ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠣᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ ᠢ | ᠲᠣᠭᠲᠠᠭᠠᠪᠠ | ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠥᠭᠡᠳ ᠬᠦᠴᠦᠲᠡᠶ ᠪᠠᠷ ᠰᠠᠶᠢᠲᠤᠷ ᠠᠳᠬᠤᠵᠤ᠂ ᠠᠵᠤ ᠠᠬᠤᠶ ᠶᠢ | ᠲᠣᠭᠲᠠᠭᠤᠨ ᠤ ᠳᠤᠮᠳᠠ ᠪᠠᠬᠢᠵᠢᠭᠦᠯᠦᠨ ᠬᠥᠭᠵᠢᠭᠦᠯᠵᠦ᠂ ᠯᠠᠪᠳᠠᠭᠤᠨ ᠢᠶᠠᠷ ᠤᠷᠤᠭᠰᠢᠯᠠᠨ ᠠᠯᠤᠰ ᠢ ᠵᠣᠷᠢᠬᠤ ᠬᠡᠷᠡᠭᠲᠡᠶ ᠭᠡᠵᠦ | ᠱᠠᠭᠠᠷᠳᠠᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 3 ᠳ᠋ᠤᠭᠠᠷ ᠰᠠᠷ᠎ᠠ ᠶᠢᠨ 15 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠤᠨ ᠭᠤᠣᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ ᠢ ᠲᠣᠭᠲᠠᠭᠠᠵᠤ᠂ ᠯᠠᠪᠳᠠᠭᠤᠨ ᠪᠥᠭᠡᠳ | ᠬᠦᠴᠦᠲᠡᠶ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠶ ᠶᠢ ᠲᠣᠭᠲᠠᠭᠤᠨ ᠤ ᠳᠤᠮᠳᠠ | ᠪᠠᠬᠢᠵᠢᠭᠦᠯᠦᠨ ᠬᠥᠭᠵᠢᠭᠦᠯᠵᠦ᠂ ᠯᠠᠪᠳᠠᠭᠤᠨ ᠢᠶᠠᠷ ᠤᠷᠤᠭᠰᠢᠯᠠᠨ ᠠᠯᠤᠰ ᠢ ᠵᠣᠷᠢᠬᠤ ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ ᠵᠢᠭᠠᠬᠤ ᠳᠤ ᠪᠠᠨ᠂ ᠰᠠᠶ᠋ᠢᠬᠠᠨ ᠲᠡᠭᠦᠰᠦᠭᠰᠡᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠠᠴᠠ ᠬᠢᠨᠠᠨ ᠵᠥᠪᠯᠡᠵᠦ | ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠡᠨᠡ ᠵᠢᠯ ᠤᠨ ᠵᠠᠰᠠᠭ ᠤᠨ ᠣᠷᠳᠣᠨ ᠤ | ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠯᠠᠭᠤᠯᠤᠯᠲᠠ ᠶᠢ ᠪᠠᠶᠢᠭᠤᠯᠵᠤ᠂ ᠴᠢᠨᠠᠷᠯᠢᠭ ᠬᠥᠭᠵᠢᠯᠲᠡ ᠶᠢ ᠠᠬᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠬᠠᠷᠢᠭᠤᠴᠠᠯᠭ᠎ᠠ ᠶᠢ ᠡᠭᠦᠷᠭᠡᠯᠡᠨ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ | ᠵᠠᠰᠠᠭ ᠤᠨ ᠣᠷᠳᠣᠨ ᠤ ᠠᠷᠠᠳ ᠲᠦᠮᠡᠨ ᠳᠤ ᠠᠮᠠᠯᠳᠠᠭᠰᠠᠨ ᠠᠮᠠᠯᠠᠯᠲᠠ ᠶᠢ ᠬᠥᠭᠵᠢᠯᠲᠡ ᠶᠢ ᠠᠬᠢᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ ᠰᠢᠨ᠎ᠡ ᠦᠷ᠎ᠡ ᠪᠦᠲᠦᠮᠵᠢ ᠪᠣᠯᠭᠠᠬᠤ ᠬᠡᠷᠡᠭᠲᠡᠢ ᠭᠡᠵᠡᠢ᠃ ᠬᠤᠷᠠᠯ ᠠᠴᠠ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ︾ ᠳᠤ ᠳᠤᠷᠠᠳᠤᠭᠰᠠᠨ 38 ᠲᠠᠯ᠎ᠠ ᠶᠢᠨ 44 ᠭᠤᠣᠯᠳᠠᠯᠭ᠎ᠠ ᠲᠠᠢ ᠠᠵᠢᠯ ᠢ ᠲᠦᠷᠦ ᠶᠢᠨ | ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠣᠷᠣᠨ ᠨᠤᠲᠤᠭ ᠲᠤ ᠬᠤᠪᠢᠶᠠᠨ ᠥᠭᠴᠦ᠂ | ᠬᠠᠷᠢᠭᠤᠴᠠᠯᠭ᠎ᠠ ᠪᠣᠯᠤᠨ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠪᠠ᠃ | ᠬᠤᠷᠠᠯ ᠠᠴᠠ ᠵᠢᠭᠠᠬᠤ ᠳᠤ ᠪᠠᠨ᠂ ᠡᠨᠡ ᠵᠢᠯ ᠤᠨ ᠲᠦᠷᠦᠭᠦᠦ ᠬᠤᠶᠠᠷ ᠰᠠᠷ᠎ᠠ ᠳᠤ ᠠᠵᠤ ᠠᠬᠤᠶ ᠶᠢᠨ ᠠᠵᠢᠯᠯᠠᠭᠠᠨ | ᠦᠷᠭᠦᠯᠵᠢᠯᠡᠨ ᠰᠡᠷᠭᠦᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠲᠠᠰᠤᠷᠠᠯᠲᠠ ᠦᠭᠡᠶ ᠴᠢᠩᠭᠠᠷᠠᠭᠰᠠᠨ ᠪᠣᠯᠪᠠᠴᠤ | ᠰᠡᠷᠭᠦᠭᠡᠯᠲᠡ ᠶᠢᠨ ᠠᠬᠢᠴᠠ ᠮᠥᠨ ᠬᠦ ᠲᠡᠩᠴᠡᠭᠦᠷᠢ ᠦᠭᠡᠶ ᠪᠠᠶᠢᠵᠤ᠂ ᠦᠢᠯᠡᠴᠢᠯᠡᠭᠡᠨ ᠤ ᠦᠢᠯᠡᠰ᠂ ᠵᠢᠵᠢᠭ ᠪᠢᠴᠢᠯ ᠠᠵᠤ | ᠠᠬᠤᠶᠢᠯᠠᠯ ᠪᠣᠯᠤᠨ ᠵᠠᠷᠢᠮ ᠣᠷᠣᠨ ᠨᠤᠲᠤᠭ ᠤᠨ ᠠᠵᠤ ᠠᠬᠤᠶ ᠶᠢᠨ ᠰᠡᠷᠭᠦᠯᠲᠡ ᠳᠤ ᠪᠠᠰᠠ ᠴᠦ ᠴᠥᠭᠡᠨ ᠪᠤᠰᠤ ᠬᠦᠴᠢᠷᠳᠡᠯ | ᠲᠤᠯᠭᠠᠷᠠᠵᠤ ᠪᠠᠶᠢᠨ᠎ᠠ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠭᠲᠠᠭᠠᠭᠰᠠᠨ ᠪᠦᠬᠦ ᠵᠢᠯ ᠤᠨ | ᠬᠥᠭᠵᠢᠯᠲᠡ ᠶᠢᠨ ᠬᠠᠷᠠᠯᠲᠠ ᠡᠭᠦᠷᠭᠡ ᠶᠢ ᠱᠠᠯᠠᠪᠳᠠᠨ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠠᠵᠢᠯᠯᠠᠭᠠᠨ ᠢ ᠵᠦᠢ | ᠵᠣᠬᠢᠰᠲᠠᠶ ᠬᠡᠪᠴᠢᠶᠡᠨ ᠳᠤ ᠪᠠᠶᠢᠯᠭᠠᠬᠤ ᠶᠢ ᠪᠠᠲᠤᠯᠠᠬᠤ ᠬᠡᠷᠡᠭᠲᠡᠶ ᠭᠡᠪᠡ᠃ ᠨᠢᠭᠡ ᠳᠤ᠂ ᠳᠡᠯᠡᠬᠡᠶ ᠶᠢᠨ ᠠᠵᠤ ᠠᠬᠤᠶ ᠶᠢᠨ | ᠪᠠᠶᠢᠳᠠᠯ ᠤᠨ ᠬᠤᠪᠢᠷᠠᠯᠲᠠ ᠵᠢᠴᠢ ᠮᠠᠨ ᠤ ᠤᠯᠤᠰ ᠲᠤ ᠦᠵᠡᠭᠦᠯᠬᠦ ᠨᠥᠯᠥᠭᠡ ᠶᠢ ᠨᠢᠭᠲᠠ ᠮᠦᠷᠳᠡᠨ ᠳᠠᠭᠠᠵᠤ᠂ ᠤᠯᠤᠰ ᠤᠨ | ᠳᠣᠲᠣᠭᠠᠳᠤ ᠶᠢᠨ ᠠᠵᠤ ᠠᠬᠤᠶ ᠶᠢᠨ ᠠᠵᠢᠯᠯᠠᠭᠠᠨ ᠤ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠪᠠ | ᠡᠷᠭᠢᠯᠲᠡ ᠶᠢᠨ ᠬᠤᠭᠤᠴᠠᠭᠠᠨ ᠤ ᠬᠢ ᠲᠠᠢ ᠬᠠᠷᠢᠴᠠᠭᠤᠯᠤᠭᠰᠠᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠰᠢᠨ᠎ᠡ | ᠪᠠᠶᠢᠳᠠᠯ ᠰᠢᠨ᠎ᠡ ᠠᠰᠠᠭᠤᠳᠠᠯ ᠢ ᠭᠦᠨᠵᠡᠭᠡᠶ ᠵᠠᠳᠠᠯᠵᠤ᠂ ᠲᠦᠷᠦ ᠶᠢᠨ ᠪᠤᠳᠤᠯᠭ᠎ᠠ ᠶᠢᠨ ᠤᠷᠢᠳᠴᠢᠯᠠᠭᠰᠠᠨ ᠲᠤᠬᠢᠷᠠᠭᠤᠯᠤᠯᠳᠠ | ᠪᠢᠴᠢᠯ ᠲᠤᠬᠢᠷᠠᠭᠤᠯᠤᠯᠳᠡ ᠶᠢ ᠴᠠᠭ ᠲᠤᠬᠠᠶ ᠳᠤ ᠨᠢ ᠬᠡᠷᠡᠭᠵᠢᠭᠦᠯᠵᠦ᠂ ᠢᠯᠠᠩᠭᠤᠶ᠎ᠠ ᠠᠵᠢᠯ ᠣᠯᠭᠤᠯᠲᠠ ᠶᠢ ᠠᠬᠢᠭᠤᠯᠬᠤ᠂ | ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠵᠢᠱᠢᠯᠲᠡ ᠶᠢ | ᠲᠣᠭᠲᠠᠪᠤᠷᠢᠵᠢᠭᠤᠯᠤᠨ᠎ᠠ᠃ ᠲᠦᠭᠰᠢᠭᠦᠷᠢ ᠶᠢᠨ ᠲᠠᠯᠳᠠ ᠭᠡᠮ ᠢ ᠰᠡᠷᠭᠡᠶᠢᠯᠡᠨ ᠨᠠᠮᠳᠠᠭᠠᠵᠤ᠂ ᠠᠵᠤ ᠠᠬᠤᠶ ᠶᠢᠨ ᠲᠣᠭᠲᠠᠭᠤᠨ ᠢᠶᠠᠷ | ᠰᠡᠷᠭᠦᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠬᠤᠶᠠᠷ ᠲᠤ᠂ ᠨᠢᠭᠡᠨᠲᠡ ᠲᠣᠭᠲᠠᠭᠠᠭᠰᠠᠨ ᠡᠳ᠋ ᠤᠨ ᠵᠠᠰᠠᠭ᠂ ᠮᠥᠩᠭᠦᠨ | ᠭᠦᠢᠯᠭᠡᠭᠡ᠂ ᠠᠵᠢᠯ ᠣᠯᠭᠤᠯᠲᠠ ᠵᠡᠷᠭᠡ ᠬᠤᠷᠸ᠎ᠠ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠨ᠎ᠠ᠃ ᠬᠡᠪᠴᠢᠶ᠎ᠡ ᠶᠢ ᠥᠷᠭᠡᠳᠬᠡᠭᠰᠡᠨ ᠤ ᠳᠠᠷᠠᠭᠠᠬᠢ ᠡᠳ᠋ ᠤᠨ ᠵᠠᠰᠠᠭ ᠤᠨ ᠰᠢᠭᠤᠳ ᠬᠦᠷᠭᠡᠬᠦ ᠪᠡᠯᠡ ᠮᠥᠩᠭᠦ ᠶᠢᠨ | ᠦᠨᠳᠦᠰᠦᠨ ᠱᠠᠲᠤᠨ ᠳᠠᠬᠢ ᠨᠠᠶᠢᠳᠠᠪᠤᠷᠢᠵᠢᠭᠤᠯᠤᠯᠲᠠ ᠶᠢ ᠲᠦᠷᠭᠡᠳᠬᠡᠵᠦ᠂ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ | ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠳᠤ ᠳᠣᠪᠤᠶᠢᠯᠭᠠᠨ ᠬᠡᠷᠡᠭᠯᠡᠬᠦ ᠬᠡᠷᠡᠭᠲᠡᠢ᠃ | ᠡᠯ᠎ᠡ ᠱᠠᠲᠤᠨ ᠤ ᠵᠠᠰᠠᠭ ᠤᠨ ᠣᠷᠳᠣᠨ ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠠᠵᠢᠯᠯᠠᠭᠠᠨ ᠤ | ᠵᠠᠷᠤᠳᠠᠯ ᠢ ᠪᠠᠲᠤᠯᠠᠬᠤ ᠬᠡᠷᠡᠭᠲᠡᠶ᠃ ᠵᠢᠵᠢᠭ ᠪᠢᠴᠢᠯ ᠠᠵᠤ ᠠᠬᠤᠶᠢᠯᠠᠯ ᠳᠤ ᠴᠢᠭᠯᠡᠭᠦᠯᠦᠭᠰᠡᠨ ᠭᠠᠶᠢᠯᠢ ᠬᠥᠩᠭᠡᠯᠡᠵᠦ ᠰᠦᠢᠳᠬᠡᠯ | ᠪᠠᠭᠤᠷᠠᠭᠤᠯᠬᠤ ᠲᠦᠷᠦ ᠶᠢᠨ ᠪᠤᠳᠤᠯᠭ᠎ᠠ ᠣᠨᠴᠠᠭᠠᠶᠢᠯᠠᠨ ᠪᠦᠲᠦᠴᠡ ᠶᠢᠨ ᠴᠢᠨᠠᠷ ᠲᠠᠢ ᠭᠠᠶᠢᠯᠢ ᠬᠥᠩᠭᠡᠯᠡᠬᠦ ᠰᠢᠨ᠎ᠡ ᠠᠷᠭ᠎ᠠ | ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠶ ᠪᠥᠭᠡᠳ ᠨᠠᠷᠢᠯᠢᠭ ᠠᠳᠬᠤᠬᠤ ᠬᠡᠷᠡᠭᠲᠡᠢ᠃ ᠦᠢᠯᠡᠳᠬᠡᠯ ᠤᠨ | ᠦᠢᠯᠡᠰ ᠤᠨ ᠠᠵᠤ ᠠᠬᠤᠶᠢᠯᠠᠯ ᠤᠨ ᠰᠤᠳᠤᠯᠭᠠᠨ ᠤ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ | ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠶᠢ ᠱᠠᠯᠠᠪᠳᠠᠭᠤᠯᠤᠨ ᠬᠡᠷᠡᠭᠵᠢᠭᠦᠯᠵᠦ᠂ ᠳ᠋ᠦᠩᠨᠡᠨ ᠪᠤᠳᠤᠬᠤ ᠬᠤᠭᠤᠴᠠᠭ᠎ᠠ ᠶᠢ | ᠪᠣᠭᠤᠨᠢᠰᠬᠠᠵᠤ᠂ ᠠᠵᠤ ᠠᠬᠤᠶᠢᠯᠠᠯ ᠤᠨ ᠲᠤᠬᠠᠶ ᠶᠢᠨ ᠵᠢᠯ ᠳᠤ ᠪᠠᠨ ᠠᠰᠢᠭ ᠣᠯᠬᠤ ᠶᠢ ᠪᠠᠲᠤᠯᠠᠬᠤ ᠬᠡᠷᠡᠭᠲᠡᠢ᠃ ᠬᠤᠷᠸ᠎ᠠ | ᠬᠦᠰᠢᠬᠦᠷᠭᠡ ᠶᠢᠨ ᠨᠤᠷᠮ᠎ᠠ ᠶᠢ ᠦᠨᠳᠦᠰᠦᠨ ᠳᠤ ᠪᠠᠨ ᠲᠣᠭᠲᠠᠭᠤᠨ ᠪᠠᠶᠢᠯᠭᠠᠵᠤ᠂ ᠵᠠᠰᠠᠭ ᠤᠨ ᠣᠷᠳᠣᠨ ᠤ ᠬᠦᠰᠢᠬᠦᠷᠭᠡ ᠶᠢᠨ | ᠨᠤᠷᠮ᠎ᠠ ᠶᠢ ᠵᠣᠬᠢᠬᠤ ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠶ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ | ᠵᠢᠯᠣᠭᠤᠳᠴᠤ ᠪᠠᠶᠢᠭᠠᠳ ᠪᠣᠳᠠᠲᠠᠶ ᠠᠷᠭ᠎ᠠ ᠬᠡᠮᠵᠢᠶ᠎ᠡ ᠶᠢ ᠱᠠᠯᠠᠪᠳᠠᠨ ᠨᠡᠶᠢᠲᠡᠯᠡᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ | ᠪᠠᠯᠠ ᠲᠣᠬᠢᠷᠠᠭᠤᠯᠬᠤ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠪᠠᠯᠠ | ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ ᠭᠦᠢᠴᠡᠳᠬᠡᠬᠦ | ᠬᠡᠷᠡᠭᠲᠡᠢ᠃ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠶᠢᠨ ᠲᠦᠷᠦ ᠶᠢᠨ ᠪᠤᠳᠤᠯᠭ᠎ᠠ ᠨᠢ ᠴᠥᠮ ᠠᠵᠢᠯ ᠣᠯᠭᠤᠯᠲᠠ ᠶᠢ | ᠨᠡᠮᠡᠭᠳᠡᠭᠦᠯᠬᠦ ᠶᠢᠨ ᠲᠣᠭᠤᠷᠢᠨ ᠳᠤ ᠬᠠᠮᠵᠢᠯᠴᠠᠨ ᠬᠦᠴᠦᠯᠡᠬᠦ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ | ᠣᠶᠤᠲᠠᠳ᠂ ᠴᠡᠷᠢᠭ ᠠᠴᠠ ᠬᠠᠯᠠᠭᠳᠠᠭᠰᠠᠳ᠂ ᠬᠥᠯᠥᠰᠥᠨ ᠠᠵᠢᠯᠴᠢᠳ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ | ᠣᠯᠭᠤᠯᠲᠠ ᠶᠢ ᠠᠬᠢᠭᠤᠯᠬᠤ ᠪᠠ ᠦᠢᠯᠡᠴᠢᠯᠡᠬᠦ ᠶᠢ ᠴᠢᠩᠭᠠᠳᠬᠠᠨ᠎ᠠ᠃ ᠬᠥᠳᠡᠯᠮᠦᠷᠢ ᠬᠦᠴᠦᠨ᠂ ᠴᠢᠳᠠᠪᠤᠷᠢᠲᠠᠨ᠂ ᠡᠳᠦᠷ ᠤᠨ | ᠬᠦᠴᠦ ᠶᠠᠪᠤᠭᠴᠢ ᠵᠡᠷᠭᠡ ︽ᠭᠤᠷᠪᠠᠨ ᠵᠠᠬ᠎ᠠ ᠳᠡᠯᠭᠡᠭᠦᠷ︾ ᠤᠨ ᠦᠢᠯᠡᠳᠦᠯ ᠢ ᠪᠠᠳᠠᠷᠠᠭᠤᠯᠵᠤ᠂ ᠠᠵᠢᠯ ᠣᠯᠭᠤᠬᠤ ᠠᠷᠭ᠎ᠠ ᠵᠠᠮ ᠢ | ᠥᠷᠭᠡᠳᠬᠡᠬᠦ ᠬᠡᠷᠡᠭᠲᠡᠢ᠃ ᠭᠤᠷᠪᠠ ᠳᠤ᠂ ᠭᠤᠤᠯᠳᠠᠯᠭ᠎ᠠ ᠲᠠᠢ ᠠᠵᠢᠯ ᠢ ᠵᠠᠳᠠᠯᠤᠨ ᠨᠠᠷᠢᠯᠢᠬᠵᠢᠭᠤᠯᠤᠨ᠎ᠠ᠃ ︽ᠲᠠᠯᠪᠢᠬᠤ᠂ | ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ | ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠢᠨᠠᠨ | ᠵᠥᠪᠰᠢᠶᠡᠷᠡᠯ ᠤᠨ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠵᠠᠷᠤᠳᠠᠯ ᠢ | ᠪᠠᠭᠠᠰᠬᠠᠬᠤ ᠵᠡᠷᠭᠡ ᠪᠣᠳᠠᠲᠠᠶ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠲᠥᠪ ᠤᠨ ᠲᠥᠰᠦᠪ ᠤᠨ ᠳᠣᠲᠣᠷᠠᠬᠢ ᠪᠡᠯᠡ | ᠣᠷᠣᠭᠤᠯᠬᠤ᠂ ᠰᠢᠯᠵᠢᠭᠦᠯᠦᠨ ᠥᠭᠬᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠥᠷᠢ ᠥᠭᠴᠡᠭᠡ | ᠵᠡᠷᠭᠡ ᠶᠢᠨ ᠪᠡᠯᠡ ᠮᠥᠩᠭᠦ ᠶᠢ ᠲᠦᠷᠭᠡᠪᠴᠢᠯᠡᠨ ᠪᠠᠭᠤᠯᠭᠠᠬᠤ ᠪᠠ ᠰᠠᠶᠢᠲᠤᠷ ᠬᠡᠷᠡᠭᠯᠡᠵᠦ᠂ ᠠᠯᠪᠠᠨ ᠵᠢᠷᠤᠮ ᠤᠨ ᠰᠤᠷᠭᠠᠨ | ᠬᠥᠮᠦᠵᠢᠯ᠂ ᠦᠨᠳᠦᠰᠦᠨ ᠡᠮᠴᠢᠯᠡᠭᠡ ᠵᠡᠷᠭᠡ ᠬᠦᠷᠢᠶᠡᠨ ᠳᠠᠬᠢ ᠳᠤᠲᠠᠭᠤᠳᠠᠯ ᠢ ᠨᠥᠬᠦᠪᠦᠷᠢᠯᠡᠬᠦ ᠳᠡᠮᠵᠢᠯᠭᠡ ᠪᠠᠨ ᠴᠢᠩᠭᠠᠳᠬᠠᠨ᠎ᠠ᠃ | ᠰᠢᠶᠠᠨ ᠰᠢᠶᠠᠩ ᠤᠨ ᠦᠨᠳᠦᠰᠦᠨ ᠱᠠᠲᠤᠨ ᠤ ᠪᠠᠭᠰᠢ ᠶᠢ ᠪᠣᠯᠪᠠᠰᠤᠷᠠᠭᠤᠯᠬᠤ ᠪᠠ ᠠᠵᠢᠯ ᠤᠨ ᠪᠠᠶᠢᠷᠢ ᠳᠡᠭᠡᠷ᠎ᠡ ᠪᠠᠨ | ᠰᠤᠷᠤᠯᠭ᠎ᠠ ᠶᠢᠨ ᠨᠠᠮᠲᠠᠷ ᠢᠶᠠᠨ ᠳᠡᠭᠡᠭᠰᠢᠯᠡᠭᠦᠯᠬᠦ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠦᠨ᠎ᠡ᠃ | ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ᠂ ᠡᠭᠦᠳᠡᠨ ᠡᠮᠨᠡᠯᠭᠡ ᠶᠢᠨ ᠡᠮᠴᠢᠯᠡᠭᠡ ᠶᠢᠨ | ᠳᠠᠭᠠᠳᠬᠠᠯ ᠤᠨ ᠲᠠᠩᠰᠠ ᠲᠠᠶᠢᠯᠬᠤ ᠪᠠ ᠪᠠᠶᠢᠩᠭᠤ ᠲᠣᠬᠢᠶᠠᠯᠳᠤᠳᠠᠭ ᠡᠪᠡᠳᠴᠢᠨ ᠤ ᠡᠮ ᠤᠨ ᠵᠦᠢᠯ ᠤᠨ ᠲᠠᠩᠰᠠ ᠲᠠᠶᠢᠯᠬᠤ | ᠬᠡᠪᠴᠢᠶ᠎ᠡ ᠶᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠶᠢ ᠱᠠᠯᠠᠪᠳᠠᠨ ᠨᠡᠶᠢᠲᠡᠯᠡᠨ᠎ᠡ᠃ ᠭᠠᠶᠢᠯᠢ ᠰᠦᠢᠳᠬᠡᠯ ᠢ ᠬᠠᠰᠤᠵᠤ | ᠬᠥᠩᠭᠡᠯᠡᠬᠦ ᠵᠡᠷᠭᠡ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠬᠦᠴᠦᠨ ᠤ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠠᠮᠢᠳᠤᠷᠠᠯ ᠤᠨ ᠦᠢᠯᠡᠴᠢᠯᠡᠭᠡᠨ ᠤ ᠦᠢᠯᠡᠰ ᠵᠡᠷᠭᠡ ᠶᠢ ᠬᠥᠭᠵᠢᠭᠦᠯᠬᠦ ᠶᠢ | ᠳᠡᠮᠵᠢᠨ᠎ᠡ᠃ ᠲᠦᠷᠪᠡ ᠳᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠶᠢᠨ ᠰᠢᠮᠳᠠᠭᠤᠯᠤᠨ ᠪᠠᠶᠢᠴᠠᠭᠠᠯᠲᠠ ᠶᠢ | ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ | ᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠢᠶᠠᠨ ᠬᠡᠷᠡᠭᠵᠢᠭᠦᠯᠬᠦ | ᠲᠥᠰᠦᠯ ᠢ ᠲᠥᠷᠭᠡᠳᠬᠡᠨ ᠲᠣᠭᠲᠠᠭᠠᠵᠤ᠂ ᠡᠯ᠎ᠡ ᠵᠦᠢᠯ ᠤᠨ ᠠᠵᠢᠯ ᠢᠶᠠᠨ ᠤᠷᠢᠳᠴᠢᠯᠠᠨ ᠬᠢᠬᠦ ᠬᠡᠷᠡᠭᠲᠡᠶ᠃ ᠬᠦᠷᠢᠶ᠎ᠡ ᠴᠠᠷᠠᠭ᠎ᠠ | ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠭᠠᠵᠠᠷ ᠣᠷᠣᠨ ᠠᠯᠤᠰᠯᠠᠭᠰᠠᠨ ᠵᠦᠢᠯᠡᠰ ᠲᠤ ᠬᠠᠷᠢᠯᠴᠠᠨ | ᠬᠠᠮᠵᠢᠯᠴᠠᠬᠤ ᠪᠠᠨ ᠴᠢᠩᠭᠠᠳᠬᠠᠬᠤ ᠬᠡᠷᠡᠭᠲᠡᠶ᠃ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠵᠤ᠂ | ︽14 · 5︾ ᠤᠨ ᠲᠥᠯᠥᠪᠵᠢᠭᠦᠯᠭᠡ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |