ᠠᠨᠵᠢᠰᠤ ᠮᠢᠯᠢᠶᠠᠬᠤ
ᠨᠡᠶᠢᠲᠡᠯᠡᠭᠰᠡᠨ ᠴᠠᠭ᠄
2021/5/6
     ᠲᠠᠷᠢᠶᠠᠯᠠᠩ ᠤᠨ ᠠᠵᠢᠯ ᠡᠬᠢᠯᠡᠬᠦ ᠠᠴᠠ ᠡᠮᠦᠨ᠎ᠡ᠂ ᠠᠨᠵᠢᠰᠤ ᠬᠡᠷᠡᠭᠰᠡᠯ ᠢᠶᠠᠨ ᠵᠠᠰᠠᠵᠤ ᠪᠡᠯᠡᠳᠭᠡᠭᠡᠳ᠂ ᠲᠠᠷᠢᠶᠠᠨ ᠳᠤ ᠭᠠᠷᠬᠤ ᠡᠳᠦᠷ ᠠᠨᠵᠢᠰᠤ ᠪᠠᠨ ᠮᠢᠯᠢᠶᠠᠳᠠᠭ᠃ ᠠᠨᠵᠢᠰᠤ ᠮᠢᠯᠢᠶᠠᠬᠤ ᠳᠤ᠂ ᠲᠠᠷᠢᠶᠠᠨ ᠳᠤ ᠶᠠᠪᠤᠬᠤ ᠠᠴᠠ ᠪᠠᠨ ᠡᠮᠦᠨ᠎ᠡ ᠬᠦᠷᠢᠶᠡᠨ ᠳᠤ ᠪᠠᠨ ᠮᠢᠯᠢᠶᠠᠬᠤ ᠪᠤᠶᠤ ᠲᠠᠷᠢᠶᠠᠨ ᠭᠠᠵᠠᠷ ᠬᠦᠷᠦᠭᠰᠡᠨ ᠤ ᠳᠠᠷᠠᠭ᠎ᠠ ᠮᠢᠯᠢᠶᠠᠬᠤ ᠬᠤᠶᠠᠷ ᠵᠦᠢᠯ ᠤᠨ ᠪᠠᠶᠢᠳᠠᠯ ᠲᠠᠢ᠃ ᠴᠠᠭᠠᠨ ᠢᠳᠡᠭᠡᠨ ᠤ ᠳᠡᠭᠡᠵᠢ ᠪᠠᠷ ᠠᠨᠵᠢᠰᠤᠨ ᠤ ᠪᠦᠬᠦ᠂ ᠲᠤᠯᠢ᠂ ᠬᠤᠰᠢᠭᠤ ᠵᠡᠷᠭᠡ ᠶᠢ ᠮᠢᠯᠢᠶᠠᠵᠤ᠂ ︽ᠪᠦᠬᠦ ᠨᠢ ᠪᠦᠬᠡ ᠪᠣᠯᠵᠣ᠂ ᠬᠤᠰᠢᠭᠤ ᠨᠢ ᠬᠤᠷᠴᠠ ᠪᠤᠯᠵᠤ᠂ ᠲᠠᠯ᠎ᠠ ᠳᠤ ᠲᠠᠷᠢᠭᠰᠠᠨ ᠲᠠᠷᠢᠶ᠎ᠠ ᠶᠢ ᠲᠦᠷᠦᠭᠦᠯᠡᠵᠦ᠂ ᠤᠨ ᠤ ᠬᠦᠨᠡᠰᠦ ᠶᠢ ᠣᠯᠭᠤᠬᠤ ᠪᠣᠯᠳᠤᠭᠠᠢ︕︾ ᠭᠡᠬᠦ ᠮᠡᠲᠦ ᠪᠡᠯᠭᠡᠲᠦ ᠦᠭᠡᠰ ᠢᠶᠠᠷ ᠢᠷᠦᠭᠡᠳᠡᠭ᠃ ᠠᠨᠵᠢᠰᠤ ᠮᠢᠯᠢᠶᠠᠬᠤ ᠶᠢ ᠪᠠᠰᠠ ᠵᠤᠤᠬ᠎ᠠ ᠰᠢᠬᠠᠬᠤ ᠭᠡᠳᠡᠭ᠃      ︵ᠢᠷᠡᠯᠲᠡ᠄ ᠦᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠶᠢᠨ ᠬᠡᠪᠯᠡᠭᠰᠡᠨ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号