ᠠᠨᠵᠢᠰᠣ
ᠨᠡᠶᠢᠲᠡᠯᠡᠭᠰᠡᠨ ᠴᠠᠭ᠄
2021/4/7
     ᠲᠠᠷᠢᠶ᠎ᠠ ᠲᠠᠷᠢᠬᠤ ᠪᠤᠶᠤ ᠲᠠᠷᠢᠶ᠎ᠠ ᠲᠠᠩᠨᠠᠬᠤ ᠳᠤ ᠬᠡᠷᠡᠭᠯᠡᠬᠦ ᠪᠠᠭᠠᠵᠢ᠃ ᠠᠨᠵᠢᠰᠣᠨ ᠪᠠᠷᠢᠭᠤᠯ᠂ ᠪᠦᠬᠦ᠂ ᠰᠣᠮᠣ᠂ ᠰᠠᠭᠤᠷᠢ᠂ ᠬᠤᠰᠢᠭᠤ᠂ ᠳᠦᠷᠪᠡᠯᠵᠢ᠂ ᠪᠤᠭᠤᠯᠠᠭ᠎ᠠ ᠵᠡᠷᠭᠡ ᠪᠠᠷ ᠪᠦᠷᠢᠯᠳᠦᠳᠡᠭ᠃ ᠠᠨᠵᠢᠰᠤᠨ ᠪᠠᠷᠢᠭᠤᠯ᠂ ᠪᠦᠬᠦ᠂ ᠰᠣᠮᠣ᠂ ᠳᠦᠷᠪᠡᠯᠵᠢ᠂ ᠪᠤᠭᠤᠯᠠᠭ᠎ᠠ ᠶᠢ ᠬᠠᠶᠢᠯᠠᠰᠤ᠂ ᠤᠳᠠ᠂ ᠬᠤᠰᠤ ᠵᠡᠷᠭᠡ ᠮᠣᠳᠣ ᠪᠠᠷ ᠬᠢᠵᠦ᠂ ᠠᠨᠵᠢᠰᠣᠨ ᠬᠤᠰᠢᠭᠤ᠂ ᠳᠦᠷᠪᠡᠯᠵᠢ ᠶᠢ ᠲᠡᠮᠦᠷ ᠢᠶᠠᠷ ᠬᠢᠳᠡᠭ᠃ ᠠᠨᠵᠢᠰᠤ ᠨᠢ ᠲᠡᠷᠢᠶᠠᠯᠠᠩ ᠦᠢᠯᠡᠳᠪᠦᠷᠢᠯᠡᠯ ᠤᠨ ᠴᠢᠬᠤᠯᠠ ᠪᠠᠭᠠᠵᠢ ᠬᠡᠷᠡᠭᠰᠡᠯ ᠪᠣᠯᠬᠤᠷ᠂ ᠠᠨᠵᠢᠰᠣ ᠲᠠᠢ ᠬᠤᠯᠪᠤᠭᠳᠠᠭᠰᠠᠨ ᠠᠯᠢ ᠤᠯᠠᠨ ᠵᠠᠩ ᠦᠢᠯᠡ ᠶᠢ ᠪᠦᠷᠢᠯᠳᠦᠭᠦᠯᠦᠭᠰᠡᠨ ᠶᠤᠮ᠃ ᠲᠤᠬᠠᠶᠢᠯᠠᠪᠠᠯ᠂ ᠠᠨᠵᠢᠰᠣ ᠰᠤᠷᠭᠠᠬᠤ᠂ ᠠᠨᠵᠢᠰᠣ ᠪᠣᠰᠬᠠᠬᠤ᠂ ᠠᠨᠵᠢᠰᠤ ᠮᠢᠯᠢᠶᠠᠬᠤ᠂ ᠠᠨᠵᠢᠰᠣ ᠢᠷᠦᠭᠡᠬᠦ ᠵᠡᠷᠭᠡ ᠦᠪᠡᠷᠮᠢᠴᠡ ᠤᠨᠴᠠᠯᠢᠭ ᠲᠠᠢ ᠵᠠᠩ ᠦᠢᠯᠡ ᠪᠠᠶᠢᠳᠠᠭ᠃      ︵ᠢᠷᠡᠯᠲᠡ᠄ ᠦᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠶᠢᠨ ᠬᠡᠪᠯᠡᠭᠰᠡᠨ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号