ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠰᠤᠳᠤᠯᠭᠠᠨ ᠤ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ | ᠬᠠᠷᠢᠴᠠᠯ ᠢ ᠨᠡᠮᠡᠭᠳᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠪᠠᠶᠢᠷᠢᠯᠠᠭᠤᠯᠵᠤ ᠠᠵᠤ ᠠᠬᠤᠶᠢᠯᠠᠯ ᠤᠨ | ᠰᠢᠨ᠎ᠡ ᠶᠢ ᠡᠭᠦᠳᠴᠦ ᠠᠵᠤ ᠦᠢᠯᠡᠰ ᠤᠨ ᠳᠡᠰ ᠳᠡᠪᠰᠢᠭᠦᠯᠬᠦ ᠶᠢ ᠠᠬᠢᠭᠤᠯᠬᠤ ᠶᠢ ᠨᠢ ᠤᠷᠮᠠᠰᠢᠭᠤᠯᠪᠠ | ᠨᠡᠶᠢᠳᠡᠮ ᠠᠰᠢᠭ ᠬᠦᠷᠲᠡᠬᠦ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠤ ᠮᠥᠩᠭᠦ ᠪᠠᠨ | ᠪᠤᠴᠠᠭᠠᠬᠤ ᠬᠤᠭᠤᠴᠠᠭ᠎ᠠ ᠶᠢ ᠤᠷᠲᠤᠳᠬᠠᠬᠤ ᠲᠥᠷᠥ ᠶᠢᠨ ᠪᠣᠳᠣᠯᠭ᠎ᠠ ᠪᠠ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ | ᠲᠥᠯᠥᠪᠯᠡᠭᠡ ᠶᠢ ᠵᠢᠯ ᠤᠨ ᠡᠴᠦᠰ ᠪᠣᠯᠲᠠᠯ᠎ᠠ ᠤᠯᠠᠮ ᠨᠢᠭᠡ ᠠᠯᠬᠤᠮ ᠤᠷᠲᠤᠳᠬᠠᠬᠤ ᠪᠠᠷ ᠲᠣᠭᠲᠠᠪᠠ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ | ︵ᠵᠠᠰᠠᠪᠤᠷᠢ ᠣᠷᠣᠭᠤᠯᠤᠭᠰᠠᠨ ᠲᠥᠰᠦᠯ︶︾ ᠶᠢ ᠪᠠᠲᠤᠯᠠᠪᠠ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 3 ᠳ᠋ᠤᠭᠠᠷ ᠰᠠᠷ᠎ᠠ ᠶᠢᠨ 24 ᠤ ᠡᠳᠦᠷ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠢᠯᠡᠳᠬᠦ ᠦᠢᠯᠡᠰ ᠤᠨ | ᠠᠵᠤ ᠠᠬᠤᠶᠢᠯᠠᠯ ᠤᠨ ᠰᠤᠳᠤᠯᠭᠠᠨ ᠤ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ ᠨᠡᠮᠡᠭᠳᠡᠭᠦᠯᠬᠦ ᠵᠡᠷᠭᠡ | ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠪᠠᠶᠢᠷᠢᠯᠠᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠨᠢ | ᠵᠣᠷᠢᠭᠵᠢᠭᠤᠯᠵᠤ᠂ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ ᠪᠠᠷ ᠪᠣᠯᠪᠠ︔ ᠨᠡᠶᠢᠳᠡᠮ ᠠᠰᠢᠭ ᠬᠦᠷᠲᠡᠬᠦ ᠵᠢᠵᠢᠭ | ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠦ ᠮᠥᠩᠭᠦ ᠪᠠᠨ ᠪᠤᠴᠠᠭᠠᠬᠤ ᠬᠤᠭᠤᠴᠠᠭ᠎ᠠ ᠶᠢ ᠤᠷᠲᠤᠳᠬᠠᠬᠤ | ᠲᠥᠷᠥ ᠶᠢᠨ ᠪᠣᠳᠣᠯᠭ᠎ᠠ ᠪᠣᠯᠤᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠲᠥᠯᠥᠪᠯᠡᠭᠡ ᠶᠢ ᠵᠢᠯ ᠤᠨ ᠡᠴᠦᠰ ᠪᠣᠯᠲᠠᠯ᠎ᠠ | ᠤᠷᠲᠤᠳᠬᠠᠬᠤ ᠪᠠᠷ ᠲᠣᠭᠲᠠᠪᠠ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾ ᠶᠢ ᠪᠠᠲᠤᠯᠠᠪᠠ᠃ | ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠶᠣᠰᠣᠭᠠᠷ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠨᠢ ᠨᠡᠩ | ᠰᠠᠶᠢᠨ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠬᠦ᠂ ᠡᠷᠬᠡ ᠲᠡᠭᠰᠢ ᠨᠡᠶᠢᠳᠡᠮ ᠠᠰᠢᠭ ᠬᠦᠷᠲᠡᠬᠦ ᠤᠷᠮᠠᠰᠢᠭᠤᠯᠤᠯ ᠤᠨ ᠲᠦᠷᠦ ᠶᠢᠨ | ᠪᠤᠳᠤᠯᠭ᠎ᠠ ᠶᠢ ᠨᠡᠩ ᠢᠯᠡᠭᠦᠦ ᠬᠡᠷᠡᠭᠯᠡᠵᠦ᠂ ᠠᠵᠤ ᠠᠬᠤᠶᠢᠯᠠᠯ ᠪᠣᠯᠤᠨ ᠪᠦᠬᠦ ᠨᠡᠶᠢᠭᠡᠮ ᠤᠨ ᠰᠤᠳᠤᠯᠭᠠᠨ ᠤ ᠣᠷᠣᠭᠤᠯᠤᠯᠲᠠ ᠶᠢ | ᠨᠡᠮᠡᠭᠳᠡᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠵᠤ᠂ ᠠᠵᠤ ᠠᠬᠤᠢ ᠶᠢᠨ | ᠪᠦᠲᠦᠴᠡ ᠶᠢᠨ ᠰᠢᠯᠢᠳᠡᠭᠵᠢᠯᠲᠡ ᠶᠢ ᠠᠬᠢᠭᠤᠯᠬᠤ ᠬᠡᠷᠡᠭᠲᠡᠢ᠃ ᠣᠶᠢᠷ᠎ᠠ ᠶᠢᠨ ᠵᠢᠯ ᠤᠳ ᠲᠤ᠂ ᠰᠤᠳᠤᠯᠭᠠᠨ ᠤ ᠵᠠᠷᠤᠳᠠᠯ ᠢ ᠨᠡᠮᠡᠨ | ᠪᠤᠳᠤᠵᠤ ᠰᠠᠭᠤᠯᠭᠠᠨ ᠠᠪᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠡᠷᠴᠢᠮ ᠲᠠᠰᠤᠷᠠᠯᠲᠠ | ᠥᠬᠡᠶ ᠴᠢᠩᠭᠠᠷᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠬᠦᠴᠦᠲᠡᠶ ᠠᠬᠢᠭᠤᠯᠤᠭᠰᠠᠨ ᠪᠠᠶᠢᠨ᠎ᠠ᠃ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ︾ ᠳᠠᠬᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠳᠡᠮᠵᠢᠬᠦ ᠬᠤᠯᠪᠣᠭᠳᠠᠯ ᠪᠥᠬᠦᠶ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠷᠠᠯ ᠠᠴᠠ ᠲᠣᠭᠲᠠᠭᠠᠭᠰᠠᠨ ᠨᠢ᠂ ᠨᠢᠭᠡ ᠳᠤ᠂ ᠡᠨᠡ ᠵᠢᠯ ᠤᠨ 1 | ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠰᠤᠳᠤᠯᠭᠠᠨ ᠤ ᠵᠠᠷᠤᠳᠠᠯ ᠢ | ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ 75% ᠪᠠᠶᠢᠭᠰᠠᠨ ᠠᠴᠠ 100% ᠪᠣᠯᠭᠠᠨ ᠳᠡᠭᠡᠭᠰᠢᠯᠡᠭᠦᠯᠦᠨ᠎ᠡ᠂ | ᠡᠨᠡ ᠨᠢ ᠠᠵᠤ ᠠᠬᠤᠶᠢᠯᠠᠯ 100 ᠲᠦᠮᠡᠨ ᠲᠥᠭᠦᠷᠢᠭ ᠤᠨ ᠰᠤᠳᠤᠯᠭᠠᠨ ᠤ ᠵᠠᠷᠤᠳᠠᠯ ᠣᠷᠣᠭᠤᠯᠬᠤ ᠪᠦᠷᠢ ᠭᠠᠶᠢᠯᠢ | ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠠᠴᠠ 200 ᠲᠦᠮᠡᠨ ᠲᠥᠭᠦᠷᠢᠭ ᠰᠠᠭᠤᠯᠭᠠᠨ ᠠᠪᠤᠭᠰᠠᠨ ᠲᠠᠢ | ᠲᠡᠩᠴᠡᠨ᠎ᠡ᠃ ᠡᠨᠡ ᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠪᠡᠯ᠂ ᠵᠢᠱᠢᠯᠲᠡ ᠪᠠᠷ ᠨᠢᠳᠤᠨᠤᠨ ᠤ ᠭᠠᠶᠢᠯᠢ ᠶᠢ ᠬᠥᠩᠭᠡᠯᠡᠭᠰᠡᠨ | ᠬᠡᠮᠵᠢᠶ᠎ᠡ 3600 ᠳ᠋ᠦᠩᠰᠢᠭᠤᠷ ᠲᠥᠭᠦᠷᠢᠭ ᠢ ᠳᠠᠪᠠᠭᠰᠠᠨ ᠰᠠᠭᠤᠷᠢᠨ ᠳᠡᠭᠡᠷ᠎ᠡ᠂ ᠡᠨᠡ ᠵᠢᠯ ᠠᠵᠤ ᠠᠬᠤᠶᠢᠯᠠᠯ ᠳᠤ ᠲᠠᠬᠢᠭᠠᠳ | 800 ᠳ᠋ᠦᠩᠰᠢᠭᠤᠷ ᠲᠥᠭᠦᠷᠢᠭ ᠤᠨ ᠭᠠᠶᠢᠯᠢ ᠶᠢ ᠰᠢᠨ᠎ᠡ ᠪᠠᠷ ᠬᠠᠰᠤᠵᠤ ᠥᠭᠬᠦ ᠪᠣᠯᠤᠨ᠎ᠠ᠃ ᠡᠨᠡ ᠬᠦ ᠲᠦᠷᠢᠮ ᠤᠨ ᠴᠢᠨᠠᠷᠲᠠᠶ | ᠲᠣᠬᠢᠷᠠᠭᠤᠯᠤᠯᠲᠠ ᠪᠣᠯ ᠡᠨᠡ ᠵᠢᠯ ᠤᠨ ᠪᠦᠲᠦᠴᠡ ᠶᠢᠨ ᠴᠢᠨᠠᠷᠲᠠᠶ ᠪᠠᠷ ᠭᠠᠶᠢᠯᠢ ᠬᠥᠩᠭᠡᠯᠡᠬᠦ ᠠᠵᠢᠯ ᠤᠨ ᠳᠤᠮᠳᠠᠬᠢ | ᠡᠷᠴᠢᠮ ᠢᠶᠠᠷ ᠬᠠᠮᠤᠭ ᠤᠨ ᠶᠡᠭᠡ ᠲᠥᠷᠥ ᠶᠢᠨ ᠪᠣᠳᠣᠯᠭ᠎ᠠ ᠪᠣᠯᠤᠨ᠎ᠠ᠃ ᠬᠤᠶᠠᠷ ᠲᠤ᠂ ᠰᠤᠳᠤᠯᠭᠠᠨ ᠤ ᠵᠠᠷᠤᠳᠠᠯ ᠢ ᠨᠡᠮᠡᠨ | ᠪᠤᠳᠤᠵᠤ ᠢᠯᠭᠠᠷᠠᠭᠤᠯᠤᠨ ᠲᠤᠰᠢᠶᠠᠬᠤ ᠲᠣᠭᠠᠴᠠᠭ᠎ᠠ ᠬᠢᠬᠦ ᠠᠷᠭ᠎ᠠ ᠮᠠᠶ᠋ᠢᠭ ᠲᠤ ᠥᠭᠡᠷᠡᠴᠢᠯᠡᠯᠲᠡ ᠬᠢᠵᠦ᠂ ᠠᠵᠤ ᠠᠬᠤᠶᠢᠯᠠᠯ | ᠥᠪᠡᠰᠦᠪᠡᠨ ᠡᠵᠡᠨ ᠮᠡᠳᠡᠵᠦ ᠬᠠᠭᠠᠰ ᠵᠢᠯ ᠢᠶᠠᠷ ᠨᠡᠮᠡᠨ ᠪᠤᠳᠤᠵᠤ ᠰᠠᠭᠤᠯᠭᠠᠨ ᠠᠪᠬᠤ ᠬᠠᠷᠠᠭᠠᠯᠵᠠᠯ ᠭᠥᠷᠳᠡᠬᠦ ᠶᠢ ᠨᠢ | ᠵᠥᠪᠰᠢᠶᠡᠷᠡᠵᠦ᠂ ᠳᠡᠭᠡᠷ᠎ᠡ ᠬᠠᠭᠠᠰ ᠵᠢᠯ ᠤᠨ ᠰᠤᠳᠤᠯᠭᠠᠨ ᠤ ᠵᠠᠷᠤᠳᠠᠯ ᠢ ᠳᠠᠷᠠᠭ᠎ᠠ ᠵᠢᠯ ᠤᠨ ᠠᠰᠢᠭ ᠣᠷᠣᠯᠭ᠎ᠠ ᠶᠢᠨ ᠭᠠᠶᠢᠯᠢ ᠶᠢ | ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠦᠶ᠎ᠡ ᠳᠤ ᠰᠠᠭᠤᠯᠭᠠᠨ ᠠᠪᠴᠤ ᠪᠠᠶᠢᠭᠰᠠᠨ ᠢ ᠲᠤᠬᠠᠶ ᠶᠢᠨ | ᠵᠢᠯ ᠤᠨ 10 ᠳ᠋ᠤᠭᠠᠷ ᠰᠠᠷ᠎ᠠ ᠳᠤ ᠤᠷᠢᠳᠴᠢᠯᠠᠨ ᠲᠤᠰᠢᠶᠠᠬᠤ ᠦᠶ᠎ᠡ ᠳᠤ ᠳᠠᠷᠤᠶ ᠰᠠᠭᠤᠯᠭᠠᠨ ᠠᠪᠴᠤ᠂ ᠠᠵᠤ ᠠᠬᠤᠶᠢᠯᠠᠯ ᠳᠤ | ᠡᠷᠲᠡᠬᠡᠨ ᠠᠰᠢᠭ ᠬᠦᠷᠲᠡᠭᠡᠨ᠎ᠡ᠃ ᠡᠭᠦᠨ ᠤ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠦᠢᠯᠡᠴᠢᠯᠡᠭᠡᠨ ᠤ | ᠠᠵᠤ ᠠᠬᠤᠶᠢᠯᠠᠯ᠂ ︽ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠠᠵᠤ ᠠᠬᠤᠶᠢᠯᠠᠯ ᠳᠤ ᠭᠠᠶᠢᠯᠢ ᠲᠠᠲᠠᠪᠤᠷᠢ ᠶᠢᠨ | ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠶᠢ ᠰᠤᠳᠤᠯᠬᠤ ᠬᠡᠷᠡᠭᠲᠡᠶ ᠭᠡᠵᠡᠢ᠃ ᠬᠤᠷᠠᠯ ᠠᠴᠠ ᠱᠠᠭᠠᠷᠳᠠᠬᠤ ᠳᠤ ᠪᠠᠨ᠂ | ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠨᠢᠯᠴᠠᠭᠤᠯᠬᠤ ᠲᠠᠶᠢᠯᠪᠤᠷᠢᠯᠠᠬᠤ ᠶᠢ ᠴᠢᠩᠭᠠᠳᠬᠠᠵᠤ᠂ ᠭᠠᠶᠢᠯᠢ ᠭᠦᠢᠴᠡᠳᠬᠡᠬᠦ | ᠦᠢᠯᠡᠴᠢᠯᠡᠭᠡ ᠶᠢ ᠰᠢᠯᠢᠳᠡᠭᠵᠢᠭᠦᠯᠵᠦ᠂ ᠬᠢᠨᠠᠨ ᠬᠠᠷᠭᠤᠭᠤᠯᠬᠤ ᠶᠠᠪᠤᠴᠠ ᠶᠢ ᠳᠥᠭᠦᠮᠴᠢᠯᠡᠵᠦ᠂ ᠠᠵᠤ ᠠᠬᠤᠶᠢᠯᠠᠯ ᠤᠨ | ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠬᠦᠷᠲᠡᠬᠦ ᠳᠤ ᠲᠦᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠰᠠᠶᠢᠨ | ᠶᠠᠪᠤᠳᠠᠯ ᠢ ᠰᠠᠶᠢᠲᠤᠷ ᠬᠢᠬᠦ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠨᠢᠳᠤᠨᠤᠨ ᠠᠴᠠ ᠨᠠᠭᠠᠰᠢ ᠬᠡᠷᠡᠭᠵᠢᠭᠦᠯᠦᠭᠰᠡᠨ ᠵᠢᠵᠢᠭ ᠪᠢᠴᠢᠯ ᠠᠵᠤ ᠠᠬᠤᠶᠢᠯᠠᠯ ᠢ | ᠳᠡᠮᠵᠢᠬᠦ ᠵᠣᠭᠤᠰᠣᠨ ᠤ ᠲᠦᠷᠦ ᠶᠢᠨ ᠪᠤᠳᠤᠯᠭ᠎ᠠ ᠳᠤ ᠰᠢᠭᠤᠳ ᠬᠦᠷᠬᠦ ᠬᠤᠶᠠᠷ ᠵᠦᠢᠯ ᠤᠨ ᠪᠠᠭᠠᠵᠢ᠂ ᠲᠤᠬᠠᠶᠢᠯᠠᠪᠠᠯ ᠣᠷᠣᠨ | ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠳᠤ ᠨᠡᠶᠢᠳᠡᠮ ᠬᠠᠷᠠᠭᠠᠯᠵᠠᠯ ᠬᠦᠷᠲᠡᠬᠦ ᠵᠢᠵᠢᠭ ᠪᠢᠴᠢᠯ ᠠᠵᠤ ᠠᠬᠤᠶᠢᠯᠠᠯ ᠤᠨ | ᠵᠢᠭᠡᠯᠡᠯᠭᠡ ᠶᠢᠨ ᠡᠬᠡ ᠬᠦᠦ ᠮᠥᠩᠭᠦ ᠪᠠᠨ ᠪᠤᠴᠠᠭᠠᠬᠤ ᠬᠤᠭᠤᠴᠠᠭ᠎ᠠ ᠶᠢ ᠤᠷᠲᠤᠳᠬᠠᠬᠤ ᠭᠠᠷᠳᠠᠮ ᠭᠦᠢᠴᠡᠳᠬᠡᠬᠦ ᠶᠢ ᠨᠢ | ᠤᠷᠮᠠᠰᠢᠭᠤᠯᠤᠨ ᠵᠣᠷᠢᠭᠵᠢᠭᠤᠯᠵᠤ᠂ ᠲᠡᠭᠦᠨ ᠳᠤ ᠵᠢᠵᠢᠭ ᠪᠢᠴᠢᠯ ᠢᠲᠡᠭᠡᠮᠵᠢᠲᠦ ᠵᠢᠭᠡᠯᠡᠯᠭᠡ ᠲᠠᠯᠪᠢᠬᠤ ᠳᠤ ᠬᠠᠷᠠᠭᠠᠯᠵᠠᠯᠲᠤ | ᠪᠡᠯᠡ ᠮᠥᠩᠭᠦ ᠶᠢᠨ ᠳᠡᠮᠵᠢᠯᠭᠡ ᠬᠠᠩᠭᠠᠵᠤ᠂ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠤᠨ ᠬᠦᠴᠢᠷ ᠪᠣᠭᠤᠮᠲᠠ ᠶᠢ | ᠲᠤᠭᠤᠯᠬᠤ᠂ ᠠᠵᠢᠯ ᠣᠯᠭᠤᠯᠲᠠ ᠶᠢ ᠪᠠᠲᠤᠯᠠᠬᠤ ᠠᠷᠠᠳ ᠤᠨ ᠠᠮᠢᠳᠤᠷᠠᠯ ᠢ ᠪᠠᠲᠤᠯᠠᠬᠤ᠂ ᠠᠵᠤ ᠠᠬᠤᠶ ᠶᠢᠨ ᠦᠨᠳᠦᠰᠦᠨ | ᠦᠨ᠎ᠡ ᠶᠢ ᠲᠣᠭᠲᠠᠪᠤᠷᠢᠵᠢᠭᠤᠯᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ ᠭᠡᠵᠡᠢ᠃ ᠵᠢᠵᠢᠭ ᠪᠢᠴᠢᠯ ᠠᠵᠤ | ᠠᠬᠤᠶᠢᠯᠠᠯ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠡᠷᠴᠢᠮ ᠢᠶᠠᠨ ᠰᠤᠯᠠᠷᠠᠭᠤᠯᠬᠤ ᠦᠭᠡᠶ ᠪᠠᠶᠢᠬᠤ ᠶᠢ | ᠪᠠᠲᠤᠯᠠᠬᠤ ᠶᠢᠨ ᠲᠥᠯᠥᠭᠡ᠂ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠨᠠᠩ ᠲᠥᠬᠦᠮ ᠦᠵᠡᠭᠦᠯᠵᠦ᠂ | ᠶᠡᠷᠦᠩᠬᠡᠶᠢᠯᠡᠭᠰᠡᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠪᠠᠭᠤᠷᠠᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠤᠷᠠᠯ ᠠᠴᠠ ᠲᠣᠭᠲᠠᠭᠠᠭᠰᠠᠨ ᠨᠢ᠂ ᠡᠮᠦᠨ᠎ᠡ ᠬᠤᠭᠤᠴᠠᠭᠠᠨ ᠳᠤ | ᠵᠣᠭᠤᠰᠣᠨ ᠤ ᠲᠥᠷᠥ ᠶᠢᠨ ᠪᠣᠳᠣᠯᠭ᠎ᠠ ᠳᠤ ᠰᠢᠭᠤᠳ ᠬᠥᠷᠬᠦ ᠬᠤᠶᠠᠷ ᠵᠦᠢᠯ ᠤᠨ ᠪᠠᠭᠠᠵᠢ ᠶᠢ ᠡᠨᠡ ᠵᠢᠯ ᠤᠨ ᠨᠢᠭᠡᠳᠦᠭᠡᠷ | ᠤᠯᠠᠷᠢᠯ ᠪᠣᠯᠲᠠᠯ᠎ᠠ ᠦᠷᠭᠦᠯᠵᠢᠯᠡᠨ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠬᠡᠷᠡᠭᠵᠢᠭᠦᠯᠬᠦ ᠬᠤᠭᠤᠴᠠᠭ᠎ᠠ ᠶᠢ ᠡᠨᠡ ᠵᠢᠯ ᠤᠨ | ᠡᠴᠦᠰ ᠪᠣᠯᠲᠠᠯ᠎ᠠ ᠤᠯᠠᠮ ᠨᠢᠭᠡ ᠠᠯᠬᠤᠮ ᠤᠷᠲᠤᠳᠬᠠᠵᠤ᠂ ᠵᠢᠵᠢᠭ ᠪᠢᠴᠢᠯ ᠠᠵᠤ ᠠᠬᠤᠶᠢᠯᠠᠯ ᠢ ᠳᠠᠬᠢᠨ ᠨᠢᠭᠡ ᠤᠳᠠᠭ᠎ᠠ | ᠬᠠᠪᠰᠤᠷᠤᠨ ᠲᠡᠳᠬᠦᠵᠦ᠂ ᠲᠡᠳᠡᠨ ᠤ ᠲᠣᠭᠲᠠᠭᠤᠨ ᠠᠵᠢᠯ ᠣᠯᠭᠤᠯᠲᠠ ᠶᠢᠨ ᠳᠤᠮᠳᠠᠬᠢ ᠴᠢᠬᠤᠯᠠ ᠦᠢᠯᠡᠳᠦᠯ ᠢ ᠨᠢ ᠨᠠᠩ | ᠰᠠᠶᠢᠨ ᠪᠠᠳᠠᠷᠠᠭᠤᠯᠬᠤ ᠬᠡᠷᠡᠭᠲᠡᠢ᠃ ᠨᠢᠭᠡ ᠳᠤ᠂ 2021 ᠣᠨ ᠤ ᠵᠢᠯ ᠤᠨ ᠡᠴᠦᠰ ᠠᠴᠠ ᠡᠮᠦᠨ᠎ᠡ ᠬᠤᠭᠤᠴᠠᠭ᠎ᠠ ᠨᠢ | ᠲᠤᠯᠤᠭᠰᠠᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠳᠤ᠂ ᠠᠵᠤ ᠠᠬᠤᠶᠢᠯᠠᠯ ᠪᠠ ᠪᠠᠩᠬᠢ | ᠡᠵᠡᠨ ᠮᠡᠳᠡᠵᠦ ᠵᠥᠪᠳᠡᠯᠴᠡᠵᠦ ᠪᠠᠶᠢᠭᠠᠳ ᠡᠬᠡ ᠮᠥᠩᠭᠦ ᠶᠢ ᠪᠤᠴᠠᠭᠠᠬᠤ ᠬᠤᠭᠤᠴᠠᠭ᠎ᠠ ᠶᠢ ᠨᠢ ᠤᠷᠲᠤᠳᠬᠠᠬᠤ ᠶᠢᠨ ᠬᠠᠮᠲᠤ | ᠵᠢᠭᠡᠯᠡᠯᠭᠡ ᠶᠢᠨ ᠡᠬᠡ ᠮᠥᠩᠭᠦ ᠪᠠᠨ ᠪᠤᠴᠠᠭᠠᠬᠤ ᠬᠤᠭᠤᠴᠠᠭ᠎ᠠ ᠶᠢ ᠤᠷᠲᠤᠳᠬᠠᠬᠤ ᠭᠠᠷᠳᠠᠮ ᠭᠦᠢᠴᠡᠳᠬᠡᠬᠦ ᠣᠷᠣᠨ | ᠨᠤᠲᠤᠭ ᠤᠨ ᠬᠠᠤᠯᠢ ᠶᠢᠨ ᠡᠷᠬᠡᠲᠡᠨ ᠢ ᠪᠠᠩᠬᠢ ᠠᠴᠠ ᠦᠷᠭᠦᠯᠵᠢᠯᠡᠨ ᠲᠣᠭᠲᠠᠭᠠᠯ ᠶᠣᠰᠣᠭᠠᠷ ᠤᠷᠮᠠᠰᠢᠭᠤᠯᠵᠤ᠂ ᠵᠢᠭᠡᠯᠡᠯᠭᠡ ᠶᠢᠨ | ᠡᠬᠡ ᠮᠥᠩᠭᠦ ᠶᠢᠨ 1% ᠪᠠᠷ ᠤᠷᠮᠠᠰᠢᠭᠤᠯᠬᠤ ᠬᠠᠷᠢᠴᠠᠯ ᠪᠣᠯᠭᠠᠬᠤ ᠬᠡᠷᠡᠭᠲᠡᠢ᠃ ᠬᠤᠶᠠᠷ ᠲᠤ᠂ ᠨᠥᠬᠦᠴᠡᠯ ᠳᠤ ᠨᠡᠶᠢᠴᠡᠬᠦ | ᠣᠷᠣᠨ ᠨᠤᠲᠤᠭ ᠤᠨ ᠬᠠᠤᠯᠢ ᠶᠢᠨ ᠡᠷᠬᠡᠲᠡᠨ ᠳᠤ ᠪᠠᠩᠬᠢ ᠠᠴᠠ ᠵᠢᠵᠢᠭ ᠪᠢᠴᠢᠯ ᠢᠲᠡᠭᠡᠮᠵᠢ ᠶᠢᠨ ᠵᠢᠭᠡᠯᠡᠯᠭᠡ | ᠲᠠᠯᠪᠢᠬᠤ ᠳᠤ ᠪᠠᠨ᠂ ᠦᠷᠭᠦᠯᠵᠢᠯᠡᠨ ᠡᠬᠡ ᠮᠥᠩᠭᠦ ᠶᠢᠨ 40% ᠪᠠᠷ ᠬᠠᠷᠠᠭᠠᠯᠵᠠᠯ ᠤᠨ ᠪᠠᠯᠠ ᠮᠥᠩᠭᠦ ᠶᠢᠨ ᠳᠡᠮᠵᠢᠯᠭᠡ | ᠦᠵᠡᠭᠦᠯᠬᠦ ᠬᠡᠷᠡᠭᠲᠡᠢ᠃ ᠡᠭᠦᠨ ᠤ ᠵᠡᠷᠭᠡᠴᠡᠭᠡᠪᠡᠷ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠳᠤ ᠦᠵᠡᠭᠦᠯᠬᠦ | ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠨᠡᠮᠡᠭᠳᠡᠭᠦᠯᠬᠦ ᠶᠢ ᠰᠤᠳᠤᠯᠬᠤ ᠬᠡᠷᠡᠭᠲᠡᠶ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ ᠨᠡᠶᠢᠭᠡᠮ | ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠤᠯᠤᠨ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠵᠢᠯ ᠣᠯᠭᠤᠯᠲᠠ ᠶᠢᠨ ᠤᠳᠤᠷᠢᠳᠤᠮᠵᠢ ᠶᠢ ᠲᠤᠪᠤᠶᠢᠯᠭᠠᠵᠤ᠂ ᠠᠵᠢᠯ | ᠣᠯᠭᠤᠯᠲᠠ ᠶᠢᠨ ᠪᠦᠲᠦᠴᠡ ᠶᠢᠨ ᠴᠢᠨᠠᠷᠲᠠᠢ ᠵᠥᠷᠢᠴᠡᠯ ᠢ ᠨᠠᠮᠳᠠᠭᠤᠯᠬᠤ ᠪᠠ ᠠᠵᠢᠯ ᠣᠯᠭᠤᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠬᠡᠷᠡᠭᠲᠡᠢ ᠭᠡᠵᠡᠢ᠃ ᠬᠤᠷᠠᠯ ᠠᠴᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾ ᠶᠢ ᠪᠠᠲᠤᠯᠠᠵᠤ᠂ ᠦᠢᠯᠡᠳᠪᠦᠷᠢᠯᠡᠬᠦ | ᠪᠠ ᠵᠢᠭᠠᠨ ᠰᠤᠷᠭᠠᠬᠤ ᠶᠢ ᠠᠭᠤᠰᠤᠯᠴᠠᠭᠤᠯᠬᠤ ᠪᠠ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ᠂ ᠨᠡᠶᠢᠭᠡᠮ ᠤᠨ | ᠬᠦᠴᠦᠨ ᠠᠴᠠ ᠠᠵᠢᠯ ᠮᠡᠷᠭᠡᠵᠢᠯ ᠤᠨ ᠰᠤᠷᠭᠠᠭᠤᠯᠢ ᠡᠷᠬᠢᠯᠡᠬᠦ ᠶᠢ ᠨᠢ ᠳᠡᠮᠵᠢᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ | ᠪᠣᠯᠤᠨ ᠡᠩ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠦᠷ᠎ᠡ ᠪᠦᠲᠦᠭᠡᠯ ᠢ ᠠᠭᠤᠰᠤᠯᠴᠠᠭᠤᠯᠤᠨ ᠬᠠᠷᠢᠯᠴᠠᠨ | ᠮᠡᠳᠡᠷᠡᠬᠦ ᠶᠢ ᠠᠬᠢᠭᠤᠯᠬᠤ ᠵᠡᠷᠭᠡ ᠲᠠᠯ᠎ᠠ ᠪᠠᠷ ᠲᠣᠭᠲᠠᠭᠠᠯ ᠭᠠᠷᠭᠠᠵᠠᠢ᠃ ᠬᠤᠷᠠᠯ ᠠᠴᠠ ᠲᠥᠰᠦᠯ ᠢ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠬᠦ ᠪᠠᠷ | ᠲᠣᠭᠲᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |