ᠪᠢᠷᠠᠭᠤ ᠬᠦᠩᠭᠡᠯᠡᠨ ᠵᠠᠰᠠᠬᠤ ᠳᠤ ᠬᠤᠯᠪᠤᠭᠳᠠᠬᠤ ᠪᠡᠯᠭᠡᠳᠡᠯ ᠴᠡᠭᠡᠷ ᠤᠨ ᠶᠤᠰᠤᠨ
ᠨᠡᠶᠢᠲᠡᠯᠡᠭᠰᠡᠨ ᠴᠠᠭ᠄
2021/3/3
     ᠲᠠᠯ᠎ᠠ ᠨᠤᠲᠤᠭ ᠤᠨ ᠮᠠᠯᠴᠢᠳ ᠪᠢᠷᠠᠭᠤ ᠪᠠᠨ ᠬᠦᠩᠭᠡᠯᠡᠨ ᠵᠠᠰᠠᠬᠤ ᠳᠤ ᠬᠠᠮᠤᠭ ᠤᠨ ᠲᠡᠷᠢᠭᠦᠨ ᠳᠤ ᠬᠦᠵᠢ᠂ ᠠᠷᠴᠠ᠂ ᠠᠭᠠᠷᠤ ᠮᠡᠲᠦ ᠶᠢᠨ ᠰᠠᠶᠢᠬᠠᠨ ᠦᠨᠦᠷᠲᠦ ᠤᠷᠭᠤᠮᠠᠯ ᠢᠶᠠᠷ ᠦᠨᠳᠦᠷ ᠰᠠᠩ ᠮᠠᠨᠳᠤᠭᠤᠯᠳᠠᠭ ᠨᠢ ᠬᠤᠲᠠ ᠤᠰᠤᠨ ᠤ ᠪᠠᠨ ᠰᠦᠷ ᠰᠦᠯᠳᠡ ᠶᠢ ᠮᠠᠨᠳᠣᠭᠤᠯᠵᠣ ᠪᠠᠶᠢᠨ᠎ᠠ ᠭᠡᠵᠦ ᠦᠵᠡᠳᠡᠭ ᠪᠦᠭᠡᠳ ᠬᠤᠷᠢᠶ᠎ᠠ ᠬᠠᠰᠢᠶ᠎ᠠ᠂ ᠰᠠᠭᠤᠯᠠᠭ᠎ᠠ ᠰᠠᠪᠠ ᠪᠠ ᠬᠦᠩᠭᠡᠯᠡᠨ ᠵᠠᠰᠠᠭᠴᠢ ᠶᠢᠨ ᠭᠠᠷ ᠪᠠᠭᠠᠵᠢ ᠵᠡᠷᠭᠡ ᠶᠢ ᠠᠷᠢᠭᠤᠳᠬᠠᠨ ᠪᠠᠶᠢᠬᠤ ᠨᠢ ᠮᠠᠯ ᠰᠦᠷᠦᠭ ᠠᠯᠢᠪᠠ ᠪᠦᠬᠦᠨ ᠤ ᠲᠦᠪᠰᠢᠨ ᠠᠮᠤᠭᠤᠯᠠᠩ ᠪᠠᠶᠢᠬᠤ ᠶᠢᠨ ᠵᠦᠩᠨᠡᠯ ᠭᠡᠵᠦ ᠦᠵᠡᠳᠡᠭ᠃       ᠮᠠᠯᠴᠢᠳ ᠰᠠᠭᠤᠯᠠᠭ᠎ᠠ ᠰᠠᠪᠠᠨ ᠳᠠᠭᠠᠨ ᠠᠷᠢᠭᠤᠨ ᠴᠠᠭᠠᠨ ᠬᠠᠳᠠᠭ ᠲᠠᠲᠠᠳᠠᠭ ᠨᠢ ᠪᠢᠷᠠᠭᠤ ᠬᠦᠩᠭᠡᠯᠡᠨ ᠵᠠᠰᠠᠬᠤ ᠠᠵᠢᠯ ᠤᠨ ᠰᠢᠭᠤᠳ ᠰᠢᠯᠤᠭᠤᠨ ︽ᠴᠠᠭᠠᠨ ᠮᠦᠷ︾ ᠲᠠᠢ ᠪᠠᠶᠢᠬᠤ᠂ ᠠᠯᠢᠪᠠ ᠶᠠᠪᠤᠳᠠᠯ ᠳᠤ ᠬᠠᠷᠰᠢ ᠰᠠᠭᠠᠳ ᠦᠭᠡᠢ ᠪᠠᠶᠢᠬᠤ ᠶᠢ ᠪᠡᠯᠭᠡᠳᠡᠳᠡᠭ ᠭᠡᠨ᠎ᠡ᠃ ᠰᠠᠭᠤᠯᠠᠭᠠᠨ ᠳᠠᠭᠠᠨ ᠰᠦ ᠰᠠᠪᠠᠯᠠᠳᠠᠭ ᠨᠢ ᠰᠦ ᠪᠣᠯ ᠮᠠᠯ ᠰᠦᠷᠦᠭ ᠤᠨ ᠠᠰᠢᠭ ᠰᠢᠮ᠎ᠡ ᠶᠢᠨ ᠳᠡᠭᠡᠵᠢ ᠪᠣᠯᠬᠤᠷ ᠡᠭᠦᠷᠢᠲᠡ ᠰᠠᠪᠠ ᠪᠢᠯᠬᠠᠮ᠎ᠠ ᠠᠷᠢᠭᠤᠨ ᠴᠠᠭᠠᠨ ᠰᠦ ᠲᠠᠢ ᠪᠠᠶᠢᠵᠤ᠂ ᠮᠠᠯ ᠰᠦᠷᠦᠭ ᠤᠨ ᠢᠶᠠᠨ ᠦᠨᠢᠷ ᠦᠰᠬᠦ ᠶᠢ ᠪᠡᠯᠭᠡᠳᠡᠨ ᠪᠠᠶᠢᠬᠤ ᠰᠠᠨᠠᠭ᠎ᠠ ᠲᠠᠢ ᠶᠤᠮ᠃       ᠴᠡᠭᠡᠷᠯᠡᠯ ᠤᠨ ᠲᠠᠯ᠎ᠠ ᠳᠤ ᠮᠣᠩᠭᠤᠯᠴᠣᠳ ᠡᠷᠲᠡᠨ ᠠᠴᠠ ᠲᠠᠪᠤᠨ ᠬᠤᠰᠢᠭᠤ ᠮᠠᠯ ᠢ ᠡᠷᠬᠢᠮ ᠳᠡᠭᠡᠳᠦ ᠪᠠᠷ ᠦᠵᠡᠳᠡᠭ ᠤᠴᠢᠷ ᠮᠠᠯ ᠠᠳᠣᠭᠤ ᠪᠠᠨ ᠬᠦᠩᠭᠡᠯᠡᠨ ᠵᠠᠰᠠᠬᠤ ᠳᠠᠭᠠᠨ ᠵᠤᠬᠢᠬᠤ ᠴᠡᠭᠡᠷᠯᠡᠯ ᠤᠨ ᠶᠤᠰᠤ ᠵᠦᠢ ᠶᠢ ᠡᠷᠬᠢᠮᠯᠡᠳᠡᠭ᠃ ᠡᠭᠦᠨ ᠳᠤ ᠪᠢᠷᠠᠭᠤ ᠬᠦᠩᠭᠡᠯᠡᠵᠦ ᠪᠠᠶᠢᠭ᠎ᠠ ᠪᠢᠷᠠᠭᠤ ᠶᠢ ᠬᠠᠷᠢᠶᠠᠬᠤ ᠪᠣᠶᠣ ᠪᠢᠷᠠᠭᠤ ᠵᠠᠰᠠᠵᠤ ᠪᠠᠶᠢᠭ᠎ᠠ ᠬᠠᠰᠢᠶᠠᠨ ᠳᠤ ᠪᠤᠵᠠᠷ ᠮᠠᠭᠤᠬᠠᠢ ᠦᠭᠡ ᠬᠡᠯᠡᠬᠦ ᠶᠢ ᠴᠡᠭᠡᠷᠯᠡᠨ᠎ᠡ᠃ ᠮᠣᠩᠭᠤᠯᠴᠤᠳ ᠤᠨ  ᠮᠠᠯ ᠰᠦᠷᠦᠭ ᠤᠨ ᠲᠤᠬᠠᠢ ᠴᠡᠭᠡᠷᠯᠡᠯ ᠪᠣᠯ ᠦᠨᠡᠨ ᠳᠡᠭᠡᠨ ᠭᠠᠵᠢᠭᠤ ᠮᠠᠭᠤ ᠶᠢ ᠲᠡᠪᠴᠢᠨ᠂ ᠰᠠᠶᠢᠨ ᠰᠠᠶᠢᠬᠠᠨ ᠢ ᠡᠷᠢᠨ ᠬᠦᠰᠡᠭᠰᠡᠨ ᠰᠠᠨᠠᠭ᠎ᠠ ᠶᠤᠮ᠃      ︵ᠢᠷᠡᠯᠲᠡ᠄ ᠪᠤᠷᠵᠤᠤ᠂ ᠤᠯᠠᠭᠠᠨᠪᠠᠭᠠᠲᠤᠷ᠂ ᠲᠠᠨ᠎ᠠ ᠶᠢᠨ ᠨᠠᠶᠢᠷᠠᠭᠤᠯᠤᠭᠰᠠᠨ ︽ᠲᠠᠪᠤᠨ ᠬᠤᠰᠢᠭᠤ ᠮᠠᠯ ᠤᠨ ᠠᠷᠠᠴᠢᠯᠠᠭ᠎ᠠ ᠶᠢᠨ ᠰᠤᠶᠤᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠲᠠᠪᠤᠨ ᠬᠤᠰᠢᠭᠤ ᠮᠠᠯ ᠤᠨ ᠠᠷᠠᠴᠢᠯᠠᠭ᠎ᠠ ᠶᠢᠨ ᠰᠤᠶᠤᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号