ᠭᠤᠣᠯ ᠡᠭᠦᠷᠭᠡ ᠴᠢᠳᠠᠪᠬᠢ᠄ | ᠨᠢᠭᠡ ᠳᠤ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠤᠭ᠎ᠠ ᠪᠠᠷᠢᠮᠲᠠ | ᠶᠢ ᠵᠠᠳᠠᠯᠬᠤ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠵᠡᠷᠭᠡ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ᠬᠤᠶᠠᠷ ᠲᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ | ᠵᠠᠰᠠᠬᠤ ᠵᠢᠴᠢ ︽ᠵᠣᠷᠯᠣᠩ ᠤᠨ ᠬᠤᠪᠢᠰᠬᠠᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠲᠥᠷᠥᠯ | ᠵᠦᠶᠯ ᠤᠨ ᠬᠠᠮᠢᠶᠠᠷᠤᠯᠲᠠ ᠶᠢᠨ ᠠᠵᠢᠯ ᠳᠤ ᠣᠷᠣᠯᠴᠠᠵᠤ᠂ ᠬᠠᠮᠢᠶ᠎ᠠ ᠪᠥᠬᠦᠶ ᠮᠡᠷᠭᠡᠵᠢᠯ ᠢ ᠳᠡᠯᠭᠡᠷᠡᠭᠦᠯᠬᠦ᠂ ᠪᠠᠶᠢᠴᠠᠭᠠᠨ | ᠰᠤᠳᠤᠯᠬᠤ ᠠᠵᠢᠯ ᠢ ᠡᠭᠦᠷᠭᠡᠯᠡᠨ᠎ᠡ᠃ | ᠭᠤᠷᠪᠠ ᠳᠤ ᠲᠠᠷᠢᠶᠠᠯᠠᠬᠤ ᠮᠠᠯᠵᠢᠬᠤ ᠣᠷᠣᠨ ᠤ ᠨᠡᠶᠢᠭᠡᠮ ᠤᠨ ᠦᠢᠯᠡᠰ ᠤᠨ ᠤᠬᠠᠭᠤᠯᠭ᠎ᠠ ᠪᠣᠯᠪᠠᠰᠤᠷᠠᠭᠤᠯᠤᠯ | ᠤᠨ ᠠᠵᠢᠯ ᠢ ᠡᠭᠦᠷᠭᠡᠯᠡᠵᠦ᠂ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠪᠣᠯᠤᠨ ᠲᠠᠷᠢᠶᠠᠯᠠᠬᠤ | ᠰᠢᠯᠢᠳᠡᠭ ᠰᠣᠶᠣᠯ᠂ ᠨᠤᠲᠤᠭ ᠪᠡᠯᠴᠢᠭᠡᠷ ᠤᠨ ᠰᠣᠶᠣᠯ ᠤᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠠᠵᠢᠯ ᠢ | ᠲᠦᠯᠬᠢᠨ ᠠᠬᠢᠭᠤᠯᠤᠨ᠎ᠠ᠃ | ᠳᠥᠷᠪᠡ ᠳᠤ ᠮᠠᠯᠵᠢᠬᠤ ᠲᠠᠷᠢᠶᠠᠯᠠᠬᠤ ᠣᠷᠣᠨ ᠤ ᠲᠣᠭᠲᠠᠮᠠᠯ ᠠᠵᠢᠭᠯᠠᠬᠤ ᠴᠡᠭ ᠤᠨ ᠪᠠᠶᠢᠴᠠᠭᠠᠬᠤ ᠡᠭᠦᠷᠭᠡ ᠶᠢ | ᠡᠭᠦᠷᠭᠡᠯᠡᠨ᠎ᠡ᠃ | ᠲᠠᠪᠤ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ | | ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ | ᠲᠠᠷᠢᠶᠠᠯᠠᠬᠤ ᠣᠷᠣᠨ ᠤ ᠨᠡᠶᠢᠭᠡᠮ ᠤᠨ ᠦᠶᠯᠡᠰ ᠤᠨ ᠬᠥᠭᠵᠢᠯᠲᠡ ᠶᠢᠨ ᠲᠥᠪ ᠪᠣᠯ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ | ᠠᠵᠢᠯ ᠦᠶᠯᠡᠰ ᠤᠨ ᠨᠢᠭᠡᠴᠢ ᠪᠣᠯᠤᠨ᠎ᠠ᠃ | ᠳᠣᠲᠣᠭᠠᠳᠤ ᠪᠠᠶᠢᠭᠤᠯᠤᠮᠵᠢ᠄ ᠶᠡᠷᠦᠩᠬᠡᠶᠢᠯᠡᠭᠰᠡᠨ ᠰᠠᠯᠠᠭ᠎ᠠ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ | ᠤ ᠰᠠᠯᠠᠭ᠎ᠠ᠂ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠰᠠᠯᠠᠭ᠎ᠠ᠂ ᠣᠯᠠᠨ ᠨᠡᠶᠢᠲᠡ ᠶᠢᠨ ᠦᠶᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢᠨ ᠰᠠᠯᠠᠭ᠎ᠠ᠂ ᠮᠠᠯᠵᠢᠬᠤ ᠲᠠᠷᠢᠶᠠᠯᠠᠬᠤ ᠣᠷᠣᠨ ᠤ ᠲᠣᠭᠲᠠᠮᠠᠯ ᠠᠵᠢᠭᠯᠠᠬᠤ ᠴᠡᠭ | ᠤᠨ ᠠᠵᠢᠯ ᠤᠨ ᠰᠠᠯᠠᠭ᠎ᠠ᠂ ᠨᠤᠲᠤᠭ ᠤᠨ ᠰᠤᠷᠲᠠᠯ ᠤᠨ ᠪᠣᠯᠪᠠᠰᠤᠨ ᠤ ᠰᠠᠯᠠᠭ᠎ᠠ᠂ ᠮᠡᠳᠡᠭᠡ ᠵᠠᠩᠭᠢᠵᠢᠯᠲᠠ ᠶᠢᠨ | ᠰᠠᠯᠠᠭ᠎ᠠ᠃ | ᠠᠵᠢᠯᠲᠠᠨ ᠤ ᠣᠷᠣᠨ ᠲᠤᠭ᠎ᠠ ᠵᠢᠴᠢ ᠠᠵᠢᠯᠲᠠᠨ ᠤ ᠪᠦᠲᠦᠴᠡ᠄ 43 ᠬᠦᠮᠦᠨ ᠤ ᠠᠵᠢᠯ ᠦᠢᠯᠡᠰ ᠤᠨ | ᠣᠷᠣᠨ ᠲᠤᠭ᠎ᠠ ᠶᠢ ᠬᠢᠨᠠᠨ ᠲᠣᠭᠲᠠᠭᠠᠪᠠ᠃ | ᠤᠳᠤᠷᠢᠳᠬᠤ ᠲᠤᠰᠢᠶᠠᠯ ᠤᠨ ᠲᠤᠭ᠎ᠠ᠄ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ 3 | ᠬᠦᠮᠦᠨ ︵1 ᠵᠢᠩᠬᠢᠨᠢ 2 ᠳᠡᠳ᠋︶᠂ ᠰᠠᠯᠠᠭᠠᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ 11 ᠬᠦᠮᠦᠨ | ︵7 ᠵᠢᠩᠬᠢᠨᠢ᠄ 4 ᠳᠡᠳ᠋︶ ᠬᠢᠨᠠᠨ ᠲᠣᠭᠲᠠᠭᠠᠪᠠ᠃ | ᠵᠠᠷᠤᠳᠠᠯ ᠤᠨ ᠢᠷᠡᠯᠲᠡ᠄ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠵᠣᠭᠤᠰ ᠰᠠᠯᠭᠠᠨ ᠥᠭᠭᠦᠨ᠎ᠡ᠃ | ᠬᠠᠷᠢᠭᠤᠴᠠᠯᠭᠠᠲᠠᠨ᠄ ᠳ᠋ᠦ᠋ ᠫᠸᠢ ᠢᠦᠢ | ᠤᠲᠠᠰᠤ᠄ 0471 - 6651476 | ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ | ᠤᠨ ᠠᠯᠪᠠᠨ ᠠᠰᠠᠷ ᠤᠨ 1320 ᠲᠠᠰᠤᠭ | ᠠᠵᠢᠯᠯᠠᠬᠤ ᠴᠠᠭ᠄ 08᠄ 30 - 12᠄ 00 14᠄ 30 - 17᠄ 30 |