ᠭᠤᠣᠯ ᠡᠭᠦᠷᠭᠡ ᠴᠢᠳᠠᠪᠬᠢ᠄ | ᠨᠢᠭᠡ ᠳᠤ ᠪᠦᠬᠦ ᠣᠷᠣᠨ ᠤ ᠠᠮᠢᠲᠠᠨ ᠤ ᠬᠢᠵᠢᠭ ᠢ ᠰᠡᠷᠭᠡᠶᠢᠯᠡᠬᠦ᠂ ᠬᠢᠵᠢᠭ ᠤᠨ ᠪᠠᠶᠢᠳᠠᠯ ᠢ ᠬᠢᠵᠠᠭᠠᠷᠯᠠᠨ | ᠤᠰᠠᠳᠬᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠮᠡᠷᠭᠡᠵᠢᠯ ᠤᠨ ᠲᠤᠯᠭᠠᠭᠤᠷᠢᠯᠠᠯ ᠵᠢᠴᠢ ᠪᠠᠴᠢᠮ | ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠨᠥᠭᠡᠴᠡ᠂ ᠠᠮᠢᠲᠠᠨ ᠤ ᠬᠢᠵᠢᠭ ᠡᠪᠡᠳᠴᠢᠨ ᠤ ᠲᠠᠬᠤᠯ ᠡᠪᠡᠳᠴᠢᠨ ᠤ | ᠰᠤᠳᠤᠯᠤᠯ ᠤᠨ ᠪᠠᠶᠢᠴᠠᠭᠠᠯᠲᠠ᠂ ᠣᠨᠣᠰᠢᠯᠠᠬᠤ᠂ ᠤᠷᠢᠳᠴᠢᠯᠠᠨ ᠰᠡᠷᠡᠮᠵᠢᠯᠡᠭᠦᠯᠬᠦ᠂ ᠬᠢᠨᠠᠨ ᠬᠡᠮᠵᠢᠵᠦ ᠴᠡᠪᠡᠷᠰᠢᠭᠦᠯᠬᠦ᠂ | ᠲᠦᠭᠰᠢᠭᠦᠷᠢ ᠶᠢ ᠦᠨᠡᠯᠡᠨ ᠵᠢᠱᠢᠬᠦ᠂ ᠬᠢᠵᠢᠭ ᠤᠨ ᠪᠠᠶᠢᠳᠠᠯ ᠢ ᠮᠡᠳᠡᠭᠦᠯᠬᠦ ᠵᠡᠷᠭᠡ ᠬᠠᠮᠢᠶ᠎ᠠ ᠪᠦᠬᠦᠢ ᠠᠵᠢᠯ ᠢ | ᠡᠭᠦᠷᠭᠡᠯᠡᠨ᠎ᠡ᠃ | ᠬᠤᠶᠠᠷ ᠲᠤ ᠪᠦᠬᠦ ᠣᠷᠣᠨ ᠤ ᠠᠮᠢᠲᠠᠨ ᠪᠠ ᠠᠮᠢᠲᠠᠨ ᠤ ᠠᠰᠢᠭ ᠰᠢᠮ᠎ᠡ ᠶᠢᠨ ᠬᠢᠵᠢᠭ ᠪᠠᠶᠢᠴᠠᠭᠠᠬᠤ᠂ | ᠠᠮᠢᠲᠠᠨ ᠤ ᠢᠯᠭᠠᠬᠤ ᠲᠡᠮᠳᠡᠭ ᠵᠢᠴᠢ ᠬᠢᠵᠢᠭ ᠡᠪᠡᠳᠴᠢᠨ ᠢ ᠮᠥᠷᠳᠡᠵᠦ ᠪᠣᠯᠬᠤᠶᠢᠴᠠ ᠮᠡᠷᠭᠡᠵᠢᠯ ᠤᠨ ᠲᠤᠯᠭᠠᠭᠤᠷᠢᠯᠠᠯ᠂ | ᠭᠦᠢᠯᠭᠡᠭᠡᠨ ᠤ ᠭᠤᠭᠴᠤᠭ᠎ᠠ ᠪᠠ ᠬᠢᠯᠢ ᠶᠢᠨ ᠵᠠᠭᠠᠭ ᠤᠨ ᠭᠠᠵᠠᠷ ᠣᠷᠣᠨ ᠤ ᠭᠠᠳᠠᠨ᠎ᠠ ᠠᠴᠠ ᠢᠷᠡᠭᠰᠡᠨ ᠠᠮᠢᠲᠠᠨ ᠤ | ᠬᠢᠵᠢᠭ ᠡᠪᠡᠳᠴᠢᠨ ᠤ ᠲᠦᠭᠰᠢᠭᠦᠷᠢ ᠶᠢ ᠦᠨᠡᠯᠡᠨ ᠵᠢᠱᠢᠵᠦ ᠰᠡᠷᠭᠡᠶᠢᠯᠡᠬᠦ᠂ ᠣᠷᠣᠨ ᠪᠦᠰᠡᠵᠢᠭᠦᠯᠦᠨ ᠬᠠᠮᠢᠶᠠᠷᠬᠤ | ᠮᠡᠷᠭᠡᠵᠢᠯ ᠤᠨ ᠲᠤᠯᠭᠠᠭᠤᠷᠢᠯᠠᠯ ᠢ ᠡᠭᠦᠷᠭᠡᠯᠡᠨ᠎ᠡ᠃ | ᠭᠤᠷᠪᠠ ᠳᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠵᠢᠴᠢ ᠠᠮᠢᠲᠠᠨ ᠢ ᠲᠡᠵᠢᠭᠡᠨ ᠦᠷᠡᠵᠢᠭᠦᠯᠬᠦ᠂ ᠮᠠᠯ | ᠳᠤ ᠬᠡᠷᠡᠭᠯᠡᠬᠦ ᠠᠮᠢᠳᠤ ᠪᠣᠳᠠᠰ ᠤᠨ ᠦᠢᠯᠡᠳᠭᠦᠨ ᠢ ᠦᠢᠯᠡᠳᠪᠦᠷᠢᠯᠡᠬᠦ᠂ ᠠᠮᠢᠲᠠᠨ ᠢ ᠣᠨᠣᠰᠢᠯᠠᠨ ᠡᠮᠨᠡᠬᠦ᠂ ᠬᠤᠣᠷ | ᠦᠭᠡᠶ ᠪᠣᠯᠭᠠᠨ ᠰᠢᠶᠳᠪᠦᠷᠢᠯᠡᠬᠦ ᠵᠡᠷᠭᠡ ᠭᠠᠵᠠᠷ ᠲᠠᠯᠠᠪᠤᠷ ᠤᠨ ᠠᠮᠢᠳᠤ ᠪᠣᠳᠠᠰ ᠤᠨ ᠠᠮᠤᠷ ᠲᠦᠪᠰᠢᠨ ᠤ | ᠲᠤᠬᠠᠶᠢᠯᠠᠭᠰᠠᠨ ᠠᠵᠢᠯ ᠤᠨ ᠳᠡᠮᠵᠢᠯᠭᠡ ᠪᠣᠯᠤᠨ ᠮᠡᠷᠭᠡᠵᠢᠯ ᠤᠨ ᠪᠣᠯᠪᠠᠰᠤᠷᠠᠭᠤᠯᠤᠯ ᠢ ᠡᠭᠦᠷᠭᠡᠯᠡᠵᠦ᠂ ᠠᠮᠢᠲᠠᠨ ᠤ | ᠬᠢᠵᠢᠭ ᠢ ᠰᠡᠷᠭᠡᠶᠢᠯᠡᠬᠦ ᠵᠢᠴᠢ ᠣᠨᠣᠰᠢᠯᠠᠬᠤ ᠮᠡᠷᠭᠡᠵᠢᠯ ᠤᠨ ᠰᠤᠳᠤᠯᠤᠯ ᠢ ᠥᠷᠨᠢᠭᠦᠯᠦᠨ᠎ᠡ᠃ | ᠳᠥᠷᠪᠡ ᠳᠤ ᠮᠠᠯ ᠵᠢᠭᠦᠷᠲᠡᠨ ᠨᠢᠲᠤᠯᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠮᠡᠷᠭᠡᠵᠢᠯ ᠤᠨ | ᠲᠤᠯᠭᠠᠭᠤᠷᠢᠯᠠᠯ ᠪᠣᠯᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ︔ ᠮᠠᠯ ᠵᠢᠭᠦᠷᠲᠡᠨ ᠨᠢᠲᠤᠯᠬᠤ ᠶᠢ | ᠪᠦᠷᠢᠳᠬᠡᠨ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠲᠤᠯᠬᠤ ᠶᠢ ᠬᠠᠮᠢᠶᠠᠷᠬᠤ ᠪᠠ ᠬᠠᠮᠢᠶ᠎ᠠ | ᠪᠦᠬᠦᠢ ᠮᠡᠳᠡᠭᠡ ᠵᠠᠩᠭᠢ ᠶᠢᠨ ᠳ᠋ᠠᠶᠢᠲ᠋ᠠ ᠶᠢᠨ ᠰᠢᠰᠲ᠋ᠧᠮ ᠵᠢᠴᠢ ᠲᠣᠣᠷ ᠰᠦᠯᠵᠢᠶᠡᠨ ᠤ ᠬᠢᠨᠠᠯᠲᠠ ᠬᠠᠮᠢᠶᠠᠷᠤᠯᠲᠠ ᠶᠢᠨ | ᠲᠠᠪᠴᠠᠩ ᠢ ᠪᠠᠶᠢᠭᠤᠯᠵᠤ ᠬᠠᠮᠠᠭᠠᠯᠠᠬᠤ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ᠲᠠᠪᠤ ᠳᠤ ᠪᠦᠬᠦ ᠣᠷᠣᠨ ᠤ ᠮᠠᠯ ᠤᠨ ᠡᠮ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ᠂ ᠮᠠᠯ ᠤᠨ ᠡᠮ ᠤᠨ | ᠦᠯᠡᠳᠡᠭᠳᠡᠯ ᠢ ᠪᠠᠶᠢᠴᠠᠭᠠᠨ ᠬᠡᠮᠵᠢᠬᠦ ᠪᠠ ᠮᠡᠷᠭᠡᠵᠢᠯ ᠤᠨ ᠬᠢᠨᠠᠨ ᠲᠣᠭᠲᠠᠭᠠᠯᠲᠠ ᠬᠢᠬᠦ᠂ ᠮᠠᠯ ᠤᠨ ᠡᠮ ᠤᠨ ᠶᠠᠰᠤ | ᠴᠢᠨᠠᠷ ᠢ ᠵᠠᠳᠠᠯᠤᠨ ᠦᠨᠡᠯᠡᠨ ᠵᠢᠱᠢᠬᠦ᠂ ᠠᠮᠢᠳᠤ ᠪᠣᠳᠠᠰ ᠤᠨ ᠦᠢᠯᠡᠳᠭᠦᠨ ᠤ ᠠᠵᠤ ᠠᠬᠤᠶᠢᠯᠠᠯ ᠤᠨ ᠠᠮᠢᠳᠤ ᠪᠣᠳᠠᠰ | ᠤᠨ ᠠᠮᠤᠷ ᠲᠦᠪᠰᠢᠨ ᠤ ᠮᠡᠷᠭᠡᠵᠢᠯ ᠤᠨ ᠳᠡᠮᠵᠢᠯᠭᠡ᠂ ᠪᠠᠺᠠᠲ᠋ᠧᠷᠢ ᠪᠠ ᠬᠤᠣᠷ ᠤᠨ ᠲᠥᠷᠥᠯ ᠭᠤᠷᠪᠠᠨ ᠱᠠᠲᠤᠨ ᠤ | ᠰᠡᠷᠭᠡᠶᠢᠯᠡᠨ ᠬᠠᠮᠠᠭᠠᠯᠠᠬᠤ ᠮᠡᠷᠭᠡᠵᠢᠯ ᠤᠨ ᠲᠤᠯᠭᠠᠭᠤᠷᠢᠯᠠᠯ ᠢ ᠡᠭᠦᠷᠭᠡᠯᠡᠵᠦ᠂ ᠮᠠᠯ ᠤᠨ ᠡᠮ ᠤᠨ ᠰᠢᠨ᠎ᠡ ᠨᠠᠶᠢᠷᠠᠭᠰᠠᠨ | ᠡᠮ ᠤᠨ ᠶᠠᠰᠤ ᠴᠢᠨᠠᠷ ᠤᠨ ᠪᠠᠷᠢᠮᠵᠢᠶ᠎ᠠ ᠶᠢ ᠳᠠᠬᠢᠨ ᠬᠢᠨᠠᠬᠤ ᠬᠠᠮᠢᠶ᠎ᠠ ᠪᠦᠬᠦᠢ ᠠᠵᠢᠯ ᠢ ᠥᠷᠨᠢᠭᠦᠯᠵᠦ᠂ ᠮᠠᠯ ᠤᠨ ᠡᠮ | ᠢ ᠰᠢᠯᠭᠠᠨ ᠪᠠᠶᠢᠴᠠᠭᠠᠬᠤ ᠰᠢᠨ᠎ᠡ ᠮᠡᠷᠭᠡᠵᠢᠯ᠂ ᠰᠢᠨ᠎ᠡ ᠠᠷᠭ᠎ᠠ ᠶᠢ ᠰᠤᠳᠤᠯᠤᠨ ᠳᠡᠯᠭᠡᠷᠡᠭᠦᠯᠬᠦ ᠠᠵᠢᠯ ᠢ ᠥᠷᠨᠢᠭᠦᠯᠦᠨ᠎ᠡ᠃ | | ᠵᠢᠷᠭᠤᠭ᠎ᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ | | ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠶᠠᠯᠠᠭᠳᠠᠬᠤ ᠭᠠᠵᠠᠷ | ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠶᠯᠡᠰ ᠤᠨ ᠨᠢᠭᠡᠴᠢ ᠪᠣᠯᠤᠨ᠎ᠠ᠃ | ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ᠂ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ᠂ ᠲᠠᠬᠤᠯ ᠡᠪᠡᠳᠴᠢᠨ ᠤ ᠰᠤᠳᠤᠯᠤᠯ ᠤᠨ ᠬᠢᠨᠠᠨ ᠬᠡᠮᠵᠢᠬᠦ | ᠰᠠᠯᠠᠭ᠎ᠠ᠂ ᠬᠢᠵᠢᠭ ᠪᠠᠶᠢᠴᠠᠭᠠᠬᠤ ᠰᠠᠯᠠᠭ᠎ᠠ᠂ ᠲᠦᠭᠰᠢᠭᠦᠷᠢ ᠶᠢ ᠦᠨᠡᠯᠡᠨ ᠵᠢᠱᠢᠬᠦ ᠰᠠᠯᠠᠭ᠎ᠠ᠂ ᠡᠳ᠋ ᠪᠠᠷᠠᠭ᠎ᠠ ᠶᠢᠨ | ᠪᠠᠲᠤᠯᠠᠭ᠎ᠠ ᠶᠢᠨ ᠰᠠᠯᠠᠭ᠎ᠠ᠂ ᠣᠨᠣᠰᠢᠯᠠᠬᠤ ᠲᠤᠷᠰᠢᠯᠲᠠ ᠶᠢᠨ ᠲᠠᠰᠤᠭ᠂ ᠮᠠᠯ ᠵᠢᠭᠦᠷᠲᠡᠨ ᠨᠢᠳᠦᠯᠦᠯᠲᠡ ᠶᠢᠨ ᠰᠠᠯᠠᠭ᠎ᠠ᠂ | ᠪᠠᠶᠢᠴᠠᠭᠠᠨ ᠬᠡᠮᠵᠢᠬᠦ ᠰᠠᠯᠠᠭ᠎ᠠ᠃ | ᠠᠵᠢᠯᠲᠠᠨ ᠤ ᠣᠷᠣᠨ ᠲᠤᠭ᠎ᠠ ᠵᠢᠴᠢ ᠠᠵᠢᠯᠲᠠᠨ ᠤ ᠪᠦᠲᠦᠴᠡ᠄ 92 ᠨᠡᠷᠡᠰ ᠠᠵᠢᠯ ᠦᠢᠯᠡᠰ ᠤᠨ ᠣᠷᠣᠨ | ᠲᠤᠭ᠎ᠠ ᠶᠢ ᠬᠢᠨᠠᠨ ᠲᠣᠭᠲᠠᠭᠠᠪᠠ᠃ | ᠤᠳᠤᠷᠢᠳᠬᠤ ᠲᠤᠰᠢᠶᠠᠯ ᠤᠨ ᠲᠤᠭ᠎ᠠ᠄ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ 5 | ᠨᠡᠷᠡᠰ ︵1 ᠵᠢᠩᠬᠢᠨᠢ 4 ᠳᠡᠳ᠋︶᠂ ᠰᠠᠯᠠᠭ᠎ᠠ ᠲᠠᠰᠤᠭ ᠤᠨ ᠤᠳᠤᠷᠢᠳᠬᠤ ᠲᠤᠰᠢᠶᠠᠯ ᠤᠨ ᠲᠤᠭ᠎ᠠ ᠶᠢ 19 ᠨᠡᠷᠡᠰ | ︵10 ᠵᠢᠩᠬᠢᠨᠢ 9 ᠳᠡᠳ᠋︶ ᠬᠢᠨᠠᠨ ᠲᠣᠭᠲᠠᠭᠠᠪᠠ᠃ | ᠵᠠᠷᠤᠳᠠᠯ ᠤᠨ ᠢᠷᠡᠯᠲᠡ᠄ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠵᠣᠭᠤᠰ ᠰᠠᠯᠭᠠᠨ ᠥᠭᠭᠦᠨ᠎ᠡ᠃ | ᠬᠠᠷᠢᠭᠤᠴᠠᠯᠭᠠᠲᠠᠨ᠄ ᠸᠠᠩ ᠵᠢᠶᠠᠨ ᠯᠦᠩ | ᠤᠲᠠᠰᠤ᠄ 0471 - 3360299 | ᠠᠵᠢᠯᠯᠠᠬᠤ ᠭᠠᠵᠠᠷ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠣᠣ ᠤᠳᠠ ᠵᠠᠮ ᠤᠨ 412 ᠳ᠋ᠤᠭᠠᠷ | ᠨᠤᠮᠧᠷ | ᠠᠵᠢᠯᠯᠠᠬᠤ ᠴᠠᠭ᠄ 08᠄ 30 - 12᠄ 00 14᠄ 30 - 17᠄ 30 |