ᠭᠤᠣᠯ ᠡᠭᠦᠷᠭᠡ ᠴᠢᠳᠠᠪᠬᠢ᠄ | ᠨᠢᠭᠡ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠴᠢᠬᠤᠯᠠ | ᠶᠡᠭᠡ ᠲᠥᠷᠥ ᠶᠢᠨ ᠪᠣᠳᠣᠯᠭ᠎ᠠ᠂ ᠭᠤᠤᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠠᠵᠢᠯ ᠢ | ᠡᠭᠦᠷᠭᠡᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ | ᠲᠤᠭᠤᠷᠪᠢᠬᠤ ᠳᠤ ᠣᠷᠣᠯᠴᠠᠵᠤ᠂ ᠪᠥᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠬᠠᠮᠵᠢᠨ ᠠᠬᠢᠭᠤᠯᠤᠨ᠎ᠠ᠃ | ᠬᠤᠶᠠᠷ ᠲᠤ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠣᠳᠣᠬᠢᠴᠢᠯᠠᠭᠰᠠᠨ | ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠰᠤᠳᠤᠯᠤᠯ ᠤᠨ ᠠᠵᠢᠯ ᠢ ᠡᠭᠦᠷᠭᠡᠯᠡᠨ᠎ᠡ᠃ | ᠭᠤᠷᠪᠠ ᠳᠤ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠪᠣᠯᠤᠨ ᠬᠥᠳᠡᠭᠡ | ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠰᠤᠳᠤᠯᠭᠠᠨ ᠤ ᠠᠵᠢᠯ ᠢ ᠡᠭᠦᠷᠭᠡᠯᠡᠨ᠎ᠡ᠃ | ᠳᠥᠷᠪᠡ ᠳᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠬᠥᠭᠵᠢᠯᠲᠡ ᠪᠣᠯᠤᠨ ᠠᠵᠤ ᠦᠶᠯᠡᠰ | ᠤᠨ ᠠᠵᠤ ᠠᠬᠤᠶ ᠶᠢᠨ ᠰᠤᠳᠤᠯᠤᠯ ᠤᠨ ᠠᠵᠢᠯ ᠢ ᠡᠭᠦᠷᠭᠡᠯᠡᠨ᠎ᠡ᠃ | ᠲᠠᠪᠤ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ | | ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠲᠥᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ | ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠶᠯᠡᠰ | ᠤᠨ ᠨᠢᠭᠡᠴᠢ ᠪᠣᠯᠤᠨ᠎ᠠ᠃ | ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠬᠥᠳᠡᠭᠡ ᠲᠣᠰᠬᠤᠨ ᠤ ᠵᠠᠰᠠᠯᠲᠠ ᠰᠤᠳᠤᠯᠬᠤ ᠲᠠᠰᠤᠭ᠂ | ᠶᠡᠷᠦᠩᠬᠡᠶᠢᠯᠡᠭᠰᠡᠨ ᠥᠭᠡᠷᠡᠴᠢᠯᠡᠯᠲᠡ ᠰᠤᠳᠤᠯᠬᠤ ᠲᠠᠰᠤᠭ᠂ ᠠᠵᠤ ᠦᠢᠯᠡᠰ ᠤᠨ ᠠᠵᠤ ᠠᠬᠤᠶ ᠰᠤᠳᠤᠯᠬᠤ ᠲᠠᠰᠤᠭ᠂ | ᠲᠠᠷᠢᠶᠠᠯᠠᠬᠤ ᠮᠠᠯᠵᠢᠬᠤ ᠣᠷᠣᠨ ᠤ ᠣᠳᠣᠬᠢᠴᠢᠯᠠᠭᠰᠠᠨ ᠬᠥᠭᠵᠢᠯᠲᠡ ᠶᠢᠨ ᠰᠤᠳᠤᠯᠬᠤ ᠲᠠᠰᠤᠭ᠃ | ᠠᠵᠢᠯᠲᠠᠨ ᠤ ᠣᠷᠣᠨ ᠲᠤᠭ᠎ᠠ ᠬᠢᠭᠡᠳ ᠠᠵᠢᠯᠲᠠᠨ ᠤ ᠪᠦᠲᠦᠴᠡ᠄ 30 ᠬᠦᠮᠦᠨ ᠤ ᠠᠵᠢᠯ ᠦᠢᠯᠡᠰ ᠤᠨ | ᠣᠷᠣᠨ ᠲᠤᠭ᠎ᠠ ᠶᠢ ᠬᠢᠨᠠᠨ ᠲᠣᠭᠲᠠᠭᠠᠪᠠ᠃ | ᠤᠳᠤᠷᠢᠳᠬᠤ ᠲᠤᠰᠢᠶᠠᠯ ᠤᠨ ᠲᠤᠭ᠎ᠠ᠄ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 3 | ᠬᠥᠮᠦᠨ ︵1 ᠵᠢᠩᠬᠢᠨᠢ 2 ᠳᠡᠳ᠋︶᠂ ᠰᠠᠯᠠᠭ᠎ᠠ ᠲᠠᠰᠤᠭ ᠤᠨ ᠤᠳᠤᠷᠢᠳᠬᠤ ᠲᠤᠰᠢᠶᠠᠯ ᠤᠨ ᠲᠤᠭ᠎ᠠ 8 ᠬᠥᠮᠦᠨ ︵5 | ᠵᠢᠩᠬᠢᠨᠢ 3 ᠳᠡᠳ᠋︶ ᠬᠢᠨᠠᠨ ᠲᠣᠭᠲᠠᠭᠠᠪᠠ᠃ | ᠵᠠᠷᠤᠳᠠᠯ ᠤᠨ ᠢᠷᠡᠯᠲᠡ᠄ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠵᠣᠭᠤᠰ ᠰᠠᠯᠭᠠᠨ ᠥᠭᠭᠦᠨ᠎ᠡ᠃ | ᠬᠠᠷᠢᠭᠤᠴᠠᠯᠭᠠᠲᠠᠨ᠄ ᠯᠢ ᠶᠠᠨ | ᠤᠲᠠᠰᠤ᠄ 0471 - 6652328 | ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ | ᠤᠨ ᠠᠯᠪᠠᠨ ᠠᠰᠠᠷ ᠤᠨ 718 ᠲᠠᠰᠤᠭ | ᠠᠵᠢᠯᠯᠠᠬᠤ ᠴᠠᠭ᠄ 08᠄ 30 - 12᠄ 00 14᠄ 30 - 17᠄ 30 |