ᠡᠭᠦᠷᠭᠡᠯᠡᠵᠦ᠂ ᠪᠦᠬᠦ ᠣᠷᠣᠨ ᠤ ᠲᠠᠷᠢᠶᠠᠨ | ᠭᠠᠵᠠᠷ ᠤᠨ ᠶᠠᠰᠤ ᠴᠢᠨᠠᠷ ᠢ ᠪᠠᠶᠢᠴᠠᠭᠠᠬᠤ᠂ ᠬᠢᠨᠠᠨ ᠬᠡᠮᠵᠢᠬᠦ ᠲᠣᠣᠷ ᠰᠦᠯᠵᠢᠶᠡᠨ ᠤ ᠪᠠᠶᠢᠭᠤᠯᠤᠯᠲᠠ ᠶᠢᠨ ᠮᠡᠷᠭᠡᠵᠢᠯ | ᠤᠨ ᠳᠡᠮᠵᠢᠯᠭᠡ ᠶᠢ ᠡᠭᠦᠷᠭᠡᠯᠡᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠪᠠᠶᠢᠴᠠᠭᠠᠬᠤ᠂ ᠬᠢᠨᠠᠨ ᠬᠡᠮᠵᠢᠬᠦ᠂ ᠦᠨᠡᠯᠡᠬᠦ᠂ | ᠬᠠᠮᠠᠭᠠᠯᠠᠬᠤ᠂ ᠲᠠᠷᠢᠶᠠᠨ ᠭᠠᠵᠠᠷ ᠤᠨ ᠶᠠᠰᠤ ᠴᠢᠨᠠᠷ ᠪᠣᠯᠤᠨ ᠬᠥᠷᠥᠰᠥ ᠰᠢᠷᠣᠶ ᠶᠢ ᠪᠠᠶᠢᠴᠠᠭᠠᠨ ᠬᠡᠮᠵᠢᠬᠦ ᠮᠡᠷᠭᠡᠵᠢᠯ | ᠤᠨ ᠲᠤᠯᠭᠠᠭᠤᠷᠢᠯᠠᠯ ᠢ ᠡᠭᠦᠷᠭᠡᠯᠡᠨ᠎ᠡ᠃ | ᠭᠤᠷᠪᠠ ᠳᠤ ᠲᠠᠷᠢᠶᠠᠨ ᠭᠠᠵᠠᠷ ᠤᠨ ᠶᠠᠰᠤ ᠴᠢᠨᠠᠷ ᠤᠨ ᠪᠦᠲᠦᠭᠡᠨ ᠪᠠᠶᠢᠭᠤᠯᠤᠯᠲᠠ᠂ ᠲᠠᠴᠢᠷᠳᠠᠭᠰᠠᠨ ᠲᠠᠷᠢᠶᠠᠨ | ᠭᠠᠵᠠᠷ ᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ | ᠣᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠵᠠᠰᠠᠬᠤ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ᠂ ᠪᠣᠬᠢᠷᠲᠤᠭᠰᠠᠨ ᠲᠠᠷᠢᠶᠠᠨ ᠭᠠᠵᠠᠷ ᠢ ᠠᠶᠤᠯ ᠦᠭᠡᠶ ᠠᠰᠢᠭᠯᠠᠬᠤ ᠮᠡᠷᠭᠡᠵᠢᠯ ᠤᠨ ᠲᠤᠯᠭᠠᠭᠤᠷᠢᠯᠠᠬᠤ | ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠤ ᠲᠤᠷᠰᠢᠯᠲᠠ ᠬᠢᠵᠦ ᠵᠢᠱᠢᠶ᠎ᠡ | ᠦᠵᠡᠭᠦᠯᠬᠦ ᠪᠠ ᠳᠡᠯᠭᠡᠷᠡᠭᠦᠯᠬᠦ ᠵᠡᠷᠭᠡ ᠠᠵᠢᠯ ᠢ ᠡᠭᠦᠷᠭᠡᠯᠡᠨ᠎ᠡ᠃ | ᠳᠥᠷᠪᠡ ᠳᠤ ᠪᠦᠬᠦ ᠣᠷᠣᠨ ᠤ ᠲᠠᠷᠢᠶᠠᠯᠠᠩ ᠤᠨ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠪᠠᠶᠢᠴᠠᠭᠠᠬᠤ᠂ | ᠬᠢᠨᠠᠨ ᠬᠡᠮᠵᠢᠬᠦ᠂ ᠴᠤᠭᠯᠠᠭᠤᠯᠬᠤ᠂ ᠬᠠᠮᠠᠭᠠᠯᠠᠬᠤ ᠪᠠ ᠨᠡᠭᠡᠭᠡᠨ ᠠᠰᠢᠭᠯᠠᠬᠤ ᠵᠡᠷᠭᠡ ᠠᠵᠢᠯ ᠢ ᠡᠭᠦᠷᠭᠡᠯᠡᠵᠦ᠂ ᠭᠠᠳᠠᠨ᠎ᠠ | ᠠᠴᠠ ᠣᠷᠣᠵᠤ ᠢᠷᠡᠭᠰᠡᠨ ᠤᠷᠭᠤᠮᠠᠯ ᠢ ᠪᠠᠶᠢᠴᠠᠭᠠᠬᠤ᠂ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠰᠡᠷᠭᠡᠶᠢᠯᠡᠨ ᠵᠠᠰᠠᠬᠤ | ᠠᠵᠢᠯ ᠢ ᠡᠭᠦᠷᠭᠡᠯᠡᠨ᠎ᠡ᠃ | ᠲᠠᠪᠤ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ | | ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠶ ᠶᠢᠨ ᠠᠮᠢ ᠠᠬᠤᠶ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠪ ᠪᠣᠯ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ | ᠠᠵᠢᠯ ᠦᠶᠯᠡᠰ ᠤᠨ ᠨᠢᠭᠡᠴᠢ ᠪᠣᠯᠤᠨ᠎ᠠ᠃ | ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠡᠬᠢ ᠪᠠᠶᠠᠯᠢᠭ ᠬᠢᠭᠡᠳ ᠣᠷᠴᠢᠨ ᠲᠣᠭᠤᠷᠢᠨ ᠤ ᠰᠠᠯᠠᠭ᠎ᠠ᠂ | ᠳᠠᠬᠢᠨ ᠡᠭᠦᠰᠴᠦ ᠪᠣᠯᠬᠤ ᠡᠨᠧᠷᠭᠢ ᠶᠢᠨ ᠰᠠᠯᠠᠭ᠎ᠠ᠂ ᠠᠮᠢ ᠠᠬᠤᠶ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ᠂ | ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠰᠠᠯᠠᠭ᠎ᠠ᠂ ᠲᠠᠷᠢᠶᠠᠨ ᠭᠠᠵᠠᠷ ᠤᠨ ᠶᠠᠰᠤ ᠴᠢᠨᠠᠷ ᠤᠨ | ᠪᠦᠲᠦᠭᠡᠨ ᠪᠠᠶᠢᠭᠤᠯᠤᠯᠲᠠ ᠶᠢᠨ ᠰᠠᠯᠠᠭ᠎ᠠ᠃ | ᠠᠵᠢᠯᠲᠠᠨ ᠤ ᠣᠷᠣᠨ ᠲᠤᠭ᠎ᠠ ᠬᠢᠭᠡᠳ ᠠᠵᠢᠯᠲᠠᠨ ᠤ ᠪᠦᠲᠦᠴᠡ᠄ 40 ᠨᠡᠷᠡᠰ ᠠᠵᠢᠯ ᠦᠢᠯᠡᠰ ᠤᠨ ᠣᠷᠣᠨ | ᠲᠤᠭ᠎ᠠ ᠶᠢ ᠬᠢᠨᠠᠨ ᠲᠣᠭᠲᠠᠭᠠᠪᠠ᠃ | ᠤᠳᠤᠷᠢᠳᠬᠤ ᠲᠤᠰᠢᠶᠠᠯ ᠤᠨ ᠲᠤᠭ᠎ᠠ᠄ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ 3 | ᠨᠡᠷᠡᠰ ︵1 ᠵᠢᠩᠬᠢᠨᠢ 2 ᠳᠡᠳ᠋︶᠂ ᠰᠠᠯᠠᠭ᠎ᠠ ᠲᠠᠰᠤᠭ ᠤᠨ ᠤᠳᠤᠷᠢᠳᠬᠤ ᠲᠤᠰᠢᠶᠠᠯ ᠤᠨ ᠲᠤᠭ᠎ᠠ ᠶᠢ 9 ᠨᠡᠷᠡᠰ ︵6 | ᠵᠢᠩᠬᠢᠨᠢ 3 ᠳᠡᠳ᠋︶ ᠬᠢᠨᠠᠨ ᠲᠣᠭᠲᠠᠭᠠᠪᠠ᠃ | ᠵᠠᠷᠤᠳᠠᠯ ᠤᠨ ᠢᠷᠡᠯᠲᠡ᠄ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠵᠣᠭᠤᠰ ᠰᠠᠯᠭᠠᠨ ᠥᠭᠭᠦᠨ᠎ᠡ᠃ | ᠬᠠᠷᠢᠭᠤᠴᠠᠯᠭᠠᠲᠠᠨ᠄ ᠸᠠᠩ ᠶᠤᠸᠠᠢ ᠹᠸᠢ | ᠤᠲᠠᠰᠤ᠄ 0471 - 6652223 | ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ | ᠤᠨ ᠠᠯᠪᠠᠨ ᠠᠰᠠᠷ ᠤᠨ 1412 ᠲᠠᠰᠤᠭ | ᠠᠵᠢᠯᠯᠠᠬᠤ ᠴᠠᠭ᠄ 08᠄ 30 - 12᠄ 00 14᠄ 30 - 17᠄ 30 |