【ᠲᠤᠰᠢᠶᠠᠯ】ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ | ᠳᠡᠳ᠋ ᠳᠠᠷᠤᠭ᠎ᠠ | 【ᠠᠵᠢᠯ ᠤᠨ ᠬᠤᠪᠢᠶᠠᠷᠢ】ᠲᠢᠩᠬᠢᠮ ᠤᠨ ᠳᠠᠷᠤᠭ᠎ᠠ ᠶᠢ ᠬᠠᠪᠰᠤᠷᠤᠨ ᠠᠵᠢᠯᠲᠠᠨ ᠤ ᠶᠠᠪᠤᠳᠠᠯ ᠤᠨ ᠭᠠᠵᠠᠷ᠂ | ᠬᠠᠤᠯᠢ ᠲᠣᠭᠲᠠᠭᠠᠯ ᠤᠨ ᠭᠠᠵᠠᠷ᠂ ᠬᠥᠭᠵᠢᠭᠦᠯᠦᠯᠲᠡ ᠲᠥᠯᠥᠪᠵᠢᠭᠦᠯᠭᠡ ᠶᠢᠨ ᠭᠠᠵᠠᠷ᠂ ᠮᠠᠯ ᠠᠵᠤ ᠠᠬᠤᠶ ᠶᠢᠨ | ᠲᠣᠪᠴᠢᠶ᠎ᠠ᠂ ᠮᠠᠯ ᠡᠮᠨᠡᠯᠭᠡ ᠶᠢᠨ ᠲᠣᠪᠴᠢᠶ᠎ᠠ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ | ᠶᠢᠨ ᠭᠠᠵᠠᠷ᠂ ᠲᠡᠵᠢᠭᠡᠯ ᠪᠣᠷᠳᠣᠭᠠᠨ ᠤ ᠭᠠᠵᠠᠷ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠢ | ᠬᠤᠪᠢᠳᠠᠨ ᠬᠠᠮᠢᠶᠠᠷᠤᠨ᠎ᠠ᠃ | 【ᠲᠣᠪᠴᠢ ᠨᠠᠮᠲᠠᠷ】 ᠬᠢᠲᠠᠳ ᠦᠨᠳᠦᠰᠦᠲᠡᠨ᠃ 1964 ᠣᠨ ᠤ 1 ᠰᠠᠷ᠎ᠠ ᠳᠤ ᠲᠥᠷᠥᠵᠡᠢ᠂ ᠥᠪᠥᠷ | ᠮᠣᠩᠭᠤᠯ ᠤᠨ ᠤᠯᠠᠭᠠᠨᠬᠠᠳᠠ ᠬᠤᠲᠠ ᠶᠢᠨ ᠬᠦᠮᠦᠨ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ | ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠤ ᠲᠤᠰᠬᠠᠶ ᠮᠡᠷᠭᠡᠵᠢᠯ ᠠᠴᠠ ᠲᠡᠭᠦᠰᠴᠡᠶ᠂ ᠠᠰᠫᠢᠷᠠᠨᠲ ᠤᠨ | ᠰᠤᠷᠤᠯᠭ᠎ᠠ ᠶᠢᠨ ᠨᠠᠮᠲᠠᠷ ᠲᠠᠢ᠂ ᠲᠠᠷᠢᠶᠠᠯᠠᠩ ᠤᠨ ᠤᠬᠠᠭᠠᠨ ᠤ ᠳ᠋ᠣᠺᠲ᠋ᠣᠷ᠂ ᠰᠤᠳᠤᠯᠤᠭᠴᠢ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠭᠡᠰᠢᠭᠦᠨ᠃ | 1981.09 — 1985.07 ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠳᠡᠭᠡᠳᠦ | ᠰᠤᠷᠭᠠᠭᠤᠯᠢ ᠶᠢᠨ ᠨᠤᠲᠤᠭ ᠪᠡᠯᠴᠢᠭᠡᠷ ᠤᠨ ᠰᠠᠯᠪᠤᠷᠢ ᠶᠢᠨ ᠨᠤᠲᠤᠭ ᠪᠡᠯᠴᠢᠭᠡᠷ ᠤᠨ ᠲᠤᠰᠬᠠᠶ ᠮᠡᠷᠭᠡᠵᠢᠯ ᠳᠤ | ᠰᠤᠷᠤᠯᠴᠠᠵᠤ᠂ ᠲᠠᠷᠢᠶᠠᠯᠠᠩ ᠤᠨ ᠤᠬᠠᠭᠠᠨ ᠤ ᠤᠶᠤᠲᠠᠨ ᠴᠣᠯᠠ ᠬᠠᠮᠠᠭᠠᠯᠠᠪᠠ᠃ | 1985.09 — 1988.07 ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠳᠡᠭᠡᠳᠦ | ᠰᠤᠷᠭᠠᠭᠤᠯᠢ ᠶᠢᠨ ᠨᠤᠲᠤᠭ ᠪᠡᠯᠴᠢᠭᠡᠷ ᠤᠨ ᠬᠠᠮᠢᠶᠠᠷᠤᠯᠲᠠ ᠪᠠ ᠪᠤᠶᠢᠵᠢᠭᠤᠯᠤᠯᠲᠠ ᠶᠢᠨ ᠲᠤᠰᠬᠠᠶ ᠮᠡᠷᠭᠡᠵᠢᠯ ᠳᠤ | ᠰᠤᠷᠤᠯᠴᠠᠵᠤ᠂ ᠲᠠᠷᠢᠶᠠᠯᠠᠩ ᠤᠨ ᠤᠬᠠᠭᠠᠨ ᠤ ᠮᠠᠰᠲ᠋ᠧᠷ ᠴᠣᠯᠠ ᠬᠠᠮᠠᠭᠠᠯᠠᠪᠠ᠃ | 1988.08 — 1995.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ | ᠪᠡᠯᠴᠢᠭᠡᠷ ᠬᠠᠶᠢᠨ ᠬᠡᠮᠵᠢᠬᠦ ᠵᠢᠷᠤᠭ ᠲᠥᠯᠥᠪᠯᠡᠭᠡᠨ ᠤ ᠬᠦᠷᠢᠶᠡᠯᠡᠩ ᠳᠤ ᠰᠢᠨᠵᠢᠯᠡᠬᠦ ᠤᠬᠠᠭᠠᠨ ᠤ ᠰᠤᠳᠤᠯᠭᠠᠨ ᠪᠠ | ᠮᠡᠷᠭᠡᠵᠢᠯ ᠳᠡᠯᠭᠡᠷᠡᠭᠦᠯᠬᠦ ᠠᠵᠢᠯ ᠢ ᠬᠢᠵᠦ ᠪᠠᠶᠢᠪᠠ᠃ | 1995.03 — 2000.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠠᠵᠤ | ᠠᠬᠤᠶ ᠶᠢᠨ ᠲᠢᠩᠬᠢᠮ ᠤᠨ ᠨᠤᠲᠤᠭ ᠪᠡᠯᠴᠢᠭᠡᠷ ᠤᠨ ᠭᠠᠵᠠᠷ ᠤᠨ ᠳᠡᠳ᠋ ᠳᠠᠷᠤᠭ᠎ᠠ ᠪᠠᠷ ᠠᠵᠢᠯᠯᠠᠵᠤ ᠪᠠᠶᠢᠪᠠ ︵ᠡᠨᠡ | ᠬᠤᠭᠤᠴᠠᠭᠠᠨ ᠳᠤ᠄ 1995.04 — 1997.10 ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠶᠢᠨ ᠲᠤᠰᠢᠶᠠᠯ ᠢ ᠲᠦᠷ | ᠡᠭᠦᠷᠭᠡᠯᠡᠨ ᠬᠠᠷᠢᠭᠤᠴᠠᠵᠤ ᠪᠠᠶᠢᠪᠠ︶᠃ | 2000.06 — 2000.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠠᠵᠤ | ᠠᠬᠤᠶ ᠶᠢᠨ ᠲᠢᠩᠬᠢᠮ ᠤᠨ ᠨᠤᠲᠤᠭ ᠪᠡᠯᠴᠢᠭᠡᠷ ᠤᠨ ᠭᠠᠵᠠᠷ ᠤᠨ ᠪᠠᠶᠢᠴᠠᠭᠠᠨ ᠰᠤᠳᠤᠯᠤᠭᠴᠢ ᠪᠠᠷ ᠠᠵᠢᠯᠯᠠᠵᠤ ᠪᠠᠶᠢᠪᠠ᠃ | | 2000.11 — 2007.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠷᠢᠶᠠᠨ | ᠳᠠᠷᠤᠭ᠎ᠠ ᠪᠠᠷ ᠠᠵᠢᠯᠯᠠᠵᠤ ᠪᠠᠶᠢᠪᠠ ︵ᠡᠨᠡ ᠬᠤᠭᠤᠴᠠᠭᠠᠨ ᠳᠤ᠄ 2002.09 — 2006.01 ᠥᠪᠥᠷ | ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠤ ᠲᠤᠰᠬᠠᠶ | ᠮᠡᠷᠭᠡᠵᠢᠯ ᠢᠶᠠᠷ ᠰᠤᠷᠤᠯᠴᠠᠵᠤ᠂ ᠲᠠᠷᠢᠶᠠᠯᠠᠩ ᠤᠨ ᠤᠬᠠᠭᠠᠨ ᠤ ᠳ᠋ᠣᠺᠲ᠋ᠣᠷ ᠴᠣᠯᠠ ᠬᠠᠮᠠᠭᠠᠯᠠᠪᠠ︶᠃ | 2007.09 — 2014.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠮ ᠤᠨ ᠬᠤᠷᠢᠶᠠᠨ ᠤ ᠪᠦᠷᠢᠯᠳᠦᠭᠦᠨ᠂ ᠳᠡᠳ᠋ | ᠬᠤᠷᠢᠶᠠᠨ ᠳᠠᠷᠤᠭ᠎ᠠ ᠪᠠᠷ ᠠᠵᠢᠯᠯᠠᠵᠤ ᠪᠠᠶᠢᠪᠠ᠃ | 2014.12 — 2018.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠶ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ | ᠳᠠᠷᠤᠭ᠎ᠠ ᠪᠠᠷ ᠠᠵᠢᠯᠯᠠᠵᠤ ᠪᠠᠶᠢᠪᠠ᠃ | 2018.11 — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠶᠢᠨ ᠲᠤᠰᠢᠶᠠᠯ ᠳᠤ ᠪᠣᠢ᠃ | | |