ᠠᠭᠠᠷᠴᠠ ᠶᠢᠨ ᠪᠦᠲᠦᠭᠡᠭᠳᠡᠬᠦᠨ
ᠨᠡᠶᠢᠲᠡᠯᠡᠭᠰᠡᠨ ᠴᠠᠭ᠄
2021/7/23
     ᠡᠨᠡ ᠬᠦ ᠠᠭᠠᠷᠴᠠ ᠶᠢᠨ ᠪᠦᠲᠦᠭᠡᠭᠳᠡᠭᠦᠨ ᠤ ᠡᠬᠡ ᠮᠠᠲ᠋ᠧᠷᠢᠶᠠᠯ ᠨᠢ ᠨᠢᠭᠡ ᠯᠡ ᠵᠦᠢᠯ ᠪᠣᠯᠪᠠᠴᠤ ᠤᠯᠠᠨ ᠶᠠᠩᠵᠤ ᠪᠠᠷ ᠠᠳᠠᠯᠢ ᠦᠭᠡᠢ ᠡᠳ᠋ᠰᠢᠭᠦᠯᠦᠭᠰᠡᠨ ᠪᠣᠯᠬᠤᠷ ᠨᠡᠷᠡᠶᠢᠳᠦᠯ ᠨᠢ ᠪᠠᠰᠠ ᠠᠳᠠᠯᠢ ᠦᠭᠡᠢ ᠤᠯᠠᠨ ᠶᠠᠩᠵᠤ ᠪᠠᠶᠢᠳᠠᠭ᠃ ᠳᠠᠷᠣᠢ ᠠᠭᠠᠷᠴᠠᠨ ᠬᠤᠷᠤᠳ᠂ ᠬᠤᠯᠢᠶᠠᠲᠠᠢ ᠠᠭᠠᠷᠴᠠᠨ ᠬᠤᠷᠤᠳ ︵ᠴᠠᠭ᠎ᠠ ᠪᠠᠨ ᠱᠦᠭᠦᠬᠦ ᠠᠴᠠ ᠡᠮᠦᠨ᠎ᠡ ᠲᠦᠭᠦᠬᠡᠢ ᠰᠦ᠂ ᠪᠣᠯᠣᠭᠰᠠᠨ ᠰᠦ᠂ ᠡᠭᠡᠳᠡᠭᠰᠡᠨ ᠰᠦ ᠵᠡᠷᠭᠡ ᠶᠢ ᠬᠤᠯᠢᠳᠠᠭ︶᠂ ᠵᠦᠭᠡᠮᠡᠯ ᠠᠭᠠᠷᠴᠠᠨ ᠬᠤᠷᠤᠳ᠂ ᠨᠠᠮᠤᠷ ᠤᠨ ᠠᠭᠠᠷᠴᠠᠨ ᠬᠤᠷᠤᠳ ︵ᠵᠦᠭᠡᠯᠡᠨ ᠪᠦᠭᠡᠳ ᠬᠦᠴᠢᠯᠯᠢᠭ ᠨᠢ ᠪᠠᠭ᠎ᠠ ᠪᠠᠶᠢᠳᠠᠭ︶᠂ ᠠᠭᠠᠷᠤᠤᠯ᠂ ᠪᠢᠳᠮᠠᠷ᠂ ᠲᠡᠪᠬᠡᠨ ᠬᠤᠷᠤᠳ ᠭᠡᠬᠦ ᠵᠡᠷᠭᠡ ᠪᠣᠯᠣᠨ᠎ᠠ᠃      ᠡᠳᠡᠭᠡᠷ ᠠᠭᠠᠷᠴᠠ ᠶᠢᠨ ᠪᠦᠲᠦᠭᠡᠭᠳᠡᠭᠦᠨ ᠤ ᠴᠢᠨᠠᠷ ᠨᠢ ᠰᠡᠷᠢᠭᠦᠨ ᠪᠦᠯᠢᠶᠡᠨ᠂ ᠠᠮᠲᠠ ᠨᠢ ᠬᠦᠴᠦᠲᠡᠢ ᠪᠠᠶᠢᠳᠠᠭ᠃ ᠲᠡᠭᠦᠨ ᠤ ᠦᠢᠯᠡᠳᠦᠯ ᠨᠢ ᠢᠳᠡᠭᠡᠨ ᠤ ᠬᠤᠤᠷ ᠢ ᠳᠠᠷᠣᠵᠣ᠂ ᠬᠡᠢ ᠴᠢᠰᠦᠨ ᠤ ᠭᠦᠶᠦᠳᠡᠯ ᠢ ᠰᠠᠶᠢᠵᠢᠷᠠᠭᠤᠯᠵᠤ᠂ ᠶᠠᠰᠤᠨ ᠤ ᠰᠢᠮ᠎ᠡ ᠲᠡᠵᠢᠭᠡᠯ ᠢ ᠨᠦᠬᠦᠪᠦᠷᠢᠯᠡᠵᠦ᠂ ᠪᠣᠯᠴᠢᠩ ᠰᠢᠷᠪᠦᠰᠦ ᠶᠢ ᠴᠢᠩᠭᠠᠷᠠᠭᠤᠯᠵᠤ ᠬᠦᠴᠦᠨ ᠴᠢᠳᠠᠯ ᠢ ᠨᠡᠮᠡᠭᠳᠡᠭᠦᠯᠳᠡᠭ᠃      ︵ᠢᠷᠡᠯᠲᠡ᠄ ᠴᠤᠶᠢ᠊· ᠷᠢᠨᠴᠢᠨ ᠤ ᠨᠠᠶᠢᠷᠠᠭᠤᠯᠤᠭᠰᠠᠨ ︽ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠤᠨᠴᠠ ᠦᠢᠯᠡᠳᠦᠯ ᠤᠨ ᠲᠤᠬᠠᠢ ᠶᠡᠷᠦ ᠶᠢᠨ ᠮᠡᠳᠡᠯᠭᠡ ᠶᠢᠨ ᠰᠢᠯᠢᠮᠡᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠤᠨᠴᠠ ᠦᠢᠯᠡᠳᠦᠯ ᠤᠨ ᠲᠤᠬᠠᠢ ᠶᠡᠷᠦ ᠶᠢᠨ ᠮᠡᠳᠡᠯᠭᠡ ᠶᠢᠨ ᠰᠢᠯᠢᠮᠡᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号