ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠳᠡᠩᠰᠡᠯᠡᠨ | ᠬᠠᠮᠢᠶᠠᠷᠬᠤ ᠲᠦᠷᠢᠮ ︵ᠲᠥᠰᠦᠯ︶︾ ᠢ ᠪᠠᠲᠤᠯᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠤᠨ | ᠪᠤᠵᠠᠭᠠᠶᠢᠷᠠᠭᠤᠯᠬᠤ ᠪᠠ ᠭᠤᠤᠯᠴᠢ ᠥᠷᠢᠰᠦᠯᠳᠦᠭᠡᠨ ᠶᠢ ᠠᠬᠢᠭᠤᠯᠬᠤ ᠳᠤ ᠬᠠᠤᠯᠢᠵᠢᠯ ᠤᠨ ᠪᠠᠲᠤᠯᠠᠭ᠎ᠠ ᠬᠠᠩᠭᠠᠪᠠ | | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 4 ᠳ᠋ᠦ᠋ᠭᠡᠷ ᠰᠠᠷ᠎ᠠ ᠶᠢᠨ 14 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠳᠡᠩᠰᠡᠯᠡᠨ ᠬᠠᠮᠢᠶᠠᠷᠬᠤ ᠳᠦᠷᠢᠮ ︵ᠲᠥᠰᠦᠯ︶︾ | ᠢ ᠪᠠᠲᠤᠯᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠬᠤ ᠪᠠ ᠭᠤᠣᠯᠴᠢ | ᠥᠷᠢᠰᠥᠯᠳᠦᠭᠡᠨ ᠢ ᠠᠬᠢᠭᠤᠯᠬᠤ ᠳᠤ ᠬᠠᠤᠯᠢᠵᠢᠯ ᠤᠨ ᠪᠠᠲᠤᠯᠠᠭ᠎ᠠ ᠬᠠᠩᠭᠠᠪᠠ᠃ | ᠬᠤᠷᠠᠯ ᠠᠴᠠ ᠵᠢᠭᠠᠬᠤ ᠳᠤ ᠪᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠬᠤ ᠨᠢ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢ ᠬᠥᠭᠵᠢᠭᠦᠯᠬᠦ ᠳᠤ ᠲᠦᠢᠯ ᠤᠨ ᠴᠢᠬᠤᠯᠠ ᠶᠤᠮ᠃ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠶᠢᠨ ᠵᠢᠯ ᠤᠳ ᠲᠤ | ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠲᠦᠷᠢᠮ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠬᠤ ᠪᠠᠷ ᠳᠡᠮᠵᠢᠨ᠂ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢᠨ ᠲᠤᠭ᠎ᠠ ︽13 · 5︾ ᠶᠢᠨ ᠬᠤᠭᠤᠴᠠᠭᠠᠨ ᠳᠤ 6000 ᠭᠠᠷᠤᠶ ᠲᠦᠮᠡᠨ ᠡᠷᠦᠬᠡ | ᠰᠢᠨ᠎ᠡ ᠪᠠᠷ ᠨᠡᠮᠡᠭᠳᠡᠵᠦ᠂ ᠠᠵᠤ ᠠᠬᠤᠶ ᠶᠢᠨ ᠠᠮᠢᠵᠢᠷᠠᠯ ᠤᠨ ᠬᠦᠴᠦᠨ ᠪᠠ ᠤᠶᠠᠨ ᠬᠠᠳᠠᠨ ᠴᠢᠨᠠᠷ ᠢ ᠴᠢᠩᠭᠠᠷᠠᠭᠤᠯᠤᠨ᠂ ᠶᠡᠭᠡ | ᠬᠡᠮᠵᠢᠶᠡᠨ ᠤ ᠠᠵᠢᠯ ᠣᠯᠭᠤᠯᠲᠠ ᠶᠢ ᠠᠬᠢᠭᠤᠯᠤᠭᠰᠠᠨ ᠪᠠᠶᠢᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠲᠦᠮᠵᠢᠲᠡᠶ ᠠᠷᠭ᠎ᠠ ᠬᠢᠳᠡᠯ ᠢ ᠲᠦᠷᠢᠮ ᠤᠨ ᠵᠢᠷᠤᠮᠵᠢᠯ ᠪᠣᠯᠭᠠᠨ ᠳᠡᠭᠡᠭᠰᠢᠯᠡᠭᠦᠯᠵᠦ᠂ | ᠢᠯᠠᠩᠭᠤᠶ᠎ᠠ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠳᠡᠩᠰᠡᠯᠡᠨ ᠬᠠᠮᠢᠶᠠᠷᠬᠤ ᠡᠨᠡ ᠬᠦ ᠰᠠᠭᠤᠷᠢ ᠴᠢᠨᠠᠷᠲᠠᠶ ᠲᠦᠷᠢᠮ ᠢ | ᠪᠦᠷᠢᠨᠰᠢᠭᠦᠯᠬᠦ ᠬᠡᠷᠡᠭᠲᠡᠶ ᠭᠡᠵᠡᠢ᠃ ᠬᠤᠷᠠᠯ ᠠᠴᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠳᠠᠩᠰᠠᠯᠠᠨ ᠬᠠᠮᠢᠶᠠᠷᠬᠤ ᠲᠦᠷᠢᠮ ︵ᠲᠥᠰᠦᠯ︶︾ ᠢ ᠪᠠᠲᠤᠯᠠᠵᠤ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠦᠢᠯᠡᠰ ᠪᠤᠰᠬᠠᠵᠤ ᠰᠢᠨ᠎ᠡ ᠶᠢ ᠡᠭᠦᠳᠬᠦ ᠶᠢ | ᠠᠬᠢᠭᠤᠯᠬᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠳᠤ ᠬᠠᠤᠯᠢᠵᠢᠯ ᠤᠨ ᠪᠠᠲᠤᠯᠠᠭ᠎ᠠ ᠬᠠᠩᠭᠠᠪᠠ᠃ | ᠲᠥᠰᠦᠯ ᠳᠤ ᠨᠢᠭᠡᠨᠲᠡ ᠨᠡᠶᠢᠲᠡᠯᠡᠭᠰᠡᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠳᠡᠩᠰᠡᠯᠡᠨ ᠬᠠᠮᠢᠶᠠᠷᠬᠤ ᠲᠤᠬᠠᠶ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠢ ᠡᠮᠬᠢᠯᠡᠨ ᠨᠡᠶᠢᠯᠡᠭᠦᠯᠵᠦ᠂ ᠮᠠᠨ ᠤ ᠤᠯᠤᠰ ᠤᠨ ᠬᠢᠯᠢ ᠳᠣᠲᠣᠷ᠎ᠠ ᠠᠰᠢᠭ ᠬᠤᠨᠵᠢᠪᠣᠷᠢ | ᠤᠯᠬᠤ ᠵᠣᠷᠢᠯᠭ᠎ᠠ ᠪᠠᠷ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠡᠯ᠎ᠡ ᠲᠥᠷᠥᠯ ᠤᠨ ᠠᠵᠤ ᠠᠬᠤᠶᠢᠯᠠᠯ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ᠂ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠵᠡᠷᠭᠡ ᠶᠢ ᠳᠡᠩᠰᠡᠯᠡᠨ ᠬᠠᠮᠢᠶᠠᠷᠬᠤ | ᠲᠤᠬᠠᠶ ᠨᠢᠭᠡᠳᠦᠯᠲᠡᠶ ᠲᠣᠭᠲᠠᠭᠠᠯ ᠭᠠᠷᠭᠠᠪᠠ᠃ ᠡᠭᠦᠨ ᠳᠤ ᠭᠤᠤᠯᠳᠠᠭᠤ᠄ ︵1︶ ᠳᠡᠩᠰᠡᠯᠡᠨ ᠲᠡᠮᠳᠡᠭᠯᠡᠬᠦ ᠳᠤ ᠲᠥᠬᠦᠮ | ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠤᠬᠠᠶ ᠶᠢᠨ ᠭᠠᠵᠠᠷ ᠲᠤ ᠨᠢ ᠭᠦᠢᠴᠡᠳᠬᠡᠬᠦ᠂ ᠨᠢᠭᠡ ᠯᠡ ᠤᠳᠠᠭ᠎ᠠ ᠳᠤ | ᠭᠦᠢᠴᠡᠳᠬᠡᠬᠦ᠂ ᠴᠠᠭ ᠬᠢᠵᠠᠭᠠᠷᠯᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠨᠳᠣᠤ ᠭᠠᠵᠠᠷ ᠲᠤ | ᠭᠦᠢᠴᠡᠳᠬᠡᠬᠦ ᠶᠢ ᠬᠡᠷᠡᠭᠵᠢᠭᠦᠯᠦᠨ᠎ᠡ᠃ ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ | ᠨᠡᠶᠢᠴᠡᠭᠰᠡᠨ ᠪᠠᠶᠢᠪᠠᠯ᠂ ᠳᠠᠩᠰᠠᠯᠠᠬᠤ ᠪᠠᠶᠢᠭᠤᠯᠭ᠎ᠠ ᠲᠤᠬᠠᠶ ᠶᠢᠨ ᠭᠠᠵᠠᠷ ᠲᠤ ᠨᠢ ᠳᠠᠩᠰᠠᠯᠠᠬᠤ ᠬᠡᠷᠡᠭᠲᠡᠶ︔ ᠲᠤᠬᠠᠶ ᠶᠢᠨ | ᠭᠠᠵᠠᠷ ᠲᠤ ᠨᠢ ᠳᠠᠩᠰᠠᠯᠠᠭᠤᠯᠵᠤ ᠳᠡᠶᠢᠯᠬᠦ ᠦᠭᠡᠢ ᠪᠣᠯ᠂ ᠡᠩ ᠤᠨ ᠪᠠᠶᠢᠳᠠᠯ ᠳᠤ 3 ᠠᠵᠢᠯᠯᠠᠬᠤ ᠡᠳᠦᠷ ᠤᠨ ᠳᠣᠲᠣᠷ᠎ᠠ | ᠳᠠᠩᠰᠠᠯᠠᠵᠤ ᠥᠭᠬᠦ ᠬᠡᠷᠡᠭᠲᠡᠶ᠃ ᠡᠯᠧᠺᠲᠷᠤᠨ ᠪᠣᠯᠤᠨ ᠴᠠᠭᠠᠰᠤᠨ ᠡᠵᠡᠩᠨᠡᠯᠲᠡ ᠶᠢᠨ ᠦᠨᠡᠮᠯᠡᠯ ᠨᠢ ᠠᠳᠠᠯᠢᠬᠠᠨ ᠬᠠᠤᠯᠢ ᠶᠢᠨ | ᠬᠦᠴᠦᠨ ᠲᠠᠢ᠃ ︵2︶ ᠭᠤᠶᠤᠴᠢᠯᠠᠬᠤ ᠮᠠᠲ᠋ᠧᠷᠢᠶᠠᠯ ᠪᠠ ᠳᠠᠩᠰᠠᠯᠠᠬᠤ ᠭᠤᠭᠴᠤᠭ᠎ᠠ ᠶᠢ ᠴᠥᠭᠡᠳᠬᠡᠨ᠎ᠡ᠃ ᠳᠠᠩᠰᠠᠯᠠᠬᠤ | ᠪᠠᠶᠢᠭᠤᠯᠭ᠎ᠠ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠠᠪᠴᠠᠩ ᠢᠶᠠᠷ ᠳᠡᠮᠵᠢᠨ ᠣᠯᠤᠭᠰᠠᠨ | ᠬᠠᠮᠢᠶ᠎ᠠ ᠪᠥᠬᠦᠶ ᠮᠡᠳᠡᠭᠡ ᠵᠠᠩᠭᠢ ᠶᠢ ᠭᠤᠶᠤᠴᠢᠯᠠᠭᠴᠢ ᠪᠠᠷ ᠳᠠᠪᠬᠤᠷᠳᠠᠭᠤᠯᠤᠨ ᠬᠠᠩᠭᠠᠯᠭᠠᠬᠤ ᠪᠠᠷ ᠱᠠᠭᠠᠷᠳᠠᠵᠤ ᠪᠣᠯᠬᠤ ᠥᠬᠡᠶ᠃ | ᠭᠤᠶᠤᠴᠢᠯᠠᠬᠤ ᠮᠠᠲ᠋ᠧᠷᠢᠶᠠᠯ ᠨᠢ ᠪᠦᠷᠢᠨ ᠪᠤᠰᠤ ᠪᠤᠶᠤ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠦᠭᠡᠢ ᠪᠣᠯ᠂ | ᠳᠠᠩᠰᠠᠯᠠᠬᠤ ᠪᠠᠶᠢᠭᠤᠯᠭ᠎ᠠ ᠨᠢ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠶ ᠮᠠᠲ᠋ᠧᠷᠢᠶᠠᠯ ᠢ ᠭᠤᠶᠤᠴᠢᠯᠠᠭᠴᠢ ᠳᠤ ᠨᠢᠭᠡ ᠯᠡ | ᠤᠳᠠᠭ᠎ᠠ ᠳᠤ ᠮᠡᠳᠡᠭᠳᠡᠬᠦ ᠬᠡᠷᠡᠭᠲᠡᠶ᠃ ︵3︶ ︽ᠬᠦᠴᠦᠨ ᠥᠬᠡᠶ ᠪᠣᠯᠭᠠᠬᠤ ᠳᠤ ᠬᠦᠴᠢᠷᠲᠡᠶ︾ ᠪᠠᠶᠢᠬᠤ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠬᠤ ᠶᠢᠨ ᠲᠥᠯᠥᠭᠡ᠂ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠠᠪᠴᠠᠭ᠎ᠠ ᠥᠭᠴᠡᠭᠡ᠂ | ᠠᠵᠢᠯᠲᠠᠨ ᠠᠵᠢᠯᠴᠢᠨ ᠤ ᠴᠠᠯᠢᠩ᠂ ᠨᠡᠶᠢᠭᠡᠮ ᠤᠨ ᠳᠠᠭᠠᠳᠬᠠᠯ ᠤᠨ ᠵᠠᠷᠤᠳᠠᠯ᠂ ᠲᠤᠰᠢᠶᠠᠬᠤ ᠶᠣᠰᠣᠲᠠᠶ ᠭᠠᠶᠢᠯᠢ ᠶᠢᠨ ᠮᠥᠩᠭᠦ | ᠵᠡᠷᠭᠡ ᠥᠷᠢᠲᠦᠭᠰᠡᠨ ᠶᠠᠪᠤᠳᠠᠯ ᠦᠭᠡᠢ ᠪᠤᠶᠤ ᠨᠢᠭᠡᠨᠲᠡ ᠳᠥᠯᠥᠵᠦ ᠳᠠᠭᠤᠰᠬᠠᠭᠠᠳ᠂ ᠬᠤᠯᠪᠣᠭᠳᠠᠯ ᠪᠥᠬᠦᠶ ᠬᠠᠤᠯᠢ ᠶᠢᠨ | ᠬᠠᠷᠢᠭᠤᠴᠠᠯᠭ᠎ᠠ ᠶᠢ ᠡᠭᠦᠷᠭᠡᠯᠡᠬᠦ ᠪᠢᠴᠢᠭ ᠤᠨ ᠠᠮᠠᠯᠠᠯᠲᠠ ᠬᠢᠭᠰᠡᠨ ᠪᠠ ᠲᠣᠭᠲᠠᠭᠠᠯ ᠶᠣᠰᠣᠭᠠᠷ ᠵᠠᠷᠯᠠᠨ ᠨᠡᠶᠢᠲᠡᠯᠡᠭᠰᠡᠨ ᠪᠣᠯ᠂ | ᠬᠢᠯᠪᠠᠷᠴᠢᠯᠠᠭᠰᠠᠨ ᠳᠡᠰ ᠳᠠᠷᠠᠭᠠᠯᠠᠯ ᠢᠶᠠᠷ ᠬᠦᠴᠦᠨ ᠥᠬᠡᠶ ᠪᠣᠯᠭᠠᠵᠤ ᠪᠣᠯᠤᠨ᠎ᠠ᠂ ᠡᠭᠦᠨ ᠳᠤ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢ ᠵᠠᠷᠯᠠᠨ ᠨᠡᠶᠢᠲᠡᠯᠡᠬᠦ ᠴᠢᠬᠤᠯᠠ ᠥᠬᠡᠶ ᠭᠡᠵᠦ ᠲᠣᠳᠣᠷᠬᠠᠢ ᠲᠣᠭᠲᠠᠭᠠᠵᠠᠢ᠃ ︵4︶ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢᠨ ᠬᠡᠪ ᠢᠶᠠᠷ ᠪᠠᠶᠢᠯᠭᠠᠬᠤ ᠥᠪᠡᠷ ᠤᠨ ᠦᠷᠳᠡᠭ ᠢ ᠪᠠᠭᠤᠷᠠᠭᠤᠯᠬᠤ ᠶᠢᠨ ᠲᠥᠯᠥᠭᠡ᠂ ᠠᠵᠢᠯ | ᠵᠣᠭᠰᠣᠬᠤ ᠲᠦᠷᠢᠮ ᠢ ᠲᠣᠭᠲᠠᠭᠠᠨ᠎ᠠ᠃ ᠪᠠᠶᠢᠭᠠᠯᠢ ᠶᠢᠨ ᠭᠠᠮᠰᠢᠭ᠂ ᠠᠳᠡᠯ ᠤᠨ ᠭᠠᠮᠰᠢᠭ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠵᠡᠷᠭᠡ ᠠᠴᠠ ᠪᠣᠯᠵᠣ ᠡᠵᠡᠩᠨᠡᠯᠲᠡ ᠨᠢ ᠬᠦᠴᠢᠷᠳᠡᠯ ᠲᠠᠢ ᠪᠣᠯᠤᠭᠰᠠᠨ ᠪᠣᠯ᠂ ᠵᠠᠬ᠎ᠠ ᠳᠡᠯᠭᠡᠭᠦᠷ ᠤᠨ ᠭᠤᠤᠯ | ᠴᠣᠭᠴᠠ ᠨᠢ ᠥᠪᠡᠷ ᠢᠶᠠᠨ ᠡᠵᠡᠨ ᠮᠡᠳᠡᠵᠦ ᠵᠣᠬᠢᠬᠤ ᠬᠤᠭᠤᠴᠠᠭᠠᠨ ᠤ ᠳᠣᠲᠣᠷ᠎ᠠ ᠠᠵᠢᠯ ᠢᠶᠠᠨ ᠵᠣᠭᠰᠣᠭᠠᠬᠤ ᠪᠠᠷ | ᠲᠣᠭᠲᠠᠭᠠᠬᠤ ᠶᠢᠨ ᠬᠠᠮᠲᠤ ᠳᠠᠩᠰᠠᠯᠠᠬᠤ ᠪᠠᠶᠢᠭᠤᠯᠭ᠎ᠠ ᠳᠤ ᠳᠠᠩᠰᠠᠯᠠᠭᠤᠯᠵᠤ ᠪᠣᠯᠤᠨ᠎ᠠ᠂ ᠠᠵᠢᠯ ᠵᠣᠭᠰᠣᠬᠤ ᠬᠠᠮᠤᠭ ᠤᠨ | ᠣᠷᠳᠣ ᠬᠤᠭᠤᠴᠠᠭ᠎ᠠ ᠶᠢ 3 ᠵᠢᠯ ᠠᠴᠠ ᠬᠡᠲᠦᠷᠡᠭᠦᠯᠵᠦ ᠪᠣᠯᠬᠤ ᠥᠬᠡᠶ᠃ ︵5︶ ᠦᠨᠡᠨᠴᠢ ᠢᠲᠡᠭᠡᠮᠵᠢᠲᠡᠶ ᠪᠠᠶᠢᠬᠤ ᠪᠠ | ᠬᠢᠨᠠᠨ ᠬᠠᠮᠢᠶᠠᠷᠬᠤ ᠱᠠᠭᠠᠷᠳᠠᠯᠭ᠎ᠠ ᠶᠢ ᠲᠣᠳᠣᠷᠬᠠᠶ ᠪᠣᠯᠭᠠᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠦᠨᠡᠨ | ᠨᠡᠷ᠎ᠡ ᠪᠠᠷ ᠢᠶᠠᠨ ᠳᠠᠩᠰᠠᠯᠠᠭᠤᠯᠬᠤ ᠶᠢ ᠬᠡᠷᠡᠭᠵᠢᠭᠦᠯᠵᠦ᠂ ᠲᠤᠰᠢᠶᠠᠭᠰᠠᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠬᠠᠤᠯᠢ | ᠶᠣᠰᠣᠴᠢ ᠴᠢᠨᠠᠷ ᠪᠠ ᠪᠦᠳᠦᠮᠵᠢᠳᠤ ᠴᠢᠨᠠᠷ ᠲᠤ ᠬᠠᠷᠢᠭᠤᠴᠠᠬᠤ ᠶᠢᠨ ᠬᠠᠮᠲᠤ᠂ ᠲᠣᠭᠲᠠᠭᠠᠯ ᠶᠣᠰᠣᠭᠠᠷ ᠣᠨ ᠤ ᠮᠡᠳᠡᠭᠦᠯᠦᠯᠲᠡ | ᠪᠠ ᠳᠡᠩᠰᠡᠯᠡᠯᠲᠡ ᠶᠢᠨ ᠬᠠᠮᠢᠶ᠎ᠠ ᠪᠥᠬᠦᠶ ᠮᠡᠳᠡᠭᠡ ᠵᠠᠩᠭᠢ ᠶᠢ ᠢᠯᠡ ᠨᠡᠶᠢᠲᠡᠯᠡᠨ᠎ᠡ᠃ ᠳᠠᠩᠰᠠᠯᠠᠭᠤᠯᠬᠤ ᠳᠤ ᠪᠠᠨ ᠬᠤᠳᠠᠯ | ᠬᠠᠭᠤᠷᠮᠠᠭ ᠮᠠᠲ᠋ᠧᠷᠢᠶᠠᠯ ᠲᠤᠰᠢᠶᠠᠭᠰᠠᠨ ᠪᠤᠶᠤ ᠪᠤᠰᠤᠳ ᠮᠡᠬᠡᠯᠡᠬᠦ ᠦᠢᠯᠡ ᠠᠵᠢᠯᠯᠠᠭ᠎ᠠ ᠲᠠᠢ ᠪᠠᠶᠢᠪᠠᠯ᠂ ᠲᠡᠭᠦᠨ ᠤ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠯᠲᠡ ᠶᠢ ᠬᠦᠴᠦᠨ ᠥᠬᠡᠶ ᠪᠣᠯᠭᠠᠵᠤ᠂ ᠰᠢᠭᠤᠳ ᠬᠠᠷᠢᠭᠤᠴᠠᠯᠭᠠᠲᠠᠨ ᠨᠢ 3 | ᠵᠢᠯ ᠤᠨ ᠳᠣᠲᠣᠷ᠎ᠠ ᠳᠠᠭᠢᠵᠤ ᠳᠠᠩᠰᠠᠯᠠᠭᠤᠯᠬᠤ ᠪᠠᠷ ᠭᠤᠶᠤᠴᠢᠯᠠᠵᠤ ᠪᠣᠯᠬᠤ ᠥᠬᠡᠶ᠃ ᠳᠠᠩᠰᠠᠯᠠᠬᠤ ᠪᠠᠶᠢᠭᠤᠯᠭ᠎ᠠ ᠨᠢ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠪᠠᠶᠢᠳᠠᠯ ᠢ ᠦᠨᠳᠦᠰᠦᠯᠡᠨ ᠲᠠᠰ ᠲᠥᠷᠥᠯ ᠬᠤᠪᠢᠶᠠᠨ ᠬᠢᠨᠠᠨ | ᠬᠠᠮᠢᠶᠠᠷᠬᠤ ᠶᠢ ᠬᠡᠷᠡᠭᠵᠢᠭᠦᠯᠵᠦ᠂ ︽ᠬᠤᠶᠠᠷ ᠲᠠᠰᠢᠷᠠᠮ ᠢᠶᠠᠷ ᠬᠢᠬᠦ᠂ ᠨᠢᠭᠡ ᠶᠢ ᠢᠯᠡ ᠪᠣᠯᠭᠠᠬᠤ︾ ᠠᠷᠭ᠎ᠠ ᠶᠢ ᠬᠡᠷᠡᠭᠯᠡᠨ | ᠳᠠᠩᠰᠠᠯᠠᠬᠤ ᠵᠦᠢᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ︵6︶ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ | ᠬᠠᠤᠯᠢ ᠶᠢᠨ ᠬᠠᠷᠢᠭᠤᠴᠠᠯᠭ᠎ᠠ ᠪᠠ ᠰᠢᠢᠳᠬᠡᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠎ᠠ᠃ ᠰᠢᠢᠳᠬᠡᠯ ᠤᠨ ᠬᠠᠨᠳᠤᠯᠭᠠᠲᠤ | ᠴᠢᠨᠠᠷ ᠢ ᠴᠢᠩᠭᠠᠷᠠᠭᠤᠯᠵᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ | ᠠᠪᠴᠤ ᠬᠦᠴᠦᠨ ᠦᠭᠡᠢ ᠪᠣᠯᠭᠠᠵᠤ᠂ ᠦᠨᠡᠨᠴᠢ ᠢᠲᠡᠭᠡᠮᠵᠢᠲᠡᠶ ᠪᠠᠶᠢᠬᠤ᠂ ᠭᠤᠣᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ | ᠡᠮᠬᠢ ᠵᠢᠷᠤᠮ ᠢ ᠬᠠᠮᠠᠭᠠᠯᠠᠨ᠎ᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | | | | | | | | | ᠁ |