ᠰᠢ ᠶᠢᠨ ᠫᠢᠩ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ ᠴᠣᠬᠢᠯᠲᠠ ᠥᠭᠭᠦ ᠤᠷᠢᠳᠴᠢᠯᠡᠨ ᠰᠡᠷᠭᠡᠶᠢᠯᠡᠬᠦ ᠬᠠᠮᠢᠶᠡᠷᠤᠨ ᠡᠵᠡᠮᠳᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠣᠯᠠᠨ ᠡᠭᠦᠰᠬᠦ ᠪᠠᠶᠢᠳᠠᠯ ᠢ ᠡᠷᠡᠰ ᠬᠤᠷᠢᠬᠯᠠᠬᠤ ᠭᠡᠷᠡᠭᠳᠠᠢ ᠯᠢ ᠺᠧ ᠴᠢᠶᠠᠩ ᠴᠣᠬᠤᠯᠠᠪᠤᠷᠢ ᠥᠭᠴᠡᠢ
ᠨᠡᠶᠢᠲᠡᠯᠡᠭᠰᠡᠨ ᠴᠠᠭ᠄
2021/4/12
     ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 9 ᠤ ᠴᠠᠬᠢᠯᠭᠠᠨ ᠮᠡᠳᠡᠭᠡ   ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠶᠢᠨ ᠡᠳᠦᠷ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠳᠤ ᠴᠢᠬᠤᠯᠠ ᠵᠢᠭᠠᠪᠤᠷᠢ ᠥᠭᠬᠦ ᠳᠡᠭᠡᠨ᠂ ᠤᠢᠢᠷ᠎ᠠ ᠶᠢᠨ ᠵᠢᠯ ᠠᠴᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠦᠭᠡᠳ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠰᠢᠰᠲ᠋ᠧᠮᠳᠦ ᠦᠵᠡᠯᠲᠡ ᠪᠠ ᠬᠠᠤᠯᠢᠵᠢᠯ ᠤᠨ ᠰᠡᠳᠬᠢᠬᠦᠢ ᠶᠢ ᠴᠢᠩᠭᠠᠳᠬᠠᠨ᠂ ᠡᠬᠢ ᠡᠭᠦᠰᠦᠯ ᠠᠴᠠ ᠨᠢ ᠵᠠᠰᠠᠬᠤ ᠪᠠ ᠶᠡᠷᠦᠩᠬᠡᠶᠢᠯᠡᠨ ᠵᠠᠰᠠᠬᠤ ᠶᠢ ᠴᠢᠬᠤᠯᠠᠴᠢᠯᠠᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠪᠠ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠶᠢ ᠪᠠᠷᠢᠮᠲᠠᠯᠠᠨ᠂ ᠴᠣᠬᠢᠯᠲᠠ ᠥᠭᠬᠦ ᠤᠷᠢᠳᠴᠢᠯᠡᠨ ᠰᠡᠷᠭᠡᠶᠢᠯᠡᠬᠦ ᠬᠠᠮᠢᠶᠠᠷᠤᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠪᠣᠯᠤᠨ ᠮᠥᠩᠭᠦᠨ ᠭᠦᠢᠯᠭᠡᠭᠡᠨ᠂ ᠴᠢᠮᠡᠭᠡ ᠬᠤᠯᠪᠣᠭ᠎ᠠ᠂ ᠢᠨᠲ᠋ᠧᠷ ᠰᠦᠯᠵᠢᠶ᠎ᠡ ᠵᠡᠷᠭᠡ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠤᠨ ᠤᠬᠠᠭᠤᠯᠭ᠎ᠠ ᠬᠥᠮᠦᠵᠢᠯ ᠰᠡᠷᠭᠡᠶᠢᠯᠡᠯᠲᠡ ᠶᠢ ᠴᠢᠩᠭᠠᠳᠬᠠᠵᠤ᠂ ᠤᠯᠠᠨ ᠤᠯᠤᠰ ᠤᠨ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠶᠢ ᠠᠬᠢᠭᠤᠯᠤᠨ᠂ ᠡᠶᠢᠮᠦ ᠲᠦᠷᠦᠯ ᠤᠨ ᠶᠠᠯᠠᠲᠤ ᠠᠵᠢᠯᠯᠠᠭ᠎ᠠ ᠤᠯᠠᠨ ᠡᠭᠦᠰᠬᠦ ᠪᠠᠶᠢᠳᠠᠯ ᠢ ᠡᠷᠡᠰ ᠬᠤᠷᠢᠬᠯᠠᠵᠤ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠳᠤ ᠳᠤᠮᠳᠠᠳᠤ ᠤᠯᠤᠰ᠂ ᠬᠠᠤᠯᠢᠵᠢᠯ ᠤᠨ ᠳᠤᠮᠳᠠᠳᠤ ᠤᠯᠤᠰ ᠢ ᠪᠦᠳᠦᠬᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠭᠡᠷᠡᠭᠳᠡᠢ ᠭᠡᠵᠤ ᠴᠢᠬᠤᠯᠠᠴᠢᠯᠠᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠣᠬᠤᠯᠠᠪᠤᠷᠢ ᠥᠭᠴᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠤᠨ ᠭᠦᠨᠵᠡᠭᠡᠶᠢᠷᠡᠭᠦᠯᠵᠦ᠂ ᠠᠷᠠᠳ ᠤᠯᠠᠨ ᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠬᠠᠮᠠᠭᠠᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃      ᠪᠦᠬᠦ ᠤᠯᠤᠰ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠤᠨ ᠲᠧᠯᠸᠢᠰ ᠤᠲᠠᠰᠤ ᠬᠤᠷᠠᠯ 8 ᠤ ᠡᠳᠦᠷ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠤᠨ ᠯᠢ ᠺᠧ ᠴᠢᠶᠠᠩ ᠤᠨ ᠴᠣᠬᠤᠯᠠᠪᠤᠷᠢ ᠶᠢ ᠤᠯᠠᠮᠵᠢᠯᠠᠪᠠ᠃ ᠲᠦᠷᠦ ᠶᠢᠨ ᠶᠠᠪᠤᠳᠠᠯ ᠤᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠶᠡᠷᠦᠩᠬᠡᠢ ᠬᠤᠷᠠᠯᠳᠤᠭᠤᠯᠤᠭᠴᠢ ᠵᠤᠤ ᠺᠧ ᡁᠢ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠣᠳᠣᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠢ ᠰᠠᠶᠢᠲᠤᠷ ᠬᠢᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠨ ᠦᠭᠴᠤ᠂ ᠦᠨᠳᠦᠰᠦᠨ ᠵᠢᠷᠤᠮᠯᠠᠯ ᠬᠠᠩᠭᠠᠵᠠᠢ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ ︽ᠳᠥᠷᠪᠡᠨ ᠢᠲᠡᠭᠡᠯ︾ ᠢᠶᠠᠨ ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠴᠣᠬᠢᠯᠲᠠ ᠥᠭᠬᠦ ᠤᠷᠢᠳᠴᠢᠯᠡᠨ ᠰᠡᠷᠭᠡᠶᠢᠯᠡᠬᠦ ᠬᠠᠮᠢᠶᠠᠷᠤᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨ ᠬᠦ ᠨᠠᠷᠢᠯᠢᠭ ᠠᠳᠬᠤᠵᠤ ᠪᠣᠳᠠᠲᠠᠶ ᠠᠳᠬᠤᠨ ᠪᠣᠳᠠᠲᠠᠶ ᠳᠤ ᠨᠠᠶᠢᠳᠠᠪᠤᠷᠢᠵᠢᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠣᠯᠠᠨ ᠡᠭᠦᠰᠬᠦ ᠪᠠᠶᠢᠳᠠᠯ ᠢ ᠡᠷᠡᠰ ᠬᠤᠷᠢᠬᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠬᠡᠷᠡᠭᠲᠡᠶ ᠭᠡᠵᠦ ᠵᠢᠭᠠᠵᠤ ᠭᠠᠷᠭᠠᠵᠠᠢ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号